ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ | ᠵᠢᠯᠣᠭᠤᠳᠬᠤ ᠲᠥᠪ ᠤᠨ ᠤᠯᠤᠰ ᠲᠥᠷᠥ ᠶᠢᠨ ᠭᠡᠰᠢᠭᠦᠨ ᠯᠢ ᠭᠦᠸᠧ ᠫᠢᠩ᠂ ᠮᠡᠳᠡᠭᠡ ᠵᠠᠩᠭᠢ ᠶᠢᠨ ᠵᠢᠯᠣᠭᠤᠳᠬᠤ | ᠲᠥᠪ ᠤᠨ ᠳᠡᠳ᠋ ᠡᠷᠬᠢᠯᠡᠭᠴᠢ ᠬᠤᠤ ᠯᠢ ᠫᠢᠩ᠂ ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠸᠠᠩ ᠱᠤ᠋ ᠯᠢᠩ᠂ ᠮᠡᠳᠡᠭᠡ ᠵᠠᠩᠭᠢ ᠶᠢᠨ ᠵᠢᠯᠣᠭᠤᠳᠬᠤ | ᠲᠥᠪ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠯᠢᠦ ᠶᠢᠩ | 1. ᠬᠠᠮᠢᠶᠠᠷᠣᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | 2 . ᠬᠥᠲᠥᠯᠥᠭᠴᠢ | ᠤᠷᠢᠳᠠᠪᠠᠷ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ | ᠦᠨᠳᠦᠰᠦᠨ ᠪᠠᠢᠳᠠᠯ ᠢ ᠲᠠᠨᠢᠯᠴᠠᠭᠤᠯᠤᠭᠠᠷᠠᠶ᠃ | 3 . ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ ᠵᠢᠯᠣᠭᠤᠳᠬᠤ | ᠲᠥᠪ ᠤᠨ ᠤᠯᠤᠰ ᠲᠥᠷᠥ ᠶᠢᠨ ᠭᠡᠰᠢᠭᠦᠨ ᠯᠢ ᠭᠦᠸᠧ ᠫᠢᠩ | 2020 ᠣᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ | ᠵᠢᠯᠣᠭᠤᠳᠬᠤ ᠲᠥᠪ ᠬᠤᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ | ᠂ ᠳᠡᠭᠡᠷ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ᠂ ᠪᠦᠬᠦ ᠤᠯᠤᠰ ᠢ ᠭᠦᠨᠵᠡᠭᠡᠶ ᠦᠢᠯᠡᠳᠦᠯᠭᠡᠵᠢᠭᠦᠯᠬᠦ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠡᠯ᠎ᠡ | ᠵᠦᠢᠯ ᠤᠨ ᠴᠢᠬᠤᠯᠠ ᠶᠡᠭᠡ ᠰᠢᠢᠳᠪᠦᠷᠢᠯᠡᠬᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠦᠷᠢᠵᠢᠭᠤᠯᠵᠣ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠳᠠᠯᠠᠵᠤ᠂ ᠠᠷᠠᠳ | ᠣᠯᠠᠨ ᠤ ᠵᠣᠯ ᠵᠢᠷᠭᠠᠯ ᠤᠨ ᠲᠥᠷᠥᠭᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠠᠶᠤᠯᠭᠦᠶ ᠰᠡᠳᠬᠢᠯᠭᠡ᠂ | ᠬᠠᠨᠤᠮᠵᠢ ᠶᠢᠨ ᠬᠡᠮᠵᠢᠶ᠎ᠡ ᠶᠢ ᠠᠵᠢᠯ ᠶᠢᠨ ᠦᠨᠡᠯᠡᠬᠦ ᠪᠠᠷᠢᠮᠵᠢᠶ᠎ᠠ ᠪᠣᠯᠭᠠᠵᠤ᠂ ᠤᠯᠤᠰ ᠲᠥᠷᠥ ᠪᠠᠷ ᠴᠠᠭᠳᠠᠭ᠎ᠠ ᠶᠢ | ᠪᠠᠶᠢᠭᠤᠯᠵᠤ ᠴᠠᠭᠳᠠᠭ᠎ᠠ ᠶᠢ ᠴᠢᠩᠭ᠎ᠠ ᠵᠠᠰᠠᠬᠤ ᠪᠠᠷ ᠠᠩᠭᠢ ᠪᠠᠶᠢᠭᠤᠯᠵᠤ ᠴᠠᠭᠳᠠᠭ᠎ᠠ ᠶᠢ ᠵᠠᠰᠠᠬᠤ ᠦᠨᠳᠦᠰᠦ | ᠪᠣᠯᠭᠠᠬᠤ ᠶᠢ ᠢᠮᠠᠭᠲᠠ ᠪᠠᠷᠢᠮᠳᠠᠯᠠᠵᠤ᠂ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠠ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠳᠠᠪᠲᠠᠨ ᠪᠣᠯᠪᠠᠰᠣᠷᠠᠭᠤᠯᠵᠣ᠂ ᠰᠢᠨ᠎ᠡ | ᠴᠠᠭ ᠦᠶ᠎ᠡ ᠶᠢᠨ ︽ᠳᠥᠷᠪᠡᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ︾ ᠠᠵᠢᠯ ᠢ ᠴᠢᠷᠮᠠᠶᠢᠨ ᠬᠢᠶ᠎ᠠ᠂ | ᠣᠷᠣᠨ ᠤ ᠲᠥᠪ ᠤᠨ ᠨᠡᠶᠢᠭᠡᠮ ᠤᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠶᠢᠨ ᠲᠥᠯᠥᠭᠡ᠂ ᠠᠵᠤ ᠠᠬᠤᠶ | ᠨᠡᠶᠢᠭᠡᠮ ᠤᠨ ᠬᠥᠭᠵᠢᠯᠲᠡ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ ᠳᠤ ᠬᠦᠴᠦᠨ ᠴᠢᠳᠠᠯ ᠢᠶᠠᠨ ᠡᠷᠭᠦᠨ᠎ᠡ᠃ | | 4 . ᠬᠥᠲᠥᠯᠥᠭᠴᠢ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ ᠵᠢᠯᠣᠭᠤᠳᠬᠤ ᠲᠥᠪ | ᠪᠥᠬᠦ ᠬᠤᠲᠠ ᠶᠢᠨ 110 ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠡᠭᠦᠷᠭᠡᠯᠡᠵᠦ ᠪᠣᠶ᠂ ᠤᠳᠠᠯ | ᠥᠬᠡᠶ ᠥᠩᠭᠡᠷᠡᠬᠦ ᠨᠢᠭᠡ ᠵᠢᠯ ᠤᠨ ᠪᠥᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠤᠤ︖ | 5 . ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠳᠡᠳ᠋ ᠡᠷᠬᠢᠯᠡᠭᠴᠢ ᠬᠤᠤ ᠯᠢ ᠫᠢᠩ | | | | | | | | 2020 ᠣᠨ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠳᠥᠷᠪᠡᠨ ᠤᠬᠠᠮᠰᠠᠷ︾ ᠢ ᠪᠠᠷᠢᠮᠲᠠᠯᠠᠬᠤ᠂ ︽ | ᠳᠥᠷᠪᠡᠨ ᠢᠲᠡᠭᠡᠯ︾ ᠢ ᠪᠠᠳᠣᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ ᠬᠡᠷᠡᠭᠲᠡᠶ᠂ | ᠣᠷᠣᠨ ᠤ ᠲᠥᠪ ᠤᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠠᠵᠤ | ᠠᠬᠤᠢ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ | ᠪᠣᠯᠭᠠᠵᠤ᠂ ᠪᠥᠬᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠴᠠᠭᠳᠠᠭᠠᠨ ᠤ ᠶᠠᠪᠤᠳᠠᠯ ᠤᠨ ᠲᠤᠰᠠᠯᠠᠬᠤ | ᠬᠥᠮᠦᠰ᠂ ᠨᠡᠶᠢᠭᠡᠮ ᠤᠨ ᠶᠡᠷᠦᠩᠬᠡᠶᠢᠯᠡᠨ ᠵᠠᠰᠠᠬᠤ ᠬᠦᠴᠦᠨ ᠪᠦᠯᠬᠦᠮᠳᠡᠨ ᠬᠠᠮᠵᠢᠯᠴᠠᠵᠤ᠂ ᠨᠢᠭᠲᠠ ᠬᠠᠮᠵᠢᠯᠴᠠᠬᠤ᠂ | ᠪᠦᠬᠦ ᠴᠠᠭᠳᠠᠭᠠᠨ ᠤ ᠬᠦᠴᠦᠨ ᠢ ᠳᠠᠶᠢᠴᠢᠯᠠᠬᠤ᠂ ᠰᠣᠨᠣᠷ ᠰᠡᠷᠡᠮᠵᠢ ᠪᠠᠨ ᠨᠢᠭᠡᠳᠬᠡᠬᠦ᠂ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠲᠠᠢ ᠬᠠᠮᠲᠤᠷᠠᠨ ᠬᠥᠳᠡᠯᠦᠯᠴᠡᠵᠦ᠂ ᠬᠠᠮᠲᠤᠷᠠᠨ ᠪᠠᠶᠢᠯᠳᠤᠬᠤ᠂ ᠬᠢᠵᠢᠭ ᠲᠠᠢ ᠲᠡᠮᠡᠴᠡᠬᠦ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠡᠳ᠋ ᠠᠰᠢᠭ ᠲᠤ ᠬᠠᠯᠳᠠᠬᠤ᠂ ᠴᠠᠬᠢᠯᠭᠠᠨ ᠲᠠᠰᠤᠯᠬᠤ ᠮᠡᠭᠡ᠂ | ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠢᠭᠡ ᠨᠢᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠡᠯᠭᠡᠷᠡᠬᠦ ᠶᠢ ᠡᠷᠡᠰ ᠬᠤᠷᠢᠭᠯᠠᠵᠤ᠂ ᠤᠯᠤᠰ ᠲᠥᠷᠥ ᠶᠢᠨ ᠠᠮᠤᠷ ᠲᠦᠪᠰᠢᠨ ᠲᠣᠭᠲᠠᠭᠤᠨ | ᠪᠠᠶᠢᠳᠠᠯ ᠢ ᠬᠦᠴᠦᠲᠡᠶ ᠬᠠᠮᠠᠭᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠠᠮᠤᠷ ᠢ ᠬᠠᠮᠠᠭᠠᠯᠠᠬᠤ ᠡᠭᠦᠷᠭᠡ ᠶᠢ ᠡᠷᠡᠰ ᠪᠡᠶᠡᠯᠡᠭᠦᠯᠵᠦ᠂ ᠣᠯᠠᠨ ᠤᠳᠠᠭᠠᠨ ᠤ | ᠳᠠᠶᠢᠯᠠᠯᠳᠤᠭᠠᠨ ᠢ ᠢᠯᠠᠬᠤ᠂ ᠣᠷᠣᠨ ᠤ ᠲᠥᠪ ᠤᠨ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠳᠤ ᠴᠢᠬᠤᠯᠠ | ᠬᠤᠪᠢ ᠨᠡᠮᠡᠷᠢ ᠦᠵᠡᠭᠦᠯᠪᠡ᠃ | ᠣᠳᠣᠬᠠᠨ ᠪᠣᠯᠲᠠᠯ᠎ᠠ᠂ 110 ᠲᠦᠭᠰᠢᠭᠦᠷᠢ ᠮᠡᠳᠡᠭᠦᠯᠬᠦ ᠦᠶ᠋ᠯᠡᠴᠢᠯᠡᠭᠡᠨ ᠤ ᠲᠠᠪᠴᠠᠩ ᠨᠢ ᠣᠯᠠᠨ | ᠲᠦᠮᠡᠨ ᠤ ᠲᠦᠭᠰᠢᠭᠦᠷᠢ ᠮᠡᠳᠡᠭᠦᠯᠬᠦ ᠤᠲᠠᠰᠤ ᠶᠢ ᠨᠡᠶᠢᠲᠡ 8702 ᠤᠳᠠᠭ᠎ᠠ ᠲᠤᠰᠴᠤ᠂ ᠡᠭᠦᠨ ᠳᠤ ᠴᠠᠭᠳᠠᠭᠠᠨ ᠤ | ᠶᠠᠪᠤᠳᠠᠯ ᠤᠨ ᠴᠠᠭᠳᠠᠭᠠᠨ ᠤ ᠪᠠᠶᠢᠳᠠᠯ 406383᠂ ᠴᠠᠭᠳᠠᠭᠠᠨ ᠤ ᠶᠠᠪᠤᠳᠠᠯ ᠤᠨ ᠪᠤᠰᠤ ᠲᠥᠷᠥᠯ ᠤᠨ | ᠴᠠᠭᠳᠠᠭᠠᠨ ᠤ ᠪᠠᠶᠢᠳᠠᠯ 109674᠂ ᠡᠷᠡᠭᠦᠦ ᠶᠢᠨ ᠬᠡᠷᠡᠭ 15832᠂ ᠡᠭᠦᠨ ᠳᠤ ︽ᠬᠤᠶᠠᠷ ᠢ ᠪᠤᠯᠢᠶᠠᠭᠰᠠᠨ︾ | ᠬᠡᠷᠡᠭ ᠤᠨ ᠴᠠᠭᠳᠠᠭᠠᠨ ᠤ ᠪᠠᠶᠢᠳᠠᠯ 37᠂ ᠴᠠᠭᠳᠠᠭᠠᠨ ᠤ ᠪᠠᠶᠢᠳᠠᠯ ᠢ 11478᠂ ᠠᠮᠤᠷ ᠢ ᠬᠠᠮᠠᠭᠠᠯᠠᠬᠤ | ᠴᠠᠭᠳᠠᠭᠠᠨ ᠤ ᠪᠠᠶᠢᠳᠠᠯ ᠢ 100648᠂ ᠵᠠᠮ ᠬᠠᠷᠢᠯᠴᠠᠭᠠᠨ ᠤ ᠲᠥᠷᠥᠯ ᠤᠨ ᠴᠠᠭᠳᠠᠭᠠᠨ ᠤ ᠪᠠᠶᠢᠳᠠᠯ 66862᠂ | ᠲᠤᠰᠠᠯᠠᠮᠵᠢ ᠭᠤᠶᠤᠴᠢᠯᠠᠬᠤ ᠲᠥᠷᠥᠯ ᠤᠨ ᠴᠠᠭᠳᠠᠭᠠᠨ ᠤ ᠪᠠᠶᠢᠳᠠᠯ 52569᠂ ᠢᠯᠡᠴᠢᠯᠡᠨ ᠮᠡᠳᠡᠭᠦᠯᠬᠦ | ᠲᠥᠷᠥᠯ ᠤᠨ ᠴᠠᠭᠳᠠᠭᠠᠨ ᠤ ᠪᠠᠶᠢᠳᠠᠯ 35127᠂ ᠦᠢᠮᠡᠭᠦᠯᠬᠦ ᠲᠥᠷᠥᠯ ᠤᠨ ᠴᠠᠭᠳᠠᠭᠠᠨ ᠤ ᠪᠠᠶᠢᠳᠠᠯ ᠢ | 149227᠂ ᠠᠰᠠᠭᠤᠨ ᠯᠠᠪᠯᠠᠬᠤ ᠲᠥᠷᠥᠯ ᠤᠨ ᠴᠠᠭᠳᠠᠭᠠᠨ ᠤ ᠪᠠᠶᠢᠳᠠᠯ 176225 ᠪᠣᠶ᠃ ᠪᠥᠬᠦ ᠵᠢᠯ ᠳᠤ | ᠣᠨᠴᠠᠭᠠᠶ ᠬᠦᠨᠳᠦ ᠶᠡᠭᠡ ᠬᠡᠷᠡᠭ ᠡᠭᠦᠰᠦᠭᠰᠡᠨ ᠥᠬᠡᠶ᠂ ᠨᠥᠯᠥᠭᠡ ᠪᠠᠷ ᠬᠦᠨᠳᠦ ᠶᠡᠭᠡ ᠬᠥᠮᠦᠨ ᠬᠠᠷ᠎ᠠ ᠥᠭᠦᠵᠦ | ᠰᠢᠷᠬᠠᠲᠤᠭᠰᠠᠨ ᠬᠡᠷᠡᠭ ᠡᠭᠦᠰᠦᠭᠰᠡᠨ ᠥᠬᠡᠶ᠂ ᠲᠦᠢᠯ ᠤᠨ ᠬᠠᠷ᠎ᠠ ᠬᠤᠣᠷᠲᠠᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ | ᠬᠡᠷᠡᠭ ᠡᠭᠦᠰᠦᠭᠰᠡᠨ ᠥᠬᠡᠶ᠂ ᠬᠡᠷᠡᠭ ᠤᠨ ᠶᠡᠷᠦᠩᠬᠡᠶ ᠪᠠᠶᠢᠳᠠᠯ ᠠᠴᠠ ᠦᠵᠡᠪᠡᠯ᠂ ᠥᠩᠭᠡᠷᠡᠭᠰᠡᠨ ᠨᠢᠭᠡ ᠵᠢᠯ ᠢ ᠡᠶ᠎ᠡ | ᠵᠣᠬᠢᠴᠠᠩᠭᠤᠶ ᠲᠣᠭᠲᠠᠭᠤᠨ ᠨᠢᠭᠡ ᠵᠢᠯ ᠭᠡᠵᠦ ᠬᠡᠯᠡᠵᠦ ᠪᠣᠯᠤᠨ᠎ᠠ᠃ | 6 . ᠬᠥᠲᠥᠯᠥᠭᠴᠢ | ᠥᠩᠭᠡᠷᠡᠭᠰᠡᠨ ᠨᠢᠭᠡ ᠵᠢᠯ ᠳᠤ ᠪᠥᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠳᠤ ᠶᠠᠮᠠᠷ ᠶᠠᠮᠠᠷ ᠰᠢᠨ᠎ᠡ | ᠣᠨᠴᠠᠯᠢᠭ ᠢᠯᠡᠷᠡᠭᠰᠡᠨ ᠪᠣᠶ︖ | 7 . ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠳᠡᠳ᠋ ᠡᠷᠬᠢᠯᠡᠭᠴᠢ ᠬᠤᠤ ᠯᠢ ᠫᠢᠩ | ᠡᠨᠡ ᠵᠢᠯ ᠪᠣᠯ ᠲᠦᠢᠯ ᠤᠨ ᠣᠨᠴᠠᠭᠠᠢ ᠨᠢᠭᠡ ᠵᠢᠯ ᠪᠣᠯᠤᠨ᠎ᠠ᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ | ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ᠂ | ᠬᠤᠳᠠ ᠬᠤᠶᠠᠷ ᠱᠠᠲᠤᠨ ᠤ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠷᠢᠭᠯᠠᠨ ᠠᠷᠢᠯᠭᠠᠬᠤ ᠳᠠᠶᠢᠯᠠᠯᠳᠤᠭᠠᠨ ᠳᠤ ᠪᠦᠬᠦ | ᠬᠦᠴᠦ ᠪᠠᠷ ᠢᠶᠠᠨ ᠣᠷᠣᠯᠴᠠᠵᠤ᠂ ᠪᠦᠬᠦ ᠠᠷᠠᠳ ᠤᠨ ᠴᠠᠭᠳᠠᠭ᠎ᠠ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠬᠥᠮᠦᠰ | ᠪᠦᠬᠦᠨ ᠢᠶᠠᠷ ᠢᠶᠠᠨ ᠴᠡᠷᠢᠭ ᠠᠩᠬᠢ ᠳᠠᠭᠠᠨ ᠪᠤᠴᠠᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠬᠦᠷᠴᠦ᠂ | ᠬᠢᠵᠢᠭ ᠲᠠᠢ ᠲᠡᠮᠡᠴᠡᠬᠦ ᠪᠢᠲᠡᠭᠦᠮᠵᠢᠯᠡᠯᠲᠡ ᠶᠢᠨ ᠲᠣᠣᠷ ᠢ ᠦᠳᠲᠡᠷ ᠲᠦᠷᠭᠡᠨ ᠴᠣᠭᠴᠠᠯᠠᠵᠤ᠂ ᠣᠷᠣᠨ ᠤ ᠲᠥᠪ ᠤᠨ | ᠬᠢᠵᠢᠭ ᠲᠠᠢ ᠲᠡᠮᠡᠴᠡᠬᠦ ᠠᠵᠢᠯ ᠤᠨ ᠬᠤᠰᠢᠭᠤᠴᠢ ᠳᠠᠷᠤᠭ᠎ᠠ ᠪᠣᠯᠪᠠ᠃ ᠶᠡᠷᠦᠩᠬᠡᠶ ᠳᠤᠨᠢ ᠠᠪᠴᠤ ᠬᠡᠯᠡᠪᠡᠯ᠂ ᠵᠢᠯ ᠤᠨ | ᠡᠬᠢᠨ ᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠪᠥᠬᠦ ᠬᠤᠲᠠ ᠶᠢᠨ ᠴᠠᠭᠳᠠᠭᠠᠨ ᠤ ᠪᠠᠶᠢᠳᠠᠯ ᠤᠨ | ᠬᠠᠷᠢᠴᠠᠯᠠᠰᠢ ᠥᠬᠡᠶ ᠲᠤᠭ᠎ᠠ ᠨᠢ ᠥᠩᠭᠡᠷᠡᠭᠰᠡᠨ ᠵᠢᠯ ᠤᠳ ᠤᠨ ᠬᠢ ᠠᠴᠠ ᠪᠠᠭᠤᠷᠠᠬᠤ ᠬᠠᠨᠳᠤᠰᠢ ᠲᠠᠢ ᠪᠣᠯᠵᠤ᠂ | ᠭᠡᠪᠡᠴᠦ ᠬᠤᠯᠠᠭᠠᠶᠢᠯᠠᠬᠤ ᠂ ᠰᠦᠯᠵᠢᠶ᠎ᠡ ᠪᠠᠷ ᠮᠡᠬᠡᠯᠡᠬᠦ ᠵᠡᠷᠭᠡ ᠡᠳ᠋ ᠬᠥᠷᠥᠩᠭᠡ ᠳᠤ ᠬᠠᠯᠳᠠᠭᠰᠠᠨ ᠬᠡᠷᠡᠭ ᠣᠯᠠᠨ | ᠡᠭᠦᠰᠬᠦ ᠪᠣᠯ ᠡᠨᠡ ᠵᠢᠯ ᠤᠨ ᠨᠡᠶᠢᠭᠡᠮ ᠤᠨ ᠠᠮᠤᠷ ᠲᠦᠪᠰᠢᠨ ᠳᠤ ᠢᠯᠡᠷᠡᠭᠰᠡᠨ ᠰᠢᠨ᠎ᠡ ᠣᠨᠴᠠᠯᠢᠭ ᠪᠤᠯᠵᠤ᠂ | ᠶᠡᠷᠦᠩᠬᠡᠶ ᠳᠡᠭᠡᠨ ᠭᠤᠷᠪᠠᠨ ᠬᠠᠨᠳᠤᠰᠢ ᠢᠯᠡᠷᠡᠵᠦ ᠪᠠᠶᠢᠨ᠎ᠠ᠄ ᠨᠢᠭᠡ ᠳᠤ ᠬᠤᠯᠠᠭᠠᠶᠢᠯᠠᠬᠤ ᠬᠡᠷᠡᠭ ᠪᠠᠭ᠎ᠠ ᠪᠣᠯᠪᠠᠴᠤ | ᠬᠤᠲᠠ ᠶᠢᠨ ᠠᠷᠠᠳ ᠤᠨ ᠠᠮᠤᠷ ᠲᠦᠪᠰᠢᠨ ᠤ ᠰᠡᠳᠬᠢᠴᠡ ᠶᠢᠨ ᠵᠢᠱᠢᠯᠲᠡ ᠶᠢ ᠬᠦᠨᠳᠦ ᠨᠣᠴᠢᠲᠠᠶ ᠨᠥᠯᠥᠭᠡᠯᠡᠵᠦ | ᠪᠠᠶᠢᠨ᠎ᠠ᠃ ᠬᠤᠯᠠᠭᠠᠶᠢᠴᠢ ᠶᠢᠨ ᠬᠡᠷᠡᠭ ᠪᠣᠯ ᠤᠤᠯ ᠠᠴᠠ ᠪᠠᠨ ᠤᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ | ᠭᠠᠷᠬᠤ ᠶᠢ ᠨᠥᠯᠥᠭᠡᠯᠡᠵᠦ ᠪᠠᠶᠢᠭᠰᠠᠨ ᠨᠡᠶᠢᠭᠡᠮ ᠤᠨ ᠠᠮᠤᠷ ᠲᠦᠪᠰᠢᠨ ᠤ ᠠᠷᠬᠠᠭ ᠭᠡᠮ ᠪᠣᠯᠵᠤ᠂ ᠤᠯᠠᠨ ᠲᠦᠮᠡᠨ | ᠲᠦᠢᠯ ᠢᠶᠠᠷ ᠬᠤᠷᠣᠰᠤᠨ ᠵᠠᠨᠤᠵᠤ᠂ ᠢᠯᠠᠩᠭᠤᠶ᠎ᠠ ᠡᠨᠡ ᠵᠢᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ᠂ | ᠠᠵᠤ ᠠᠬᠤᠢ ᠶᠢᠨ ᠪᠠᠶᠢᠳᠠᠯ ᠬᠦᠨᠳᠦ ᠨᠣᠴᠢᠲᠠᠢ ᠪᠠᠶᠢᠵᠤ᠂ ᠠᠵᠢᠯ ᠦᠭᠡᠢ ᠲᠡᠨᠦᠭᠦᠯ ᠠᠷᠠᠳ᠂ ᠬᠥᠯᠥᠰᠥᠨ | ᠠᠵᠢᠯᠴᠢᠨ᠂ ᠰᠤᠷᠮᠠᠭᠠᠢ ᠭᠡᠷᠡᠭᠳᠡᠨ᠂ ᠬᠤᠣᠷ ᠲᠠᠲᠠᠭᠴᠢ ᠵᠡᠷᠭᠡ ᠬᠤᠯᠠᠭᠠᠶᠢᠯᠠᠵᠤ ᠪᠠᠶᠢᠭ᠎ᠠ ᠬᠥᠮᠦᠰ ᠨᠡᠶᠢᠲᠡ ᠶᠢᠨ | ᠮᠠᠰᠢᠨ ᠲᠡᠷᠭᠡ᠂ ᠲᠤᠮᠤ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠬᠡᠳᠦ ᠳᠡᠯᠭᠡᠭᠦᠷ᠂ ᠤᠯᠠᠨ ᠨᠡᠶᠢᠲᠡ ᠶᠢᠨ ᠵᠤᠭ᠎ᠠ | ᠴᠡᠩᠭᠡᠯ ᠤᠨ ᠲᠠᠯᠠᠪᠤᠷ ᠭᠠᠵᠠᠷ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠲᠤ ᠲᠡᠨᠦᠭᠦᠴᠢᠯᠡᠵᠦ᠂ ᠡᠭᠦᠨ ᠤ ᠳᠡᠭᠡᠷ᠎ᠡ | ᠵᠠᠷᠢᠮ ᠬᠤᠳᠠ ᠶᠢᠨ ᠠᠷᠠᠳ ᠤᠨ ᠰᠡᠷᠭᠡᠶᠢᠯᠡᠬᠦ ᠤᠬᠠᠮᠰᠠᠷ ᠨᠡᠯᠢᠶᠡᠳ ᠠᠨᠠᠢ ᠪᠠᠶᠢᠭᠰᠠᠨ ᠠᠴᠠ ᠬᠤᠯᠠᠭᠠᠶᠢᠴᠢ ᠳᠤ | ᠵᠠᠪᠰᠢᠬᠤ ᠲᠣᠬᠢᠶᠠᠯ ᠣᠯᠭᠤᠵᠠᠢ᠃ ᠬᠤᠲᠠ ᠶᠢᠨ ᠠᠷᠠᠳ ᠵᠡᠭᠡᠯᠢ ᠳᠡᠭᠡᠷ᠎ᠡ ᠶᠠᠪᠤᠬᠤ ᠳᠠᠭᠠᠨ ᠭᠠᠷ ᠤᠲᠠᠰᠤ ᠪᠠᠨ | ᠪᠢᠲᠡᠭᠡᠶ ᠭᠠᠳᠠᠷ ᠬᠤᠪᠴᠠᠰᠤᠨ ᠤ ᠪᠠᠨ ᠬᠠᠷᠮᠠᠨ ᠳᠤ ᠬᠢᠭᠡᠷᠡᠶ᠂ ᠡᠮᠡᠭᠲᠡᠶᠢᠴᠦᠳ ᠪᠣᠭᠴᠣ ᠪᠠᠨ ᠡᠭᠦᠷᠦᠭᠡᠳ ᠥᠪᠡᠷ ᠤᠨ | ᠬᠠᠷᠠᠭᠠᠨ ᠳᠠᠭᠠᠨ ᠣᠷᠣᠭᠤᠯᠵᠤ᠂ ᠪᠠᠷᠠᠭ᠎ᠠ ᠬᠤᠳᠠᠯᠳᠤᠨ ᠠᠪᠬᠤ ᠳᠤ ᠵᠣᠭᠤᠰ ᠲᠤᠰᠢᠶᠠᠬᠤ ᠳᠠᠭᠠᠨ ᠪᠡᠶ᠎ᠡ ᠳᠡᠭᠡᠨ | ᠠᠪᠴᠤ ᠶᠠᠪᠤᠭ᠎ᠠ ᠵᠣᠭᠤᠰ ᠮᠥᠩᠭᠦ ᠡᠳ᠋ ᠪᠣᠳᠠᠰ ᠢᠶᠠᠨ ᠣᠨᠴᠠᠭᠠᠶᠢᠯᠠᠨ ᠰᠠᠶᠢᠲᠤᠷ ᠬᠠᠳᠠᠭᠠᠯᠠᠬᠤ ᠬᠡᠷᠡᠭᠲᠡᠶ᠃ | ᠬᠤᠶᠠᠷ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠬᠠᠤᠯᠢ ᠶᠢ ᠵᠥᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ | ᠠᠵᠢᠯᠯᠠᠭ᠎ᠠ ᠶᠢᠨ ᠲᠤᠭ᠎ᠠ ᠬᠡᠮᠵᠢᠶ᠎ᠡ ᠨᠢ ᠯᠤᠲᠤ ᠶᠡᠭᠡ ᠪᠠᠶᠢᠨ᠎ᠠ᠃ ᠡᠨᠡ ᠵᠢᠯ ᠤᠨ 1 - 9 ᠰᠠᠷ᠎ᠠ ᠳᠤ᠂ ᠪᠥᠬᠦ | ᠬᠤᠲᠠ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ | ᠦᠷᠭᠦᠯᠵᠢᠯᠡᠨ ᠣᠯᠠᠨ ᠡᠭᠦᠰᠴᠦ᠂ ᠪᠥᠬᠦ ᠬᠤᠲᠠ ᠳᠤ ᠨᠡᠶᠢᠲᠡ 1690 ᠬᠡᠷᠡᠭ ᠢ ᠬᠡᠷᠡᠭ ᠪᠣᠯᠭᠠᠨ ᠳᠡᠩᠰᠡᠯᠡᠵᠦ᠂ | ᠠᠳᠠᠯᠢ ᠬᠤᠭᠤᠴᠠᠭᠠᠨ ᠤ ᠬᠢ ᠠᠴᠠ 100 % ᠪᠠᠷ ᠳᠡᠭᠡᠭᠰᠢᠯᠡᠵᠦ᠂ ᠬᠡᠰᠡᠭ ᠬᠡᠷᠡᠭ ᠤᠨ ᠬᠤᠬᠢᠷᠠᠯ ᠨᠢ 500 | ᠲᠦᠮᠡᠨ ᠲᠥᠭᠦᠷᠢᠭ ᠣᠷᠴᠢᠮ ᠪᠠᠶᠢᠵᠤ᠂ ᠬᠡᠰᠡᠭ ᠬᠡᠷ ᠪᠦᠯᠢ ᠨᠢ ᠨᠠᠰᠤᠵᠢᠯ ᠤᠨ ᠠᠰᠠᠷᠠᠮᠵᠢ ᠶᠢᠨ ᠵᠣᠭᠤᠰ᠂ | ᠰᠤᠷᠭᠠᠭᠤᠯᠢ ᠳᠤ ᠰᠠᠭᠤᠬᠤ ᠵᠣᠭᠤᠰ ᠲᠤ ᠬᠡᠷᠡᠭᠯᠡᠵᠦ ᠂ ᠴᠢᠨᠠᠭᠰᠢᠯᠠᠪᠠᠯ ᠡᠪᠡᠳᠴᠢᠨ ᠦᠵᠡᠭᠦᠯᠵᠦ ᠠᠮᠢ ᠠᠪᠤᠷᠬᠠᠤ | ᠵᠣᠭᠤᠰ ᠨᠢ ᠮᠡᠬᠡᠯᠡᠭᠳᠡᠪᠡᠯ᠂ ᠪᠦᠬᠦ᠋ᠢᠯᠡ ᠬᠡᠷ ᠪᠦᠯᠢ ᠨᠢ ᠮᠤᠬᠤᠷᠳᠠᠯ ᠳᠤ ᠣᠷᠣᠵᠤ᠂ ᠬᠤᠬᠢᠷᠠᠯ ᠠᠮᠰᠠᠭᠴᠢ ᠪᠠᠷᠤᠭ | ᠰᠦᠢᠷᠡᠵᠦ᠂ ᠡᠶᠢᠮᠦᠷᠬᠦ ᠬᠡᠷᠡᠭ ᠨᠢ ᠶᠠᠭ ᠰᠠᠶᠢᠬᠠᠨ ᠨᠡᠶᠢᠭᠡᠮ ᠳᠤ ᠬᠤᠤᠷ ᠬᠥᠨᠥᠭᠡᠯ ᠤᠴᠠᠷᠠᠭᠤᠯᠵᠤ᠂ ᠠᠵᠤ | ᠠᠬᠤᠶ ᠶᠢᠨ ᠡᠮᠬᠢ ᠳᠢᠭᠯᠢᠮ ᠢ ᠰᠠᠮᠠᠭᠤᠷᠠᠭᠤᠯᠵᠤ᠂ ᠰᠦᠯᠵᠢᠶᠡᠨ ᠤ ᠲᠠᠪᠴᠠᠩ ᠤᠨ ᠣᠷᠴᠢᠨ ᠲᠣᠭᠤᠷᠢᠨ ᠢ ᠡᠪᠳᠡᠬᠦ | ᠬᠠᠮᠤᠭ ᠤᠨ ᠶᠡᠭᠡ ᠬᠤᠤᠷᠲᠤ ᠬᠠᠪᠤᠳᠠᠷ ᠪᠣᠯᠵᠣ ᠪᠠᠶᠢᠨ᠎ᠠ᠃ ᠭᠤᠷᠪᠠ ᠳᠤ ᠣᠯᠠᠨ ᠡᠭᠦᠰᠬᠦ ᠴᠢᠨᠠᠷᠲᠠᠶ ᠡᠳ᠋ | ᠬᠥᠷᠥᠩᠭᠡ ᠳᠤ ᠬᠠᠯᠳᠠᠭᠰᠠᠨ ᠬᠡᠷᠡᠭ ᠦᠷᠭᠦᠯᠵᠢᠯᠡᠨ ᠳᠡᠭᠡᠳᠦ ᠬᠡᠮᠵᠢᠶ᠎ᠡ ᠪᠠᠷ ᠶᠠᠪᠤᠭᠳᠠᠵᠤ ᠪᠠᠶᠢᠨ᠎ᠠ᠃ ᠡᠨᠡ ᠵᠢᠯ ᠠᠴᠠ | ᠨᠠᠭᠠᠰᠢ᠂ ᠬᠢᠵᠢᠭ ᠤᠨ ᠪᠠᠶᠢᠳᠠᠯ ᠤᠨ ᠨᠥᠯᠥᠭᠡ ᠳᠣᠤᠷ᠎ᠠ ᠨᠡᠶᠢᠭᠡᠮ ᠠᠵᠤ ᠠᠬᠤᠶ ᠶᠢᠨ ᠪᠠᠶᠢᠳᠠᠯ ᠲᠡᠶᠢᠮᠦ ᠰᠠᠶᠢᠨ ᠪᠢᠰᠢ | ᠪᠠᠶᠢᠵᠤ᠂ ᠡᠳ᠋ ᠬᠥᠷᠥᠩᠭᠡ ᠳᠤ ᠬᠠᠯᠳᠠᠭᠰᠠᠨ ᠶᠡᠭᠡ ᠬᠡᠮᠵᠢᠶᠡᠨ ᠤ ᠬᠡᠷᠡᠭ ᠣᠯᠠᠨᠲᠠ ᠡᠭᠦᠰᠴᠦ᠂ ᠮᠠᠰᠢᠨ ᠲᠡᠷᠭᠡ ᠶᠢ | ᠪᠠᠯᠪᠠᠴᠢᠵᠤ ᠰᠢᠯ ᠢᠶᠠᠷ ᠲᠡᠷᠭᠡᠨ ᠳᠣᠲᠣᠷᠠᠬᠢ ᠡᠳ᠋ ᠪᠣᠳᠠᠰ ᠢ ᠬᠤᠯᠠᠭᠠᠶᠢᠯᠠᠭᠰᠠᠨ ᠬᠡᠷᠡᠭ᠂ ᠬᠡᠷ ᠲᠤ ᠣᠷᠣᠵᠤ | ᠳᠡᠭᠡᠷᠡᠮᠳᠡᠭᠰᠡᠨ ᠬᠡᠷᠡᠭ᠂ ᠬᠤᠯᠠᠭᠠᠶᠢᠯᠠᠬᠤ ᠬᠡᠷᠡᠭ ᠣᠯᠠᠨ ᠳᠠᠪᠬᠤᠴᠠᠭᠰᠠᠨ ᠪᠠᠶᠢᠳᠠᠯ ᠲᠠᠢ ᠪᠣᠯᠵᠣ᠂ ᠨᠢᠭᠡᠨᠲᠡ | ᠣᠷᠣᠨ ᠤ ᠲᠥᠪ ᠤᠨ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ᠂ ᠴᠢᠨᠠᠭᠰᠢᠯᠠᠪᠠᠯ ᠣᠷᠣᠨ ᠤ ᠲᠥᠪ ᠤᠨ | ᠳᠦᠷᠢ ᠲᠥᠷᠬᠦ ᠶᠢ ᠬᠦᠨᠳᠦ ᠨᠣᠴᠢᠲᠠᠶ ᠨᠥᠯᠥᠭᠡᠯᠡᠪᠡ᠃ 1 - 9 ᠰᠠᠷ᠎ᠠ ᠳᠤ᠂ ᠪᠥᠬᠦ ᠬᠤᠲᠠ ᠶᠢᠨ ᠡᠳ᠋ | ᠬᠥᠷᠥᠩᠭᠡ ᠳᠤ ᠬᠠᠯᠳᠠᠭᠰᠠᠨ ᠬᠡᠷᠡᠭ ᠢ ᠬᠡᠷᠡᠭ ᠪᠣᠯᠭᠠᠨ ᠳᠠᠩᠰᠠᠯᠠᠭᠰᠠᠨ ᠨᠢ ᠠᠳᠠᠯᠢ ᠬᠤᠭᠤᠴᠠᠭᠠᠨ ᠤ ᠬᠢ ᠠᠴᠠ 52 . | 3 % ᠪᠠᠷ ᠳᠡᠭᠡᠭᠰᠢᠯᠡᠵᠦ᠂ ᠬᠡᠷᠡᠭ ᠪᠣᠯᠭᠠᠨ ᠳᠠᠩᠰᠠᠯᠠᠭᠰᠠᠨ ᠲᠤᠭ᠎ᠠ ᠬᠡᠮᠵᠢᠶ᠎ᠡ ᠨᠢ ᠪᠥᠬᠦ ᠬᠡᠷᠡᠭ ᠤᠨ 81 % ᠶᠢ | ᠡᠵᠡᠯᠡᠵᠦ᠂ ᠡᠭᠦᠨ ᠳᠤ ᠬᠤᠯᠠᠭᠠᠶᠢᠯᠠᠭᠰᠠᠨ ᠬᠡᠷᠡᠭ 47 . 4 % ᠪᠠᠷ ᠳᠡᠭᠡᠭᠰᠢᠯᠡᠵᠦ᠂ ᠡᠭᠦᠨ ᠤ ᠬᠠᠮᠲᠤ ︽ᠣᠯᠠᠨ | ᠵᠢᠯ ᠨᠠᠮ ᠵᠢᠮ ᠪᠠᠶᠢᠭᠰᠠᠨ︾ ︽ᠬᠤᠶᠠᠷ ᠢ ᠪᠤᠯᠢᠶᠠᠭᠰᠠᠨ︾ ᠬᠡᠷᠡᠭ ᠬᠠᠷᠢᠨ ᠲᠣᠯᠣᠭᠠᠶ ᠥᠨᠳᠡᠶᠢᠵᠦ᠂ ᠡᠳ᠋ | ᠬᠥᠷᠥᠩᠭᠡ ᠳᠤ ᠬᠠᠯᠳᠠᠭᠰᠠᠨ ᠬᠡᠷᠡᠭ ᠨᠢ ᠬᠤᠶᠢᠰᠢᠳᠠ ᠶᠢᠨ ᠨᠢᠭᠡ ᠬᠤᠭᠤᠴᠠᠭᠠᠨ ᠤ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠭᠤᠤᠯ ᠲᠠᠭᠠᠷᠢᠯᠲᠠ ᠶᠢᠨ ᠴᠢᠭᠯᠡᠯ ᠪᠣᠯᠬᠤ ᠶᠢ ᠭᠦᠢᠴᠡᠳ ᠬᠠᠷᠠᠭᠤᠯᠪᠠ᠃ | 8 . ᠬᠥᠲᠥᠯᠥᠭᠴᠢ | ᠰᠢᠨ᠎ᠡ ᠪᠠᠷ ᠢᠯᠡᠷᠡᠭᠰᠡᠨ ᠨᠡᠶᠢᠭᠡᠮ ᠤᠨ ᠠᠮᠤᠷ ᠲᠦᠪᠰᠢᠨ ᠤ ᠣᠨᠴᠠᠯᠢᠭ ᠲᠤ ᠴᠢᠭᠯᠡᠭᠦᠯᠦᠨ᠂ ᠣᠷᠣᠨ ᠤ | ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠴᠤ ᠣᠯᠠᠨ | ᠡᠭᠦᠰᠬᠦ ᠴᠢᠨᠠᠷᠲᠠᠶ ᠬᠡᠷᠡᠭ ᠲᠤ ᠴᠢᠩᠭ᠎ᠠ ᠴᠣᠬᠢᠯᠲᠠ ᠥᠭᠴᠦ᠂ ᠶᠠᠮᠠᠷ ᠦᠷ᠎ᠡ ᠪᠦᠲᠦᠮᠵᠢ ᠣᠯᠤᠭᠰᠠᠨ ᠪᠣᠶ︖ | 9 . ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠭᠡ ᠠᠩᠭᠢ ᠶᠢᠨ ᠳᠠᠷᠤᠭ᠎ᠠ ᠸᠠᠩ ᠱᠤ᠋ ᠯᠢᠩ | | | | | | | ᠲᠤᠰᠢᠶᠠᠯ ᠳᠤ ᠭᠠᠷᠤᠭᠠᠳ ᠤᠳᠠᠭᠠᠳᠤᠶ ᠮᠠᠤ ᠪᠦᠦ ᠹᠧᠩ ᠲᠣᠪᠴᠢᠶᠠᠨ ᠳᠠᠷᠤᠭ᠎ᠠ ᠣᠯᠠᠨ ᠡᠭᠦᠰᠬᠦ ᠴᠢᠨᠠᠷᠲᠠᠶ | ᠡᠳ᠋ ᠬᠥᠷᠥᠩᠭᠡ ᠳᠤ ᠬᠠᠯᠳᠠᠭᠰᠠᠨ ᠬᠡᠷᠡᠭ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠲᠤ | ᠴᠣᠬᠢᠯᠲᠠ ᠥᠭᠴᠦ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠤᠳᠠᠭ᠎ᠠ | ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠴᠣᠬᠢᠯᠲᠠ ᠥᠭᠬᠦ ᠠᠵᠢᠯ ᠢ ᠲᠤᠰᠬᠠᠶ | ᠰᠡᠳᠦᠪ ᠢᠶᠠᠷ ᠰᠤᠳᠤᠯᠤᠨ᠂ ᠲᠣᠰ ᠠᠵᠢᠯ ᠢ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ | ᠭᠤᠷᠪᠠᠨ ᠰᠠᠷ᠎ᠠ ᠡᠷᠡᠯᠬᠡᠭᠯᠡᠨ ᠲᠡᠮᠡᠴᠡᠵᠦ᠂ ᠰᠢᠨ᠎ᠡ ᠳᠡᠭᠲᠡᠷ ᠲᠤ ᠭᠠᠷᠬᠤ︾ ᠣᠨ ᠤ ᠵᠠᠩᠭᠢᠯᠠᠭ᠎ᠠ ᠶᠢᠨ | ᠰᠢᠪᠲᠤᠯᠤᠯᠲᠠ ᠶᠢᠨ ᠴᠢᠬᠤᠯᠠ ᠭᠠᠷᠳᠠᠴᠠ ᠪᠠ ᠰᠢᠪᠲᠤᠯᠤᠯᠲᠠ ᠶᠢᠨ ᠴᠡᠭ ᠪᠣᠯᠭᠠᠵᠤ᠂ ᠬᠦᠴᠦᠲᠡᠶ ᠳᠥᠯᠭᠢᠨ | ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃ | ᠨᠢᠭᠡ ᠳᠤ ᠲᠥᠰᠦᠯ ᠢ ᠲᠣᠭᠲᠠᠭᠠᠵᠤ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠬᠡᠷᠡᠭᠲᠡᠶ᠃ ᠤᠷᠢᠳ ᠬᠤᠵᠢᠳ ︽ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠳᠠᠷᠤᠮᠠᠯᠯᠠᠨ ᠲᠠᠷᠬᠠᠭᠠᠭᠰᠠᠨ ᠣᠯᠠᠨ | ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠪᠠ ᠬᠤᠤᠷ ᠲᠠᠲᠠᠬᠤ ᠶᠢ ᠶᠡᠬᠡᠪᠡᠷ ᠵᠣᠭᠰᠣᠭᠠᠬᠤ ᠬᠥᠮᠦᠰ ᠲᠤ ᠲᠤᠰᠬᠠᠶ ᠠᠵᠢᠯᠯᠠᠭ᠎ᠠ ᠥᠷᠨᠢᠭᠦᠯᠬᠦ | ᠠᠵᠢᠯ ᠤᠨ ᠲᠥᠰᠦᠯ︾᠂ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠬᠢᠯᠭᠠᠨ | ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ | ᠲᠣᠪᠴᠢᠶ᠎ᠠ ᠶᠢᠨ ᠪᠠᠶᠢᠩᠭᠤ ᠶᠢᠨ ᠳᠡᠳ᠋ ᠳᠠᠷᠤᠭ᠎ᠠ ᠰᠢᠨ ᠱᠤ᠋ ᠭᠤᠸᠠᠩ ᠡᠳᠦᠷ ᠲᠤᠲᠤᠮ ᠤᠨ ᠠᠵᠢᠯ ᠢ ᠨᠢᠭᠡᠳᠦᠯᠲᠡᠶ | ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠠᠵᠢᠯ ᠤᠨ ᠲᠤᠷᠰᠢᠯᠭ᠎ᠠ ᠲᠠᠢ ᠠᠷᠠᠳ ᠤᠨ ᠴᠠᠭᠳᠠᠭ᠎ᠠ ᠶᠢ | ᠰᠢᠯᠵᠢᠭᠦᠯᠦᠨ ᠲᠠᠲᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠪᠣᠳᠠᠲᠤ ᠴᠣᠭᠴᠠᠵᠢᠭᠤᠯᠤᠨ ᠠᠵᠢᠯᠯᠠᠭᠤᠯᠪᠠ᠃ | ᠬᠤᠶᠠᠷ ᠲᠤ ᠡᠯᠭᠦᠭᠡ ᠵᠢᠷᠤᠭ ᠢᠶᠠᠷ ᠪᠠᠶᠢᠯᠳᠤᠭᠠᠨ ᠬᠢᠬᠦ ᠶᠢ ᠬᠡᠷᠡᠭᠵᠢᠭᠦᠯᠦᠨ᠎ᠡ᠃ ᠬᠤᠲᠠ ᠶᠢᠨ ᠲᠣᠪᠴᠢᠶ᠎ᠠ ᠶᠢᠨ | ᠮᠡᠬᠡᠯᠡᠯ ᠢ ᠡᠰᠡᠷᠭᠦᠴᠡᠬᠦ ᠲᠥᠪ ᠲᠤ ᠡᠯ᠎ᠡ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︵ | ᠬᠤᠪᠢᠶᠠᠷᠢ︶ ᠲᠣᠪᠴᠢᠶ᠎ᠠ ᠳᠤ ᠵᠢᠷᠤᠭ ᠡᠯᠭᠦᠵᠦ ᠪᠠᠶᠢᠯᠳᠤᠭᠠᠨ ᠬᠢᠬᠦ ᠵᠠᠭᠪᠤᠷ ᠭᠠᠷᠭᠠᠵᠤ᠂ ᠬᠥᠮᠦᠨ ᠲᠠᠲᠠᠵᠤ | ᠭᠠᠷᠭᠠᠭᠰᠠᠨ ᠨᠢ ᠬᠠᠷᠢᠶ᠎ᠠ ᠭᠠᠵᠠᠷ ᠤᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠮᠡᠬᠡᠯᠡᠯ ᠢ ᠡᠰᠡᠷᠭᠦᠴᠡᠬᠦ | ᠲᠥᠪ ᠤᠨ ᠡᠬᠢ ᠪᠠᠶᠠᠯᠢᠭ ᠤᠨ ᠬᠦᠴᠦᠨ ᠢ ᠭᠦᠢᠴᠡᠳ ᠠᠰᠢᠭᠯᠠᠨ᠂ ᠲᠣᠰ ᠭᠠᠵᠠᠷ ᠤᠨ ᠬᠡᠷᠡᠭ ᠢ ᠭᠦᠨᠵᠡᠭᠡᠶ | ᠰᠤᠳᠤᠯᠤᠨ ᠮᠠᠭᠠᠳᠯᠠᠵᠤ᠂ ᠮᠥᠷᠳᠡᠨ ᠬᠢᠨᠠᠨ ᠵᠢᠯᠣᠭᠤᠳᠴᠤ᠂ ᠬᠡᠷᠡᠭ ᠳᠠᠷᠠᠭᠠᠯᠠᠨ ᠳ᠋ᠤᠭᠠᠷ ᠢ ᠨᠢ ᠬᠠᠰᠤᠨ᠎ᠠ᠃ | ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠷᠡᠭ ᠢ ᠳᠡᠩᠨᠡᠨ ᠰᠢᠢᠳᠪᠦᠷᠢᠯᠡᠭᠰᠡᠨ᠂ ᠶᠠᠯ᠎ᠠ | ᠬᠢᠭᠰᠡᠨ ᠰᠡᠵᠢᠭᠳᠡᠨ ᠤ ᠦᠨᠳᠦᠰᠦᠨ ᠮᠡᠳᠡᠭᠡ ᠵᠠᠩᠭᠢ ᠵᠡᠷᠭᠡ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ | ᠮᠡᠬᠡᠯᠡᠯ ᠢ ᠡᠰᠡᠷᠭᠦᠴᠡᠬᠦ ᠲᠥᠪ ᠪᠠ ᠡᠯ᠎ᠡ ᠭᠠᠵᠠᠷ ᠤᠨ ᠠᠵᠢᠯᠲᠠᠨ ᠳᠠᠬᠢᠨ ᠰᠤᠳᠤᠯᠤᠨ ᠮᠠᠭᠠᠳᠯᠠᠵᠤ᠂ ᠳᠠᠬᠢᠨ | ᠵᠠᠳᠠᠯᠤᠯᠲᠠ ᠬᠢᠵᠦ᠂ ᠬᠡᠷᠡᠭ ᠰᠢᠢᠳᠪᠦᠷᠢᠯᠡᠬᠦ ᠨᠢᠭᠡᠴᠢ ᠶᠢᠨ ᠰᠦᠯᠵᠢᠶᠡᠨ ᠤ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠭᠦᠨ ᠮᠠᠯᠲᠠᠬᠤ ᠶᠢ ᠪᠥᠬᠦ ᠬᠦᠴᠦᠨ ᠢᠶᠠᠷ ᠢᠶᠠᠨ ᠲᠤᠯᠭᠠᠭᠤᠷᠢᠯᠠᠪᠠ᠃ ᠭᠤᠷᠪᠠ ᠳᠤ ᠳᠠᠪᠠᠭᠤᠯᠢᠭ | ᠴᠠᠭᠳᠠᠭᠠᠨ ᠤ ᠬᠦᠴᠦᠨ ᠢᠶᠠᠨ ᠲᠥᠪᠯᠡᠷᠡᠭᠦᠯᠦᠨ ᠬᠠᠮᠲᠤᠷᠠᠨ ᠪᠠᠶᠢᠯᠳᠤᠨ᠎ᠠ᠃ ᠸᠠᠩ ᠯᠢ ᠰᠢᠶᠠ ᠱᠦᠵᠢ᠂ ᠾᠧᠩ | ᠰᠢᠶᠤᠤ ᠹᠠᠨ ᠲᠢᠩᠬᠢᠮ ᠤᠨ ᠳᠠᠷᠤᠭ᠎ᠠ ᠶᠢᠨ ᠴᠣᠬᠤᠯᠠᠪᠤᠷᠢ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ | ᠲᠣᠪᠴᠢᠶ᠎ᠠ ︽ᠴᠢᠩᠭ᠎ᠠ︾ ᠪᠠᠶᠢᠬᠤ ᠦᠨᠳᠦᠰᠦᠨ ᠬᠥᠭ ᠠᠶᠠᠰ ᠢ ᠪᠠᠷᠢᠮᠲᠠᠯᠠᠨ᠂ ︽ᠪᠣᠳᠠᠲᠠᠶ︾ ᠪᠠᠶᠢᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠲᠣᠤᠷ ᠤᠨ ᠪᠠᠶᠢᠳᠠᠯ ᠡᠷᠡᠭᠦᠦ ᠶᠢᠨ ᠲᠤᠬᠠᠶ ᠡᠯ᠎ᠡ ᠰᠠᠯᠠᠭ᠎ᠠ | ᠮᠥᠴᠢᠷ ᠤᠨ ᠬᠠᠮᠲᠤᠷᠠᠨ ᠪᠠᠶᠢᠯᠳᠤᠬᠤ᠂ ᠵᠢᠯᠣᠭᠤᠳᠤᠨ ᠳᠣᠭᠢᠷᠠᠭᠤᠯᠬᠤ᠂ ᠬᠠᠮᠵᠢᠯᠴᠠᠨ ᠬᠠᠮᠵᠢᠯᠴᠠᠬᠤ᠂ ᠬᠢᠨᠠᠨ | ᠵᠢᠯᠣᠭᠤᠳᠴᠤ ᠪᠠᠶᠢᠴᠠᠭᠠᠬᠤ ᠵᠡᠷᠭᠡ ᠪᠠᠶᠢᠩᠭᠤ ᠶᠢᠨ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠶᠢ ᠰᠤᠳᠤᠯᠤᠨ ᠲᠣᠭᠲᠠᠭᠠᠵᠤ᠂ ᠡᠳ᠋ ᠬᠥᠷᠥᠩᠭᠡ ᠳᠤ ᠬᠠᠯᠳᠠᠭᠰᠠᠨ ᠡᠯ᠎ᠡ ᠲᠥᠷᠥᠯ ᠤᠨ ᠬᠡᠷᠡᠭ ᠤᠨ | ᠬᠡᠷᠡᠭ ᠡᠭᠦᠰᠬᠦ ᠴᠠᠭ᠂ ᠭᠠᠵᠠᠷ ᠣᠷᠣᠨ᠂ ᠣᠨᠴᠠᠯᠢᠭ ᠰᠢᠨᠵᠢ᠂ ᠠᠷᠭ᠎ᠠ ᠪᠠᠷᠢᠯ ᠵᠡᠷᠭᠡ ᠬᠦᠴᠦᠨ ᠵᠦᠶ᠋ᠯ ᠢ | ᠶᠡᠷᠦᠩᠬᠡᠶᠢᠯᠡᠨ ᠰᠤᠳᠤᠯᠤᠨ ᠮᠠᠭᠠᠳᠯᠠᠬᠤ᠂ ᠬᠡᠷᠡᠭ ᠢ ᠰᠦᠯᠪᠡᠭᠡᠯᠡᠨ ᠨᠡᠶᠢᠯᠡᠭᠦᠯᠬᠦ ᠶᠢᠨ ᠬᠠᠮᠲᠤ᠂ ᠡᠯ᠎ᠡ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠬᠦᠷᠭᠡᠵᠦ ᠪᠦᠲᠦᠮᠵᠢᠲᠡᠶ ᠬᠠᠨᠳᠤᠯᠭᠠᠲᠤ ᠴᠢᠨᠠᠷᠲᠠᠶ ᠰᠡᠷᠭᠡᠶᠢᠯᠡᠨ ᠴᠣᠬᠢᠯᠲᠠ ᠥᠭᠬᠦ | ᠠᠵᠢᠯ ᠢ ᠥᠷᠨᠢᠭᠦᠯᠪᠡ᠃ ᠳᠥᠷᠪᠡ ᠳᠤ ᠬᠠᠤᠯᠢ ᠠᠴᠠ ᠵᠥᠷᠢᠴᠡᠨ ᠬᠤᠤᠷ ᠲᠠᠲᠠᠬᠤ ᠶᠢ ᠪᠥᠬᠦ ᠲᠠᠯ᠎ᠠ ᠪᠠᠷ | ᠵᠣᠭᠰᠣᠭᠠᠬᠤ ᠬᠡᠷᠡᠭᠲᠡᠶ᠃ ᠬᠤᠲᠠ ᠶᠢᠨ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠰᠠᠯᠪᠤᠷᠢ ᠠᠩᠭᠢ ᠨᠢ | ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ ᠪᠠ ︽ᠲᠥᠪᠯᠡᠷᠡᠭᠦᠯᠦᠨ ᠴᠣᠬᠢᠯᠲᠠ ᠥᠭᠬᠦ︾ ᠠᠵᠢᠯᠯᠠᠭ᠎ᠠ ᠲᠠᠢ | ᠤᠶᠠᠯᠳᠤᠭᠤᠯᠤᠨ᠂ ᠪᠥᠬᠦ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠲᠤ ᠳᠠᠷᠤᠶ ᠲᠦᠷᠭᠡᠨ | ᠠᠵᠢᠯ ᠤᠨ ᠡᠭᠦᠷᠭᠡ ᠪᠠᠨ ᠬᠡᠮᠵᠢᠶᠡᠵᠢᠭᠦᠯᠦᠨ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠭᠠᠵᠤ᠂ ᠲᠠᠩᠰᠠᠨ ᠳᠤ | ᠪᠠᠶᠢᠭ᠎ᠠ ᠬᠤᠤᠷ ᠲᠠᠲᠠᠬᠤ᠂ ᠳᠠᠯᠳᠠ ᠪᠠᠷ ᠬᠤᠤᠷ ᠲᠠᠲᠠᠬᠤ ᠬᠥᠮᠦᠰ ᠢ ᠪᠥᠬᠦ ᠲᠠᠯ᠎ᠠ ᠪᠠᠷ ᠶᠡᠭᠡ ᠪᠠᠷ ᠵᠢᠭᠰᠠᠭᠠᠨ | ᠪᠠᠶᠢᠴᠠᠭᠠᠵᠤ᠂ ᠪᠦᠬᠦᠨ ᠢ ᠬᠠᠮᠢᠶᠠᠷᠤᠨ ᠡᠵᠡᠮᠳᠡᠬᠦ ᠬᠠᠷᠠᠭᠠᠨ ᠱᠤᠭᠤᠮ ᠳᠤ ᠣᠷᠣᠭᠤᠯᠵᠤ᠂ ᠰᠢᠭᠡᠰᠦᠨ ᠤ | ᠪᠠᠶᠢᠴᠠᠭᠠᠯᠲᠠ ᠪᠠ ᠦᠰᠦᠨ ᠤ ᠰᠢᠯᠭᠠᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠲᠡᠷᠡᠴᠢᠯᠡᠨ | ᠬᠡᠷᠡᠭ ᠰᠢᠢᠳᠪᠦᠷᠢᠯᠡᠬᠦ ᠲᠣᠭᠤᠷᠢᠭ ᠲᠤ ᠤᠷᠤᠭᠰᠠᠨ ᠪᠣᠶ ᠪᠥᠬᠦᠶ ᠶᠠᠯ᠎ᠠ ᠬᠢᠭᠰᠡᠨ ᠰᠡᠵᠢᠭᠳᠡᠨ ᠳᠤ ᠴᠥᠮ ᠬᠤᠤᠷ | ᠲᠠᠲᠠᠬᠤ ᠰᠢᠯᠭᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠭᠰᠡᠨ ᠢ ᠨᠢ ᠴᠥᠮ ᠠᠯᠪᠠᠳᠠᠯᠭ᠎ᠠ ᠪᠠᠷ ᠲᠤᠰᠠᠭᠠᠷᠯᠠᠨ | ᠬᠤᠤᠷ ᠲᠠᠲᠠᠬᠤ ᠶᠢ ᠨᠢ ᠵᠣᠭᠰᠣᠭᠠᠵᠤ᠂ ᠬᠤᠤᠷᠲᠤ ᠡᠳ᠋ ᠤᠨ ᠢᠷᠡᠯᠲᠡ ᠶᠢ ᠨᠢ ᠪᠠᠶᠢᠴᠠᠭᠠᠵᠤ᠂ ᠪᠠᠯᠠ ᠮᠥᠩᠭᠦ ᠶᠢ ᠨᠢ | ᠪᠠᠶᠢᠴᠠᠭᠠᠵᠤ᠂ ᠳᠡᠭᠡᠳᠦ ᠳᠣᠤᠷᠠᠳᠤ ᠱᠤᠭᠤᠮ ᠢ ᠨᠢ ᠪᠠᠶᠢᠴᠠᠭᠠᠵᠤ᠂ ᠬᠤᠤᠷᠲᠤ ᠡᠳ᠋ ᠫᠠᠨᠽᠠᠯᠠᠬᠤ ᠵᠣᠬᠢᠶᠠᠨ | ᠪᠠᠶᠢᠭᠤᠯᠤᠯᠲᠠ ᠳᠤ ᠴᠢᠩᠭ᠎ᠠ ᠴᠣᠬᠢᠯᠲᠠ ᠥᠭᠴᠦ᠂ ᠬᠤᠤᠷᠲᠤ ᠡᠳ᠋ ᠫᠠᠨᠽᠠᠯᠠᠬᠤ ᠲᠣᠤᠷ ᠰᠦᠯᠵᠢᠶ᠎ᠡ ᠶᠢ ᠨᠢ | ᠰᠦᠢᠷᠡᠭᠦᠯᠪᠡ᠃ ᠬᠤᠤᠷᠲᠤ ᠡᠳ᠋ ᠫᠠᠨᠽᠠᠯᠠᠬᠤ ᠵᠠᠮ ᠢ ᠲᠠᠰᠤᠯᠵᠤ᠂ ᠴᠢᠩᠭ᠎ᠠ ᠴᠣᠬᠢᠯᠲᠠ ᠥᠭᠬᠦ ᠰᠦᠷ ᠬᠦᠴᠦᠨ ᠢᠶᠠᠷ | ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠢ ᠰᠦᠷᠳᠡᠭᠦᠯᠬᠦ ᠬᠡᠷᠡᠭᠲᠡᠶ᠃ | ᠲᠠᠪᠤ ᠳᠤ ᠵᠢᠷᠤᠮᠵᠢᠭᠰᠠᠨ ᠠᠵᠢᠯᠯᠠᠭᠠᠨ ᠤ ᠲᠦᠷᠢᠮ ᠢ ᠪᠠᠶᠢᠭᠤᠯᠤᠨ᠎ᠠ᠃ ᠬᠤᠶᠠᠷ ᠲᠤᠰᠬᠠᠶ ᠠᠵᠢᠯᠯᠠᠭ᠎ᠠ ᠶᠢᠨ ᠲᠤᠰᠬᠠᠶ | ᠠᠩᠭᠢ ᠶᠢ ᠪᠣᠳᠠᠲᠤ ᠴᠣᠭᠴᠠᠵᠢᠭᠤᠯᠤᠨ ᠠᠵᠢᠯᠯᠠᠭᠤᠯᠤᠭᠰᠠᠨ ᠠᠴᠠ ᠨᠠᠭᠠᠰᠢ᠂ 24 ᠴᠠᠭ ᠢᠶᠠᠷ ᠲᠠᠰᠤᠯᠳᠠᠭᠤᠯᠤᠯ | ᠥᠬᠡᠶ ᠠᠵᠢᠯᠯᠠᠬᠤ ᠶᠢ ᠪᠠᠷᠢᠮᠲᠠᠯᠠᠵᠤ᠂ ᠰᠦᠪᠡᠭᠴᠢ ᠮᠡᠳᠡᠭᠡ ᠵᠠᠩᠭᠢ ᠶᠢ ᠳᠠᠭᠠᠵᠤ ᠣᠴᠢᠪᠠᠯ ᠳᠠᠭᠠᠵᠤ ᠮᠥᠷᠳᠡᠬᠦ᠂ | ᠳᠠᠭᠠᠵᠤ ᠪᠠᠶᠢᠴᠠᠭᠠᠬᠤ᠂ ᠳᠠᠭᠠᠵᠤ ᠬᠠᠷᠢᠭᠤ ᠲᠤᠰᠬᠠᠬᠤ ᠲᠣᠭᠲᠠᠴᠠ ᠶᠢ ᠪᠠᠷᠢᠮᠲᠠᠯᠠᠵᠤ᠂ ᠪᠥᠬᠦ ᠬᠡᠯᠬᠢᠶᠡᠲᠦ ᠵᠠᠮ | ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢ ᠬᠠᠷᠢᠶ᠎ᠠ ᠣᠷᠣᠨ ᠳᠤᠨᠢ ᠬᠠᠮᠢᠶᠠᠷᠤᠭᠤᠯᠪᠠ᠃ ᠡᠭᠦᠨ ᠤ ᠬᠠᠮᠲᠤ | ᠡᠳᠦᠷ ᠪᠦᠷᠢ ᠰᠤᠳᠤᠯᠤᠨ ᠮᠠᠭᠠᠳᠯᠠᠬᠤ᠂ ᠭᠠᠷᠠᠭ ᠤᠨ ᠮᠡᠳᠡᠭᠦᠯᠦᠯᠲᠡ ᠬᠢᠬᠦ᠂ ᠰᠠᠷ᠎ᠠ ᠪᠦᠷᠢ ᠵᠠᠷᠯᠠᠨ ᠮᠡᠳᠡᠭᠳᠡᠬᠦ | ᠲᠦᠷᠢᠮ ᠢ ᠪᠠᠶᠢᠭᠤᠯᠵᠤ᠂ ᠡᠳᠦᠷ ᠪᠦᠷᠢ ᠬᠤᠷᠠᠯ ᠬᠤᠷᠠᠯᠳᠤᠭᠤᠯᠵᠤ ᠬᠡᠷᠡᠭ ᠭᠠᠷᠤᠭᠰᠠᠨ᠂ ᠬᠡᠷᠡᠭ ᠪᠣᠯᠭᠠᠨ | ᠳᠠᠩᠰᠠᠯᠠᠭᠰᠠᠨ᠂ ᠬᠡᠷᠡᠭ ᠢ ᠢᠯᠡᠷᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ︔ ᠭᠠᠷᠠᠭ ᠪᠦᠷᠢ ᠡᠯ᠎ᠡ ᠭᠠᠵᠠᠷ ᠤᠨ | ᠬᠠᠷᠢᠭᠤᠴᠠᠯᠭᠠᠲᠠᠨ ᠢ ᠴᠤᠭᠯᠠᠭᠤᠯᠤᠨ ᠭᠠᠷᠠᠭ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠡᠯ᠎ᠡ ᠭᠠᠵᠠᠷ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠪᠠᠶᠢᠯᠳᠤᠭᠠᠨ ᠤ ᠦᠷ᠎ᠡ ᠪᠦᠲᠦᠭᠡᠯ ᠢ ᠮᠡᠳᠡᠭᠳᠡᠵᠦ᠂ | ᠲᠡᠷᠢᠭᠦᠨ ᠤ ᠬᠢ ᠶᠢ ᠰᠠᠶᠢᠰᠢᠶᠠᠨ᠂ ᠬᠦᠨᠳᠦ ᠶᠡᠭᠡ ᠬᠡᠷᠡᠭ ᠢ ᠡᠮᠬᠢᠯᠡᠨ ᠵᠠᠳᠠᠯᠵᠤ᠂ ᠲᠤᠷᠰᠢᠯᠭ᠎ᠠ ᠠᠷᠭ᠎ᠠ ᠬᠢᠳᠡᠯ ᠢᠶᠠᠨ | ᠳ᠋ᠦᠩᠨᠡᠨ᠎ᠡ︔ ᠰᠠᠷ᠎ᠠ ᠪᠦᠷᠢ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ | ᠂ ᠪᠥᠬᠦ ᠬᠤᠲᠠ ᠶᠢᠨ ᠴᠣᠬᠢᠯᠲᠠ ᠥᠭᠭᠦᠭᠰᠡᠨ ᠦᠷ᠎ᠡ ᠪᠦᠲᠦᠭᠡᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃ | 10 ᠰᠠᠷ᠎ᠠ ᠶᠢᠨ 11 ᠤ ᠡᠳᠦᠷ ᠠᠴᠠ 12 ᠰᠠᠷ᠎ᠠ ᠶᠢᠨ 06 ᠤ ᠡᠳᠦᠷ ᠪᠣᠯᠲᠠᠯ᠎ᠠ᠂ ᠪᠥᠬᠦ ᠬᠤᠲᠠ ᠶᠢᠨ ᠡᠳ᠋ | ᠬᠥᠷᠥᠩᠭᠡ ᠳᠤ ᠬᠠᠯᠳᠠᠭᠰᠠᠨ ᠬᠡᠷᠡᠭ ᠤᠨ ︽ᠬᠤᠶᠠᠷ ᠢ ᠪᠤᠯᠢᠶᠠᠭᠰᠠᠨ︾ ᠬᠡᠷᠡᠭ ᠢ 5 ᠬᠡᠷᠡᠭ ᠪᠣᠯᠭᠠᠨ ᠳᠡᠩᠰᠡᠯᠡᠵᠦ᠂ | 5 ᠬᠡᠷᠡᠭ ᠢ ᠢᠯᠡᠷᠡᠭᠦᠯᠵᠦ᠂ ᠬᠡᠷᠡᠭ ᠢ ᠢᠯᠡᠷᠡᠭᠦᠯᠦᠭᠰᠡᠨ ᠨᠣᠷᠮ᠎ᠠ ᠨᠢ 100 % ᠳᠤ ᠬᠦᠷᠴᠡᠶ︔ ᠬᠤᠯᠠᠭᠠᠶᠢᠯᠠᠭᠰᠠᠨ | ᠲᠥᠷᠥᠯ ᠤᠨ ᠬᠡᠷᠡᠭ ᠢ 1140 ᠬᠡᠷᠡᠭ ᠪᠣᠯᠭᠠᠨ ᠳᠡᠩᠰᠡᠯᠡᠵᠦ᠂ 167 ᠬᠡᠷᠡᠭ ᠢ ᠢᠯᠡᠷᠡᠭᠦᠯᠵᠦ᠂ ᠬᠡᠷᠡᠭ | ᠢᠯᠡᠷᠡᠭᠦᠯᠦᠭᠰᠡᠨ ᠨᠣᠷᠮ᠎ᠠ 15 % ᠬᠦᠷᠴᠡᠶ︔ 210 ᠬᠥᠮᠦᠨ ᠢ ᠪᠠᠷᠢᠪᠴᠢᠯᠠᠵᠤ᠂ 210 ᠬᠥᠮᠦᠨ ᠢ | ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 51 ᠬᠥᠮᠦᠨ ᠢ ᠪᠠᠷᠢᠪᠴᠢᠯᠠᠵᠤ᠂ 66 ᠬᠥᠮᠦᠨ ᠢ ᠵᠠᠭᠠᠯᠳᠤᠵᠤ᠂ 41 | ᠬᠥᠮᠦᠨ ᠢ ᠪᠠᠲᠤᠯᠠᠭ᠎ᠠ ᠠᠪᠤᠪᠠ︔ ᠬᠤᠤᠷᠲᠤ ᠡᠳ᠋ ᠤᠨ ᠬᠡᠷᠡᠭ ᠢ 12 ᠢᠯᠡᠷᠡᠭᠦᠯᠵᠦ᠂ ᠬᠤᠤᠷᠲᠤ ᠡᠳ᠋ ᠲᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ 15 ᠰᠡᠵᠢᠭᠳᠡᠨ ᠢ ᠪᠠᠷᠢᠪᠴᠢᠯᠠᠵᠤ᠂ ᠬᠤᠤᠷ | ᠲᠠᠲᠠᠭᠴᠢ ᠶᠢ 312 ᠪᠠᠶᠢᠴᠠᠭᠠᠨ ᠢᠯᠡᠷᠡᠭᠦᠯᠵᠦ᠂ ᠬᠤᠤᠷ ᠲᠠᠲᠠᠬᠤ ᠶᠢ ᠠᠯᠪᠠᠲᠠᠨ ᠵᠣᠭᠰᠣᠭᠠᠭᠰᠠᠨ 175 | ᠬᠥᠮᠦᠨ ᠢ ᠢᠯᠡᠷᠡᠭᠦᠯᠪᠡ᠃ ᠪᠥᠬᠦ ᠬᠤᠲᠠ ᠳᠤ ᠨᠡᠶᠢᠲᠡ 109 ᠴᠠᠬᠢᠯᠭᠠᠨ ᠢᠶᠠᠷ ᠮᠡᠬᠡᠯᠡᠭᠰᠡᠨ ᠬᠡᠷᠡᠭ ᠢ ᠢᠯᠡᠷᠡᠭᠦᠯᠵᠦ᠂ | ᠶᠠᠯ᠎ᠠ ᠬᠢᠭᠰᠡᠨ ᠰᠡᠵᠢᠭᠯᠡᠯᠲᠡᠶ 431 ᠬᠥᠮᠦᠨ ᠢ ᠪᠠᠷᠢᠪᠴᠢᠯᠠᠵᠤ᠂ GOIP ᠲᠥᠬᠦᠭᠡᠷᠦᠮᠵᠢ ᠶᠢᠨ ᠡᠭᠦᠷ ᠢ 13 | ᠡᠪᠳᠡᠵᠦ᠂ GOIP ᠲᠥᠬᠦᠭᠡᠷᠦᠮᠵᠢ 35 ᠢᠵᠢ᠂ ᠭᠠᠷ ᠤᠲᠠᠰᠤᠨ ᠤ ᠺᠠᠷᠲ 17 . 7 ᠲᠦᠮᠡ ᠭᠠᠷᠤᠶ᠂ | ᠪᠠᠩᠬᠢ ᠶᠢᠨ ᠺᠠᠷᠲ 500 ᠭᠠᠷᠤᠶ᠂ ᠺᠠᠷᠲ ᠨᠡᠭᠡᠭᠡᠬᠦ ᠲᠥᠬᠦᠭᠡᠷᠦᠮᠵᠢ 35 ᠢᠵᠢ᠂ ᠺᠠ ᠺᠦ᠋ ᠪᠦᠦ 15 ᠢᠵᠢ | ᠣᠯᠵᠠᠯᠠᠵᠤ᠂ ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ᠂ ᠲᠡᠮᠳᠡᠭᠯᠡᠯ ᠤᠨ ᠺᠣᠮᠫᠢᠦ᠋ᠲ᠋ᠧᠷ ᠵᠡᠷᠭᠡ 510 ᠭᠠᠷᠤᠶ᠂ | POS ᠮᠠᠰᠢᠨ 21᠂ ᠠᠶᠤᠯᠲᠠᠶ ᠪᠣᠳᠠᠰ 2 ᠯᠣᠩᠬᠤ ᠣᠯᠵᠠᠯᠠᠵᠤ᠂ ᠬᠡᠷᠡᠭ ᠲᠤ ᠬᠤᠯᠪᠣᠭᠳᠠᠭᠰᠠᠨ 6 ᠮᠠᠰᠢᠨ | ᠲᠡᠷᠭᠡ ᠶᠢ ᠳᠠᠷᠤᠵᠤ᠂ ᠬᠡᠷᠡᠭ ᠲᠤ ᠬᠤᠯᠪᠣᠭᠳᠠᠭᠰᠠᠨ ᠨᠡᠶᠢᠲᠡ 813 ᠭᠠᠷᠤᠶ ᠲᠦᠮᠡᠨ ᠲᠥᠭᠦᠷᠢᠭ ᠤᠨ ᠪᠠᠯᠠ | ᠮᠥᠩᠭᠦ ᠶᠢ ᠴᠡᠪᠳᠡᠭᠯᠡᠵᠦ᠂ ᠨᠡᠶᠢᠲᠡ 3000 ᠲᠦᠮᠡᠨ ᠲᠥᠭᠦᠷᠢᠭ ᠤᠨ ᠪᠠᠯᠠ ᠮᠥᠩᠭᠦ ᠥᠭᠬᠦ ᠶᠢ ᠵᠣᠭᠰᠣᠭᠠᠪᠠ᠃ | ᠲᠤᠰᠬᠠᠶ ᠠᠵᠢᠯᠯᠠᠭ᠎ᠠ ᠪᠠᠷ ᠳᠠᠮᠵᠢᠭᠤᠯᠤᠨ ᠭᠤᠷᠪᠠᠨ ᠢᠯᠡᠳᠲᠡ ᠦᠷ᠎ᠡ ᠪᠦᠲᠦᠮᠵᠢ ᠤᠯᠪᠠ᠄ ᠨᠢᠭᠡ ᠳᠤ ᠡᠳ᠋ | ᠬᠥᠷᠥᠩᠭᠡ ᠳᠤ ᠬᠠᠯᠳᠠᠭᠰᠠᠨ ᠬᠡᠷᠡᠭ ᠪᠠ ᠰᠦᠯᠵᠢᠶ᠎ᠡ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠤᠨ ᠲᠤᠭ᠎ᠠ | ᠦᠷᠭᠦᠯᠵᠢᠯᠡᠨ ᠪᠠᠭᠤᠷᠠᠵᠤ᠂ ᠬᠡᠷᠡᠭ ᠢᠯᠡᠷᠡᠭᠦᠯᠬᠦ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠴᠣᠬᠢᠯᠲᠠ ᠥᠭᠴᠦ | ᠰᠡᠷᠭᠡᠶᠢᠯᠡᠬᠦ ᠨᠡᠶᠢᠯᠡᠮᠡᠯ ᠬᠦᠴᠦᠨ ᠪᠥᠬᠦ ᠲᠠᠯ᠎ᠠ ᠪᠠᠷ ᠪᠦᠷᠢᠯᠳᠦᠵᠦ᠂ ᠰᠦᠷᠳᠡᠭᠦᠯᠬᠦ ᠦᠢᠯᠡᠳᠦᠯ ᠲᠣᠪᠤᠶᠢᠮ᠎ᠠ ᠪᠣᠯᠪᠠ᠃ | ᠬᠤᠶᠠᠷ ᠲᠤ ᠲᠤᠰᠬᠠᠢ ᠠᠵᠢᠯᠯᠠᠭ᠎ᠠ ᠶᠢᠨ ᠲᠣᠬᠢᠶᠠᠯ ᠢ ᠠᠰᠢᠭᠯᠠᠨ ᠮᠡᠬᠡᠯᠡᠭᠳᠡᠨ ᠬᠠᠭᠤᠷᠲᠠᠭᠳᠠᠬᠤ ᠦᠢᠯᠡ | ᠠᠵᠢᠯᠯᠠᠭ᠎ᠠ ᠶᠢ ᠬᠡᠷᠬᠢᠨ ᠬᠤᠷᠢᠭᠯᠠᠨ ᠵᠣᠭᠰᠣᠭᠠᠵᠤ᠂ ᠬᠡᠷᠡᠭ ᠤᠯᠠᠨ ᠭᠠᠷᠳᠠᠭ ᠠᠯᠳᠠᠰᠢ ᠭᠠᠷᠬᠤ ᠶᠢ ᠡᠬᠢ | ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠶᠠᠯᠠᠲᠤ ᠡᠲᠡᠭᠡᠳ ᠢ ᠵᠠᠬ᠎ᠠ ᠳᠡᠯᠭᠡᠭᠦᠷ ᠢ ᠠᠯᠳᠠᠭᠤᠯᠵᠤ᠂ | ᠦᠷᠭᠦᠯᠵᠢᠯᠡᠬᠦ ᠶᠢᠨ ᠠᠷᠭ᠎ᠠ ᠦᠭᠡᠢ ᠪᠣᠯᠭᠠᠪᠠ᠃ ᠭᠤᠷᠪᠠ ᠳᠤ᠂ ᠲᠤᠰᠬᠠᠶ ᠠᠵᠢᠯᠯᠠᠭ᠎ᠠ ᠪᠠᠷ ᠳᠠᠮᠵᠢᠭᠤᠯᠤᠨ ᠵᠢᠯ ᠤᠨ | ᠡᠴᠦᠰ ᠪᠣᠯᠬᠤ ᠭᠡᠵᠦ ᠪᠠᠶᠢᠭ᠎ᠠ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠠᠵᠢᠯ ᠳᠤ ᠤᠷᠢᠳᠴᠢᠯᠠᠨ | ᠪᠠᠶᠢᠯᠳᠤᠭᠠᠨ ᠤ ᠪᠦᠷᠢᠶ᠎ᠡ ᠬᠠᠩᠭᠢᠨᠠᠭᠤᠯᠵᠤ᠂ ᠢᠯᠠᠯᠲᠠ ᠶᠢᠨ ᠰᠠᠭᠤᠷᠢ ᠶᠢ ᠲᠠᠯᠪᠢᠵᠤ᠂ ᠤᠯᠤᠰ ᠲᠥᠷᠥ ᠶᠢᠨ ᠦᠷ᠎ᠡ | ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ ᠭᠤᠷᠪᠠ ᠶᠢ | ᠠᠬᠢᠭᠤᠯᠬᠤ ᠶᠢ ᠦᠨᠳᠦᠰᠦᠨ ᠠᠴᠠ ᠨᠢ ᠪᠡᠶᠡᠯᠡᠭᠦᠯᠬᠦ ᠬᠡᠷᠡᠭᠲᠡᠶ᠃ | 10 . ᠬᠥᠲᠥᠯᠥᠭᠴᠢ | ᠵᠠᠷᠢᠮ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠲᠠᠵᠤ ᠣᠯᠠᠨ ᠨᠡᠶᠢᠲᠡ ᠳᠤ ᠡᠶᠢᠮᠦᠷᠬᠦ ᠬᠡᠷᠡᠭ ᠤᠨ ᠲᠤᠬᠠᠶ ᠪᠥᠬᠦ | ᠲᠠᠯ᠎ᠠ ᠶᠢᠨ ᠣᠶᠢᠯᠠᠭᠠᠯᠲᠠ ᠲᠠᠢ ᠪᠣᠯᠭᠠᠵᠤ ᠪᠣᠯᠬᠤ ᠪᠦ᠋︖ ᠲᠡᠭᠡᠬᠦ ᠮᠥᠷᠲᠡᠭᠡᠨ ᠣᠯᠠᠨ ᠲᠦᠮᠡᠨ ᠳᠤ ᠡᠳᠦᠷ | ᠲᠤᠲᠤᠮ ᠤᠨ ᠠᠮᠢᠳᠤᠷᠠᠯ ᠳᠤᠮᠳᠠ ᠬᠡᠷᠬᠢᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠰᠠᠨᠠᠭᠤᠯᠤᠨ᠎ᠠ︖ | 11 . ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠭᠡ ᠠᠩᠭᠢ ᠶᠢᠨ ᠳᠠᠷᠤᠭ᠎ᠠ ᠸᠠᠩ ᠱᠤ᠋ ᠯᠢᠩ | ᠬᠡᠷᠡᠭ ᠤᠨ ᠵᠢᠱᠢᠶ᠎ᠡ ᠨᠢᠭᠡ᠄ 2020 ᠣᠨ ᠤ 4 ᠰᠠᠷ᠎ᠠ ᠶᠢᠨ 3 ᠤ ᠡᠳᠦᠷ᠂ ᠢᠦᠶ ᠴᠢᠣᠸᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ | ᠰᠤᠷᠭᠠᠭᠤᠯᠢ ᠬᠤᠬᠢᠷᠠᠯ ᠠᠮᠰᠠᠭᠴᠢ ᠶᠢᠨ ᠮᠡᠳᠡᠭᠦᠯᠦᠯᠲᠡ ᠶᠢ ᠣᠯᠵᠤ᠂ ᠬᠤᠬᠢᠷᠠᠯ ᠠᠮᠰᠠᠭᠴᠢ ᠰᠦᠯᠵᠢᠶᠡᠨ ᠳᠡᠭᠡᠷ᠎ᠡ | ᠪᠤᠰᠤᠳ ᠲᠠᠢ ᠨᠠᠶᠢᠵᠠᠯᠠᠵᠤ᠂ ︽ ᠲᠧᠩ ᠰᠢᠶᠦ᠋ᠨ ᠡᠳ᠋ ᠬᠥᠷᠥᠩᠭᠡ ᠶᠢᠨ ᠬᠤᠯᠪᠣᠭ᠎ᠠ︾ ᠭᠡᠬᠦ ᠸᠢᠴᠠᠲ ᠤᠨ | ᠬᠤᠯᠪᠣᠭᠠᠰᠤ ᠳᠡᠭᠡᠷ᠎ᠡ ᠨᠡᠶᠢᠲᠡ 34 . 6 ᠲᠦᠮᠡᠨ ᠲᠥᠭᠦᠷᠢᠭ ᠮᠡᠬᠡᠯᠡᠭᠳᠡᠵᠦ᠂ ᠬᠡᠷᠡᠭ ᠤᠨ ᠪᠠᠶᠢᠳᠠᠯ ᠬᠦᠨᠳᠦ | ᠨᠣᠴᠢᠲᠠᠶ ᠪᠠᠶᠢᠬᠤ ᠶᠢ ᠦᠨᠳᠦᠰᠦᠯᠡᠨ᠂ ᠢᠦᠶ ᠴᠢᠣᠸᠠᠨ ᠬᠤᠪᠢᠶᠠᠷᠢ ᠲᠣᠪᠴᠢᠶ᠎ᠠ ︽4 . 03︾ ᠲᠤᠰᠬᠠᠶ | ᠬᠡᠷᠡᠭ ᠤᠨ ᠳᠤᠭᠤᠶᠢᠯᠠᠩ ᠪᠠᠶᠢᠭᠤᠯᠵᠤ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠦᠨ ᠣᠯᠠᠨ ᠲᠦᠮᠡᠨ ᠤ | ᠳᠠᠶᠢᠯᠠᠯᠳᠤᠭᠠᠨ ᠢ ᠥᠷᠨᠢᠭᠦᠯᠪᠡ᠃ ᠲᠤᠰᠬᠠᠶ ᠬᠡᠷᠡᠭ ᠤᠨ ᠳᠤᠭᠤᠶᠢᠯᠠᠩ ᠤᠷᠢᠳ ᠬᠤᠵᠢᠳ ᠵᠧᠵᠢᠶᠠᠩ ᠮᠤᠵᠢ ᠶᠢᠨ | ᠬᠠᠩᠵᠧᠦ ᠬᠤᠲᠠ᠂ ᠵᠢᠶᠠᠰᠢᠩ ᠬᠤᠲᠠ᠂ ᠱᠠᠨᠰᠢ ᠮᠤᠵᠢ ᠶᠢᠨ ᠰᠢ ᠠᠨ ᠬᠤᠲᠠ᠂ ᠶᠦᠨᠨᠠᠨ ᠮᠤᠵᠢ ᠶᠢᠨ ᠵᠣᠣ | ᠲᠦᠩ ᠬᠤᠲᠠ ᠵᠡᠷᠭᠡ ᠭᠠᠵᠠᠷ ᠲᠤ ᠬᠦᠷᠴᠦ ᠳᠡᠩᠨᠡᠨ ᠰᠢᠢᠳᠪᠦᠷᠢᠯᠡᠬᠦ᠂ ᠭᠡᠷᠡᠴᠢ ᠠᠪᠬᠤ ᠪᠠ ᠶᠠᠯ᠎ᠠ ᠬᠢᠭᠰᠡᠨ | ᠰᠡᠵᠢᠭᠳᠡᠨ ᠢ ᠪᠠᠷᠢᠪᠴᠢᠯᠠᠬᠤ ᠶᠢᠨ ᠬᠠᠮᠲᠤ ᠨᠢᠭᠤᠴᠠ ᠮᠡᠳᠡᠭᠡᠨ ᠤ ᠮᠡᠷᠭᠡᠵᠢᠯ ᠤᠨ ᠰᠠᠯᠠᠭ᠎ᠠ ᠮᠥᠴᠢᠷ ᠨᠢ ᠲᠤᠰᠬᠠᠶ | ᠬᠡᠷᠡᠭ ᠤᠨ ᠳᠤᠭᠤᠶᠢᠯᠠᠩ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠵᠤ᠂ ᠡᠴᠦᠰ ᠲᠡᠭᠡᠨ ᠵᠧᠵᠢᠶᠠᠩ | ᠮᠤᠵᠢ ᠶᠢᠨ ᠬᠠᠩᠵᠧᠦ ᠬᠤᠲᠠ᠂ ᠵᠢᠶᠠᠰᠢᠩ ᠬᠤᠲᠠ ᠳᠤ ᠲᠣᠰ ᠬᠡᠷᠡᠭ ᠲᠤ ᠬᠤᠯᠪᠣᠭᠳᠠᠭᠰᠠᠨ ᠬᠠᠷ᠎ᠠ ᠦᠨᠡᠰᠦ ᠶᠢᠨ | ᠠᠵᠤ ᠦᠢᠯᠡᠰ ᠤᠨ ᠬᠡᠯᠬᠢᠶ᠎ᠡ ᠶᠢᠨ ᠬᠠᠤᠯᠢ ᠶᠢ ᠵᠥᠷᠢᠴᠡᠭᠰᠡᠨ ᠶᠠᠯᠠᠲᠤ ᠪᠦᠯᠬᠦᠮ ᠢ ᠠᠮᠵᠢᠯᠲᠠᠲᠠᠶ ᠪᠠᠷ ᠡᠪᠳᠡᠪᠡ᠃ | 10 ᠰᠠᠷ᠎ᠠ ᠶᠢᠨ 23 ᠤ ᠡᠳᠦᠷ ᠤᠨ 9 ᠴᠠᠭ ᠤᠨ ᠦᠶ᠎ᠡ ᠪᠠᠷ ᠢᠦᠶ ᠴᠢᠦᠸᠠᠨ ᠲᠣᠭᠤᠷᠢᠭ ᠤᠨ ᠪᠠ ᠯᠢ | ᠲᠣᠰᠬᠤᠨ ᠤ ᠪᠠᠶᠢᠰᠢᠩ ᠳᠣᠲᠣᠷ᠎ᠠ ᠨᠢᠭᠡᠨ ᠬᠠᠭᠤᠷᠮᠠᠭ ᠰᠠᠭᠤᠷᠢ ᠥᠷᠲᠡᠭᠡ ᠶᠢ ᠬᠡᠷᠡᠭᠯᠡᠨ ᠮᠡᠬᠡᠯᠡᠯ ᠤᠨ ᠮᠡᠳᠡᠭᠡ ᠵᠠᠩᠭᠢ | ᠂ ᠳ᠋ᠢᠶᠠᠩᠬᠤᠸᠠ ᠶᠢᠨ ᠡᠭᠦᠷ ᠢ ᠡᠪᠳᠡᠵᠦ᠂ 30 ᠭᠠᠷᠤᠶ ᠬᠠᠷᠪᠤᠯᠲᠠ ᠶᠢᠨ ᠰᠤᠪᠤᠷᠭ᠎ᠠ᠂ 30 ᠭᠠᠷᠤᠶ | ᠳ᠋ᠢᠶᠠᠩᠬᠤᠸᠠ ᠶᠢᠨ ᠺᠠᠷᠲ᠂ ᠰᠠᠭᠤᠷᠢ ᠥᠷᠲᠡᠭᠡᠨ ᠤ ᠬᠠᠶᠢᠷᠴᠠᠭ᠂ 1 ᠠᠯᠤᠰ ᠡᠵᠡᠮᠰᠢᠯᠲᠦ ᠰᠡᠭᠦᠳᠡᠷᠯᠡᠬᠦ ᠮᠠᠰᠢᠨ᠂ 1 | ᠰᠦᠯᠵᠢᠶᠡᠨ ᠤ ᠲᠥᠬᠦᠭᠡᠷᠦᠮᠵᠢ᠂ 30 ᠲᠦᠮᠡᠨ ᠲᠥᠭᠦᠷᠢᠭ ᠤᠨ ᠬᠤᠬᠢᠷᠠᠯ ᠭᠠᠷᠭᠠᠵᠠᠶ᠃ ᠣᠳᠣᠬᠠᠨ ᠳᠤ ᠬᠡᠷᠡᠭ ᠢ | ᠮᠥᠨ ᠬᠦ ᠤᠯᠠᠮ ᠨᠢᠭᠡ ᠠᠯᠬᠤᠮ ᠠᠭᠤᠳᠠᠯᠵᠤ ᠪᠠᠶᠢᠨ᠎ᠠ᠃ | ᠬᠡᠷᠡᠭ ᠤᠨ ᠵᠢᠱᠢᠶ᠎ᠡ ᠬᠤᠶᠠᠷ᠄ 2020 ᠣᠨ ᠤ 3 ᠰᠠᠷ᠎ᠠ ᠶᠢᠨ 9 ᠤ ᠡᠳᠦᠷ ᠤᠨ ᠣᠷᠣᠶ᠂ ᠬᠤᠲᠠ ᠶᠢᠨ | ᠡᠮᠦᠨᠡᠬᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠷᠢᠶ᠎ᠠ ᠣᠷᠣᠨ ᠤ ᠰᠠᠭᠤᠭᠠᠯᠢ ᠠᠷᠠᠳ ᠶᠠᠨ | ᠣᠪᠣᠭᠲᠤ ᠬᠡᠷᠡᠭ ᠮᠡᠳᠡᠭᠦᠯᠬᠦ ᠳᠡᠭᠡᠨ᠄ 2 ᠰᠠᠷ᠎ᠠ ᠶᠢᠨ 10 ᠤ ᠡᠳᠦᠷ᠂ ᠲᠡᠷᠡ ᠨᠢᠭᠡ ᠨᠡᠶᠢᠭᠡᠮ ᠤᠨ ᠬᠠᠷᠢᠯᠴᠠᠭᠠᠨ ᠤ | ᠵᠥᠭᠡᠯᠡᠨ ᠲᠣᠨᠤᠭ ᠢᠶᠠᠷ ᠳᠠᠮᠵᠢᠭᠤᠯᠤᠨ ᠨᠢᠭᠡ ᠰᠦᠯᠵᠢᠶᠡᠨ ᠨᠠᠶᠢᠵᠠ ᠲᠠᠢ ᠲᠠᠨᠢᠯᠴᠠᠵᠤ᠂ ᠲᠦᠷ ᠴᠠᠭ ᠰᠠᠨᠠᠯ ᠢᠶᠠᠨ | ᠰᠣᠯᠢᠯᠴᠠᠭᠰᠠᠨ ᠤ ᠳᠠᠷᠠᠭ᠎ᠠ᠂ ᠶᠠᠨ ᠣᠪᠣᠭᠲᠤ ᠪᠣᠯᠤᠨ ᠰᠡᠵᠢᠭᠳᠡᠨ ᠬᠠᠷᠢᠯᠴᠠᠨ ᠸᠢᠴᠠᠲ ᠨᠡᠮᠡᠵᠦ᠂ ᠸᠢᠴᠠᠲ ᠤᠨ | ᠰᠠᠶᠢᠨ ᠨᠠᠶᠢᠵᠠ ᠪᠣᠯᠪᠠ ᠭᠡᠵᠡᠶ᠃ ᠳᠠᠷᠠᠭ᠎ᠠ ᠨᠢ᠂ ᠰᠡᠵᠢᠭᠳᠡᠨ ᠶᠠᠨ ᠣᠪᠣᠭᠲᠤ ᠶᠢ ᠤᠷᠢᠵᠤ ︽ᠣᠣᠮᠧᠨ ᠤ | ᠫᠦᠷᠲ᠋ᠦ᠋ᠩ︾ ᠰᠦᠯᠵᠢᠶᠡᠨ ᠳᠡᠭᠡᠷ᠎ᠡ ᠮᠥᠷᠥᠶ ᠲᠠᠯᠪᠢᠭᠤᠯᠤᠭᠰᠠᠨ ᠨᠢ ᠯᠠᠪᠲᠠᠶ ᠶᠡᠭᠡ ᠵᠣᠭᠤᠰ ᠣᠯᠤᠨ᠎ᠠ ᠭᠡᠵᠡᠶ᠃ ᠶᠠᠨ | ᠣᠪᠣᠭᠲᠤ ᠰᠡᠵᠢᠭᠳᠡᠨ ᠤ ᠰᠠᠨᠠᠭᠤᠯᠭ᠎ᠠ ᠶᠢ ᠰᠣᠨᠣᠰᠴᠤ᠂ ︽ᠣᠣᠮᠧᠨ ᠤ ᠫᠦᠷᠲ᠋ᠦ᠋ᠩ︾ ᠰᠦᠯᠵᠢᠶᠡᠨ ᠥᠷᠲᠡᠭᠡ ᠳᠤ | ᠬᠤᠶᠠᠷ ᠲᠠᠩᠰᠠᠨ ᠨᠣᠮᠧᠷ ᠳᠠᠩᠰᠠᠯᠠᠭᠤᠯᠵᠤ᠂ ᠤᠷᠢᠳ ᠬᠤᠵᠢᠳ 3 ᠸᠢᠴᠠᠲ ᠤᠨ ᠲᠠᠩᠰᠠᠨ ᠨᠣᠮᠧᠷ ᠢ ᠰᠠᠶᠢᠨ | ᠨᠠᠶᠢᠵᠠ ᠪᠣᠯᠭᠠᠭᠰᠠᠨ ᠪᠥᠭᠡᠳ ᠨᠥᠭᠦᠭᠡ ᠡᠲᠡᠭᠡᠳ ᠤᠨ ᠢᠶᠠᠨ ᠱᠠᠭᠠᠷᠳᠠᠯᠭ᠎ᠠ ᠶᠣᠰᠣᠭᠠᠷ 2 ᠰᠠᠷ᠎ᠠ ᠶᠢᠨ 22 ᠤᠨ | ᠡᠳᠦᠷ ᠠᠴᠠ 3 ᠰᠠᠷ᠎ᠠ ᠶᠢᠨ 5 ᠤ ᠡᠳᠦᠷ ᠪᠣᠯᠲᠠᠯ᠎ᠠ᠂ ᠤᠷᠢᠳ ᠬᠤᠵᠢᠳ ᠲᠣᠰ ᠬᠥᠮᠦᠨ ᠤ ᠣᠯᠠᠨ ᠲᠠᠩᠰᠠᠨ | ᠡᠷᠦᠬᠡ ᠪᠠᠨ ᠬᠡᠷᠡᠭᠯᠡᠨ ᠨᠥᠭᠦᠭᠡ ᠡᠲᠡᠭᠡᠳ ᠤᠨ ᠢᠶᠠᠨ ᠬᠠᠩᠭᠠᠭᠰᠠᠨ ᠠᠳᠠᠯᠢ ᠪᠤᠰᠤ ᠲᠠᠩᠰᠠᠨ ᠡᠷᠦᠬᠡ ᠳᠤ | 168478 . 24 ᠲᠥᠭᠦᠷᠢᠭ ᠰᠢᠯᠵᠢᠭᠦᠯᠵᠡᠶ᠃ 3 ᠰᠠᠷ᠎ᠠ ᠶᠢᠨ 7 ᠤ ᠡᠳᠦᠷ᠂ ᠶᠠᠨ ᠣᠪᠣᠭᠲᠤ ᠰᠡᠵᠢᠭᠳᠡᠨ ᠤ | ᠭᠠᠷ ᠤᠲᠠᠰᠤᠨ ᠤ ᠸᠢᠴᠠᠲ ᠳᠡᠭᠡᠷ᠎ᠡ ᠠᠴᠠ ᠲᠡᠭᠦᠨ ᠢ ᠬᠠᠰᠤᠵᠤ ᠬᠠᠶᠠᠭᠰᠠᠨ ᠢ ᠮᠡᠳᠡᠭᠡᠳ ᠰᠠᠶ᠋ᠢ ᠮᠡᠬᠡᠯᠡᠭᠳᠡᠭᠰᠡᠨ ᠢᠶᠠᠨ | ᠮᠡᠳᠡᠭᠡᠳ ᠬᠡᠷᠡᠭ ᠮᠡᠳᠡᠭᠦᠯᠬᠦ ᠪᠠᠷ ᠢᠷᠡᠪᠡ᠃ | ᠬᠤᠲᠠ ᠶᠢᠨ ᠡᠮᠦᠨᠡᠬᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠦ ᠶᠢᠨ | ᠴᠠᠭᠳᠠᠭ᠎ᠠ ᠶᠢᠨ ᠶᠡᠭᠡ ᠠᠩᠭᠢ ᠬᠡᠷᠡᠭ ᠪᠣᠯᠭᠠᠨ ᠳᠠᠩᠰᠠᠯᠠᠭᠰᠠᠨ ᠤ ᠳᠠᠷᠠᠭ᠎ᠠ ᠲᠡᠷᠡ ᠳᠠᠷᠤᠶ ᠳᠤᠨᠢ ᠬᠡᠷᠡᠭ ᠲᠤ | ᠬᠤᠯᠪᠣᠭᠳᠠᠭᠰᠠᠨ ᠲᠠᠩᠰᠠᠨ ᠡᠷᠦᠬᠡ ᠶᠢ ᠬᠠᠷᠭᠤᠭᠤᠯᠤᠨ ᠪᠠᠶᠢᠴᠠᠭᠠᠵᠤ᠂ ᠠᠯᠢ ᠡᠷᠲᠡ ᠹᠦᠵᠢᠶᠠᠨ ᠮᠤᠵᠢ ᠳᠤ | ᠪᠠᠶᠢᠭᠰᠠᠨ ᠹᠠᠩ ᠣᠪᠣᠭᠲᠤ᠂ ᠹᠠᠩ ᠣᠪᠣᠭᠲᠤ ᠱᠦᠨ᠂ ᠦ᠋ ᠣᠪᠣᠭᠲᠤ᠂ ᠬᠤᠸᠠᠩ ᠣᠪᠣᠭᠲᠤ᠂ ᠾᠧ ᠣᠪᠣᠭᠲᠤ᠂ | ᠱᠢ ᠣᠪᠣᠭᠲᠤ᠂ ᠦ᠋ ᠣᠪᠣᠭᠲᠤ ᠺᠦᠨ ᠵᠡᠷᠭᠡ 7 ᠶᠠᠯ᠎ᠠ ᠬᠢᠭᠰᠡᠨ ᠰᠡᠵᠢᠭᠯᠡᠯᠲᠡᠶ ᠬᠥᠮᠦᠨ ᠢ ᠵᠠᠳᠠᠯᠵᠤ ᠰᠤᠳᠤᠯᠤᠨ | ᠮᠠᠭᠠᠳᠯᠠᠬᠤ ᠪᠠᠷ ᠳᠡᠮᠵᠢᠨ᠂ ᠴᠠᠭᠳᠠᠭᠠᠨ ᠤ ᠲᠠᠯ᠎ᠠ ᠶᠢᠨ ᠬᠢᠨ ᠶᠠᠯ᠎ᠠ ᠬᠢᠭᠰᠡᠨ ᠰᠡᠵᠢᠭᠯᠡᠯᠲᠡᠶ ᠬᠥᠮᠦᠨ ᠦ᠋ | ᠣᠪᠣᠭᠲᠤ ᠶᠢᠨ ᠲᠠᠩᠰᠠᠨ ᠡᠷᠦᠬᠡ ᠶᠢ ᠴᠡᠪᠳᠡᠭᠰᠢᠭᠦᠯᠵᠦ᠂ ᠠᠷᠠᠳ ᠤᠨ ᠵᠣᠭᠤᠰ ᠢᠶᠠᠷ 49 ᠲᠦᠮᠡ ᠭᠠᠷᠤᠶ | ᠲᠥᠭᠦᠷᠢᠭ ᠢ ᠴᠡᠪᠳᠡᠭᠰᠢᠭᠦᠯᠪᠡ᠃ 4 ᠰᠠᠷ᠎ᠠ ᠶᠢᠨ 12 ᠤᠨ ᠡᠳᠦᠷ ᠠᠴᠠ ᠡᠬᠢᠯᠡᠨ 12 ᠬᠥᠮᠦᠨ ᠪᠠᠷᠢᠪᠴᠢᠯᠠᠬᠤ | ᠳᠤᠭᠤᠶᠢᠯᠠᠩ ᠹᠦᠵᠢᠶᠠᠨ ᠮᠤᠵᠢ ᠶᠢᠨ ᠰᠢᠶᠠᠮᠧᠨ ᠬᠤᠲᠠ᠂ ᠹᠦᠵᠢᠶᠠᠨ ᠮᠤᠵᠢ ᠶᠢᠨ ᠶᠦᠨ ᠰᠢᠶᠤᠤ ᠰᠢᠶᠠᠨ ᠳᠤ | ᠬᠦᠷᠴᠦ ᠠᠵᠢᠯ ᠥᠷᠨᠢᠭᠦᠯᠪᠡ᠃ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠮᠵᠢᠯᠴᠠᠭ᠎ᠠ ᠪᠠᠷ ᠡᠦ ᠣᠪᠣᠭᠲᠤ᠂ ᠬᠤᠸᠠᠩ ᠣᠪᠣᠭᠲᠤ᠂ ᠾᠧ ᠣᠪᠣᠭᠲᠤ᠂ ᠱᠢ ᠣᠪᠣᠭᠲᠤ᠂ ᠡᠦ ᠣᠪᠣᠭᠲᠤ | ᠺᠦᠨ ᠲᠠᠪᠤᠨ ᠬᠥᠮᠦᠨ᠂ ᠬᠠᠮᠲᠤ ᠬᠡᠷᠡᠭᠲᠡᠨ ᠹᠠᠩ ᠣᠪᠣᠭᠲᠤ᠂ ᠹᠠᠩ ᠣᠪᠣᠭᠲᠤ ᠱᠦᠨ ᠢ ᠪᠠᠷᠢᠪᠴᠢᠯᠠᠨ ᠶᠠᠯ᠎ᠠ ᠪᠠᠨ | ᠮᠡᠳᠡᠷᠡᠵᠦ ᠪᠡᠶ᠎ᠡ ᠪᠠᠨ ᠲᠤᠰᠢᠶᠠᠪᠠ᠃ ᠳᠡᠭᠡᠷ᠎ᠡ ᠳᠤᠷᠠᠳᠤᠭᠰᠠᠨ 7 ᠶᠠᠯ᠎ᠠ ᠬᠢᠭᠰᠡᠨ ᠰᠡᠵᠢᠭᠳᠡᠨ ᠶᠠᠯ᠎ᠠ ᠶᠢᠨ ᠪᠣᠳᠠᠲᠤ | ᠶᠠᠪᠤᠳᠠᠯ ᠢᠶᠠᠨ ᠥᠴᠢᠭᠯᠡᠭᠰᠡᠨ ᠪᠠᠶᠢᠪᠠ᠃ ᠴᠠᠭᠳᠠᠭᠠᠨ ᠤ ᠲᠠᠯ᠎ᠠ ᠶᠢᠨ ᠬᠢᠨ ᠬᠡᠷᠡᠭ ᠲᠤ ᠬᠤᠯᠪᠣᠭᠳᠠᠭᠰᠠᠨ 7 ᠭᠠᠷ | ᠤᠲᠠᠰᠤ᠂ 6 ᠪᠠᠩᠬᠢ ᠶᠢᠨ ᠺᠠᠷᠲ᠂ 1 ᠳ᠋ᠢᠶᠠᠩᠬᠤᠸᠠ ᠶᠢᠨ ᠺᠠᠷᠲ ᠢ ᠪᠠᠶᠢᠴᠠᠭᠠᠨ ᠣᠯᠵᠤ᠂ 49 ᠲᠦᠮᠡ ᠭᠠᠷᠤᠶ | ᠲᠥᠭᠦᠷᠢᠭ ᠤᠨ ᠪᠤᠵᠠᠷ ᠵᠣᠭᠤᠰ ᠢ ᠴᠡᠪᠳᠡᠭᠯᠡᠪᠡ᠃ | ᠤᠯᠠᠨ ᠲᠦᠮᠡᠨ ᠡᠳᠦᠷ ᠲᠤᠳᠤᠮ ᠤᠨ ᠠᠮᠢᠳᠤᠷᠠᠯ ᠤᠨ ᠳᠤᠮᠳᠠ ᠳᠣᠣᠷᠠᠬᠢ ᠬᠡᠳᠦᠨ ᠲᠠᠯ᠎ᠠ ᠪᠠᠷ ᠠᠮᠤᠷ | ᠲᠦᠪᠰᠢᠨ ᠤ ᠰᠡᠷᠭᠡᠶᠢᠯᠡᠯᠲᠡ ᠬᠢᠬᠦ ᠶᠢ ᠠᠩᠬᠠᠷᠬᠤ ᠬᠡᠷᠡᠭᠲᠡᠢ᠄ ᠨᠢᠭᠡ ᠳᠤ ᠵᠣᠭᠤᠰ ᠭᠤᠪᠢᠭᠤᠯᠬᠤ ᠦᠭᠡᠢ᠂ ᠠᠮᠠᠷᠬᠠᠨ | ᠢᠲᠡᠭᠡᠬᠦ ᠦᠭᠡᠢ᠂ ᠨᠢᠭᠤᠴᠠ ᠶᠢ ᠵᠠᠳᠠᠷᠠᠭᠤᠯᠬᠤ ᠦᠭᠡᠢ᠂ ᠴᠥᠷᠬᠡᠯᠡᠬᠦ ᠦᠭᠡᠢ ᠪᠠᠶᠢᠬᠤ ᠵᠠᠷᠴᠢᠮ ᠢ ᠪᠠᠷᠢᠮᠲᠠᠯᠠᠨ᠎ᠠ᠃ | ᠬᠤᠶᠠᠷ ᠲᠤ ︽ᠠᠷᠪᠠᠨ ᠨᠢᠭᠡᠨ ᠪᠦᠬᠦᠨ︾ ᠪᠣᠯ ᠴᠥᠮ ᠮᠡᠬᠡᠯᠡᠯ ᠮᠥᠨ᠂ ᠮᠡᠬᠡᠯᠡᠭᠳᠡᠬᠦ ᠦᠭᠡᠢ ᠪᠠᠶᠢᠬᠤ ᠶᠢ | ᠪᠠᠷᠢᠮᠲᠠᠯᠠᠨ᠎ᠠ᠃ ᠵᠢᠱᠢᠶᠡᠯᠡᠪᠡᠯ᠄ ᠵᠣᠭᠤᠰ ᠭᠤᠪᠢᠭᠤᠯᠬᠤ᠂ ᠱᠠᠩᠨᠠᠯ ᠣᠯᠬᠤ᠂ ᠭᠡᠷ ᠪᠦᠯᠢ ᠳᠡᠭᠡᠨ ᠮᠡᠳᠡᠭᠳᠡᠬᠦ᠂ | ᠰᠢᠯᠭᠠᠨ ᠪᠠᠲᠤᠯᠠᠬᠤ ᠨᠣᠮᠧᠷ᠂ ᠰᠦᠯᠵᠢᠶᠡᠨ ᠪᠠᠩᠬᠢ᠂ ᠰᠦᠯᠵᠢᠶᠡᠨ ᠳᠡᠭᠡᠷ᠎ᠡ ᠵᠣᠭᠤᠰ ᠨᠠᠭᠠᠳᠬᠤ᠂ ᠲᠠᠨᠢᠯ ᠪᠤᠰᠤ | ᠰᠦᠯᠵᠢᠶᠡᠨ ᠤ ᠥᠷᠲᠡᠭᠡ ᠶᠢᠨ ᠵᠠᠯᠭᠠᠬᠤ ᠵᠡᠷᠭᠡ ᠨᠢ ᠴᠥᠮ ᠮᠡᠬᠡᠯᠡᠭᠴᠢ ᠪᠣᠯᠤᠨ᠎ᠠ᠃ ᠭᠤᠷᠪᠠ ᠳᠤ᠂ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠰᠢᠭᠦᠬᠦ᠂ ᠭᠠᠶᠢᠯᠢ ᠶᠢᠨ ᠶᠠᠪᠤᠳᠠᠯ ᠪᠤᠶᠤ ᠤᠳᠤᠷᠢᠳᠬᠤ ᠺᠠᠳ᠋ᠷ ᠢᠶᠠᠷ ᠣᠪᠯᠠᠭᠰᠠᠳ ᠢ ᠴᠥᠮ | ᠤᠲᠠᠰᠤ ᠪᠠᠨ ᠳᠠᠷᠤᠨ᠎ᠠ᠃ | 12 . ᠬᠥᠲᠥᠯᠥᠭᠴᠢ | 2020 ᠣᠨ ᠳᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ 110 ᠳᠤ | ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ | ᠶᠠᠮᠠᠷ ᠦᠷ᠎ᠡ ᠪᠦᠲᠦᠮᠵᠢ ᠣᠯᠤᠭᠰᠠᠨ ᠪᠣᠶ︖ | 13 . ᠮᠡᠳᠡᠭᠡᠯᠡᠯ ᠤᠨ ᠵᠢᠯᠣᠭᠤᠳᠬᠤ ᠲᠥᠪ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠭᠡ | ᠠᠩᠭᠢ ᠶᠢᠨ ᠳᠡᠳ᠋ ᠳᠠᠷᠤᠭ᠎ᠠ ᠯᠢᠦ ᠶᠢᠩ | | | | | | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 110 ᠬᠡᠷᠡᠭ ᠤᠨ ᠬᠡᠷᠡᠭ ᠤᠨ | ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠮᠠᠰᠢ ᠴᠢᠬᠤᠯᠠᠴᠢᠯᠠᠨ ᠦᠵᠡᠭᠰᠡᠭᠡᠷ ᠢᠷᠡᠵᠡᠶ᠂ | ᠬᠡᠵᠢᠶᠡᠳᠡ 110 ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠣᠯᠠᠨ ᠲᠦᠮᠡᠨ ᠳᠤ ᠦᠢᠯᠡᠴᠢᠯᠡᠬᠦ | ᠬᠠᠮᠤᠭ ᠤᠨ ᠡᠮᠦᠨ᠎ᠡ ᠹᠷᠣᠨᠲ ᠪᠣᠯᠭᠠᠨ᠎ᠠ᠂ ᠤᠷᠢᠳᠠᠪᠠᠷ ᠬᠥᠭᠵᠢᠭᠦᠯᠬᠦ ᠪᠠᠶᠢᠷᠢᠨ ᠳᠤ ᠲᠠᠯᠪᠢᠵᠤ ᠪᠦᠬᠦ ᠲᠠᠯ᠎ᠠ ᠪᠠᠷ | ᠲᠥᠰᠦᠪᠯᠡᠬᠦ᠂ ᠪᠦᠬᠦ ᠲᠠᠯ᠎ᠠ ᠪᠠᠷ ᠪᠣᠳᠣᠯᠬᠢᠯᠠᠬᠤ᠂ ᠡᠨᠡ ᠵᠢᠯ ᠠᠴᠠ ᠨᠠᠰᠢ᠂ ᠬᠤᠲᠠ ᠶᠢᠨ ᠲᠣᠪᠴᠢᠶ᠎ᠠ ᠶᠢᠨ ᠨᠠᠮ ᠤᠨ | ᠬᠤᠷᠢᠶ᠎ᠠ ᠤᠷᠢᠳ ᠬᠤᠵᠢᠳ ᠬᠤᠶᠠᠷ ᠤᠳᠠᠭ᠎ᠠ ᠪᠦᠬᠦ ᠬᠤᠲᠠ ᠶᠢᠨ 110 ᠬᠡᠷᠡᠭ ᠰᠢᠢᠳᠪᠦᠷᠢᠯᠡᠬᠦ ᠠᠵᠢᠯ ᠤᠨ | ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠣᠭᠤᠯᠵᠣ᠂ 110 ᠴᠠᠭᠳᠠᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠶ ᠡᠷᠢᠬᠦ ᠬᠡᠷᠡᠭᠲᠡᠶ᠂ | ᠦᠨᠡᠨᠬᠦ ᠶᠠᠪᠤᠭᠳᠠᠭᠤᠰᠢᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠳᠠᠭᠠᠵᠤ᠂ ︽ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠴᠠᠭᠳᠠᠭᠠᠨ ᠤ ᠬᠠᠷᠢᠭᠤ | ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠵᠢᠷᠤᠮᠵᠢᠯ︾ ︵ᠲᠤᠷᠰᠢᠨ ᠬᠡᠷᠡᠭᠵᠢᠭᠦᠯᠬᠦ︶ ᠢ | ᠲᠣᠭᠲᠠᠭᠠᠨ ᠨᠡᠶᠢᠲᠡᠯᠡᠪᠡ᠂ ᠲᠤᠬᠠᠶᠢᠯᠠᠪᠠᠯ᠄ ︽ᠭᠤᠷᠪᠠᠨ ᠱᠠᠲᠤᠨ ᠤ ᠬᠠᠷᠢᠭᠤ ᠰᠤᠷᠪᠤᠯᠵᠢᠯᠠᠬᠤ︾ ᠲᠦᠷᠢᠮ᠂ ᠪᠦᠬᠦ | ᠬᠤᠲᠠ ᠶᠢᠨ 110 ᠬᠡᠷᠡᠭ ᠤᠨ ᠮᠡᠳᠡᠭᠦᠯᠦᠯᠲᠡ ᠶᠢ ᠬᠦᠯᠢᠶᠡᠨ ᠠᠪᠬᠤ ᠠᠵᠢᠯ ᠳᠤ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠂ ᠣᠯᠠᠨ ᠲᠦᠮᠡᠨ ᠤ ᠴᠠᠭᠳᠠᠭ᠎ᠠ ᠶᠢ ᠰᠢᠢᠳᠪᠦᠷᠢᠯᠡᠬᠦ ᠠᠵᠢᠯ ᠤᠨ | ᠰᠢᠨ᠎ᠡ ᠬᠦᠰᠡᠯ ᠢ ᠬᠠᠩᠭᠠᠬᠤ ᠶᠢᠨ ᠲᠥᠯᠥᠭᠡ᠃ | ᠬᠠᠷᠢᠭᠤ ᠰᠤᠷᠪᠤᠯᠵᠢᠯᠠᠬᠤ ᠬᠡᠪᠴᠢᠶᠡᠨ ᠳᠤ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠵᠢᠴᠢ ᠡᠯ᠎ᠡ | ᠲᠥᠷᠥᠯ ᠤᠨ ᠵᠢᠭᠤᠷᠠᠯᠳᠤᠭᠠᠨ᠂ ᠲᠤᠰᠠᠯᠠᠮᠵᠢ ᠭᠤᠶᠤᠴᠢᠯᠠᠬᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ | ᠬᠥᠳᠡᠯᠦᠯᠴᠡᠬᠦ᠂ ᠢᠯᠡᠴᠢᠯᠡᠨ ᠮᠡᠳᠡᠭᠦᠯᠵᠦ ᠵᠠᠭᠠᠯᠳᠤᠬᠤ ᠵᠡᠷᠭᠡ ᠶᠢ ᠪᠠᠭᠲᠠᠭᠠᠭᠰᠠᠨ ᠪᠦᠲᠦᠮᠵᠢᠲᠡᠶ ᠴᠠᠭᠳᠠᠭᠠᠨ ᠤ | ᠪᠠᠶᠢᠳᠠᠯ᠃ ᠬᠠᠷᠢᠭᠤ ᠰᠤᠷᠪᠤᠯᠵᠢᠯᠠᠬᠤ ᠠᠷᠭ᠎ᠠ ᠬᠡᠯᠪᠡᠷᠢ ᠪᠠᠷ 110 ᠴᠠᠭᠳᠠᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ ᠲᠠᠪᠴᠠᠩ ᠢᠶᠠᠷ ᠳᠠᠮᠵᠢᠭᠤᠯᠤᠨ ᠪᠥᠬᠦ ᠶᠠᠪᠤᠴᠠ ᠳᠤ ᠬᠠᠷᠢᠭᠤ ᠰᠤᠷᠪᠤᠯᠵᠢᠯᠠᠭ᠎ᠠ ᠬᠢᠨ᠎ᠠ︔ ᠤᠲᠠᠰᠤ᠂ | ᠣᠬᠤᠷ ᠮᠡᠳᠡᠭᠡ ᠪᠤᠶᠤ ᠣᠯᠠᠨ ᠲᠦᠮᠡᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠣᠯᠵᠣᠨ ᠰᠤᠷᠪᠤᠯᠵᠢᠯᠠᠬᠤ | ᠵᠡᠷᠭᠡ ᠠᠷᠭ᠎ᠠ ᠬᠡᠯᠪᠡᠷᠢ ᠪᠠᠷ ᠴᠠᠭᠳᠠᠭᠠᠨ ᠤ ᠪᠠᠶᠢᠳᠠᠯ ᠢ ᠰᠢᠢᠳᠪᠦᠷᠢᠯᠡᠵᠦ ᠳᠠᠭᠤᠰᠬᠠᠭᠰᠠᠨ ᠤ ᠬᠠᠮᠲᠤ ᠬᠤᠲᠠ ᠶᠢᠨ | ᠲᠣᠪᠴᠢᠶ᠎ᠠ ᠶᠢᠨ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ 48 ᠴᠠᠭ ᠤᠨ ᠳᠣᠲᠣᠷ᠎ᠠ | ᠴᠠᠭᠳᠠᠭ᠎ᠠ ᠳᠤ ᠮᠡᠳᠡᠭᠦᠯᠦᠭᠰᠡᠳ ᠢ ᠬᠠᠷᠢᠭᠤ ᠰᠤᠷᠪᠤᠯᠵᠢᠯᠠᠪᠠ᠃ | ᠬᠠᠷᠢᠭᠤ ᠰᠤᠷᠪᠤᠯᠵᠢᠯᠠᠬᠤ ᠠᠭᠤᠯᠭ᠎ᠠ ᠳᠤ ᠲᠦᠭᠰᠢᠭᠦᠷᠢ ᠭᠥᠯᠢᠶᠡᠨ ᠠᠪᠬᠤ ᠬᠤᠷᠳᠤᠴᠠ᠂ ᠲᠦᠭᠰᠢᠭᠦᠷᠢ | ᠰᠢᠢᠳᠪᠦᠷᠢᠯᠡᠬᠦ ᠵᠢᠷᠤᠮᠵᠢᠯ᠂ ᠴᠠᠭᠳᠠᠭᠠᠨ ᠤ ᠳᠦᠷᠢ ᠲᠥᠷᠬᠦ ᠬᠡᠪ ᠰᠤᠷᠲᠠᠯ ᠰᠠᠬᠢᠯᠭ᠎ᠠ ᠪᠠᠲᠤ᠂ ᠲᠤᠬᠠᠶ ᠶᠢᠨ | ᠲᠠᠯᠠᠪᠠᠶ ᠶᠢᠨ ᠰᠢᠢᠳᠪᠦᠷᠢᠯᠡᠭᠰᠡᠨ ᠦᠷ᠎ᠡ ᠳ᠋ᠦᠩ ᠨᠢ ᠲᠥᠪ ᠭᠤᠤᠯᠴᠢ ᠪᠠᠶᠢᠬᠤ ᠡᠰᠡᠬᠦ᠂ ᠬᠠᠨᠤᠮᠵᠢᠲᠠᠶ ᠪᠠᠶᠢᠬᠤ ᠡᠰᠡᠬᠦ | ᠵᠢᠴᠢ ᠲᠦᠭᠰᠢᠭᠦᠷᠢ ᠮᠡᠳᠡᠭᠦᠯᠦᠭᠴᠢ ᠶᠢ ᠴᠠᠭᠳᠠᠭ᠎ᠠ ᠲᠠᠢ ᠵᠣᠯᠭᠠᠭᠤᠯᠬᠤ ᠵᠢᠴᠢ ᠳᠣᠲᠣᠭᠠᠳᠤ ᠶᠢ ᠬᠠᠮᠠᠭᠠᠯᠠᠬᠤ | ᠠᠵᠢᠯ ᠤᠨ ᠰᠠᠨᠠᠯ ᠪᠠ ᠰᠠᠨᠠᠭᠤᠯᠭ᠎ᠠ ᠵᠡᠷᠭᠡ ᠪᠠᠭᠲᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠵᠠᠷ ︵ᠠᠩᠭᠢ︶ ᠤᠨ ᠬᠠᠷᠢᠭᠤ ᠰᠤᠷᠪᠤᠯᠵᠢᠯᠠᠬᠤ ᠨᠣᠷᠮ᠎ᠠ ᠶᠢ | ᠪᠦᠲᠦᠮᠵᠢᠲᠡᠶ ᠴᠠᠭᠳᠠᠭᠠᠨ ᠤ ᠪᠠᠶᠢᠳᠠᠯ ᠤᠨ 30 % 40 % ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ | ᠤᠲᠠᠰᠤ ᠪᠠᠷ ᠬᠠᠷᠢᠭᠤ ᠰᠤᠷᠪᠤᠯᠵᠢᠯᠠᠬᠤ ᠪᠠᠷ ᠳᠠᠮᠵᠢᠨ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠡᠭᠡ ᠪᠠᠷ | ᠳᠡᠭᠡᠭᠰᠢᠯᠡᠪᠡ᠃ ᠣᠶᠢᠷ᠎ᠠ ᠶᠢᠨ ᠭᠤᠷᠪᠠᠨ ᠰᠠᠷ᠎ᠠ ᠳᠤ᠂ ᠰᠤᠷᠪᠤᠯᠵᠢᠯᠠᠭ᠎ᠠ ᠬᠦᠯᠢᠶᠡᠭᠰᠡᠨ ᠣᠯᠠᠨ ᠲᠦᠮᠡᠨ ᠤ 110 | ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠳᠤ ᠲᠦᠭᠰᠢᠭᠦᠷᠢ ᠬᠦᠯᠢᠶᠡᠭᠰᠡᠨ ᠬᠠᠨᠤᠮᠵᠢᠲᠠᠶ ᠪᠠᠶᠢᠬᠤ | ᠨᠣᠷᠮ᠎ᠠ ᠨᠢ ᠳᠡᠭᠡᠷ᠎ᠡ ᠰᠠᠷ᠎ᠠ ︵96 . 98 %︶ ᠠᠴᠠ 97 . 86 % ᠪᠣᠯᠵᠣ ᠳᠡᠭᠡᠭᠰᠢᠯᠡᠨ᠂ 0 . 88 | ᠵᠠᠭᠤᠨ ᠤ ᠴᠡᠭ ᠳᠡᠭᠡᠭᠰᠢᠯᠡᠵᠦ᠂ ᠬᠤᠲᠠ ᠶᠢᠨ ᠲᠣᠭᠤᠷᠢᠭ ᠤᠨ ᠡᠯ᠎ᠡ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠶᠢᠨ | ᠬᠠᠨᠤᠮᠵᠢᠲᠠᠶ ᠪᠠᠶᠢᠬᠤ ᠨᠣᠷᠮ᠎ᠠ ᠨᠢ ᠳᠡᠭᠡᠷ᠎ᠡ ᠰᠠᠷ᠎ᠠ ︵95 . 62 %︶ ᠠᠴᠠ 96 . 15 % ᠪᠣᠯᠵᠣ | ᠳᠡᠭᠡᠭᠰᠢᠯᠡᠨ᠂ 0 . 53 ᠵᠠᠭᠤᠨ ᠤ ᠴᠡᠭ ᠳᠡᠭᠡᠭᠰᠢᠯᠡᠪᠡ᠃ | 110 ᠴᠠᠭᠳᠠᠭ᠎ᠠ ᠶᠢ ᠭᠥᠯᠢᠶᠡᠨ ᠠᠪᠴᠤ ᠰᠢᠶ᠋ᠳᠪᠦᠷᠢᠯᠡᠬᠦ ᠠᠵᠢᠯ ᠤᠨ ︽ᠭᠤᠷᠪᠠᠨ ᠱᠠᠲᠤᠨ ᠤ ᠬᠠᠷᠢᠭᠤ | ᠰᠤᠷᠪᠤᠯᠵᠢᠯᠠᠭ᠎ᠠ︾ ᠶᠢᠨ ᠲᠦᠷᠢᠮ ᠢ ᠪᠠᠶᠢᠭᠤᠯᠬᠤ ᠨᠢ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ | ᠰᠠᠭᠤᠷᠢ ᠠᠵᠢᠯ ᠢ ᠭᠦᠨᠵᠡᠭᠡᠶ ᠥᠷᠨᠢᠭᠦᠯᠬᠦ ᠳᠤ ᠠᠰᠢᠭᠲᠠᠶ ᠪᠠᠶᠢᠵᠤ᠂ ︽ᠠᠷᠠᠳ ᠲᠦᠮᠡᠨ ᠤ ᠲᠥᠯᠥᠭᠡ ᠪᠠᠶᠢᠬᠤ | ᠠᠯᠢᠪᠠ︾ ᠠᠮᠢᠳᠤᠯᠢᠭ ᠦᠢᠯᠡᠳᠦᠯᠭᠡ ᠶᠢ ᠭᠦᠨᠵᠡᠭᠡᠶ ᠦᠢᠯᠡᠳᠦᠯᠭᠡᠵᠢᠭᠦᠯᠵᠦ᠂ ᠣᠯᠠᠨ ᠲᠦᠮᠡᠨ ᠤ ᠰᠠᠨᠠᠭᠠᠰᠢᠷᠠᠵᠤ | ᠪᠠᠶᠢᠭ᠎ᠠ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠤ ᠠᠵᠢᠯ ᠢ ᠰᠠᠶᠢᠲᠤᠷ | ᠬᠢᠪᠠᠯ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠭᠤᠷᠢ ᠳᠠᠷᠤᠶ ᠪᠠᠬᠢᠵᠢᠵᠦ᠂ ᠪᠤᠰᠤᠳ ᠡᠯ᠎ᠡ ᠵᠦᠢᠯ ᠤᠨ | ᠲᠤᠬᠠᠶᠢᠯᠠᠭᠰᠠᠨ ᠠᠵᠢᠯ ᠢ ᠰᠠᠶᠢᠲᠤᠷ ᠪᠡᠶᠡᠯᠡᠭᠦᠯᠬᠦ ᠳᠤ ᠨᠥᠬᠦᠴᠡᠯ ᠬᠠᠩᠭᠠᠭᠰᠠᠨ ᠪᠠᠶᠢᠨ᠎ᠠ︔ ᠳᠣᠲᠣᠭᠠᠳᠤ ᠶᠢ | ᠬᠠᠮᠠᠭᠠᠯᠠᠬᠤ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ᠂ | 110 ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠪᠣᠯ ᠠᠷᠠᠳ ᠲᠦᠮᠡᠨ ᠳᠤ ᠦᠢᠯᠡᠴᠢᠯᠡᠬᠦ | ᠨᠢᠭᠡᠳᠦᠭᠡᠷ ᠭᠠᠷᠳᠠᠴᠠ ᠮᠥᠨ᠂ ᠨᠢᠭᠡ ᠯᠡ ᠳᠡᠭᠡᠷ᠎ᠡ ᠪᠥᠬᠦ ᠪᠡᠶ᠎ᠡ ᠶᠢ ᠳᠠᠶᠢᠴᠢᠯᠠᠬᠤ ᠴᠢᠳᠠᠮᠵᠢ ᠲᠠᠢ ᠪᠣᠯᠬᠤᠷ ᠡᠷᠬᠡᠪᠰᠢ | ᠰᠢᠨ᠎ᠡ ᠶᠢ ᠡᠭᠦᠳᠦᠨ ᠬᠥᠭᠵᠢᠭᠦᠯᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ︔ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠠᠵᠢᠯ ᠤᠨ ᠣᠨᠣᠯᠵᠢᠬᠤᠨ ᠢ ᠬᠤᠪᠢᠷᠠᠭᠤᠯᠬᠤ ᠳᠤ ᠠᠰᠢᠭᠲᠠᠶ᠃ ᠤᠯᠠᠨ | ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠡᠨᠡ ᠪᠣᠯ ᠪᠢᠳᠡᠨ ᠤ ᠦᠷᠭᠦᠯᠵᠢ ᠶᠠᠷᠢᠳᠠᠭ ᠦᠭᠡ | ᠂ ᠦᠢᠯᠡ ᠠᠵᠢᠯᠯᠠᠭ᠎ᠠ ᠳᠡᠭᠡᠷ᠎ᠡ ᠪᠠᠨ ᠬᠠᠷᠢᠨ ᠶᠡᠭᠡ ᠳᠤᠲᠠᠭᠤ ᠲᠤᠷᠭᠤᠨ ᠪᠠᠶᠢᠵᠤ᠂ ᠤᠯᠠᠨ ᠲᠦᠮᠡᠨ ᠤ ᠶᠠᠪᠤᠳᠠᠯ ᠢ | ᠣᠮᠲᠣᠭᠠᠶᠢᠯᠠᠵᠤ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠠᠯᠳᠠᠳᠠᠭ᠃ ︽ᠭᠤᠷᠪᠠᠨ ᠱᠠᠲᠤᠨ ᠤ ᠬᠠᠷᠢᠭᠤ | ᠰᠤᠷᠪᠤᠯᠵᠢᠯᠠᠭ᠎ᠠ︾ ᠶᠢᠨ ᠳᠦᠷᠢᠮ ᠢ ᠪᠠᠶᠢᠭᠤᠯᠬᠤ ᠪᠠᠷ ᠳᠠᠮᠵᠢᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ | ᠰᠠᠨᠠᠭᠤᠯᠭ᠎ᠠ ᠶᠢᠨ ᠬᠠᠷᠢᠭᠤ ᠲᠤᠰᠬᠠᠯ ᠢ ᠴᠠᠭᠳᠠᠭ᠎ᠠ ᠠᠷᠠᠳ ᠤᠨ ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ | ᠪᠢᠳᠡᠨ ᠢ ᠬᠡᠪ ᠰᠤᠷᠲᠠᠯ ᠢᠶᠠᠨ ᠬᠠᠯᠠᠨ ᠰᠠᠢᠵᠢᠷᠠᠭᠤᠯᠵᠤ᠂ ᠴᠠᠭᠳᠠᠭ᠎ᠠ ᠶᠢ ᠳᠦᠷᠢᠮᠵᠢᠭᠦᠯᠦᠨ ᠰᠢᠢᠳᠬᠡᠵᠦ᠂ ᠲᠦᠷᠭᠡᠨ | ᠲᠤᠰᠬᠠᠯ ᠭᠠᠷᠭᠠᠵᠤ᠂ ᠣᠯᠠᠨ ᠲᠦᠮᠡᠨ ᠤ ᠠᠮᠤᠷ ᠲᠦᠪᠰᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠪᠦᠬᠦ ᠬᠤᠲᠠ ᠶᠢᠨ 110 ᠳ᠋ᠤᠭᠠᠷ ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ | ᠴᠢᠨᠠᠷ ᠰᠠᠢᠲᠠᠢ ᠬᠥᠭᠵᠢᠯᠲᠡ ᠶᠢ ᠠᠬᠢᠭᠤᠯᠤᠨ᠎ᠠ᠃ | 14 . ᠬᠥᠲᠥᠯᠥᠭᠴᠢ | ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠨᠡᠶᠢᠭᠡᠮ ᠤᠨ ᠠᠮᠤᠷ ᠲᠦᠪᠰᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠶᠠᠮᠠᠷ | ᠶᠠᠮᠠᠷ ᠠᠵᠢᠯ ᠤᠨ ᠠᠷᠭ᠎ᠠ ᠬᠡᠮᠵᠢᠶ᠎ᠡ ᠠᠪᠬᠤ ᠪᠤᠶ︖ | 15 . ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠳᠡᠭᠡ ᠵᠠᠩᠭᠢ ᠶᠢᠨ ᠵᠢᠯᠣᠭᠤᠳᠬᠤ | ᠲᠥᠪ ᠤᠨ ᠤᠯᠤᠰ ᠲᠥᠷᠥ ᠶᠢᠨ ᠭᠡᠰᠢᠭᠦᠨ ᠯᠢ ᠭᠦᠸᠧ ᠫᠢᠩ | ᠨᠢᠭᠡ ᠳᠤ ᠵᠡᠭᠡᠯᠢ ᠪᠠᠷ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠪᠥᠬᠦ | ᠬᠤᠲᠠ ᠶᠢᠨ ᠡᠯ᠎ᠡ ᠲᠣᠭᠤᠷᠢᠨ ᠴᠠᠭᠳᠠᠬᠤ ᠲᠡᠷᠭᠡᠨ ᠳᠤᠭᠤᠶᠢᠯᠠᠩ ᠤᠨ ᠨᠢᠭᠡᠨᠲᠡ ᠲᠣᠭᠲᠠᠭᠠᠭᠰᠠᠨ ᠲᠣᠭᠤᠷᠢᠨ | ᠴᠠᠭᠳᠠᠬᠤ ᠣᠷᠣᠨ ᠪᠦᠰᠡ ᠶᠣᠰᠣᠭᠠᠷ᠂ ︽ᠴᠡᠭ᠂ ᠱᠤᠭᠤᠮ᠂ ᠨᠡᠶᠢᠳᠡᠮ︾ ᠢ ᠤᠶᠠᠯᠳᠤᠭᠤᠯᠤᠭᠰᠠᠨ ᠲᠣᠭᠤᠷᠢᠨ | ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠠᠭᠪᠤᠷ ᠢ ᠥᠷᠨᠢᠭᠦᠯᠦᠨ᠎ᠡ᠃ ᠬᠠᠮᠲᠤᠷᠠᠭᠰᠠᠨ ᠦᠢᠯᠡᠴᠢᠯᠡᠭᠡᠨ ᠤ | ᠵᠢᠯᠣᠭᠤᠳᠬᠤ ᠭᠠᠵᠠᠷ᠂ ᠴᠠᠭᠳᠠᠨ ᠡᠵᠡᠮᠳᠡᠬᠦ ᠲᠥᠪ ᠢᠶᠠᠷ ᠵᠢᠯᠣᠭᠤᠳᠬᠤ ᠲᠥᠪ ᠪᠣᠯᠭᠠᠬᠤ ᠬᠡᠷᠡᠭᠲᠡᠶ︔ ᠬᠤᠪᠢᠶᠠᠷᠢ | ᠲᠣᠪᠴᠢᠶ᠎ᠠ ᠶᠢᠨ ᠬᠥᠳᠡᠯᠦᠩᠭᠦᠶ ᠳᠤᠭᠤᠶᠢᠯᠠᠩ᠂ ᠲᠣᠮᠢᠯᠠᠭᠰᠠᠨ ᠰᠠᠯᠪᠤᠷᠢ ᠶᠢᠨ ᠴᠠᠭᠳᠠᠨ ᠲᠣᠭᠤᠷᠢᠬᠤ | ᠳᠤᠭᠤᠶᠢᠯᠠᠩ ᠢᠶᠠᠷ ᠰᠠᠭᠤᠷᠢ ᠪᠣᠯᠭᠠᠵᠤ᠂ ᠣᠨᠴᠠ ᠴᠠᠭᠳᠠᠭ᠎ᠠ ᠶᠢᠨ ᠰᠠᠯᠪᠤᠷᠢ ᠠᠩᠭᠢ ᠶᠢᠨ ᠴᠠᠭᠳᠠᠨ ᠡᠵᠡᠮᠳᠡᠬᠦ | ᠳᠤᠭᠤᠶᠢᠯᠠᠩ ᠢᠶᠠᠷ ᠭᠤᠤᠯᠯᠠᠭᠴᠢ ᠪᠣᠯᠭᠠᠵᠤ᠂ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠳᠤᠮᠳᠠ ᠠᠩᠭᠢ ᠪᠠᠷ ᠨᠥᠬᠦᠪᠥᠷᠢ ᠪᠣᠯᠭᠠᠵᠤ᠂ ᠡᠯ᠎ᠡ ᠴᠠᠭᠳᠠᠭ᠎ᠠ ᠶᠢᠨ ᠲᠥᠷᠥᠯ ᠤᠨ ᠢᠳᠡᠪᠬᠢᠲᠡᠶ | ᠣᠷᠣᠯᠴᠠᠭᠰᠠᠨ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ᠃ ᠡᠯ᠎ᠡ ᠬᠠᠷᠢᠶ᠎ᠠ ᠣᠷᠣᠨ ᠤ | ᠲᠣᠮᠢᠯᠠᠭᠰᠠᠨ ᠰᠠᠯᠪᠤᠷᠢ ᠪᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠭᠰᠠᠨ᠂ ᠴᠠᠭᠳᠠᠭᠠᠨ ᠤ ᠶᠠᠪᠤᠳᠠᠯ ᠤᠨ | ᠠᠵᠢᠯ ᠤᠨ ᠥᠷᠲᠡᠭᠡ ᠪᠠᠷ ᠰᠠᠭᠤᠷᠢ ᠴᠡᠭ ᠪᠣᠯᠭᠠᠭᠰᠠᠨ᠂ ᠬᠥᠳᠡᠯᠬᠦ ᠳᠤᠮᠳᠠ ᠵᠢᠵᠢᠭᠦᠷᠯᠡᠬᠦ ᠪᠠᠷ ᠲᠤᠯᠭᠠᠭᠤᠷᠢ | ᠪᠣᠯᠭᠠᠭᠰᠠᠨ᠂ ᠵᠠᠮ ᠬᠠᠷᠢᠯᠴᠠᠭᠠᠨ ᠤ ᠭᠤᠤᠯ ᠵᠠᠮ ᠢ ᠬᠠᠮᠢᠶᠠᠷᠤᠨ ᠡᠵᠡᠮᠳᠡᠬᠦ ᠪᠠᠷ ᠵᠠᠩᠭᠢᠯᠠᠭ᠎ᠠ ᠶᠢᠨ ᠴᠡᠭ ᠪᠣᠯᠭᠠᠭᠰᠠᠨ᠂ | ᠨᠡᠶᠢᠭᠡᠮ ᠲᠣᠭᠤᠷᠢᠭ ᠤᠨ ᠲᠣᠭᠤᠷᠢᠨ ᠴᠠᠭᠳᠠᠬᠤ ᠪᠠ ᠭᠤᠤᠯ ᠵᠠᠮ ᠤᠨ ᠲᠣᠭᠤᠷᠢᠨ ᠴᠠᠭᠳᠠᠬᠤ ᠶᠢ ᠬᠠᠷᠢᠯᠴᠠᠨ | ᠤᠶᠠᠯᠳᠤᠭᠤᠯᠤᠭᠰᠠᠨ᠂ ᠨᠡᠶᠢᠭᠡᠮ ᠤᠨ ᠪᠥᠬᠦ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ | ᠥᠷᠨᠢᠭᠦᠯᠬᠦ ᠠᠷᠭ᠎ᠠ ᠮᠠᠶ᠋ᠢᠭ ᠢ ᠪᠦᠷᠢᠯᠳᠦᠭᠦᠯᠦᠨ᠎ᠡ᠃ ᠰᠤᠷᠭᠠᠭᠤᠯᠢ ᠶᠢᠨ ᠬᠦᠷᠢᠶ᠎ᠡ᠂ ᠡᠮᠨᠡᠯᠭᠡ ᠶᠢᠨ ᠬᠤᠷᠢᠶ᠎ᠠ ᠵᠢᠴᠢ | ᠬᠤᠳᠠᠯᠳᠤᠭᠠᠨ ᠤ ᠲᠠᠯᠠᠪᠤᠷ᠂ ᠲᠡᠷᠭᠡᠨ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ︵ᠣᠷᠣᠨ | ᠪᠠᠶᠢᠷᠢ︶ ᠤᠨ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠨᠢᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ | ᠂ ᠡᠯ᠎ᠡ ᠴᠠᠭᠳᠠᠨ ᠲᠣᠭᠤᠷᠢᠬᠤ ᠲᠡᠷᠭᠡᠨ ᠳᠤᠭᠤᠶᠢᠯᠠᠩ ᠤᠨ ︽ᠴᠠᠭᠳᠠᠭ᠎ᠠ ᠦᠵᠡᠬᠦ ᠨᠣᠷᠮ᠎ᠠ᠂ ᠬᠡᠷᠡᠭ ᠬᠠᠮᠢᠶᠠᠷᠬᠤ | ᠨᠣᠷᠮ᠎ᠠ᠂ ᠰᠦᠷᠳᠡᠭᠦᠯᠬᠦ ᠬᠦᠴᠦᠨ︾ ᠢ ᠦᠨᠡᠨᠬᠦ ᠳᠡᠭᠡᠭᠰᠢᠯᠡᠭᠦᠯᠦᠨ᠂ ︽ᠡᠳᠦᠷ ᠴᠠᠭᠳᠠᠭ᠎ᠠ ᠲᠠᠢ ᠠᠭᠤᠯᠵᠠᠵᠤ᠂ | ᠰᠥᠨᠢ ᠳ᠋ᠧᠩ ᠲᠠᠢ ᠪᠣᠯᠵᠤ︾᠂ ᠵᠡᠭᠡᠯᠢ ᠳᠡᠭᠡᠷᠡᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠶᠠᠯ᠎ᠠ ᠬᠢᠬᠦ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠬᠠᠨ ᠳᠠᠷᠤᠬᠤ ᠬᠡᠷᠡᠭᠲᠡᠶ᠃ | ᠴᠠᠭᠳᠠᠨ ᠲᠣᠭᠤᠷᠢᠬᠤ ᠰᠡᠷᠭᠡᠶᠢᠯᠡᠨ ᠬᠢᠵᠠᠭᠠᠷᠯᠠᠬᠤ ᠠᠵᠢᠯ ᠤᠨ ᠨᠡᠢᠭᠡᠮ ᠤᠨ ᠠᠮᠤᠷ ᠲᠦᠪᠰᠢᠨ ᠢ ᠬᠠᠮᠠᠭᠠᠯᠠᠬᠤ | ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠨᠡᠢᠭᠡᠮ ᠤᠨ ᠠᠮᠤᠷ | ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠴᠢᠷᠮᠠᠢᠨᠠᠢ ᠬᠠᠮᠠᠭᠠᠯᠠᠵᠤ᠂ ᠠᠮᠤᠷ ᠲᠦᠪᠰᠢᠨ᠂ ᠲᠣᠭᠲᠠᠭᠤᠨ᠂ ᠡᠶ᠎ᠡ | ᠵᠣᠬᠢᠴᠠᠯ ᠲᠠᠢ ᠨᠡᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠳᠤ ᠬᠤᠪᠢ ᠨᠡᠮᠡᠷᠢ | ᠦᠵᠡᠭᠦᠯᠦᠨ᠎ᠡ᠃ ᠬᠤᠶᠠᠷ ᠲᠤ ᠲᠤᠰᠬᠠᠢ ᠬᠡᠷᠡᠭ ᠤᠨ ᠲᠤᠷᠰᠢᠨ ᠪᠠᠶᠢᠴᠠᠭᠠᠯᠲᠠ ᠶᠢ ᠴᠢᠩᠭᠠᠳᠬᠠᠪᠠ᠃ ᠨᠥᠯᠥᠭᠡ ᠪᠠᠷ | ᠮᠠᠭᠤ᠂ ᠠᠷᠭ᠎ᠠ ᠪᠠᠷᠢᠯ ᠨᠢ ᠬᠠᠷᠭᠢᠰ ᠬᠡᠷᠴᠡᠭᠡᠢ᠂ ᠬᠥᠨᠥᠭᠡᠭᠳᠡᠬᠦ ᠡᠲᠡᠭᠡᠳ ᠨᠢ ᠣᠨᠴᠠᠭᠠᠢ ᠬᠡᠷᠡᠭ ᠲᠤ᠂ ᠳᠠᠪᠠᠭᠤᠯᠢᠭ | ᠬᠦᠴᠦᠨ ᠢᠶᠠᠨ ᠲᠥᠪᠯᠡᠷᠡᠭᠦᠯᠦᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠲᠦᠷᠭᠡᠨ ᠲᠠᠩᠨᠠᠨ | ᠲᠦᠷᠭᠡᠨ ᠢᠯᠡᠷᠡᠭᠦᠯᠵᠦ᠂ ᠨᠡᠶᠢᠭᠡᠮ ᠤᠨ ᠨᠥᠯᠥᠭᠡ ᠶᠢ ᠴᠠᠭ ᠲᠤᠬᠠᠢ ᠳᠤᠨᠢ ᠠᠷᠢᠯᠭᠠᠨ᠎ᠠ᠃ ᠣᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠠᠷᠠᠳ ᠤᠨ ᠠᠮᠢᠳᠤᠷᠠᠯ ᠤᠨ ᠵᠢᠵᠢᠭ ᠬᠡᠷᠡᠭ ᠲᠤ᠂ ᠬᠠᠷᠢᠶ᠎ᠠ ᠭᠠᠵᠠᠷ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠳᠤ ᠴᠠᠭ ᠲᠤᠬᠠᠶ ᠳᠤᠨᠢ | ᠲᠣᠬᠢᠷᠠᠭᠤᠯᠤᠯᠲᠠ ᠬᠢᠵᠦ᠂ ᠬᠡᠷᠡᠭ ᠭᠠᠷᠬᠤ ᠵᠢᠮ᠎ᠡ ᠶᠣᠰᠣ ᠶᠢ ᠭᠦᠨᠵᠡᠭᠡᠶ ᠰᠤᠳᠤᠯᠤᠨ᠂ ᠴᠣᠬᠢᠯᠲᠠ ᠥᠭᠴᠦ | ᠴᠡᠭᠴᠡᠯᠡᠨ ᠵᠠᠰᠠᠬᠤ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ | ᠴᠢᠩᠭᠠᠳᠬᠠᠨ᠎ᠠ᠃ ᠭᠤᠷᠪᠠ ᠳᠤ ᠡᠳ᠋ ᠬᠥᠷᠥᠩᠭᠡ ᠳᠤ ᠬᠠᠯᠳᠠᠭᠰᠠᠨ ᠲᠥᠷᠥᠯ ᠤᠨ ᠬᠡᠷᠡᠭ ᠲᠤ ᠴᠣᠬᠢᠯᠲᠠ ᠥᠭᠴᠦ | ᠳᠡᠩᠨᠡᠨ ᠰᠢᠶ᠋ᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ︽ᠡᠳ᠋ ᠬᠥᠷᠥᠩᠭᠡ ᠳᠤ ᠬᠠᠯᠳᠠᠭᠰᠠᠨ | ᠬᠡᠷᠡᠭ ᠲᠤ ᠴᠣᠬᠢᠯᠲᠠ ᠥᠭᠬᠦ ᠪᠠ ᠬᠤᠤᠷ ᠲᠠᠲᠠᠬᠤ ᠶᠢ ᠵᠣᠭᠰᠣᠭᠠᠬᠤ ᠬᠥᠮᠦᠰ ᠢ ᠶᠡᠬᠡᠪᠡᠷ ᠬᠦᠯᠢᠶᠡᠨ ᠠᠪᠬᠤ | ᠲᠤᠰᠬᠠᠶ ᠵᠦᠶ᠋ᠯ ᠤᠨ ᠠᠵᠢᠯᠯᠠᠭ᠎ᠠ︾ ᠪᠣᠯᠤᠨ ︽ᠲᠣᠤᠷ ᠰᠦᠯᠵᠢᠶᠡᠨ ᠤ ᠴᠠᠬᠢᠯᠭᠠᠨ ᠬᠤᠯᠪᠣᠭᠠᠨ ᠤ ᠮᠡᠬᠡᠯᠡᠯ ᠳᠤ | ᠴᠣᠬᠢᠯᠲᠠ ᠥᠭᠬᠦ︾ ᠲᠤᠰᠬᠠᠶ ᠵᠦᠶ᠋ᠯ ᠤᠨ ᠠᠵᠢᠯᠯᠠᠭ᠎ᠠ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠬᠦ | ᠶᠠᠪᠤᠳᠠᠯ ᠢᠶᠠᠷ ᠦᠷᠭᠦᠯᠵᠢᠯᠡᠨ ᠭᠤᠤᠯᠯᠠᠭᠤᠯᠤᠨ᠂ ᠨᠡᠶᠢᠭᠡᠮ ᠤᠨ ᠠᠮᠤᠷ ᠲᠦᠪᠰᠢᠨ ᠪᠥᠭᠡᠳ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | 16 . ᠬᠠᠮᠢᠶᠠᠷᠤᠭᠴᠢ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠢᠭᠤᠴᠠ ᠮᠡᠳᠡᠭᠡᠨ ᠤ ᠵᠢᠯᠣᠭᠤᠳᠬᠤ | ᠲᠥᠪ ᠤᠨ ᠤᠯᠤᠰ ᠲᠥᠷᠥ ᠶᠢᠨ ᠭᠡᠰᠢᠭᠦᠨ ᠯᠢ ᠭᠦᠸᠧ ᠫᠢᠩ᠂ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ | ᠳᠡᠳ᠋ ᠡᠷᠬᠢᠯᠡᠭᠴᠢ ᠬᠤᠤ ᠯᠢ ᠫᠢᠩ᠂ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠸᠠᠩ ᠱᠤ᠋ ᠯᠢᠩ᠂ ᠨᠢᠭᠤᠴᠠ ᠮᠡᠳᠡᠭᠡᠨ ᠤ | ᠵᠢᠯᠣᠭᠤᠳᠬᠤ ᠲᠥᠪ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠯᠢᠦ | ᠶᠢᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠶᠠᠷᠯᠠᠯ᠎ᠠ᠃ | | |