ᠰᠤᠷᠪᠤᠯᠵᠢᠯᠠᠭᠰᠠᠨ ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠪᠠᠶᠢᠴᠠᠭᠠᠨ | ᠰᠤᠳᠤᠯᠤᠭᠴᠢ ᠯᠢ ᠵᠢᠩ ᠰᠢᠶᠠᠨ᠂ ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯ | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | 2016---2020 ᠣᠨ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠠᠶᠠᠨ | ᠵᠠᠮ ᠳᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ100 ᠲᠦᠮᠡᠨ ᠳ᠋ᠦᠩᠰᠢᠭᠤᠷ ᠲᠥᠭᠦᠷᠢᠭ ᠲᠤ ᠣᠶᠢᠷᠠᠳᠴᠤ᠂ | ᠬᠥᠮᠦᠨ ᠳᠤᠮᠳᠠᠴᠢ ᠶᠢᠨ GDP 1 ᠲᠦᠮᠡᠨ ᠳ᠋ᠣᠯᠯᠠᠷ ᠢ ᠳᠠᠪᠠᠵᠤ᠂ ᠠᠵᠤ ᠠᠬᠤᠢ ᠶᠢᠨ ᠪᠣᠳᠠᠲᠤ ᠬᠦᠴᠦᠨ᠂ | ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠰᠢᠨ᠎ᠡ ᠳᠡᠭᠲᠡᠷ ᠲᠤ | ᠭᠠᠷᠪᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠲᠡᠮᠡᠴᠡᠯ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠪᠦᠬᠦ ᠲᠠᠯ᠎ᠠ ᠪᠠᠷ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠪᠦᠬᠦ ᠲᠠᠯ᠎ᠠ ᠪᠠᠷ ᠴᠢᠨᠡᠭᠡᠯᠢᠭᠵᠢᠬᠦ | ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠤᠳᠠᠯ ᠦᠭᠡᠢ | ᠲᠡᠭᠦᠰ ᠠᠮᠵᠢᠯᠲᠠ ᠲᠠᠢ ᠪᠡᠶᠡᠯᠡᠭᠳᠡᠬᠦ ᠪᠣᠯᠤᠨ᠎ᠠ᠃ ᠡᠨᠡ ᠵᠢᠯ ᠤᠨ 10 ᠰᠠᠷ᠎ᠠ ᠶᠢᠨ 22 ᠤᠨ ᠡᠳᠦᠷ᠂ ᠶᠡᠷᠦᠩᠬᠡᠢ | ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠳ᠋ᠦᠩᠨᠡᠯᠲᠡ ᠦᠨᠡᠯᠡᠯᠲᠡ ᠬᠢᠭᠰᠡᠨ ᠬᠠᠷᠢᠭᠤ ᠮᠡᠳᠡᠭᠦᠯᠦᠯᠲᠡ ᠶᠢ | ᠰᠣᠨᠣᠰᠬᠤ ᠳᠠᠭᠠᠨ ᠵᠢᠭᠠᠵᠤ ᠭᠠᠷᠭᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠰᠢ᠂ ᠨᠠᠮ ᠤᠨ | ᠲᠥᠪ ᠬᠤᠷᠢᠶ᠎ᠠ ᠪᠥᠬᠦ ᠨᠠᠮ ᠪᠥᠬᠦ ᠴᠡᠷᠢᠭ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ | ᠭᠤᠶᠢᠪᠢᠰᠢ ᠦᠭᠡᠢ ᠲᠣᠭᠤᠰᠢᠯᠠᠭᠤᠯᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠂ ᠬᠥᠭᠵᠢᠯᠲᠡ ᠶᠢᠨ ᠲᠡᠩᠴᠡᠭᠦᠷᠢ ᠥᠬᠡᠶ ᠭᠦᠢᠴᠡᠳ ᠥᠬᠡᠶ ᠵᠥᠷᠢᠴᠡᠯ ᠢ ᠬᠦᠴᠦᠲᠡᠶ ᠪᠥᠭᠡᠳ ᠡᠮᠬᠢ | ᠵᠢᠷᠤᠮ ᠲᠠᠢ ᠪᠠᠷ ᠠᠷᠢᠯᠭᠠᠵᠣ᠂ ᠭᠠᠳᠠᠭᠠᠳᠤ ᠥᠷᠢᠰᠥᠯᠳᠦᠭᠡᠨ ᠢᠯᠡᠳᠲᠡ ᠨᠡᠮᠡᠭᠳᠡᠭᠰᠡᠨ ᠪᠤᠳᠤᠯᠢᠶᠠᠨᠲᠠᠶ ᠪᠠᠶᠢᠳᠠᠯ ᠢ | ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠡᠷᠡᠰ | ᠰᠢᠭᠤᠷᠬᠠᠶ ᠲᠡᠮᠡᠴᠡᠬᠦ ᠬᠡᠷᠡᠭᠲᠡᠶ᠂ ᠲᠣᠭᠲᠠᠭᠰᠠᠨ ᠬᠠᠷᠠᠯᠲᠠ ᠡᠭᠦᠷᠭᠡ ᠵᠦᠭ ᠢᠶᠠᠨ ᠡᠷᠡᠰ ᠪᠠᠲᠤ ᠣᠷᠣᠭᠰᠢᠯᠠᠵᠣ᠂ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠤᠷᠤᠭᠰᠢᠲᠠᠢ ᠬᠡᠷᠡᠭᠵᠢᠭᠦᠯᠵᠦ᠂ ᠭᠤᠤᠯ | ᠭᠦᠢᠴᠡᠳᠭᠡᠯ ᠲᠤᠭ᠎ᠠ ᠨᠢ ᠶᠡᠷᠦᠩᠬᠡᠶ ᠳᠡᠭᠡᠨ ᠬᠤᠭᠤᠴᠠᠭ᠎ᠠ ᠶᠣᠰᠣᠭᠠᠷ ᠪᠡᠶᠡᠯᠡᠭᠳᠡᠵᠦ᠂ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠡᠭᠦᠷᠭᠡ ᠪᠠ 165 ᠵᠦᠢᠯ ᠤᠨ ᠴᠢᠬᠤᠯᠠ ᠶᠡᠭᠡ ᠢᠨᠵᠧᠨᠧᠷᠢᠩ ᠤᠨ ᠵᠦᠢᠯᠡᠰ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠣ᠂ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠤᠳᠠᠯ ᠦᠭᠡᠢ ᠢᠯᠠᠯᠲᠠ ᠲᠠᠢ ᠪᠠᠷ ᠪᠡᠶᠡᠯᠡᠭᠦᠯᠬᠦ ᠪᠣᠯᠤᠨ᠎ᠠ᠃ ᠲᠡᠭᠡᠪᠡᠯ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ | ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠠᠷᠪᠠᠨ ᠭᠤᠷᠪᠠᠳᠤᠭᠠᠷ ᠲᠠᠪᠤᠨ | ᠵᠢᠯ ︾ ᠶᠢᠨ ᠬᠤᠭᠤᠴᠠᠭᠠᠨ ᠳᠤ ᠮᠠᠨ ᠤ ᠬᠤᠲᠠ ᠶᠢᠨ ᠡᠳ᠋ ᠤᠨ ᠵᠠᠰᠠᠭ ᠤᠨ ᠥᠭᠡᠷᠡᠴᠢᠯᠡᠯᠲᠡ ᠪᠣᠯᠤᠨ ᠬᠥᠭᠵᠢᠯᠲᠡ | ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | 3 . ᠬᠥᠲᠥᠯᠥᠭᠴᠢ | ᠶᠠᠭᠤᠨ ᠤ ᠡᠮᠦᠨ᠎ᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠲᠠ ᠶᠢᠨ | ᠡᠳ᠋ ᠤᠨ ᠵᠠᠰᠠᠭ ᠤᠨ ᠥᠭᠡᠷᠡᠴᠢᠯᠡᠯᠲᠡ ᠪᠠ ᠬᠥᠭᠵᠢᠯᠲᠡ ᠶᠢᠨ ᠣᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠭᠠᠳ | ᠥᠭᠭᠦᠨ᠎ᠡ ᠤᠤ᠃ | 4 . ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ | ᠰᠢᠶᠠᠨ | | | | | | | | ᠮᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠲᠥᠪ | ᠬᠤᠷᠢᠶᠠᠨ ᠤ ᠰᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠳᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠳᠠᠯᠠᠵᠤ᠂ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠭᠤᠷᠪᠠ ᠶᠢ ᠪᠠᠲᠤᠯᠠᠬᠤ︾ ᠰᠠᠭᠤᠷᠢ ᠶᠢ ᠪᠠᠬᠢᠵᠢᠭᠦᠯᠦᠨ᠎ᠡ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠦᠷᠢᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ ᠶᠢ ᠦᠨᠡᠨ ᠬᠦ ᠪᠠᠳᠤᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ ᠵᠡᠷᠭᠡ ᠡᠯ᠎ᠡ ᠵᠦᠢᠯ ᠤᠨ ᠬᠠᠷᠠᠯᠲᠠ | ᠡᠭᠦᠷᠭᠡ᠃ 2019 ᠣᠨ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠳᠤ | ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ | ᠨᠢᠭᠡᠴᠢ︾ ᠪᠠᠷ ᠨᠡᠷ᠎ᠡ ᠳᠤᠷᠠᠳᠤᠭᠳᠠᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠬᠤᠭᠤᠴᠠᠭᠠᠨ ᠳᠤ᠂ ᠪᠢᠳᠡ ᠢᠳᠡᠪᠬᠢᠲᠡᠶ ᠠᠵᠢᠯᠯᠠᠵᠤ᠂ | ᠣᠷᠣᠨ ᠤ ᠲᠥᠪ ᠤᠨ ᠡᠳ᠋ ᠤᠨ ᠵᠠᠰᠠᠭ ᠤᠨ ᠠᠵᠢᠯᠯᠠᠭᠠᠨ ᠯᠠᠪᠳᠠᠭᠤᠨ ᠢᠶᠠᠷ ᠬᠥᠭᠵᠢᠪᠡ᠃ 2016 ᠣᠨ ᠠᠴᠠ ᠡᠨᠡ | ᠵᠢᠯ ᠤᠨ 10 ᠰᠠᠷ᠎ᠠ ᠶᠢᠨ ᠰᠡᠭᠦᠯᠴᠢ ᠪᠣᠯᠲᠠᠯᠠᠬᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠤᠭ᠎ᠠ | ᠪᠠᠷᠢᠮᠲᠠ ᠳ᠋ᠤ᠋ᠢᠯᠡᠷᠡᠭᠦᠯᠦᠭᠰᠡᠨ ᠢᠶᠠᠷ᠄ | ᠨᠢᠭᠡᠳᠦᠭᠡᠷ ᠲᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ | 10 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ | 1056 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠵᠢᠯ ᠳᠤᠮᠳᠠᠴᠢ ᠶᠢᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠴᠥᠮ 200 ᠳ᠋ᠦᠩᠰᠢᠭᠤᠷ ᠲᠥᠭᠦᠷᠢᠭ ᠠᠴᠠ ᠥᠨᠳᠥᠷ ᠪᠠᠶᠢᠨ᠎ᠠ᠃ ᠵᠢᠱᠢᠯᠲᠡ ᠪᠠᠷ | ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ ᠨᠠᠭᠠᠳᠤ ᠵᠠᠬ᠎ᠠ ᠳᠠᠭᠠᠨ | 111 ᠳ᠋ᠦᠩᠰᠢᠭᠤᠷ ᠲᠥᠭᠦᠷᠢᠭ ᠨᠡᠮᠡᠭᠳᠡᠵᠦ᠂ 11 . 4 % ᠪᠠᠷ ᠨᠡᠮᠡᠭᠳᠡᠨ᠎ᠡ᠃ ᠪᠦᠬᠦ ᠬᠤᠲᠠ ᠶᠢᠨ ᠡᠩ ᠤᠨ | ᠣᠯᠠᠨ ᠨᠡᠢᠲᠡ ᠶᠢᠨ ᠲᠥᠰᠦᠪ ᠤᠨ 5 ᠵᠢᠯ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠪᠦᠬᠦ ᠣᠷᠣᠨ ᠤ ᠠᠷᠪᠠᠨ | ᠬᠤᠶᠠᠷ ᠠᠶᠢᠮᠠᠭ ᠬᠤᠲᠠ ᠶᠢᠨ ᠳᠣᠲᠣᠷ᠎ᠠ ᠬᠤᠶᠠᠳᠤᠭᠠᠷ ᠲᠤ ᠣᠷᠣᠵᠤ ᠪᠠᠢᠨ᠎ᠠ᠃ 2019 ᠣᠨ ᠳᠤ ᠪᠥᠬᠦ | ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠪᠥᠬᠦ | ᠤᠯᠤᠰ ᠤᠨ ᠮᠤᠵᠢ ᠶᠢᠨ ᠲᠥᠪ ᠬᠤᠲᠠ ᠶᠢᠨ ᠳᠣᠲᠣᠷ᠎ᠠ 23 ᠳ᠋ᠤᠭᠠᠷ ᠲᠤ ᠵᠢᠭᠰᠠᠭᠠᠭᠳᠠᠵᠤ᠂ 5 ᠴᠥᠭᠡᠨ ᠲᠣᠭᠠᠲᠤ | ᠦᠨᠳᠦᠰᠦᠲᠡᠨ ᠤ ᠮᠤᠵᠢ ᠶᠢᠨ ᠲᠥᠪ ᠬᠤᠲᠠ ᠶᠢᠨ ᠳᠣᠲᠣᠷ᠎ᠠ 3 ᠳ᠋ᠤᠭᠠᠷ ᠲᠤ ᠵᠢᠭᠰᠠᠭᠠᠭᠳᠠᠵᠠᠶ᠃ ᠣᠷᠣᠨ | ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠬᠢᠷᠢ ᠲᠦᠪᠰᠢᠨ ᠦᠷᠭᠦᠯᠵᠢᠯᠡᠨ ᠲᠣᠭᠲᠠᠭᠤᠨ ᠪᠠᠶ᠋ᠬᠤ ᠨᠢ ᠪᠦᠬᠦ | ᠬᠤᠲᠠ ᠶᠢᠨ ᠠᠵᠤ ᠠᠬᠤᠢ ᠨᠡᠢᠭᠡᠮ ᠤᠨ ᠦᠢᠯᠡᠰ ᠤᠨ ᠬᠥᠭᠵᠢᠯᠲᠡ ᠳᠤ ᠨᠠᠢᠳᠠᠪᠤᠷᠢᠲᠠᠢ ᠡᠳ᠋ ᠤᠨ ᠬᠦᠴᠦᠨ ᠤ | ᠪᠠᠲᠤᠯᠠᠭ᠎ᠠ ᠬᠠᠩᠭᠠᠵᠠᠢ᠃ | ᠬᠤᠶᠠᠳᠤᠭᠠᠷ ᠲᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ | 10 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ ᠤᠨ ᠶᠡᠷᠦᠩᠬᠡᠢ | ᠵᠠᠷᠤᠯᠭ᠎ᠠ 1938 ᠳ᠋ᠦᠩᠰᠢᠭᠤᠷ ᠲᠥᠭᠦᠷᠢᠭ᠃ ᠵᠢᠱᠢᠯᠲᠡ ᠪᠠᠷ ᠳᠡᠭᠡᠷ᠎ᠡ ᠨᠢᠭᠡ ᠲᠠᠪᠤᠨ ᠵᠢᠯ ᠤᠨ ᠪᠦᠬᠦ ᠬᠤᠲᠠ ᠶᠢᠨ | ᠡᠩ ᠤᠨ ᠣᠯᠠᠨ ᠨᠡᠢᠲᠡ ᠶᠢᠨ ᠲᠥᠰᠦᠪ ᠤᠨ ᠪᠦᠬᠦ ᠵᠠᠷᠤᠯᠭ᠎ᠠ 1497 ᠳ᠋ᠦᠩᠰᠢᠭᠤᠷ ᠲᠥᠭᠦᠷᠢᠭ ᠠᠴᠠ 524 | ᠳ᠋ᠦᠩᠰᠢᠭᠤᠷ ᠲᠥᠭᠦᠷᠢᠭ ᠨᠡᠮᠡᠭᠳᠡᠵᠦ᠂ 35 % ᠨᠡᠮᠡᠭᠳᠡᠨ᠎ᠡ᠃ ᠡᠳ᠋ ᠤᠨ ᠵᠠᠰᠠᠭ ᠣᠨ ᠵᠠᠷᠤᠯᠭ᠎ᠠ ᠶᠢᠨ ᠬᠡᠪᠴᠢᠶ᠎ᠡ | ᠲᠠᠰᠤᠷᠠᠯᠲᠠ ᠦᠭᠡᠢ ᠥᠷᠭᠡᠳᠴᠦ᠂ ᠪᠦᠬᠦ ᠬᠤᠲᠠ ᠶᠢᠨ ᠡᠯ᠎ᠡ ᠲᠥᠷᠥᠯ ᠤᠨ ᠠᠵᠤ ᠠᠬᠤᠢ ᠨᠡᠢᠭᠡᠮ ᠤᠨ ᠦᠢᠯᠡᠰ ᠤᠨ | ᠲᠣᠭᠲᠠᠭᠤᠨ ᠪᠥᠭᠡᠳ ᠲᠦᠷᠭᠡᠨ ᠬᠥᠭᠵᠢᠯᠲᠡ ᠶᠢ ᠪᠦᠲᠦᠮᠵᠢᠲᠡᠢ ᠪᠠᠲᠤᠯᠠᠵᠤ᠂ ᠣᠯᠠᠨ ᠨᠡᠢᠲᠡ ᠶᠢᠨ ᠦᠢᠯᠡᠴᠢᠯᠡᠭᠡᠨ ᠤ | ᠴᠢᠳᠠᠪᠤᠷᠢ ᠡᠳᠦᠷ ᠢᠷᠡᠬᠦᠶ᠎ᠡ ᠲᠡᠭᠦᠯᠳᠡᠷᠵᠢᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠶᠡᠬᠡᠪᠡᠷ | ᠳᠡᠭᠡᠭᠰᠢᠯᠡᠪᠡ᠃ | ᠭᠤᠷᠪᠠᠳᠤᠭᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠦᠨ᠎ᠡ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠡᠳ᠋ ᠤᠨ ᠵᠠᠰᠠᠭ ᠠᠴᠠ ᠭᠤᠣᠯᠳᠠᠯᠭ᠎ᠠ ᠲᠠᠢ | ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 1374 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ | ᠨᠡᠢᠲᠡ ᠶᠢᠨ ᠡᠳ᠋ ᠤᠨ ᠵᠠᠰᠠᠭ ᠣᠨ ᠶᠡᠷᠦᠩᠬᠡᠢ ᠵᠠᠷᠤᠯᠭ᠎ᠠ ᠶᠢᠨ 70 . 9 % ᠶᠢ ᠡᠵᠡᠯᠡᠵᠦ᠂ ᠪᠦᠬᠦ ᠬᠤᠲᠠ ᠶᠢᠨ | ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠡᠳ᠋ᠯᠡᠭᠦᠯᠦᠭᠰᠡᠨ ᠪᠠᠢᠨ᠎ᠠ᠃ | 2016 ᠣᠨ ᠠᠴᠠ ᠨᠠᠭᠠᠰᠢ᠂ ᠪᠦᠬᠦ ᠬᠤᠳᠠ ᠶᠢᠨ ᠲᠠᠷᠢᠶᠠᠯᠠᠩ ᠤᠢ ᠰᠢᠭᠤᠢ ᠤᠰᠤᠨ ᠤ ᠶᠠᠪᠤᠳᠠᠯ ᠤᠨ ᠵᠠᠷᠤᠯᠭ᠎ᠠ | 169 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠤ ᠵᠠᠷᠤᠯᠭ᠎ᠠ 12 . 29 | % ᠶᠢ ᠡᠵᠡᠯᠡᠪᠡ ᠰᠤᠷᠭᠠᠨ ᠬᠥᠮᠦᠵᠢᠯ ᠤᠨ ᠵᠠᠷᠤᠯᠭ᠎ᠠ 242 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠨ | ᠠᠮᠢᠳᠤᠷᠠᠯ ᠤᠨ ᠬᠦᠷᠢᠶᠡᠨ ᠤ ᠵᠠᠷᠤᠯᠭ᠎ᠠ 17 . 61 % ᠶᠢ ᠡᠵᠡᠯᠡᠪᠡ ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠯᠲᠠ ᠶᠢᠨ ᠵᠠᠷᠤᠯᠭ᠎ᠠ 212 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠨ ᠠᠮᠢᠳᠤᠷᠠᠯ ᠤᠨ | ᠬᠦᠷᠢᠶᠡᠨ ᠤ ᠵᠠᠷᠤᠯᠭ᠎ᠠ 15 . 42 % ᠢ ᠡᠵᠡᠯᠡᠪᠡ ᠡᠮ ᠡᠮᠨᠡᠯᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ | ᠦᠷᠡᠵᠢᠯ ᠤᠨ ᠨᠥᠬᠦᠪᠥᠷᠢ ᠶᠢᠨ ᠵᠠᠷᠤᠯᠭ᠎ᠠ 126 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠨ | ᠠᠮᠢᠳᠤᠷᠠᠯ ᠤᠨ ᠬᠦᠷᠢᠶᠡᠨ ᠤ ᠵᠠᠷᠤᠯᠭ᠎ᠠ 9 . 17 % ᠶᠢ ᠡᠵᠡᠯᠡᠪᠡ ᠣᠷᠣᠨ ᠰᠠᠭᠤᠴᠠ ᠶᠢᠨ ᠪᠠᠲᠤᠯᠠᠭ᠎ᠠ ᠶᠢᠨ | ᠨᠥᠬᠦᠪᠥᠷᠢ ᠶᠢᠨ ᠵᠠᠷᠤᠯᠭ᠎ᠠ 61 ᠳ᠋ᠦᠩᠰᠢᠭᠤᠷ ᠲᠥᠭᠦᠷᠢᠭ ᠲᠤ ᠬᠦᠷᠴᠦ᠂ | ᠠᠷᠠᠳ ᠤᠨ ᠠᠮᠢᠳᠤᠷᠠᠯ ᠤᠨ ᠬᠦᠷᠢᠶᠡᠨ ᠤ ᠵᠠᠷᠤᠯᠭ᠎ᠠ 4 . 44 % ᠶᠢ ᠡᠵᠡᠯᠡᠪᠡ᠃ | ᠳᠥᠷᠪᠡᠳᠦᠭᠡᠷ ᠲᠤ᠂ ᠡᠳ᠋ ᠤᠨ ᠵᠠᠰᠠᠭ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ᠂ ᠡᠳ᠋ ᠤᠨ | ᠵᠠᠰᠠᠭ ᠪᠣᠯ ᠤᠯᠤᠰ ᠢ ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ ᠮᠥᠨ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠡᠳ᠋ ᠤᠨ ᠵᠠᠰᠠᠭ ᠤᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠪᠠ᠂ ᠤᠳᠤ ᠦᠶ᠎ᠡ ᠶᠢᠨ | ᠡᠳ᠋ ᠤᠨ ᠵᠠᠰᠠᠭ ᠤᠨ ᠲᠦᠷᠢᠮ ᠪᠠ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠡᠳ᠋ ᠤᠨ ᠬᠦᠴᠦᠨ ᠨᠢ ᠵᠣᠬᠢᠴᠠᠩᠭᠤᠢ᠂ | ᠣᠷᠣᠨ ᠪᠦᠰᠡ ᠨᠢ ᠲᠡᠩᠴᠡᠭᠦᠷᠢᠲᠡᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ | ᠲᠦᠷᠭᠡᠪᠴᠢᠯᠡᠨ ᠪᠠᠶᠢᠭᠤᠯᠵᠤ᠂ ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ | ᠤᠬᠠᠭᠠᠨᠴᠢ᠂ ᠬᠢᠵᠠᠭᠠᠷᠯᠠᠯ ᠨᠢ ᠬᠦᠴᠦᠲᠡᠢ ᠲᠥᠰᠦᠪ ᠤᠨ ᠲᠦᠷᠢᠮ ᠢ ᠪᠠᠶᠢᠭᠤᠯᠵᠤ᠂ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠪᠠᠢᠷᠢᠯᠠᠭᠤᠯᠤᠯᠲᠠ ᠶᠢ | ᠦᠨᠳᠦᠰᠦᠯᠡᠨ᠂ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠣᠨ ᠰᠠᠯᠠᠭ᠎ᠠ ᠮᠥᠴᠢᠷ ᠠᠵᠤ ᠠᠬᠤᠢ ᠶᠢᠨ | ᠰᠢᠨ᠎ᠡ ᠬᠡᠪ ᠪᠠᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠵᠠᠷᠢᠮ ᠳᠦᠷᠢᠮ ᠣᠨ ᠰᠢᠨ᠎ᠡ ᠡᠭᠦᠳᠦᠯᠲᠡ ᠪᠠ | ᠵᠠᠩᠭᠢᠯᠠᠭ᠎ᠠ ᠶᠢᠨ ᠴᠡᠭ ᠳᠡᠭᠡᠷ᠎ᠡ ᠵᠣᠬᠢᠬᠤ ᠠᠮᠵᠢᠯᠲᠠ ᠣᠯᠵᠠᠢ᠃ ᠨᠢᠭᠡ ᠳᠤ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠠᠮᠵᠢᠯᠲᠠ | ᠪᠦᠲᠦᠮᠵᠢ ᠶᠢᠨ ᠬᠠᠷᠠᠯᠲᠠ ᠪᠣᠯᠤᠨ ᠬᠢᠨᠠᠨ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠬᠤ᠂ ᠡᠳ᠋ ᠤᠨ ᠵᠠᠰᠠᠭ ᠤᠨ | ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢ ᠦᠨᠡᠯᠡᠬᠦ ᠪᠠ ᠰᠠᠯᠠᠭ᠎ᠠ ᠮᠥᠴᠢᠷ ᠤᠨ ᠥᠪᠡᠷ ᠢ ᠪᠠᠨ ᠦᠨᠡᠯᠡᠬᠦ ᠶᠢ | ᠲᠦᠯᠬᠢᠨ ᠠᠬᠢᠭᠤᠯᠬᠤ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ | ᠂ ᠬᠡᠷᠡᠭ ᠤᠨ ᠡᠮᠦᠨ᠎ᠡ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠰᠦᠪᠡᠭᠴᠢᠯᠡᠨ ᠪᠠᠶᠢᠭᠤᠯᠬᠤ᠂ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ | 2016 - 2019 ᠣᠨ ᠳᠤ ᠨᠡᠶᠢᠲᠡ 72 ᠡᠳ᠋ ᠤᠨ ᠵᠠᠰᠠᠭ ᠤᠨ ᠵᠠᠷᠤᠯᠭ᠎ᠠ ᠶᠢᠨ ᠭᠤᠣᠯᠳᠠᠯᠭ᠎ᠠ ᠲᠠᠢ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠵᠦᠢᠯᠡᠰ ᠢ ᠪᠡᠶᠡᠯᠡᠭᠦᠯᠵᠦ᠂ ᠡᠭᠦᠨ ᠳᠤ 10 ᠰᠠᠯᠠᠭ᠎ᠠ ᠮᠥᠴᠢᠷ ᠤᠨ ᠪᠦᠬᠦᠯᠢ | ᠴᠣᠭᠴᠠ ᠶᠢᠨ ᠦᠨᠡᠯᠡᠯᠲᠡ ᠶᠢ ᠪᠠᠭᠲᠠᠭᠠᠵᠤ᠂ 73 . 47 ᠳ᠋ᠦᠩᠰᠢᠭᠤᠷ ᠲᠥᠭᠦᠷᠢᠭ ᠤᠨ ᠪᠠᠯᠠ ᠮᠥᠩᠭᠦ | ᠬᠤᠯᠪᠣᠭᠳᠠᠵᠠᠶ᠃ ᠬᠤᠶᠠᠷ ᠲᠤ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ ᠢᠳᠡᠪᠬᠢᠲᠡᠶ ᠠᠬᠢᠭᠤᠯᠵᠤ᠂ | ᠭᠠᠷᠴᠠᠭ ᠤᠨ ᠨᠠᠷᠢᠨ ᠲᠠᠩᠰᠠ ᠶᠢ ᠲᠣᠳᠣᠷᠬᠠᠶᠢᠯᠠᠨ᠂ ᠢᠯᠡ ᠪᠣᠯᠭᠠᠬᠤ ᠠᠭᠤᠯᠭ᠎ᠠ ᠶᠢ ᠲᠣᠭᠲᠠᠭᠠᠵᠤ᠂ 16 ᠮᠡᠳᠡᠭᠡ | ᠵᠠᠩᠭᠢ ᠶᠢ ᠢᠯᠡ ᠪᠣᠯᠭᠠᠬᠤ ᠲᠠᠪᠴᠠᠩ ᠢ ᠪᠠᠶᠢᠭᠤᠯᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠤᠲᠠᠰᠤ᠂ ᠰᠠᠨᠠᠯ | ᠬᠤᠷᠢᠶᠠᠬᠤ ᠬᠠᠶᠢᠷᠴᠠᠭ ᠪᠠ ᠦᠭᠡ ᠦᠯᠡᠳᠡᠭᠡᠬᠦ ᠰᠠᠮᠪᠠᠷ᠎ᠠ ᠭᠠᠷᠭᠠᠵᠤ᠂ ᠣᠷᠣᠨ ᠤ ᠲᠥᠪ ᠤᠨ ᠡᠳ᠋ ᠤᠨ ᠵᠠᠰᠠᠭ ᠤᠨ | ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠨᠡ ᠵᠢᠯ ᠠᠴᠠ | ᠨᠠᠰᠢ᠂ ᠡᠯ᠎ᠡ ᠲᠥᠷᠥᠯ ᠤᠨ ᠲᠠᠪᠴᠠᠩ ᠢᠶᠠᠷ ᠳᠠᠮᠵᠢᠭᠤᠯᠤᠨ 4400 ᠭᠠᠷᠤᠶ ᠮᠡᠳᠡᠭᠡ ᠵᠠᠩᠭᠢ ᠨᠡᠶᠢᠲᠡᠯᠡᠪᠡ᠃ ᠡᠨᠡ | ᠵᠢᠯ ᠤᠨ 9 ᠰᠠᠷ᠎ᠠ ᠳᠤ᠂ ᠮᠠᠨ ᠤ ᠲᠣᠪᠴᠢᠶ᠎ᠠ ᠪᠥᠬᠦ ᠬᠤᠲᠠ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠤᠨ ᠦᠵᠡᠭᠦᠯᠦᠯᠭᠡ ᠶᠢᠨ ᠴᠡᠭ ᠢᠶᠠᠷ ᠰᠣᠩᠭᠤᠭᠳᠠᠪᠠ᠃ | ᠭᠤᠷᠪᠠ ᠳᠤ᠂ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ᠤᠯᠤᠰ ᠤᠨ ᠬᠥᠮᠥᠷᠭᠡ ᠶᠢᠨ ᠲᠣᠭᠠᠴᠠᠭ᠎ᠠ ᠶᠢ ᠡᠯᠤᠺᠲᠷᠤᠨᠴᠢᠯᠠᠵᠤ᠂ ᠡᠳ᠋ ᠤᠨ ᠵᠠᠰᠠᠭ ᠤᠨ ᠪᠠᠯᠠ | ᠮᠥᠩᠭᠦ ᠳᠤ ᠪᠥᠬᠦ ᠶᠠᠪᠤᠴᠠ ᠳᠤ ᠬᠥᠳᠡᠯᠦᠩᠭᠦᠶ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ︔ ᠳᠥᠷᠪᠡ ᠳᠤ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠤ ᠥᠷᠢ ᠥᠭᠴᠡᠭᠡ ᠶᠢ ᠪᠦᠬᠦᠨ ᠢ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠵᠢᠷᠤᠮᠵᠢᠭᠰᠠᠨ ᠵᠦᠶ | ᠵᠣᠬᠢᠰᠲᠠᠶ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠵᠢᠴᠢ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ ᠰᠢᠨᠵᠢᠯᠡᠬᠦ ᠤᠬᠠᠭᠠᠨᠴᠢ ᠬᠡᠷᠡᠭᠵᠢᠭᠦᠯᠦᠭᠦᠰᠢᠲᠡᠶ ᠬᠡᠷᠡᠭᠵᠢᠭᠦᠯᠬᠦ ᠲᠥᠰᠦᠯ ᠢ ᠲᠣᠭᠲᠠᠭᠠᠨ᠎ᠠ︔ | ᠲᠠᠪᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠂ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠬᠤᠳᠠᠯᠳᠤᠨ ᠠᠪᠬᠤ ᠦᠷ᠎ᠡ | ᠪᠦᠲᠦᠮᠵᠢ ᠲᠣᠭᠲᠠᠭᠤᠨ ᠢᠶᠠᠷ ᠳᠡᠭᠡᠭᠰᠢᠯᠡᠵᠦ᠂ 2017 ᠣᠨ ᠠᠴᠠ ᠨᠠᠰᠢ᠂ ᠮᠠᠨ ᠤ ᠬᠤᠲᠠ ᠶᠢᠨ ᠵᠠᠰᠠᠭ ᠤᠨ | ᠣᠷᠳᠣᠨ ᠤ ᠬᠤᠳᠠᠯᠳᠤᠨ ᠠᠪᠬᠤ ᠪᠡᠯᠡ ᠮᠥᠩᠭᠦ ᠶᠢ 7 . 21 ᠳ᠋ᠦᠩᠰᠢᠭᠤᠷ ᠲᠥᠭᠦᠷᠢᠭ ᠠᠷᠪᠢᠯᠠᠵᠤ᠂ ᠪᠡᠯᠡ | ᠮᠥᠩᠭᠦ ᠠᠷᠪᠢᠯᠠᠭᠰᠠᠨ ᠨᠣᠷᠮ᠎ᠠ 3 . 35 % ᠬᠦᠷᠴᠡᠢ᠃ ᠵᠢᠷᠭᠤᠭ᠎ᠠ ᠳᠤ᠂ ᠵᠠᠰᠠᠭ ᠣᠨ ᠣᠷᠳᠣᠨ ᠪᠠ | ᠨᠡᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠡᠢᠭᠡᠮ ᠤᠨ ᠬᠥᠷᠥᠩᠭᠡ ᠶᠢ | ᠲᠠᠲᠠᠵᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠳᠤ | ᠣᠷᠣᠯᠴᠠᠭᠤᠯᠵᠤ᠂ 2016 ᠣᠨ ᠰᠡᠭᠦᠯᠴᠢ ᠪᠠᠷ᠂ ᠲᠥᠷᠦ ᠶᠢᠨ ᠶᠠᠪᠤᠳᠠᠯ ᠤᠨ ᠬᠤᠷᠢᠶᠠᠨ ᠤ ᠬᠢᠨᠠᠨ ᠵᠢᠯᠣᠭᠤᠳᠬᠤ | ᠳᠤᠭᠤᠢᠯᠠᠩ ᠠᠴᠠ ᠮᠠᠨ ᠤ ᠬᠤᠲᠠ ᠶᠢᠨ PPP ᠠᠵᠢᠯ ᠢ ᠲᠤᠰᠬᠠᠢ ᠲᠥᠷᠦᠯ ᠢᠶᠠᠷ ᠬᠢᠨᠠᠨ ᠵᠢᠯᠣᠭᠤᠳᠴᠤ᠂ | ᠡᠳ᠋ ᠤᠨ ᠵᠠᠰᠠᠭ ᠣᠨ ᠶᠠᠮᠤᠨ ᠤ PPP ᠲᠥᠪ ᠤᠨ ᠵᠢᠶᠤᠤ ᠰᠢᠶᠣᠤ ᠫᠢᠩ ᠡᠷᠬᠢᠯᠡᠭᠴᠢ ᠵᠢᠭᠠᠵᠤ ᠭᠠᠷᠭᠠᠭᠰᠠᠨ ᠨᠢ᠂ | ᠬᠥᠬᠡᠬᠤᠲᠠ ᠪᠣᠯ ᠪᠦᠬᠦ ᠤᠯᠤᠰ ᠠᠴᠠ PPP ᠠᠵᠢᠯ ᠤᠨ ᠲᠡᠷᠢᠭᠦᠨ ᠤ ᠬᠤᠲᠠ ᠪᠠᠶᠢᠵᠦ᠂ ᠡᠯ᠎ᠡ ᠵᠦᠢᠯ ᠤᠨ | ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠲᠠᠢ᠂ ᠵᠣᠬᠢᠶᠠᠨ ᠪᠠᠢᠭᠤᠯᠤᠯᠲᠠ ᠠᠷᠭ᠎ᠠ | ᠪᠣᠳᠣᠯᠭ᠎ᠠ ᠲᠠᠢ᠃ ᠳᠣᠯᠤᠭ᠎ᠠ ᠳᠤ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ | ᠠᠵᠢᠯ ᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ | ᠠᠪᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ︔ ᠲᠤᠰᠬᠠᠶ ᠵᠦᠢᠯ ᠤᠨ ᠵᠠᠷᠤᠯᠭ᠎ᠠ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠎ᠠ︔ ᠨᠠᠶᠢᠮᠠ ᠳᠤ ᠬᠠᠤᠯᠢ ᠪᠠᠷ ᠵᠠᠰᠠᠬᠤ | ᠡᠳ᠋ ᠤᠨ ᠵᠠᠰᠠᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠦᠷᠢᠨ ᠲᠡᠭᠦᠯᠳᠡᠷ | ᠪᠠᠲᠤᠯᠠᠭ᠎ᠠ ᠶᠢᠨ ᠰᠢᠰᠲ᠋ᠧᠮᠵᠢ᠂ ᠥᠨᠳᠥᠷ ᠪᠦᠲᠦᠮᠵᠢᠲᠡᠶ ᠬᠡᠷᠡᠭᠵᠢᠭᠦᠯᠬᠦ ᠰᠢᠰᠲ᠋ᠧᠮᠵᠢ ᠪᠠ ᠨᠢᠭᠲᠠ ᠴᠢᠩᠭ᠎ᠠ ᠬᠢᠨᠠᠯᠲᠠ | ᠲᠠᠯᠪᠢᠬᠤ ᠰᠢᠰᠲ᠋ᠧᠮᠵᠢ ᠶᠢ ᠪᠠᠶᠢᠭᠤᠯᠵᠤ᠂ 5 ᠵᠢᠯ ᠳᠠᠷᠠᠭᠠᠯᠠᠨ ᠪᠥᠬᠦ ᠣᠷᠣᠨ ᠤ ᠬᠠᠤᠯᠢ ᠪᠠᠷ ᠵᠠᠰᠠᠬᠤ ᠡᠳ᠋ ᠤᠨ | ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ | ᠲᠠᠪᠤᠳᠤᠭᠠᠷ ᠲᠤ᠂ ᠡᠳ᠋ ᠤᠨ ᠵᠠᠰᠠᠭ ᠤᠨ ᠦᠢᠯᠡᠴᠢᠯᠡᠭᠡ ᠦᠷᠭᠦᠯᠵᠢᠯᠡᠨ ᠰᠢᠯᠢᠳᠡᠭᠵᠢᠪᠡ᠃ ᠨᠢᠭᠡ ᠳᠤ ︽ᠡᠳ᠋ ᠤᠨ | ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠶᠢᠨ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ 7 ᠲᠠᠯ᠎ᠠ ᠶᠢᠨ 25 ᠵᠦᠶ᠋ᠯ ᠤᠨ | ᠠᠷᠭ᠎ᠠ ᠬᠡᠮᠵᠢᠶ᠎ᠡ ᠪᠠ ︽ᠵᠢᠷᠭᠤᠭᠠᠨ ᠨᠢᠭᠡ︾ ︽ᠵᠢᠷᠭᠤᠭᠠᠨ ᠰᠠᠶᠢᠨ︾ ︽ᠳᠥᠷᠪᠡᠨ ᠵᠢᠷᠤᠮᠵᠢᠯ︾ ︽ᠵᠢᠷᠭᠤᠭᠠᠨ | ᠥᠯᠥ ᠨᠠᠶᠢᠷ ᠲᠠᠯᠪᠢᠬᠤ︾ ᠪᠠᠷ ᠭᠤᠤᠯ ᠠᠭᠤᠯᠭ᠎ᠠ ᠪᠣᠯᠭᠠᠭᠰᠠᠨ ︽6646︾ ᠦᠶ᠋ᠯᠡᠴᠢᠯᠡᠭᠡᠨ ᠤ ᠵᠢᠷᠤᠮᠵᠢᠯ ᠢ | ᠬᠢᠨᠠᠮᠠᠭᠠᠶ ᠨᠠᠶᠢᠳᠠᠪᠤᠷᠢᠵᠢᠭᠤᠯᠪᠠ᠃ ᠬᠤᠶᠠᠷ ᠲᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠢᠯᠠᠩ ᠤᠨ 2020 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ | ᠲᠣᠳᠣᠷᠬᠠᠶᠢᠯᠠᠭᠰᠠᠨ ᠶᠢᠰᠦᠨ ᠶᠡᠭᠡ ᠡᠭᠦᠷᠭᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ | ᠂ ᠬᠤᠲᠠ ᠶᠢᠨ ᠨᠠᠮ ᠤᠨ ᠬᠤᠷᠢᠶ᠎ᠠ ᠰᠤᠷᠲᠠᠯ ᠢᠶᠠᠨ ᠬᠤᠪᠢᠷᠠᠭᠤᠯᠵᠣ᠂ ᠰᠢᠯᠢᠳᠡᠭ ᠣᠷᠴᠢᠨ ᠲᠣᠭᠤᠷᠢᠨ᠂ ︽ | ᠵᠣᠷᠢᠭᠲᠠᠢ ᠪᠠᠷ ᠡᠭᠦᠷᠭᠡᠯᠡᠬᠦ︾ ᠶᠡᠷᠦᠩᠬᠡᠢ ᠱᠠᠭᠠᠷᠳᠠᠯᠭ᠎ᠠ ᠪᠣᠯᠤᠨ ︽︿ᠶᠡᠭᠡ ᠰᠤᠷᠤᠯᠴᠠᠯᠭ᠎ᠠ﹀ ᠶᠢ ᠭᠦᠨᠵᠡᠭᠡᠢ | ᠥᠷᠨᠢᠭᠦᠯᠬᠦ ᠲᠤᠬᠠᠢ᠂ ᠶᠡᠭᠡ ᠡᠷᠭᠢᠯᠲᠡ᠂ ᠶᠡᠭᠡ ᠰᠤᠷᠪᠤᠯᠵᠢᠯᠠᠭ᠎ᠠ᠂ ︽ᠶᠡᠭᠡ ᠪᠠᠷ ᠳᠡᠭᠡᠭᠰᠢᠯᠡᠭᠦᠯᠬᠦ︾ | ᠠᠵᠢᠯᠯᠠᠭ᠎ᠠ ᠶᠢᠨ ᠮᠡᠳᠡᠭᠳᠡᠯ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠺᠠᠳ᠋ᠷ ᠤᠨ ᠰᠢᠨ᠎ᠡ ᠴᠠᠭ | ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠤᠷᠮᠠᠰᠢᠭᠤᠯᠬᠤ ᠠᠵᠢᠯ ᠤᠨ | ᠬᠡᠷᠡᠭᠵᠢᠭᠦᠯᠬᠦ ᠲᠥᠰᠦᠯ︾ ᠵᠡᠷᠭᠡ ᠰᠤᠷᠲᠠᠯ ᠢᠶᠠᠨ ᠬᠤᠪᠢᠷᠠᠭᠤᠯᠬᠤ ᠲᠠᠯ᠎ᠠ ᠶᠢᠨ 9 ᠠᠵᠢᠯ ᠤᠨ ᠲᠥᠰᠦᠯ ᠢ | ᠲᠣᠭᠲᠠᠭᠠᠪᠠ᠂ ᠠᠵᠢᠯ ᠤᠨ ᠰᠤᠷᠲᠠᠯ ᠢᠶᠠᠨ ᠪᠦᠬᠦ ᠲᠠᠯ᠎ᠠ ᠪᠠᠷ ᠦᠷᠭᠦᠯᠵᠢᠯᠡᠨ ᠬᠤᠪᠢᠷᠠᠭᠤᠯᠬᠤ ᠬᠡᠷᠡᠭᠲᠡᠶ᠂ ᠢᠯᠠᠩᠭᠤᠶ᠎ᠠ | ᠪᠠᠷᠢᠮᠵᠢᠶᠠᠯᠠᠨ ᠬᠠᠷᠭᠤᠭᠤᠯᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠂ ᠰᠦᠯᠵᠢᠶᠡᠨ ᠤ ᠸᠢᠳᠢᠣ᠋ ᠪᠤᠶᠤ | ᠲᠤᠬᠠᠶ ᠶᠢᠨ ᠭᠠᠵᠠᠷ ᠲᠤ ᠲᠣᠭᠤᠷᠢᠨ ᠦᠵᠡᠵᠦ ᠰᠤᠷᠤᠯᠴᠠᠬᠤ ᠬᠡᠯᠪᠡᠷᠢ ᠪᠠᠷ ᠳᠠᠮᠵᠢᠨ᠂ ᠬᠤᠨᠠᠨ ᠮᠤᠵᠢ ᠶᠢᠨ ᠡᠳ᠋ ᠤᠨ | ᠵᠠᠰᠠᠭ ᠤᠨ ᠲᠢᠩᠬᠢᠮ ᠲᠠᠢ᠂ ᠵᠧᠩᠵᠧᠦ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠣᠷᠳᠣᠰ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠶᠠᠨᠲ᠋ᠠᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ 7 ᠨᠢᠭᠡᠴᠢ | ᠭᠦᠨᠵᠡᠭᠡᠶ ᠰᠤᠷᠤᠯᠴᠠᠨ ᠰᠣᠯᠢᠯᠴᠠᠵᠤ᠂ ᠣᠷᠣᠨ ᠤ ᠲᠥᠪ ᠤᠨ ᠡᠳ᠋ ᠤᠨ ᠵᠠᠰᠠᠭ ᠤᠨ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠥᠮᠥᠷᠭᠡ ᠵᠡᠷᠭᠡ | ᠠᠵᠢᠯ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠠᠭᠤᠯᠵᠤ᠂ ᠴᠢᠷᠮᠠᠶᠢᠨ ᠡᠮᠦᠨ᠎ᠡ ᠨᠢ ᠶᠠᠪᠤᠬᠤ᠂ ᠦᠯᠢᠭᠡᠷ | ᠳᠠᠭᠤᠷᠢᠶᠠᠯ ᠪᠣᠯᠪᠠ᠃ ᠭᠤᠷᠪᠠ ᠳᠤ ᠠᠷᠠᠳ ᠠᠴᠠ ᠡᠵᠡᠩᠨᠡᠭᠰᠡᠨ ᠠᠵᠤ ᠠᠬᠤᠢᠯᠠᠯ ᠢ ᠰᠤᠷᠪᠤᠯᠵᠢᠯᠠᠬᠤ ᠠᠵᠢᠯ ᠢ | ᠨᠠᠷᠢᠨ ᠬᠢᠨᠠᠮᠠᠭᠠᠢ ᠥᠷᠨᠢᠭᠦᠯᠵᠦ᠂ ᠬᠤᠲᠠ ᠶᠢᠨ ᠡᠳ᠋ ᠤᠨ ᠵᠠᠰᠠᠭ ᠣᠨ ᠲᠣᠪᠴᠢᠶ᠎ᠠ ᠶᠢᠨ ᠤᠳᠤᠷᠢᠳᠬᠤ ᠺᠠᠳ᠋ᠷ | ᠠᠷᠠᠳ ᠠᠴᠠ ᠡᠵᠡᠩᠨᠡᠭᠰᠡᠨ ᠠᠵᠤ ᠠᠬᠤᠢᠯᠠᠯ ᠢ ᠰᠤᠷᠪᠤᠯᠵᠢᠯᠠᠬᠤ ᠠᠵᠢᠯ ᠤᠨ ᠳᠦᠷᠢᠮ ᠢ ᠳᠠᠷᠤᠮᠠᠯᠯᠠᠨ ᠲᠠᠷᠬᠠᠭᠠᠵᠤ᠂ | ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠠᠷᠠᠳ ᠠᠴᠠ ᠡᠵᠡᠩᠨᠡᠭᠰᠡᠨ ᠠᠵᠤ ᠠᠬᠤᠢᠯᠠᠯ ᠢ | ᠳᠠᠭᠠᠭᠠᠴᠢᠯᠠᠨ ᠬᠤᠯᠪᠣᠭᠠᠯᠠᠬᠤ ᠶᠢ ᠪᠠᠷᠢᠮᠲᠠᠯᠠᠵᠤ᠂ ᠠᠵᠤ ᠠᠬᠤᠢᠯᠠᠯ ᠤᠨ ᠬᠦᠴᠢᠷᠳᠡᠯ ᠢ ᠢᠳᠡᠪᠬᠢᠲᠡᠢ ᠰᠢᠢᠳᠪᠦᠷᠢᠯᠡᠵᠦ | ᠥᠭᠪᠡ᠃ | ᠶᠡᠷᠦᠩᠬᠡᠢ ᠳᠤᠨᠢ ᠦᠵᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ | ᠬᠤᠲᠠ ᠶᠢᠨ ᠡᠳ᠋ ᠤᠨ ᠵᠠᠰᠠᠭ ᠣᠨ ᠠᠵᠢᠯ ᠵᠣᠬᠢᠬᠤ ᠠᠮᠵᠢᠯᠲᠠ ᠣᠯᠵᠤ᠂ ᠡᠳ᠋ ᠤᠨ ᠵᠠᠰᠠᠭ ᠣᠨ ᠣᠷᠣᠯᠭ᠎ᠠ | ᠵᠠᠷᠤᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ᠂ ᠲᠥᠰᠦᠪ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠤᠯᠢ | ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠬᠤ᠂ ᠲᠥᠪ ᠵᠢᠴᠢ ᠥᠪᠡᠷᠲᠡᠭᠡᠨ ᠵᠠᠰᠠᠬᠤ | ᠣᠷᠣᠨ ᠤ ᠲᠥᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠪᠦᠬᠦ ᠲᠠᠯ᠎ᠠ ᠪᠠᠷ ᠲᠡᠮᠡᠴᠡᠨ ᠣᠯᠬᠤ | ᠳᠡᠭᠡᠷ᠎ᠡ ᠢᠯᠡᠷᠡᠵᠦ᠂ ᠮᠠᠨ ᠤ ᠬᠤᠲᠠ ᠶᠢᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠪᠠ ᠡᠳ᠋ ᠤᠨ | ᠵᠠᠰᠠᠭ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠬᠦᠴᠦᠲᠡᠢ ᠪᠠᠲᠤᠯᠠᠪᠠ᠃ | 5 . ᠬᠥᠲᠥᠯᠥᠭᠴᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠲᠥᠯᠥᠪᠵᠢᠭᠦᠯᠦᠨ | ᠪᠠᠶᠢᠷᠢᠰᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠭᠤᠷᠪᠠ ᠤᠳᠠᠭ᠎ᠠ ᠣᠷᠣᠯᠴᠠᠵᠤ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ | ᠬᠥᠭᠵᠢᠯᠲᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠬᠡᠷᠬᠢᠨ ᠲᠣᠭᠤᠰᠢᠯᠠᠭᠤᠯᠣᠨ ᠨᠠᠶᠢᠳᠠᠪᠤᠷᠢᠵᠢᠭᠤᠯᠤᠭᠰᠠᠨ ᠪᠣᠶ︖ | 6 . ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠭᠡᠷᠡᠯ | | | | | | | | | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠢ ᠴᠢᠩ ᠰᠡᠳᠬᠢᠯ ᠠᠴᠠ ᠪᠠᠨ ᠬᠠᠯᠠᠮᠵᠢᠯᠠᠵᠤ᠂ 2018 ᠣᠨ ᠠᠴᠠ 2020 ᠣᠨ ᠪᠣᠯᠲᠠᠯ᠎ᠠ ᠪᠦᠬᠦ | ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠭᠤᠷᠪᠠ ᠤᠳᠠᠭ᠎ᠠ ᠣᠷᠣᠯᠴᠠᠬᠤ ᠳᠠᠭᠠᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ | ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ | ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ | ᠪᠠᠷᠢᠮᠲᠠᠯᠠᠵᠤ᠂ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠥᠬᠡᠶ ᠪᠤᠶᠠᠨ | ᠦᠶ᠋ᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠠᠭᠤᠯᠤᠭᠳᠠᠬᠤᠨ ᠡᠯᠪᠡᠭ ᠪᠠᠶᠠᠯᠢᠭ᠂ ᠴᠢᠩ ᠦᠨᠡᠨᠴᠢ | ᠬᠠᠶᠢᠷ᠎ᠠ ᠰᠡᠳᠬᠢᠯᠭᠡ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ᠶᠢ ᠪᠥᠲᠥᠭᠡᠨ ᠪᠠᠶᠢᠭᠤᠯᠬᠤ | ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠢᠳᠡᠪᠬᠢᠲᠡᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠴᠢᠩ ᠰᠡᠳᠬᠢᠯ ᠤᠨ ᠨᠠᠶᠢᠳᠠᠯᠭ᠎ᠠ ᠶᠢ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠬᠤ ᠪᠠᠷ | ᠴᠢᠷᠮᠠᠶᠢᠵᠤ ᠪᠠᠶᠢᠨ᠎ᠠ᠃ | ᠵᠢᠱᠢᠶᠡᠯᠡᠪᠡᠯ᠂ ᠪᠢᠳᠡ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠳᠤ ᠳᠤᠷᠠᠳᠤᠭᠰᠠᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠣᠶ ᠪᠣᠯᠭᠠᠬᠤ︾ | ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠳᠤᠷᠠᠳᠤᠭᠰᠠᠨ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠴᠢᠩ ᠰᠡᠳᠬᠢᠯ ᠤᠨ ᠬᠦᠰᠡᠯ ᠡᠷᠡᠮᠡᠯᠵᠡᠯ ᠪᠠ | ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ | ᠪᠥᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠤᠨ ᠲᠤᠬᠠᠶ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ | ᠯᠠᠪᠳᠠᠭᠤᠨ ᠪᠠᠲᠤᠲᠠᠶ ᠠᠬᠢᠭᠤᠯᠪᠠ᠃ ᠨᠢᠭᠡ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ | ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠪᠠ᠃ ᠮᠠᠨ ᠤ ᠬᠤᠲᠠ ᠦᠨᠳᠦᠰᠦᠲᠡᠨ ᠤ ᠰᠤᠷᠭᠠᠨ ᠬᠥᠮᠦᠵᠢᠯ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2017 ᠣᠨ ᠠᠴᠠ ᠨᠠᠰᠢ ᠪᠦᠬᠦ ᠬᠤᠲᠠ ᠪᠠᠷ ᠢᠶᠠᠨ | ᠨᠡᠶᠢᠲᠡ 12 ᠳ᠋ᠦᠩᠰᠢᠭᠤᠷ ᠲᠥᠭᠦᠷᠢᠭ ᠣᠷᠣᠭᠤᠯᠵᠤ᠂ ᠦᠨᠳᠦᠰᠦᠲᠡᠨ ᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠦᠢᠯᠡᠰ ᠲᠤ ᠬᠡᠷᠡᠭᠯᠡᠪᠡ᠃ ᠬᠤᠣᠰ ᠬᠡᠯᠡ ᠪᠠᠷ ᠬᠢᠴᠢᠶᠡᠯᠯᠡᠬᠦ ᠰᠤᠷᠤᠭᠴᠢᠳ ᠲᠤ ᠨᠥᠬᠦᠪᠥᠷᠢ | ᠥᠭᠬᠦ ᠶᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠦᠨᠳᠦᠰᠦᠲᠡᠨ ᠤ | ᠰᠤᠷᠭᠠᠭᠤᠯᠢ ᠶᠢᠨ ᠬᠤᠣᠰ ᠬᠡᠯᠡ ᠪᠠᠷ ᠬᠢᠴᠢᠶᠡᠯᠯᠡᠬᠦ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠰᠠᠭᠤᠷᠢ ᠲᠤᠭ᠎ᠠ ᠶᠢᠨ | ᠰᠠᠭᠤᠷᠢᠨ ᠳᠡᠭᠡᠷ᠎ᠡ 10 % ᠨᠡᠮᠡᠭᠳᠡᠭᠦᠯᠦᠨ᠎ᠡ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠮᠣᠩᠭᠤᠯ ᠢᠶᠠᠷ ᠬᠢᠴᠢᠶᠡᠯᠯᠡᠬᠦ ᠬᠡᠤᠬᠡᠳ ᠤᠨ ᠠᠰᠠᠷᠠᠨ ᠬᠥᠮᠦᠵᠢᠭᠦᠯᠬᠦ ᠰᠦᠶ᠋ᠳᠬᠡᠯ ᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ︔ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠦᠨᠳᠦᠰᠦᠲᠡᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠬᠤᠶᠠᠷ ᠲᠤ ᠦᠨᠳᠦᠰᠦᠲᠡᠨ ᠤ ᠰᠣᠶᠣᠯ ᠤᠨ | ᠴᠡᠴᠡᠭᠯᠡᠯᠲᠡ ᠶᠢ ᠢᠳᠡᠪᠬᠢᠲᠡᠢ ᠲᠦᠯᠬᠢᠨ ᠠᠬᠢᠭᠤᠯᠪᠠ᠃ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠪᠣᠳᠠᠲᠤ ᠬᠡᠷᠡᠭᠴᠡᠭᠡ ᠳᠤ ᠰᠠᠭᠤᠷᠢᠯᠠᠨ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠳᠤᠮᠳᠠᠳᠤ ᠤᠯᠤᠰ ᠬᠥᠬᠡᠬᠤᠲᠠ ᠶᠢᠨ ᠵᠣᠣ | ᠵᠢᠶᠦ᠋ᠨ ᠰᠣᠶᠣᠯ ᠤᠨ ᠨᠠᠶᠢᠷ︾᠂ ︽ᠳᠤᠮᠳᠠᠳᠤ ᠤᠯᠤᠰ ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ | ᠰᠣᠶᠣᠯ ᠵᠢᠭᠤᠯᠴᠢᠯᠠᠯ ᠤᠷᠠᠯᠢᠭ ᠤᠨ ᠠᠵᠢᠯᠯᠠᠭ᠎ᠠ︾᠂ ︽ᠥᠪᠥᠷ ᠮᠣᠩᠭᠤᠯ ᠤᠨ ᠠᠳᠤᠭᠤᠨ ᠤ ᠦᠵᠡᠰᠬᠦᠯᠡᠩ︾ | ᠵᠡᠷᠭᠡ ᠦᠨᠳᠦᠰᠦᠲᠡᠨ ᠤ ᠣᠨᠴᠠᠯᠢᠭ ᠪᠦᠬᠦᠢ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ | ᠡᠭᠦᠳᠴᠦ᠂ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠡᠯᠪᠡᠭ ᠪᠠᠶᠠᠯᠢᠭ | ᠪᠠᠶᠢᠯᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ᠂ ᠦᠨᠳᠦᠰᠦᠲᠡᠨ ᠤ ᠰᠣᠶᠣᠯ ᠤᠨ | ᠥᠪ ᠢ ᠬᠠᠮᠠᠭᠠᠯᠠᠬᠤ ᠪᠠ ᠠᠰᠢᠭᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ 2017 ᠣᠨ ᠠᠴᠠ | ᠨᠠᠰᠢ᠂ ᠬᠤᠲᠠ ᠶᠢᠨ ᠲᠣᠰ ᠱᠠᠲᠤᠨ ᠠᠴᠠ ᠦᠨᠳᠦᠰᠦᠲᠡᠨ ᠤ ᠰᠣᠶᠣᠯ ᠲᠠᠮᠢᠷ ᠤᠨ ᠪᠡᠯᠡ ᠮᠥᠩᠭᠦ 6 . 3 | ᠳ᠋ᠦᠩᠰᠢᠭᠤᠷ ᠲᠥᠭᠦᠷᠢᠭ ᠪᠠᠭᠤᠯᠭᠠᠵᠤ᠂ ᠡᠭᠦᠨ ᠳᠤ ᠤᠯᠠᠭᠠᠨᠮᠥ᠋ᠴᠢᠷ ᠪᠣᠯᠤᠨ ᠦᠨᠳᠦᠰᠦᠲᠡᠨ ᠤ ᠤᠷᠠᠨ | ᠲᠣᠭᠯᠠᠯᠲᠠ ᠶᠢᠨ ᠪᠦᠯᠦᠭᠯᠡᠯ 2 . 3 ᠳ᠋ᠦᠩᠰᠢᠭᠤᠷ ᠲᠥᠭᠦᠷᠢᠭ᠃ ᠭᠤᠷᠪᠠ ᠳᠤ ᠦᠨᠳᠦᠰᠦᠲᠡᠨ ᠤ ᠡᠮ ᠡᠮᠨᠡᠯᠭᠡ ᠶᠢᠨ | ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠢ | ᠢᠳᠡᠪᠬᠢᠲᠡᠶ ᠬᠥᠭᠵᠢᠭᠦᠯᠬᠦ ᠪᠠ ᠲᠡᠳᠬᠦᠬᠦ ᠪᠣᠯ ᠦᠨᠳᠦᠰᠦᠲᠡᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠶ᠋ᠯᠡᠰ ᠤᠨ ᠬᠤᠪᠣᠷ ᠨᠠᠨᠳᠢᠨ ᠰᠣᠶᠣᠯ ᠤᠨ ᠥᠪ ᠮᠥᠨ᠂ ᠮᠠᠨ ᠤ ᠬᠤᠲᠠ ᠶᠢᠨ ᠦᠨᠳᠦᠰᠦᠲᠡᠨ ᠤ | ᠡᠮ ᠡᠮᠨᠡᠯᠭᠡ ᠶᠢ ᠨᠠᠩ ᠰᠠᠶᠢᠨ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 2017 ᠣᠨ ᠠᠴᠠ ᠨᠠᠰᠢ᠂ | ᠬᠤᠲᠠ ᠶᠢᠨ ᠲᠣᠰ ᠱᠠᠲᠤᠨ ᠠᠴᠠ ᠦᠨᠳᠦᠰᠦᠲᠡᠨ ᠤ ᠡᠮ ᠡᠮᠨᠡᠯᠭᠡ ᠶᠢᠨ ᠦᠶ᠋ᠯᠡᠰ ᠤᠨ ᠬᠥᠭᠵᠢᠯᠲᠡ ᠶᠢᠨ ᠪᠠᠯᠠ | ᠮᠥᠩᠭᠦ ᠶᠢ 6 . 74 ᠳ᠋ᠦᠩᠰᠢᠭᠤᠷ ᠲᠥᠭᠦᠷᠢᠭ ᠪᠠᠭᠤᠯᠭᠠᠵᠤ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠪᠠ ᠦᠨᠳᠦᠰᠦᠲᠡᠨ ᠤ ᠡᠮ ᠡᠮᠨᠡᠯᠭᠡ ᠵᠢᠴᠢ ᠮᠣᠩᠭᠤᠯ ᠬᠢᠲᠠᠳ ᠡᠮᠨᠡᠯᠭᠡ ᠶᠢᠨ ᠡᠷᠳᠡᠮ ᠰᠢᠨᠵᠢᠯᠡᠭᠡᠨ ᠤ | ᠵᠠᠯᠭᠠᠮᠵᠢᠯᠠᠯ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠰᠢᠨ᠎ᠡ ᠪᠠᠷ ᠪᠠᠶᠢᠭᠤᠯᠬᠤ ᠳᠤ ᠬᠡᠷᠡᠭᠯᠡᠪᠡ᠃ ᠳᠥᠷᠪᠡ ᠳᠤ | ᠦᠨᠳᠦᠰᠦᠲᠡᠨ ᠤ ᠠᠵᠢᠯ ᠤᠨ ᠵᠠᠷᠤᠳᠠᠯ ᠤᠨ ᠬᠡᠷᠡᠭᠴᠡᠭᠡ ᠶᠢ ᠪᠠᠲᠤᠯᠠᠨ᠎ᠠ᠃ 2017 ᠣᠨ ᠠᠴᠠ ᠨᠠᠰᠢ᠂ ᠪᠥᠬᠦ | ᠬᠤᠲᠠ 1 . 18 ᠳ᠋ᠦᠩᠰᠢᠭᠤᠷ ᠲᠥᠭᠦᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠠᠷᠤᠳᠠᠯ ᠣᠷᠣᠭᠤᠯᠵᠤ᠂ | ᠦᠨᠳᠦᠰᠦᠲᠡᠨ ᠤ ᠠᠵᠤ ᠠᠬᠤᠶ᠂ ᠦᠨᠳᠦᠰᠦᠲᠡᠨ ᠤ ᠨᠡᠶᠢᠭᠡᠮ ᠪᠠ ᠴᠥᠭᠡᠨ ᠲᠣᠭᠠᠲᠤ ᠦᠨᠳᠦᠰᠦᠲᠡᠨ ᠤ | ᠬᠥᠳᠡᠯᠭᠡᠭᠡᠨ ᠤ ᠦᠶ᠋ᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠦᠨᠡᠨ ᠬᠦ ᠪᠠᠲᠤᠯᠠᠪᠠ᠃ | ᠪᠠᠰᠠ ᠵᠢᠱᠢᠶᠡᠯᠡᠪᠡᠯ᠂ ᠪᠢᠳᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠪᠠ᠃ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠣᠨ ᠰᠠᠯᠠᠭ᠎ᠠ ᠮᠥᠴᠢᠷ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ ᠪᠠ ᠠᠷᠠᠯᠵᠢᠶ᠎ᠠ ᠡᠵᠡᠩᠨᠡᠬᠦ ᠣᠷᠴᠢᠨ ᠲᠣᠭᠤᠷᠢᠨ ᠤ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠠᠢ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ | ᠲᠠᠰᠤᠷᠠᠯᠲᠠ ᠦᠭᠡᠢ ᠡᠭᠦᠳᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠢᠯᠠᠯ ᠤᠨ ᠥᠭᠡᠷᠡᠴᠢᠯᠡᠯᠲᠡ | ᠬᠥᠭᠵᠢᠯᠲᠡ ᠶᠢ ᠳᠠᠮᠵᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠭᠦᠢᠴᠡᠳ ᠪᠠᠳᠠᠷᠠᠭᠤᠯᠪᠠ᠃ ᠨᠢᠭᠡ ᠳᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠬᠤᠲᠠ ᠶᠢᠨ ᠵᠠᠰᠠᠭ ᠤᠨ ᠣᠷᠳᠣᠨ ᠤ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠣᠰᠣᠭᠠᠷ᠂ ᠬᠤᠳᠠᠯᠳᠤᠭᠠᠴᠢᠨ ᠤᠷᠢᠵᠤ ᠪᠠᠯᠠ ᠲᠠᠲᠠᠬᠤ | ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ᠂ ᠪᠠᠯᠠ ᠳᠣᠭᠢᠷᠠᠭᠤᠯᠬᠤ ᠳᠠᠭᠠᠭᠠᠯᠲᠠ ᠶᠢᠨ ᠡᠷᠡᠭᠦᠯ ᠢᠶᠠᠷ | ᠬᠥᠭᠵᠢᠬᠦ ᠳᠤ ᠬᠦᠴᠦᠨ ᠨᠡᠮᠡᠷᠢᠯᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ ᠪᠣᠯᠭᠠᠬᠤ ᠶᠢ | ᠲᠦᠷᠭᠡᠳᠬᠡᠨ ᠠᠬᠢᠭᠤᠯᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ | ᠳᠥᠯᠥᠬᠦ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ | ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ ᠠᠷᠪᠠᠨ ᠵᠦᠶ᠋ᠯ ᠤᠨ ᠪᠣᠳᠠᠲᠠᠶ ᠠᠷᠭ᠎ᠠ ᠬᠡᠮᠵᠢᠶ᠎ᠡ ᠶᠢ | ᠲᠣᠭᠲᠠᠭᠠᠪᠠ᠃ ᠬᠤᠶᠠᠷ ᠲᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠳᠠᠬᠢ ᠵᠣᠭᠤᠰ ᠢ ᠲᠦᠷᠭᠡᠪᠴᠢᠯᠡᠨ ᠳᠥᠯᠥᠨ᠎ᠡ᠃ 2019 ᠣᠨ ᠤ 2020 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠲᠥᠰᠦᠪ ᠤᠨ ᠲᠣᠬᠢᠷᠠᠭᠤᠯᠤᠯᠲᠠ ᠪᠠ ᠮᠥᠩᠭᠦᠨ ᠭᠦᠢᠯᠭᠡᠭᠡᠨ ᠤ ᠠᠷᠭ᠎ᠠ | ᠪᠠᠷᠢᠯ ᠢᠶᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠤᠳᠠᠯᠳᠤᠨ ᠠᠪᠬᠤ ᠵᠡᠷᠭᠡ ᠠᠷᠭ᠎ᠠ ᠪᠠᠷᠢᠯ ᠢᠶᠠᠷ | ᠳᠠᠮᠵᠢᠭᠤᠯᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠥᠷᠢᠲᠦᠵᠦ ᠪᠠᠶᠢᠭᠰᠠᠨ ᠲᠠᠩᠰᠠᠨ ᠳᠠᠬᠢ ᠥᠷᠢ ᠥᠭᠴᠡᠭᠡ ᠪᠠᠨ ᠳᠥᠯᠥᠬᠦ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ ᠭᠤᠷᠪᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ | ᠴᠢᠩᠭᠠᠳᠬᠠᠨ᠎ᠠ᠃ 2018 ᠣᠨ ᠤ 11 ᠰᠠᠷ᠎ᠠ ᠶᠢᠨ 14 ᠤ ᠡᠳᠦᠷ᠂ ᠶᠡᠷᠦᠩᠬᠡᠶ ᠱᠦᠵᠢ ᠰᠢ ᠶᠢᠨ ᠫᠢᠩ | ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠬᠤᠷᠠᠯᠳᠤᠭᠠᠨ ᠢ | ᠡᠷᠭᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠥᠰᠦᠯ︾ ᠢ ᠬᠢᠨᠠᠨ ᠶᠠᠷᠢᠯᠴᠠᠵᠤ ᠪᠠᠲᠤᠯᠠᠭᠠᠳ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ︽ᠳᠠᠶᠢᠴᠢᠯᠠᠯᠲᠠ ᠶᠢᠨ ᠵᠠᠷᠯᠢᠭ︾ ᠪᠠ ︽ | ᠲᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠨᠠᠮᠵᠢ ᠶᠢ | ᠢᠯᠡ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠮᠠᠨ ᠤ | ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠦᠯ ᠵᠦᠢᠯ᠂ ᠬᠤᠳᠠᠯᠳᠤᠨ ᠠᠪᠬᠤ ᠬᠡᠷᠡᠭᠴᠡᠭᠡ ᠶᠢ | ᠤᠷᠢᠳᠴᠢᠯᠠᠨ ᠵᠠᠷᠯᠠᠬᠤ ᠳᠦᠷᠢᠮ ᠢ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠤᠳᠠᠯᠳᠤᠨ ᠠᠪᠬᠤ ︽ᠪᠥᠬᠦ ᠣᠷᠣᠨ ᠳᠤ ᠨᠢᠭᠡ ᠰᠦᠯᠵᠢᠶ᠎ᠡ︾ ᠶᠢᠨ ᠲᠤᠷᠰᠢᠯᠲᠠ ᠶᠢᠨ ᠠᠵᠢᠯ ᠢ ᠪᠥᠬᠦ | ᠬᠦᠴᠦᠨ ᠢᠶᠠᠷ ᠠᠬᠢᠭᠤᠯᠬᠤ ᠬᠡᠷᠡᠭᠲᠡᠶ︔ ᠵᠠᠰᠠᠭ ᠤᠨ ᠣᠷᠳᠣᠨ ᠤ ᠬᠤᠳᠠᠯᠳᠤᠨ ᠠᠪᠬᠤ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ 2020 ᠣᠨ ᠤ ︽ᠬᠤᠶᠠᠷ ᠢ ᠰᠤᠭᠤᠴᠢᠨ | ᠪᠠᠶᠢᠴᠠᠭᠠᠬᠤ︾ ᠠᠵᠢᠯ ᠢ ᠡᠬᠢᠯᠡᠭᠦᠯᠦᠨ᠎ᠡ︔ ︽ᠵᠠᠰᠠᠭ ᠤᠨ ᠣᠷᠳᠣᠨ ᠤ ᠬᠤᠳᠠᠯᠳᠤᠨ ᠠᠪᠬᠤ ᠰᠡᠵᠢᠭᠯᠡᠯ ᠪᠠ | ᠵᠠᠭᠠᠯᠳᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯ ᠵᠠᠭᠠᠯᠳᠤᠯᠭ᠎ᠠ ᠶᠢ | ᠰᠢᠢᠳᠪᠦᠷᠢᠯᠡᠬᠦ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠶᠢ ᠠᠬᠢᠭᠤᠯᠤᠨ᠎ᠠ᠃ ᠲᠦᠷᠪᠡ ᠳᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠤᠯᠤᠰ ᠤᠨ ᠡᠯ᠎ᠡ ᠵᠦᠢᠯ ᠤᠨ | ᠭᠠᠶᠢᠯᠢ ᠬᠥᠩᠭᠡᠯᠡᠵᠦ ᠰᠦᠶ᠋ᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠨ᠎ᠡ︔ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ | ᠲᠤᠬᠠᠶ ᠳᠤᠨᠢ ᠣᠯᠭᠤᠵᠤ᠂ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠯᠭᠤᠭᠠᠳᠤᠶ | ᠪᠠᠶᠢᠳᠠᠯ ᠢ ᠢᠯᠭᠠᠷᠠᠭᠤᠯᠵᠤ᠂ ᠨᠢᠭᠡᠨᠲᠡ ᠲᠣᠳᠣᠷᠬᠠᠶ ᠣᠯᠭᠤᠭᠠᠳᠤᠶ ᠠᠵᠤ ᠠᠬᠤᠶᠢᠯᠠᠯ ᠤᠨ ᠡᠯ᠎ᠡ ᠲᠥᠷᠥᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ 4 . 89 ᠳ᠋ᠦᠩᠰᠢᠭᠤᠷ ᠲᠥᠭᠦᠷᠢᠭ | ᠬᠤᠷᠢᠶᠠᠩᠭᠤᠶᠢᠯᠠᠨ ᠡᠮᠬᠢᠳᠬᠡᠵᠦ᠂ ᠣᠲᠣ ᠪᠣᠯᠲᠠᠯ᠎ᠠ ᠨᠢᠭᠡᠨᠲᠡ ᠵᠠᠰᠠᠭ ᠤᠨ ᠣᠷᠳᠣᠨ ᠤ ᠴᠣᠬᠤᠯᠠᠪᠤᠷᠢ ᠶᠣᠰᠣᠭᠠᠷ 1 . | 23 ᠳ᠋ᠦᠩᠰᠢᠭᠤᠷ ᠲᠥᠭᠦᠷᠢᠭ ᠪᠣᠳᠠᠲᠠᠶᠢᠵᠢᠭᠤᠯᠵᠤ᠂ ᠦᠯᠡᠳᠡᠭᠰᠡᠨ ᠢ ᠨᠢ ᠠᠬᠢᠴᠠ ᠶᠢᠨ ᠪᠠᠶᠢᠳᠠᠯ ᠢ ᠦᠨᠳᠦᠰᠦᠯᠡᠨ | ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠥᠬᠦ ᠤᠯᠤᠰ ᠠᠴᠠ ᠵᠢᠵᠢᠭ ᠪᠢᠴᠢᠯ ᠠᠵᠤ ᠠᠬᠤᠶᠢᠯᠠᠯ ᠤᠨ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠬᠤᠲᠠ ᠶᠢᠨ ᠵᠢᠱᠢᠶ᠎ᠡ ᠦᠵᠡᠭᠦᠯᠬᠦ ᠶᠢ | ᠠᠮᠵᠢᠯᠲᠠ ᠲᠠᠢ ᠡᠭᠦᠳᠦᠨ ᠪᠠᠶᠢᠭᠤᠯᠵᠤ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠴᠤ ᠠᠬᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠠᠳᠠᠯ ᠦᠢᠯᠡᠰ ᠴᠣᠭᠴᠠᠯᠠᠬᠤ ᠣᠷᠣᠨ ᠵᠠᠶ᠂ ᠣᠯᠠᠨ ᠨᠡᠶᠢᠲᠡ ᠶᠢᠨ | ᠦᠢᠯᠡᠴᠢᠯᠡᠭᠡ᠂ ᠪᠠᠯᠠ ᠲᠣᠬᠢᠷᠠᠭᠤᠯᠭ᠎ᠠ ᠶᠢᠨ ᠳᠡᠮᠵᠢᠯᠭᠡ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ | ᠲᠠᠯ᠎ᠠ ᠪᠠᠷ ᠲᠥᠪᠯᠡᠷᠡᠭᠦᠯᠦᠨ ᠬᠦᠴᠦᠯᠡᠵᠦ᠂ ᠨᠡᠶᠢᠭᠡᠮ ᠤᠨ ᠬᠦᠴᠦᠨ ᠤ ᠣᠷᠣᠯᠴᠠᠵᠤ ᠳᠡᠮᠵᠢᠬᠦ ᠢᠳᠡᠪᠬᠢᠵᠢᠯ ᠢ | ᠭᠦᠶ᠋ᠴᠡᠳ ᠳᠠᠶᠢᠴᠢᠯᠠᠨ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠪᠠᠰᠠ ᠵᠢᠱᠢᠶᠡᠯᠡᠪᠡᠯ᠂ ᠪᠢᠳᠡ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠪᠠ᠃ ᠨᠢᠭᠡ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠠᠶᠢᠯᠢ | ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 49 ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠶ᠋ᠳᠬᠡᠯ ᠬᠤᠷᠢᠶᠠᠬᠤ ᠲᠥᠷᠥᠯ ᠵᠦᠶ᠋ᠯ᠂ 12 ᠠᠵᠤ ᠠᠬᠤᠶᠢᠯᠠᠯ ᠳᠤ | ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠪᠠ 8 | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠷᠥᠯ ᠵᠦᠢᠯ ᠤᠨ ᠭᠠᠷᠴᠠᠭ ᠤᠨ ᠨᠠᠷᠢᠨ ᠲᠠᠩᠰᠠ ᠶᠢ | ᠨᠡᠶᠢᠲᠡᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠠᠵᠢᠯᠯᠠᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠪᠦᠷᠢᠳᠬᠡᠯ ᠢᠶᠠᠷ᠂ | 2019 ᠣᠨ ᠳᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ | ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠳᠠᠷᠤᠭᠠᠰᠤ ᠶᠢ 65 ᠳ᠋ᠦᠩᠰᠢᠭᠤᠷ ᠲᠥᠭᠦᠷᠢᠭ ᠣᠷᠴᠢᠮ | ᠬᠥᠩᠭᠡᠷᠡᠭᠦᠯᠪᠡ︔ 2020 ᠣᠨ ᠤ 1 - 9 ᠰᠠᠷ᠎ᠠ ᠳᠤ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠳᠠᠷᠤᠭᠠᠰᠤ ᠶᠢ 47 ᠳ᠋ᠦᠩᠰᠢᠭᠤᠷ | ᠲᠥᠭᠦᠷᠢᠭ ᠣᠷᠴᠢᠮ ᠬᠥᠩᠭᠡᠷᠡᠭᠦᠯᠵᠦ᠂ ᠠᠵᠤ ᠠᠬᠤᠶᠢᠯᠠᠯ ᠳᠤ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ | ᠪᠣᠳᠣᠯᠭ᠎ᠠ ᠶᠢᠨ ᠠᠰᠢᠭ ᠢ ᠭᠦᠢᠴᠡᠳ ᠬᠦᠷᠲᠡᠭᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠨᠢ ︽ᠤᠰᠤ ᠲᠠᠯᠪᠢᠨ ᠵᠢᠭᠠᠰᠤ ᠲᠡᠵᠢᠭᠡᠬᠦ︾ ᠢᠳᠡᠪᠬᠢᠲᠡᠶ ᠦᠢᠯᠡᠳᠦᠯ ᠦᠵᠡᠭᠦᠯᠦᠭᠰᠡᠨ | ᠶᠤᠮ᠂ ᠬᠡᠳᠦ᠋ᠢᠪᠡᠷ ᠣᠬᠤᠷᠬᠠᠨ ᠬᠤᠭᠤᠴᠠᠭᠠᠨ ᠳᠤ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠳᠤ | ᠵᠣᠬᠢᠬᠤ ᠨᠥᠯᠥᠭᠡ ᠦᠵᠡᠭᠦᠯᠦᠭᠰᠡᠨ ᠪᠣᠯᠪᠠᠴᠤ ᠡᠳ᠋ ᠤᠨ ᠵᠠᠰᠠᠭ ᠤᠨ ᠢᠷᠡᠯᠲᠡ ᠶᠢ ᠪᠤᠶᠢᠵᠢᠭᠤᠯᠵᠤ᠂ ᠠᠯᠤᠰ | ᠬᠡᠳᠦ ᠳᠤ ᠠᠰᠢᠭᠲᠠᠶ ᠪᠣᠯᠵᠠᠶ᠃ ᠬᠤᠶᠠᠷ ᠲᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ 2017 ᠣᠨ ᠠᠴᠠ ᠨᠠᠰᠢ᠂ ᠰᠢᠨ᠎ᠡ ᠪᠠᠷ ᠨᠡᠮᠡᠭᠳᠡᠭᠰᠡᠨ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 212 . 37 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ | ᠣᠷᠣᠨ ᠨᠤᠲᠤᠭ ᠤᠨ ᠡᠯ᠎ᠡ ᠵᠦᠢᠯ ᠤᠨ ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠦᠴᠦᠲᠡᠶ | ᠳᠡᠮᠵᠢᠵᠦ᠂ ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠬᠦ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ | ᠳᠣᠲᠣᠭᠠᠳᠤ ᠬᠡᠷᠡᠭᠴᠡᠭᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ | 7 . ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ | ᠂ ᠲᠥᠰᠦᠪ ᠤᠨ ᠰᠠᠯᠠᠭᠠᠨ ᠤ ᠭᠡᠷᠡᠯ ᠳᠡᠳ᠋ ᠰᠠᠯᠠᠭᠠᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ | ᠨᠠᠷ ᠤᠨ ᠠᠩᠬᠠᠷᠤᠯ ᠪᠠ ᠣᠷᠣᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠪᠠᠶᠠᠷᠯᠠᠯ᠎ᠠ᠃ | | |