ᠬᠤᠲᠠ ᠶᠢᠨ ᠲᠤᠮᠳᠠᠬᠢ ᠲᠣᠰᠬᠤᠨ ᠤ ᠣᠷᠴᠢᠨ ᠲᠤᠭᠤᠷᠢᠨ ᠢ ᠳᠡᠭᠡᠭᠰᠢᠯᠡᠭᠦᠯᠬᠦ ᠢᠨᠵᠧᠨᠧᠷᠢᠩ ᠡᠬᠢᠯᠡᠵᠦ᠂  ᠰᠢᠰᠢ ᠶᠢᠨ ᠪᠠᠶᠢᠰᠢᠩ ᠲᠣᠰᠬᠤᠨ ᠤ ᠰᠠᠭᠤᠭᠠᠯᠢ ᠠᠷᠠᠳ ᠰᠡᠳᠭᠢᠯ ᠲᠡᠨᠢᠭᠦᠨ ᠪᠠᠶᠠᠷ ᠪᠠᠶᠠᠰᠤᠯ ᠲᠠᠢ
ᠨᠡᠶᠢᠲᠡᠯᠡᠭᠰᠡᠨ ᠴᠠᠭ᠄
2018/5/8
     3ᠰᠠᠷ᠎ᠠ ᠶᠢᠨ 20 ᠤ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠰᠢᠰᠢ ᠶᠢᠨ ᠪᠠᠶᠢᠰᠢᠩ ᠲᠤᠰᠬᠤᠨ ᠤ ᠫᠤᠤᠵᠢᠩ ᠤᠨ ᠲᠠᠭᠤᠨ ᠢ ᠳᠠᠭᠠᠯᠳᠤᠨ᠂ ᠰᠢᠷᠣᠶ ᠮᠠᠯᠲᠠᠬᠤ ᠮᠠᠰᠢᠨ ᠡᠬᠢᠯᠡᠨ ᠠᠵᠢᠯᠯᠠᠵᠤ᠂ ᠰᠢᠨ᠎ᠡ ᠪᠠᠶᠢᠭᠤᠯᠤᠭᠰᠠᠨ ᠨᠡᠶᠢᠲᠡ ᠵᠢᠨ‌ᠠᠷᠢᠭᠤᠨ ᠴᠡᠪᠡᠷ ᠤᠨ ᠲᠠᠰᠤᠯᠭ᠎ᠠ ᠶᠢᠨ ᠡᠮᠦᠨ᠎ᠡ ᠤᠳᠠᠯ ᠦᠬᠡᠢ ᠰᠡᠯᠡᠭᠦᠴᠡᠬᠦ  ᠪᠠ ᠠᠮᠢᠳᠤᠷᠠᠯ  ᠤᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠵᠢᠵᠢᠭ ᠲᠠᠯᠠᠪᠠᠶ ᠪᠠᠶᠢᠭᠤᠯᠵᠤ ᠥᠭᠬᠦ ᠪᠠᠷ ᠪᠠᠶᠢᠨ᠎ᠠ᠃
     ᠨᠢᠳᠤᠨᠤᠨ ᠤ  ᠬᠠᠭᠤᠴᠢᠨ ᠵᠣᠷᠯᠤᠩ  ᠢ ᠦᠭᠡᠷᠡᠴᠢᠯᠡᠨ  ᠵᠠᠰᠠᠭᠰᠠᠨ᠂ ᠣᠷᠴᠢᠨ ᠠᠬᠤᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠯᠢ ᠣᠯᠠᠨ ᠢᠨᠵᠧᠨᠧᠷᠢᠩ  ᠠᠴᠠ ᠡᠬᠢᠯᠡᠨ᠂ ᠢᠦᠶ ᠴᠢᠤᠸᠠᠨ ᠲᠣᠭᠤᠷᠢᠭ ᠬᠠᠷᠢᠶᠠᠲᠤ ᠭᠠᠵᠠᠷ ᠤᠨ ᠬᠤᠳᠠ ᠶᠢᠨ ᠲᠤᠮᠳᠠᠬᠢ ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠬᠢᠵᠡᠢ᠃ ︽ᠲᠣᠰᠬᠤᠨ ᠳᠤ ᠥᠩᠭᠡᠷᠡᠭᠰᠡᠨ ᠤ ᠬᠠᠭᠤᠴᠢᠨ ᠵᠣᠷᠯᠣᠩ ᠨᠢᠭᠡᠨᠲᠡ ᠪᠠᠶᠢᠬᠤ ᠦᠬᠡᠢ ᠪᠤᠯᠵᠠᠢ︾᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠪᠴᠢᠶ᠎ᠠ ᠶᠢᠨ ᠮᠧᠬᠠᠨᠢᠭ ᠤᠨ   ᠬᠡᠯᠲᠡᠰ ᠤᠨ ᠳᠠᠷᠤᠭ᠎ᠠ ᠫᠠᠩ ᠾᠧ ᠫᠢᠩ ᠰᠤᠷᠪᠤᠯᠵᠢᠯᠠᠭᠴᠢ ᠳᠤ ︽ᠰᠢᠨ᠎ᠡ ᠪᠠᠶᠢᠭᠤᠯᠤᠭᠰᠠᠨ ᠬᠤᠶᠠᠷ ᠤᠰᠤ ᠪᠠᠷ ᠴᠡᠪᠡᠷᠯᠡᠬᠦ ᠵᠣᠷᠯᠣᠩ ᠪᠦᠬᠦ ᠲᠤᠰᠬᠤᠨ ᠤ ᠭᠤᠷᠪᠠᠨ ᠵᠠᠭᠤ ᠢᠯᠡᠭᠦᠦ ᠬᠦᠮᠦᠨ ᠤ ᠡᠳᠦᠷ ᠲᠤᠳᠤᠮ ᠤᠨ  ᠬᠡᠷᠡᠭᠴᠡᠭᠡ ᠶᠢ ᠪᠦᠷᠢᠨ ᠬᠠᠩᠭᠠᠵᠤ᠂ ᠡᠨᠡ ᠤᠳᠠᠭᠠᠨ ᠤ  ᠰᠢᠰᠢ ᠶᠢᠨ ᠪᠠᠶᠢᠰᠢᠩ ᠲᠤᠰᠬᠤᠨ ᠤ ᠠᠷᠠᠳ  ᠲᠤ ᠵᠢᠵᠢᠭ ᠲᠠᠯᠠᠪᠠᠶ  ᠪᠠᠶᠢᠭᠤᠯᠵᠤ ᠥᠭᠬᠦ ᠨᠢ ᠬᠤᠳᠠ ᠶᠢᠨ ᠳᠣᠲᠣᠷᠠᠬᠢ ᠲᠣᠰᠬᠤᠨ ᠤ ᠪᠦᠬᠦᠯᠢ ᠴᠤᠭᠴᠠᠲᠤ ᠳᠦᠷᠰᠦ ᠪᠠᠶᠢᠳᠠᠯ ᠢ ᠲᠡᠭᠡᠭᠰᠢᠯᠡᠬᠦᠯᠬᠦ ᠶᠢᠨ ᠬᠠᠮᠲᠤ᠂ ᠠᠮᠢᠳᠤᠷᠠᠯ ᠤᠨ ᠬᠤᠭ ᠨᠣᠪᠰᠢ ᠂ ᠪᠣᠬᠢᠷ ᠤᠰᠤ ᠴᠢᠳᠬᠤᠬᠤ ᠠᠰᠠᠭᠤᠳᠠᠯ ᠢ  ᠪᠦᠷ ᠰᠢᠢᠳᠪᠦᠷᠢᠯᠡᠵᠦ ᠲᠡᠶᠢᠯᠦᠨ᠎ᠡ︾ ᠭᠡᠵᠡᠢ᠃
     ᠠᠷᠠᠳ ᠤᠨ ᠠᠮᠢᠳᠤᠷᠠᠯ ᠤᠨ ᠢᠨᠵᠧᠨᠧᠷᠢᠩ   ᠨᠢ ᠡᠩ ᠲᠡᠷᠢᠭᠦᠨ ᠳᠤ ᠰᠠᠭᠤᠭᠠᠯᠢ ᠠᠷᠠᠳ ᠤᠨ ᠵᠦᠪᠰᠢᠶᠡᠷᠡᠯ ᠢ ᠣᠯᠬᠤ ᠬᠡᠷᠡᠭᠲᠡᠢ᠃ ᠰᠢᠰᠢ ᠶᠢᠨ ᠪᠠᠶᠢᠰᠢᠩ ᠲᠤᠰᠬᠤᠨ ᠳᠤ ᠵᠢᠷᠠᠭᠠᠳ ᠵᠢᠯ ᠠᠮᠢᠳᠤᠷᠠᠭᠰᠠᠨ ᠵᠠᠩ ᠸᠧᠢ ᠰᠢᠰᠢ ᠶᠢᠨ ᠪᠠᠶᠢᠰᠢᠩ ᠲᠤᠰᠬᠤᠨ ᠤ ᠬᠤᠪᠢᠷᠠᠯᠲᠠ ᠶᠢ  ᠭᠡᠷᠡᠴᠢᠯᠡᠵᠦ ᠴᠢᠳᠠᠨ᠎ᠠ᠃ ᠵᠠᠩ ᠸᠧᠢ ︽ᠤᠷᠢᠳᠤ  ᠳᠤ ᠲᠣᠰᠬᠤᠨ ᠳᠤ ᠤᠰᠤ   ᠪᠠᠷ ᠴᠡᠪᠡᠷᠯᠡᠬᠦ ᠵᠣᠷᠯᠣᠩ ᠦᠬᠡᠢ᠂  ᠵᠢᠵᠢᠭ ᠲᠠᠯᠠᠪᠠᠶ ᠶᠢ ᠨᠡᠩ ᠦᠬᠦᠯᠡᠬᠦ  ᠶᠢᠨ ᠠᠷᠭ᠎ᠠ ᠦᠬᠡᠢ᠂ ᠰᠢᠨ᠎ᠡ ᠵᠠᠰᠠᠭᠰᠠᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ ᠡᠮᠦᠨ᠎ᠡ ᠪᠠᠭ᠎ᠠ ᠲᠠᠯᠠᠪᠠᠶ ᠪᠠᠶᠢᠭᠤᠯᠪᠠᠯ᠂  ᠦᠵᠡᠬᠦ ᠳᠤ ᠰᠠᠶᠢᠬᠠᠨ ᠪᠥᠭᠡᠳ ᠪᠣᠳᠠᠲᠤ ᠬᠡᠷᠡᠭᠴᠡᠭᠡ ᠲᠠᠢ  ᠃ ᠡᠭᠦᠨ ᠠᠴᠠ ᠬᠤᠶᠢᠰᠢᠳᠠ  ᠭᠡᠷ ᠤᠨ  ᠡᠭᠦᠳᠡᠨ ᠳᠡᠭᠡᠷ᠎ᠡ   ᠪᠠᠨ ᠰᠠᠭᠤᠵᠤ ᠨᠡᠷᠡᠨ ᠳᠤ ᠡᠭᠡᠭᠡᠵᠦ᠂ ᠲᠠᠯᠠᠪᠠᠶ ᠶᠢᠨ ᠪᠥᠵᠢᠭ  ᠪᠦᠵᠢᠭᠯᠡᠨ᠎ᠡ︾ ᠭᠡᠵᠡᠢ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号