ᠪᠠᠭ᠎ᠠ ᠲᠦᠷᠭᠡᠨ ᠭᠤᠣᠯ ᠪᠠᠯᠭᠠᠰᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ  ᠬᠢᠪᠡ
ᠨᠡᠶᠢᠲᠡᠯᠡᠭᠰᠡᠨ ᠴᠠᠭ᠄
2018/4/4
     2018 ᠣᠨ ᠤ ᠬᠠᠪᠤᠷ ᠤᠨ ᠭᠡᠷ ᠤᠨ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠠᠮᠢᠲᠠᠨ ᠤ ᠬᠦᠨᠳᠦ ᠬᠢᠵᠢᠭ ᠡᠪᠡᠳᠴᠢᠨ ᠤ ᠡᠭᠦᠰᠬᠦ ᠪᠠ ᠲᠠᠷᠬᠠᠬᠤ   ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠵᠤ ᠂ ᠪᠠᠭ᠎ᠠ ᠲᠦᠷᠭᠡᠨ ᠭᠤᠣᠯ ᠪᠠᠯᠭᠠᠰᠤ ᠭᠤᠷᠪᠠᠨ ᠵᠦᠢᠯ ᠤᠨ ᠠᠷᠭ᠎ᠠ ᠬᠡᠮᠵᠢᠶ᠎ᠡ  ᠪᠠᠷ ᠭᠡᠷ ᠤᠨ ᠵᠢᠭᠦᠷᠲᠡᠨ ᠤ ᠬᠠᠯᠳᠠᠪᠤᠷᠢᠲᠤ ᠲᠠᠭᠰᠢᠭᠤᠷ  ᠢ ᠰᠡᠷᠭᠡᠶᠢᠯᠡᠨ ᠡᠵᠡᠮᠳᠡᠬᠦ  ᠠᠵᠢᠯ ᠤᠨ  ᠦᠷᠨᠢᠬᠦ ᠶᠢ ᠪᠠᠲᠤᠯᠠᠨ᠎ᠠ᠃     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠭᠡᠷ ᠤᠨ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠬᠡᠷᠡᠭᠵᠢᠭᠦᠯᠬᠦ ᠲᠥᠰᠦᠯ ᠪᠠᠭᠤᠯᠭᠠᠵᠤ᠂ ︽ ᠠᠵᠢᠯᠲᠠᠨ᠂ ᠬᠠᠷᠢᠭᠤᠴᠠᠯᠭ᠎ᠠ᠂ ᠪᠠᠲᠤᠯᠠᠭ᠎ᠠ︾ ᠭᠤᠷᠪᠠ ᠪᠠᠶᠢᠬᠤ ᠬᠡᠷᠡᠭᠲᠡᠶ᠃ ᠪᠠᠯᠭᠠᠰᠤ᠂ ᠲᠣᠰᠬᠤᠨ᠂  ᠲᠤᠭᠤᠶᠢᠯᠠᠩ ᠤᠨ ᠺᠠᠳ᠋ᠷ ᠪᠠ ᠪᠦᠬᠦ  ᠬᠢᠵᠢᠭ ᠰᠡᠷᠭᠡᠶᠢᠯᠡᠬᠦ ᠠᠵᠢᠯᠲᠠᠨ  ᠤ ᠨᠢᠭᠲᠠ  ᠬᠠᠮᠵᠢᠯᠴᠠᠬᠤ ᠶᠢ  ᠱᠠᠭᠠᠷᠳᠠᠵᠤ᠂ ᠬᠢᠵᠢᠭ ᠢ ᠰᠡᠷᠭᠡᠶᠢᠯᠡᠬᠦ ᠨᠢᠭᠲᠠᠴᠠ  ᠶᠢᠨ100 %   ᠶᠢ ᠪᠠᠲᠤᠯᠠᠨ᠎ᠠ᠃      ᠬᠤᠶᠠᠷ ᠲᠤ᠂ ᠬᠢᠵᠢᠭ ᠤᠨ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠭᠠᠴᠠᠭᠠᠨ ᠤ ᠺᠠᠳ᠋ᠷ ᠪᠣᠯᠤᠨ ᠰᠢᠶᠠᠩ ᠪᠠᠯᠭᠠᠰᠤᠨ ᠤ ᠮᠠᠯ ᠡᠮᠨᠡᠯᠭᠡ ᠶᠢᠨ ᠦᠷᠲᠡᠭᠡᠨ ᠤ  ᠮᠡᠷᠭᠡᠵᠢᠯᠲᠡᠨ ᠢ ᠵᠣᠬᠢᠶᠠᠨ  ᠪᠠᠶᠢᠭᠤᠯᠵᠤ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠨᠡᠶᠢᠳᠡᠮ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠢᠯᠠᠩᠭᠤᠶ᠎ᠠ᠂  ᠬᠡᠪᠴᠢᠶᠡᠵᠢᠭᠰᠡᠨ ᠲᠠᠭᠢᠶ᠎ᠡ ᠲᠡᠵᠢᠭᠡᠬᠦ ᠲᠠᠯᠠᠪᠠᠢ ᠶᠢ ᠭᠤᠣᠯᠳᠠᠯᠭ᠎ᠠ ᠲᠠᠢ  ᠪᠠᠶᠢᠴᠠᠭᠠᠨ᠎ᠠ᠃ ᠬᠢᠵᠢᠭ ᠤᠨ ᠪᠠᠶᠢᠳᠠᠯ ᠢ ᠬᠢᠨᠠᠬᠤ ᠠᠵᠢᠯ ᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠰ ᠲᠠᠷᠠᠭᠠᠯᠠᠯ ᠲᠠᠢ ᠢᠮᠤᠨ ᠬᠢᠯᠭᠡᠬᠦ᠂ ᠠᠷᠢᠭᠤᠳᠬᠠᠬᠤ ᠪᠠ ᠬᠤᠣᠷ  ᠦᠭᠡᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠠᠮᠢᠲᠠᠨ ᠤ ᠬᠢᠵᠢᠭ ᠡᠪᠡᠳᠴᠢᠨ  ᠤ ᠠᠮᠤᠷ ᠲᠥᠪᠰᠢᠨ ᠢ ᠪᠠᠲᠤᠯᠠᠵᠤ᠂ ᠡᠷᠭᠢᠨ ᠲᠣᠭᠤᠷᠢᠨ ᠤ ᠠᠮᠢᠲᠠᠨ ᠤ ᠤᠷᠤᠬᠤ ᠶᠢ ᠭᠤᠣᠯᠳᠠᠯᠭ᠎ᠠ ᠲᠠᠢ  ᠰᠡᠷᠭᠡᠶᠢᠯᠡᠵᠦ᠂  ᠭᠠᠳᠠᠨᠠᠬᠢ ᠬᠢᠵᠢᠭ ᠤᠨ  ᠬᠠᠯᠳᠠᠪᠤᠷᠢᠯᠠᠬᠤ ᠶᠢ ᠰᠡᠷᠭᠡᠶᠢᠯᠡᠨ᠎ᠡ  ᠃      ᠭᠤᠷᠪᠠ ᠳᠤ᠂  ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠲᠤᠰᠬᠤᠨ  ᠵᠢᠵᠢᠭᠦᠷᠯᠡᠬᠦ ᠶᠢ ᠴᠢᠩᠭᠠᠳᠬᠠᠨ᠂ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠵᠤ᠂ ᠪᠠᠴᠢᠮ  ᠪᠠᠶᠢᠳᠠᠯ ᠤᠨ  ᠵᠢᠵᠢᠭᠦᠷᠯᠡᠬᠦ   ᠶᠢ ᠴᠢᠩᠭᠠᠳᠬᠠᠵᠤ᠂ ᠤᠲᠠᠰᠤ ᠰᠦᠯᠵᠢᠶᠡᠨ   ᠤ ᠰᠠᠭᠠᠳ ᠤᠢᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠬᠤ  ᠠᠯᠬᠤᠮ  ᠲᠠᠷᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ  ᠂ ᠪᠠᠴᠢᠮ  ᠪᠠᠶᠢᠳᠠᠯ ᠭᠠᠷᠪᠠᠯ ᠴᠠᠭ ᠲᠤᠬᠠᠶ ᠳᠤᠨᠢ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠠᠲᠤᠯᠠᠨ᠎ᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号