ᠪᠦᠬᠦ ᠬᠦᠴᠦᠨ ᠢᠶᠠᠷ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠤ᠂ ᠢᠦᠶ ᠴᠢᠤᠸᠠᠨ ᠲᠣᠭᠤᠷᠢᠭ ᠤᠨ ᠰᠢᠰᠢ ᠶᠢᠨ ᠪᠠᠶᠢᠰᠢᠩ ᠲᠣᠰᠬᠤᠨ  ᠴᠣ ᠰᠢᠨ᠎ᠡ ᠳᠦᠷᠢ ᠳᠦᠷᠬᠦ ᠲᠠᠢ ᠪᠤᠯᠵᠠᠢ
ᠨᠡᠶᠢᠲᠡᠯᠡᠭᠰᠡᠨ ᠴᠠᠭ᠄
2018/5/28
     ︽ᠤᠳᠤ ᠶᠢᠨ ᠮᠠᠨ ᠤ ᠡᠨᠡ ᠵᠠᠮ ᠢ ᠦᠵᠡ᠂ ᠪᠣᠷᠣᠭᠠᠨ ᠤᠷᠤᠭᠰᠠᠨ ᠴᠤ ᠴᠡᠪ ᠴᠡᠪᠡᠷᠬᠡᠨ᠂ ᠥᠩᠭᠡᠷᠡᠭᠰᠡᠨ ᠤ ᠰᠢᠭ  ᠤᠰᠤ ᠬᠤᠷᠠᠵᠤ ᠪᠦᠷ ᠶᠠᠪᠤᠵᠤ ᠴᠢᠳᠠᠬᠤ ᠦᠭᠡᠶ ᠪᠢᠰᠢ︾᠃ 5 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠢᠦᠢ ᠴᠢᠤᠸᠠᠨ  ᠲᠤᠭᠤᠷᠢᠭ ᠤᠨ ᠰᠢ ᠼᠠᠢ ᠶᠤᠸᠠᠨ ᠵᠡᠭᠡᠯᠢ ᠭᠤᠳᠤᠮᠵᠢ  ᠶᠢᠨ ᠰᠢᠰᠢ ᠶᠢᠨ ᠪᠠᠶᠢᠰᠢᠩ ᠲᠤᠰᠬᠤᠨ ᠳᠤ ᠬᠦᠷᠴᠦ᠂  ᠪᠦᠬᠦ ᠲᠣᠰᠬᠤᠨ  ᠴᠣ ᠰᠢᠨ᠎ᠡ ᠪᠠᠶᠢᠳᠠᠯ ᠲᠠᠢ ᠪᠤᠯᠤᠭᠰᠠᠨ ᠢ ᠮᠡᠳᠡᠵᠦ᠂ ᠲᠤᠰᠬᠤᠨ ᠤ ᠠᠷᠠᠳ ᠵᠠᠩ ᠠᠪᠤᠭᠠᠶ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠳᠡᠭᠡᠷ᠎ᠡ ᠰᠠᠷ᠎ᠠ ᠠᠴᠠ ᠡᠬᠢᠯᠡᠭᠡᠳ᠂ ᠵᠡᠭᠡᠯᠢ ᠭᠤᠳᠤᠮᠵᠢ  ᠶᠢᠨ ᠲᠣᠰᠬᠤᠨ ᠤ ᠵᠠᠮ ᠢ ᠪᠦᠬᠦᠨ ᠢ ᠱᠦᠢᠨᠢ  ᠪᠠᠷ ᠬᠠᠲᠠᠷᠠᠭᠤᠯᠵᠤ᠂ ᠭᠡᠷ ᠪᠠᠶᠢᠰᠢᠩ ᠤᠨ ᠬᠡᠷᠡᠮ ᠢ ᠴᠤᠬᠤᠶᠢᠳᠠᠵᠤ᠂ ᠪᠣᠷᠣᠭᠠᠨ ᠤᠰᠤᠨ ᠤ ᠬᠤᠭᠤᠯᠠᠶ  ᠲᠤᠤᠷ ᠢ ᠴᠦ ᠰᠢᠨ᠎ᠡ ᠪᠠᠷ ᠪᠠᠶᠢᠭᠤᠯᠵᠤ᠂ ᠣᠳᠣ ᠶᠡᠭᠡ ᠪᠣᠷᠣᠭᠠᠨ ᠤᠷᠤᠭᠰᠠᠨ ᠴᠦ ᠵᠠᠮ ᠰᠢᠪᠠᠷ ᠱᠠᠯᠴᠢᠭ ᠪᠣᠯᠬᠤ ᠠᠴᠠ ᠠᠶᠤᠬᠤ ᠦᠭᠡᠶ ᠪᠣᠯᠵᠠᠶ᠃
     ᠤᠷᠢᠳᠤ ᠶᠢᠨ ᠰᠢᠰᠢ ᠶᠢᠨ ᠪᠠᠶᠢᠰᠢᠩ  ᠲᠤᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ   ᠠᠳᠡᠬᠢ ᠰᠠᠭᠤᠭᠠᠯᠢ ᠠᠷᠠᠳ ᠢ ᠭᠠᠴᠢᠭᠳᠠᠭᠤᠯᠵᠤ᠂  ᠰᠢᠰᠢ ᠶᠢᠨ ᠪᠠᠶᠢᠰᠢᠩ  ᠲᠤᠰᠬᠤᠨ ᠢ ᠳᠤᠷᠠᠳᠤᠮᠠᠭᠴᠠ᠂ ᠬᠥᠮᠦᠰ ᠤᠨ ᠬᠠᠷᠢᠭᠤ ᠲᠤᠰᠬᠠᠯ ᠪᠣᠯ ᠳᠠᠷᠤᠶ ︽ᠪᠤᠵᠠᠷ ᠪᠤᠷᠲᠠᠭ ᠵᠠᠮᠪᠠᠷᠠᠭ᠎ᠠ ᠦᠬᠡᠢ ᠪᠠᠷᠤᠭᠲᠠᠶ︾ ᠶᠤᠮ᠃ ᠣᠳᠣ ᠢᠦᠶ ᠴᠢᠤᠸᠠᠨ ᠲᠣᠭᠤᠷᠢᠭ ᠤᠨ ᠬᠤᠳᠠ ᠶᠢᠨ  ᠲᠤᠮᠳᠠᠬᠢ ᠲᠣᠰᠬᠤᠨ ᠤ  ᠶᠡᠷᠦᠩᠬᠡᠶᠢᠯᠡᠨ ᠥᠭᠡᠷᠡᠴᠢᠯᠡᠨ ᠪᠠᠶᠢᠭᠤᠯᠬᠤ ᠢᠨᠵᠧᠨᠧᠷᠢᠩ  ᠢᠶᠠᠷ  ᠲᠠᠮᠵᠢᠨ᠂ ᠰᠢᠰᠢ ᠶᠢᠨ ᠪᠠᠶᠢᠰᠢᠩ ᠲᠣᠰᠬᠤᠨ  ᠴᠣ ᠰᠢᠨ᠎ᠡ ᠳᠦᠷᠰᠦ ᠪᠠᠶᠢᠳᠠᠯ ᠲᠠᠢ ᠪᠤᠯᠵᠤ᠂ ᠭᠠᠴᠠᠭᠠᠨ ᠤ  ᠠᠷᠠᠳ ᠤᠨ ᠰᠡᠳᠭᠢᠯ  ᠴᠦ ᠠᠭᠤᠵᠢᠭᠤ ᠪᠤᠯᠵᠠᠢ᠃
     ︽ᠰᠢᠰᠢ ᠶᠢᠨ ᠪᠠᠶᠢᠰᠢᠩ  ᠲᠤᠰᠬᠤᠨ ᠳᠤ ᠪᠠᠷᠤᠭ ᠳᠥᠷᠪᠡᠨ ᠮᠢᠩᠭ᠎ᠠ ᠭᠠᠷᠤᠶ ᠰᠠᠭᠤᠭᠠᠯᠢ ᠠᠷᠠᠳ ᠪᠤᠢ᠂ ᠭᠤᠣᠯ ᠠᠰᠠᠭᠤᠳᠠᠯ ᠪᠣᠯ  ᠤᠰᠤ  ᠭᠠᠳᠠᠭᠰᠢᠯᠠᠭᠤᠯᠵᠤ ᠲᠡᠶᠢᠯᠬᠦ ᠦᠬᠡᠢ᠂ ᠵᠠᠮ ᠢ ᠴᠦ ᠬᠠᠲᠠᠭᠤᠷᠠᠭᠤᠯᠤᠭᠰᠠᠨ   ᠦᠭᠡᠢ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠮᠠᠰᠢ ᠳᠥᠭᠦᠮ ᠦᠭᠡᠢ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ  ᠲᠤᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠪᠢᠳᠡ ᠰᠠᠶ᠋ᠢᠬᠠᠨ ᠬᠤᠭᠤᠯᠠᠶ ᠲᠣᠣᠷ ᠳᠡᠪᠢᠰᠴᠦ᠂ ᠵᠠᠮ ᠢ  ᠬᠠᠲᠠᠭᠤᠷᠠᠭᠤᠯᠪᠠ︾  ᠭᠡᠵᠦ ᠢᠦᠶ ᠴᠢᠤᠸᠠᠨ ᠲᠣᠭᠤᠷᠢᠭ ᠤᠨ  ᠰᠢ ᠼᠠᠢ ᠶᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠢᠦᠶ ᠬᠠᠢ ᠵᠢᠶᠦ᠋ᠨ ᠬᠡᠯᠡᠵᠦ᠂  ᠪᠠᠰᠠ︽ᠳᠡᠭᠡᠷ᠎ᠡ ᠰᠠᠷ᠎ᠠ ᠠᠴᠠ ᠡᠬᠢᠯᠡᠵᠦ ᠦᠭᠡᠷᠡᠴᠢᠯᠡᠵᠡᠢ᠂ ᠡᠨᠡ ᠤᠳᠠᠭ᠎ᠠ ᠪᠢᠳᠡ ᠬᠤᠶᠠᠷ ᠭᠤᠣᠯ ᠵᠠᠮ  ᠪᠠ ᠬᠡᠳᠦᠨ ᠰᠠᠯᠪᠤᠷᠢ ᠱᠤᠭᠤᠮ ᠢ  ᠪᠦᠬᠦᠨ ᠢ ᠬᠠᠲᠠᠭᠤᠷᠠᠭᠤᠯᠵᠠᠢ᠂ ᠤᠳᠤ ᠥᠭᠡᠷᠡᠴᠢᠯᠡᠨ ᠪᠠᠶᠢᠭᠤᠯᠬᠤ  ᠢᠨᠵᠧᠨᠧᠷᠢᠩ ᠨᠢᠭᠡᠨᠲᠡ  ᠲᠡᠭᠦᠰᠭᠡᠯ ᠳᠡᠭᠡᠨ ᠣᠷᠣᠵᠠᠶ᠃ ᠡᠮᠦᠨ᠎ᠡ ᠨᠢ ᠲᠣᠰᠬᠤᠨ  ᠳᠤ ᠭᠤᠷᠪᠠᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠪᠠᠶᠢᠵᠤ᠂ 2017 ᠣᠨ ᠳᠤ ᠰᠢᠨ᠎ᠡ ᠪᠠᠷ  ᠭᠤᠷᠪᠠ ᠪᠠᠶᠢᠭᠤᠯᠵᠤ᠂ ᠡᠨᠡ ᠵᠢᠯ ᠪᠠᠰᠠ ᠰᠢᠨ᠎ᠡ ᠪᠠᠷ  ᠭᠤᠷᠪᠠ ᠶᠢ ᠪᠠᠶᠢᠭᠤᠯᠵᠤ᠂  ᠣᠳᠣᠬᠠᠨ ᠳᠤ ᠶᠢᠰᠦᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠰᠠᠭᠤᠭᠠᠯᠢ ᠠᠷᠠᠳ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠬᠤ ᠪᠣᠯᠵᠠᠶ︾  ᠭᠡᠪᠡ᠃
     ᠢᠦᠶ ᠴᠢᠤᠸᠠᠨ ᠲᠣᠭᠤᠷᠢᠭ ᠤᠨ ᠬᠤᠳᠠ ᠶᠢᠨ ᠲᠤᠮᠳᠠᠬᠢ ᠲᠣᠰᠬᠤᠨ ᠢ  ᠶᠡᠷᠦᠩᠬᠡᠶᠢᠯᠡᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠰᠢᠰᠢ ᠶᠢᠨ ᠪᠠᠶᠢᠰᠢᠩ ᠲᠣᠰᠬᠤᠨ ᠤ ᠰᠠᠭᠤᠭᠠᠯᠢ ᠠᠷᠠᠳ ᠢ ᠲᠦᠪᠡᠭᠳᠡᠭᠦᠯᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠬᠡᠢ᠂ ᠪᠠᠰᠠ ᠬᠤᠳᠠ ᠶᠢᠨ ᠶᠡᠷᠦᠩᠬᠡᠶ ᠣᠷᠴᠢᠨ ᠲᠣᠭᠤᠷᠢᠨ ᠢ ᠰᠠᠶᠢᠵᠢᠷᠠᠭᠤᠯᠪᠠ᠃ ᠲᠡᠷᠠᠭ᠎ᠠ ᠠᠯᠬᠤᠮ ᠳᠤ᠂ ᠢᠦᠶ ᠴᠢᠤᠸᠠᠨ ᠲᠣᠭᠤᠷᠢᠭ ᠤᠨ ᠰᠢ ᠼᠠᠢ ᠶᠤᠸᠠᠨ ᠵᠡᠭᠡᠯᠢ ᠭᠤᠳᠤᠮᠵᠢ ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠠᠨ ᠪᠤᠯᠭᠠᠵᠤ᠂ ᠰᠠᠭᠤᠭᠠᠯᠢ ᠠᠷᠠᠳ ᠢ ᠤᠷᠢᠶᠠᠯᠠᠵᠤ ᠬᠠᠮᠲᠤ ᠪᠠᠷ ᠠᠮᠢᠳᠤᠷᠠᠯ ᠤᠨ ᠣᠷᠴᠢᠨ ᠲᠣᠭᠤᠷᠢᠨ ᠢᠶᠠᠨ  ᠬᠠᠮᠠᠭᠠᠯᠠᠨ᠎ᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号