ᠰᠤᠷᠪᠤᠯᠵᠢᠯᠠᠭᠰᠠᠨ ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ ᠲᠥᠷᠥᠯ ᠤᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠺᠠᠩ | ᠢᠦᠶ | 1 . ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠠᠶᠢᠵᠦ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2 . ᠬᠥᠲᠥᠯᠥᠭᠴᠢ | ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠹᠷᠣᠨᠲ ᠲᠤ᠂ ᠡᠶᠢᠮᠦ ᠨᠢᠭᠡᠨ ᠡᠩᠨᠡᠭᠡ ᠲᠠᠢ᠂ ᠲᠠᠳᠠ | ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠭᠡᠵᠦ᠂ ᠠᠵᠢᠯ | ᠲᠥᠷᠥᠯ ᠤᠨ ᠲᠠᠯᠠᠪᠤᠷ ᠲᠤ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠠᠮᠤᠷ ᠢ | ᠬᠠᠮᠠᠭᠠᠯᠠᠬᠤ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠢ | ᠵᠢᠯᠣᠭᠤᠳᠤᠨ ᠪᠠᠶᠢᠴᠠᠭᠠᠨ ᠰᠢᠢᠳᠪᠦᠷᠢᠯᠡᠵᠦ᠂ ᠲᠡᠳᠡᠨ ᠤ ᠠᠵᠢᠯ ᠨᠢ ᠲᠦᠪᠡᠭ ᠪᠤᠳᠤᠯᠢᠶᠠᠨᠲᠠᠶ᠂ ᠲᠣᠮᠣ ᠬᠡᠯᠪᠡᠷᠢ ᠶᠢᠨ | ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠴᠠ ᠳᠣᠲᠣᠭᠠᠳᠤ ᠶᠢᠨ ᠨᠢᠭᠡᠴᠡ ᠶᠢᠨ ᠬᠠᠮᠢᠶᠠᠷᠤᠯᠲᠠ ᠬᠦᠷᠲᠡᠯ᠎ᠡ᠂ | ᠠᠶᠤᠯᠲᠠᠶ ᠪᠣᠳᠠᠰ ᠤᠨ ᠬᠠᠮᠢᠶᠠᠷᠤᠯᠲᠠ ᠠᠴᠠ ᠣᠨᠴᠠ ᠲᠥᠷᠥᠯ ᠤᠨ ᠠᠵᠢᠯ ᠲᠥᠷᠥᠯ ᠤᠨ ᠬᠠᠮᠢᠶᠠᠷᠤᠯᠲᠠ ᠬᠦᠷᠲᠡᠯ᠎ᠡ᠂ | ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠴᠠ ᠬᠠᠮᠲᠤᠯᠢᠭ ᠤᠨ ᠴᠢᠨᠠᠷᠲᠠᠶ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ | ᠪᠠ ᠰᠢᠢᠳᠪᠦᠷᠢᠯᠡᠬᠦ ᠬᠦᠷᠲᠡᠯ᠎ᠡ᠂ ᠲᠠᠳᠠ ᠦᠭᠡ ᠲᠠᠭᠤ ᠥᠬᠡᠶ ᠠᠵᠢᠯᠯᠠᠵᠤ᠂ ᠪᠥᠬᠦ ᠬᠤᠲᠠ ᠶᠢᠨ ᠨᠡᠶᠢᠭᠡᠮ ᠤᠨ | ᠠᠮᠤᠷ ᠲᠦᠪᠰᠢᠨ ᠲᠣᠭᠲᠠᠭᠤᠨ ᠪᠠ ᠡᠶ᠎ᠡ ᠵᠣᠬᠢᠴᠠᠯ ᠲᠠᠢ ᠪᠠᠶᠢᠬᠤ ᠳᠤ ᠲᠦᠢᠯ ᠤᠨ ᠶᠡᠭᠡ ᠬᠤᠪᠢ ᠨᠡᠮᠡᠷᠢ ᠦᠵᠡᠭᠦᠯᠪᠡ | ᠃ ᠲᠡᠳᠡ ᠪᠣᠯ ᠳᠠᠷᠤᠶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠴᠠᠭᠳᠠᠭ᠎ᠠ ᠨᠠᠷ ᠪᠤᠯᠤᠨ᠎ᠠ᠃ | 3 . ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ | ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ | | | | | | ᠬᠥᠲᠥᠯᠥᠭᠴᠢ ᠰᠠᠶᠢᠨ ᠤᠤ᠂ ᠨᠠᠶᠢᠵᠠ ᠨᠠᠷ ᠰᠠᠶᠢᠨ ᠪᠠᠶᠢᠵᠠᠭᠠᠨ᠎ᠠ ᠤᠤ ︕ ᠲᠣᠰ ᠲᠠᠪᠴᠠᠩ ᠢᠶᠠᠷ | ᠳᠠᠮᠵᠢᠭᠤᠯᠤᠨ ᠥᠷᠭᠡᠨ ᠣᠯᠠᠨ ᠬᠤᠲᠠ ᠶᠢᠨ ᠠᠷᠠᠳ ᠲᠠᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ | ᠲᠠᠯ᠎ᠠ ᠪᠠᠷ ᠰᠣᠯᠢᠯᠴᠠᠭ᠎ᠠ ᠬᠢᠭᠰᠡᠨ ᠳᠡᠭᠡᠨ ᠮᠠᠰᠢ ᠪᠠᠶᠠᠷᠲᠠᠶ ᠪᠠᠶᠢᠨ᠎ᠠ᠃ ᠶᠠᠭᠤᠨ ᠤ ᠡᠮᠦᠨ᠎ᠡ᠂ ᠪᠢ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠦᠬᠦ ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠲᠥᠯᠥᠭᠡᠯᠡᠨ᠂ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠠᠩᠬᠠᠷᠤᠨ ᠳᠡᠮᠵᠢᠵᠦ ᠪᠠᠶᠢᠭ᠎ᠠ ᠥᠷᠭᠡᠨ ᠣᠯᠠᠨ | ᠰᠣᠨᠣᠰᠤᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ ᠡᠭᠦᠨ ᠤ ᠬᠠᠮᠲᠤ ᠪᠠᠰᠠ ᠡᠨᠡ ᠬᠦ | ᠲᠠᠪᠴᠠᠩ ᠢᠶᠠᠷ ᠳᠠᠮᠵᠢᠭᠤᠯᠤᠨ ᠪᠢᠳᠡᠨ ᠤ ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ | ᠪᠢᠳᠡᠨ ᠢ ᠬᠠᠮᠵᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠣᠷᠴᠢᠨ | ᠨᠥᠬᠦᠴᠡᠯ ᠢ ᠬᠠᠮᠲᠤ ᠪᠠᠷ ᠪᠣᠢ ᠪᠣᠯᠭᠠᠬᠤ ᠶᠢ ᠬᠦᠰᠡᠵᠦ ᠪᠠᠶᠢᠨ᠎ᠠ᠃ | 4 . ᠬᠥᠲᠥᠯᠥᠭᠴᠢ | ᠣᠶᠢᠯᠠᠭᠠᠭᠰᠠᠨ ᠢᠶᠠᠷ᠂ ᠮᠠᠨ ᠤ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠡᠯ᠎ᠡ ᠲᠥᠷᠥᠯ ᠤᠨ ᠠᠮᠤᠷ ᠢ | ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠤᠨ ᠲᠣᠭᠤᠷᠢᠨ ᠳᠤ᠂ ᠨᠡᠶᠢᠭᠡᠮ ᠤᠨ ᠲᠠᠯ᠎ᠠ ᠶᠢᠨ ᠠᠮᠤᠷ ᠢ | ᠬᠠᠮᠠᠭᠠᠯᠠᠬᠤ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠳᠤᠮᠳᠠ ᠶᠡᠭᠡ ᠬᠡᠮᠵᠢᠶᠡᠨ ᠤ ᠠᠵᠢᠯ ᠬᠢᠵᠦ᠂ ᠪᠥᠬᠦ | ᠬᠤᠲᠠ ᠶᠢᠨ ᠨᠡᠶᠢᠭᠡᠮ ᠤᠨ ᠠᠮᠤᠷ ᠲᠣᠭᠲᠠᠭᠤᠨ ᠪᠠ ᠠᠮᠤᠷ ᠢ ᠬᠠᠮᠠᠭᠠᠯᠠᠬᠤ ᠲᠣᠭᠲᠠᠭᠤᠨ ᠢ ᠪᠦᠲᠦᠮᠵᠢᠲᠡᠶ | ᠬᠠᠮᠠᠭᠠᠯᠠᠵᠤ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠤᠨ ᠨᠡᠶᠢᠭᠡᠮ ᠤᠨ ᠠᠮᠤᠷ ᠢ ᠬᠠᠮᠠᠭᠠᠯᠠᠬᠤ ᠲᠠᠯ᠎ᠠ ᠪᠠᠷ ᠶᠠᠮᠠᠷ | ᠶᠠᠮᠠᠷ ᠠᠵᠢᠯ ᠬᠢᠭᠰᠡᠨ ᠢ ᠲᠠᠨᠢᠯᠴᠠᠭᠤᠯᠤᠭᠠᠳ ᠦᠭᠭᠦᠨ᠎ᠡ ᠤᠤ︖ | 5 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | | | | | | | | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯ ᠮᠠᠨ ᠤ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠢᠯᠠᠩᠭᠤᠶ᠎ᠠ ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠲᠤᠰᠢᠶᠠᠯ | ᠬᠠᠷᠢᠭᠤᠴᠠᠯᠭ᠎ᠠ ᠮᠥᠨ᠂ ᠡᠨᠡ ᠵᠢᠯ ᠠᠴᠠ ᠨᠠᠰᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠬᠤᠲᠠ ᠶᠢᠨ | ᠲᠣᠪᠴᠢᠶᠠᠨ ᠤ ᠨᠠᠮ ᠤᠨ ᠬᠤᠷᠢᠶ᠎ᠠ ᠪᠠ ᠲᠤᠬᠠᠶᠢᠯᠠᠭᠰᠠᠨ ᠠᠵᠢᠯ ᠶᠢᠨ ᠳᠡᠭᠡᠳᠦ ᠱᠠᠲᠤᠨ ᠤ ᠵᠥᠪ ᠤᠳᠤᠷᠢᠳᠤᠯᠭ᠎ᠠ | ᠳᠣᠤᠷ᠎ᠠ᠂ ᠤᠯᠤᠰ ᠲᠥᠷᠥ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡᠯᠡᠬᠦ ᠤᠬᠠᠮᠰᠠᠷ ᠪᠠ | ᠠᠶᠤᠯ ᠲᠦᠭᠰᠢᠭᠦᠷᠢ ᠶᠢᠨ ᠤᠬᠠᠮᠰᠠᠷ᠂ ︽ᠬᠠᠮᠤᠭ ᠤᠨ ᠴᠢᠩᠭ᠎ᠠ ᠱᠠᠭᠠᠷᠳᠠᠯᠭ᠎ᠠ ᠶᠣᠰᠣᠭᠠᠷ᠂ ᠬᠠᠮᠤᠭ ᠥᠨᠳᠥᠷ | ᠪᠠᠷᠢᠮᠵᠢᠶ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠠᠪᠬᠤ ᠵᠣᠷᠢᠯᠭ᠎ᠠ ᠱᠠᠭᠠᠷᠳᠠᠯᠭ᠎ᠠ᠂ ᠲᠣᠭᠲᠠᠭᠤᠨ ᠪᠠᠶᠢᠳᠠᠯ ᠢ | ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠲᠠ ᠴᠢᠩᠭ᠎ᠠ | ᠣᠯᠠᠨ ᠨᠡᠶᠢᠲᠡ ᠶᠢᠨ ᠲᠠᠯᠠᠪᠤᠷ᠂ ᠣᠨᠴᠠᠭᠠᠶ ᠠᠵᠢᠯ ᠲᠦᠷᠦᠯ᠂ ᠠᠶᠤᠯᠲᠠᠶ ᠳᠡᠯᠪᠡᠷᠡᠬᠦ ᠪᠣᠳᠠᠰ᠂ ᠢᠯᠡᠭᠡᠨ ᠬᠦᠷᠭᠡᠬᠦ | ᠪᠠᠷᠠᠭ᠎ᠠ ᠶᠢᠨ ᠭᠦᠢᠯᠭᠡᠭᠡ ᠵᠡᠷᠭᠡ ᠰᠠᠭᠤᠷᠢ ᠡᠯᠧᠮᠧᠨ᠋ᠲ ᠤᠨ ᠬᠠᠮᠢᠶᠠᠷᠤᠯᠲᠠ ᠡᠵᠡᠮᠳᠡᠯ᠂ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠪᠠ ᠴᠣᠬᠢᠯᠲᠠ ᠥᠭᠬᠦ ᠵᠡᠷᠭᠡ ᠴᠣᠬᠢᠯᠲᠠ ᠥᠭᠴᠦ ᠰᠡᠷᠭᠡᠶᠢᠯᠡᠬᠦ | ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠣ᠂ ᠰᠠᠭᠤᠷᠢ ᠲᠤᠭ᠎ᠠ ᠶᠢ ᠲᠣᠳᠣᠷᠬᠠᠶᠢᠯᠠᠬᠤ᠃ ᠪᠠᠶᠢᠳᠠᠯ | ᠲᠣᠳᠣᠷᠬᠠᠢ᠂ ᠡᠵᠡᠮᠳᠡᠵᠦ ᠳᠡᠶᠢᠯᠬᠦ᠂ ᠦᠷ᠎ᠡ ᠪᠦᠲᠦᠮᠵᠢ ᠰᠠᠶᠢᠨ ᠪᠠᠶᠢᠬᠤ ᠬᠠᠷᠠᠯᠲᠠ ᠪᠣᠯᠣᠨ᠎ᠠ᠃ | 6 . ᠬᠥᠲᠥᠯᠥᠭᠴᠢ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠠᠵᠢᠯ ᠤᠨ ᠬᠡᠪᠴᠢᠶ᠎ᠡ ᠳᠤ ᠨᠡᠶᠢᠭᠡᠮ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠡᠯ᠎ᠡ ᠲᠠᠯ᠎ᠠ ᠶᠢ ᠪᠠᠭᠲᠠᠭᠠᠵᠤ᠂ ᠥᠨᠥᠳᠦᠷ ᠪᠢᠳᠡ ᠣᠯᠠᠨ ᠲᠦᠮᠡᠨ ᠤ | ᠠᠮᠢᠳᠤᠷᠠᠯ ᠲᠠᠢ ᠬᠠᠮᠤᠭ ᠠᠴᠠ ᠣᠶᠢᠷᠠᠯᠴᠠᠭ᠎ᠠ ᠪᠠᠶᠢᠭ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ | ᠪᠠᠭᠤᠳᠠᠯ ᠤᠨ ᠦᠢᠯᠡᠰ ᠤᠨ ᠬᠤᠨᠤᠭ ᠪᠠᠭᠤᠳᠠᠯ ᠪᠠ ᠣᠨᠢᠰᠤ ᠨᠡᠭᠡᠭᠡᠬᠦ ᠵᠡᠷᠭᠡ ᠲᠠᠯ᠎ᠠ ᠪᠠᠷ ᠭᠦᠨᠵᠡᠭᠡᠶ | ᠣᠶᠢᠯᠠᠭᠠᠯᠲᠠ ᠲᠠᠢ ᠪᠣᠯᠵᠠᠶ᠃ ᠬᠡᠤᠬᠡᠳ ᠪᠣᠯ ᠡᠬᠡ ᠤᠯᠤᠰ ᠤᠨ ᠢᠷᠡᠭᠡᠳᠦᠶ᠂ ᠰᠤᠷᠭᠠᠭᠤᠯᠢ ᠪᠣᠯ ᠬᠡᠤᠬᠡᠳ ᠢ | ᠬᠥᠮᠦᠵᠢᠭᠦᠯᠬᠦ ᠥᠯᠥᠭᠡᠶ᠂ ᠮᠠᠨ ᠤ ᠬᠤᠲᠠ ᠶᠢᠨ ᠰᠤᠷᠭᠠᠭᠤᠯᠢ ᠶᠢᠨ ᠦᠨᠳᠦᠰᠦᠨ ᠪᠠᠶᠢᠳᠠᠯ ᠶᠠᠮᠠᠷ ᠪᠣᠶ︖ | 7 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠪᠣᠯᠤᠨ᠎ᠠ᠃ ᠳᠣᠤᠷ᠎ᠠ ᠪᠢ ᠮᠠᠨ ᠤ ᠬᠤᠲᠠ ᠶᠢᠨ ᠰᠤᠷᠭᠠᠭᠤᠯᠢ ᠶᠢᠨ ᠦᠨᠳᠦᠰᠦᠨ ᠪᠠᠶᠢᠳᠠᠯ ᠢ ᠣᠯᠠᠨ ᠳᠤ | ᠲᠠᠨᠢᠯᠴᠠᠭᠤᠯᠤᠶ᠎ᠠ᠄ ᠣᠳᠣᠬᠠᠨ ᠳᠤ᠂ ᠮᠠᠨ ᠤ ᠬᠤᠲᠠ ᠳᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ | 707 ᠪᠣᠶ᠂ ᠡᠭᠦᠨ ᠳᠤ᠄ ᠪᠥᠬᠦ ᠬᠤᠲᠠ ᠶᠢᠨ ᠳᠤᠮᠳᠠᠳᠤ ᠰᠤᠷᠭᠠᠭᠤᠯᠢ 115᠂ ᠪᠠᠭ᠎ᠠ ᠰᠤᠷᠭᠠᠭᠤᠯᠢ 200᠂ | ᠬᠡᠤᠬᠡᠳ ᠤᠨ ᠴᠡᠴᠡᠷᠯᠢᠭ 386᠂ ᠣᠨᠴᠠᠭᠠᠶ ᠰᠤᠷᠭᠠᠭᠤᠯᠢ 6᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ 61 ᠪᠣᠶ᠃ | 8 . ᠬᠥᠲᠥᠯᠥᠭᠴᠢ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠦᠭ ᠲᠦᠮᠡᠨ ᠬᠡᠷ ᠪᠦᠯᠢ ᠶᠢᠨ ᠠᠩᠬᠠᠷᠤᠯ ᠢ ᠲᠠᠲᠠᠵᠤ᠂ | ᠡᠲᠡᠭᠡᠷ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠵᠢᠴᠢ ᠪᠥᠲᠥᠭᠡᠨ ᠪᠠᠶᠢᠭᠤᠯᠤᠯᠲᠠ᠂ ᠬᠤᠲᠠ ᠶᠢᠨ | ᠲᠣᠪᠴᠢᠶ᠎ᠠ ᠳᠤ ᠶᠠᠮᠠᠷ ᠶᠠᠮᠠᠷ ᠰᠡᠳᠬᠢᠴᠡ ᠪᠠ ᠠᠷᠭ᠎ᠠ ᠪᠠᠶᠢᠬᠤ ᠪᠣᠶ︖ | 9 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠣᠳᠣᠬᠠᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠂ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠠᠪᠴᠤ᠂ ᠠᠯᠳᠠᠰᠢ ᠭᠠᠷᠬᠤ ᠶᠢ ᠬᠤᠷᠢᠭᠯᠠᠨ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠪᠠᠷ | ᠲᠦᠯᠬᠢᠨ ᠠᠬᠢᠭᠤᠯᠪᠠ᠃ | ᠨᠢᠭᠡᠳᠦᠭᠡᠷ ᠲᠤ᠂ ᠵᠢᠭᠠᠪᠤᠷᠢ ᠠᠪᠴᠤ ᠮᠡᠳᠡᠭᠦᠯᠬᠦ ᠶᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠠᠵᠢᠯ ᠢ ᠨᠥᠯᠥᠭᠡᠯᠡᠬᠦ ᠪᠠ ᠬᠢᠵᠠᠭᠠᠷᠯᠠᠬᠤ ᠳᠤ ᠬᠦᠴᠢᠷ ᠠᠰᠠᠭᠤᠳᠠᠯ ᠢ ᠴᠠᠭ ᠲᠤᠬᠠᠶ ᠳᠤᠨᠢ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ | ᠬᠠᠷᠢᠭᠤ ᠮᠡᠳᠡᠭᠦᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠪᠣᠯᠤᠨ ᠴᠢᠬᠤᠯᠠᠴᠢᠯᠠᠯ ᠢ | ᠢᠳᠡᠪᠬᠢᠯᠡᠨ ᠣᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠥᠯᠥᠭᠡᠯᠡᠬᠦ ᠠᠰᠠᠭᠤᠳᠠᠯ ᠢ | ᠴᠢᠷᠮᠠᠶᠢᠨ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠢ | ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ | ᠬᠤᠶᠠᠳᠤᠭᠠᠷ ᠲᠤ᠂ ᠬᠥᠮᠦᠨ ᠢᠶᠠᠷ ᠦᠨᠳᠦᠰᠦ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ | ᠦᠵᠡᠯ ᠰᠠᠨᠠᠭ᠎ᠠ ᠪᠠ ᠳᠣᠲᠣᠷ᠎ᠠ ᠭᠠᠳᠠᠨ᠎ᠠ ᠠᠴᠠ ᠰᠡᠷᠭᠡᠶᠢᠯᠡᠬᠦ ᠴᠢᠭᠯᠡᠯᠲᠡ ᠶᠢ ᠪᠠᠷᠢᠮᠲᠠᠯᠠᠬᠤ ᠬᠡᠷᠡᠭᠲᠡᠢ᠃ ᠬᠥᠮᠦᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠥᠲᠥᠭᠡᠨ | ᠪᠠᠶᠢᠭᠤᠯᠤᠭᠴᠢ ᠪᠣᠯᠤᠨ ᠬᠡᠷᠡᠭᠵᠢᠭᠦᠯᠦᠭᠴᠢ ᠶᠢ ᠱᠠᠭᠠᠷᠳᠠᠵᠤ ᠪᠠᠶᠢᠭᠠᠳ ᠪᠥᠬᠦ ᠪᠠᠭᠰᠢ ᠰᠤᠷᠤᠭᠴᠢᠳ ᠤᠨ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ | ᠰᠠᠶᠢᠲᠤᠷ ᠬᠢᠵᠦ᠂ ᠰᠤᠷᠤᠭᠴᠢᠳ ᠤᠨ ᠬᠠᠶᠢᠷ᠎ᠠ ᠰᠡᠳᠬᠢᠯᠭᠡ ᠪᠣᠯᠤᠨ ᠰᠡᠳᠬᠢᠴᠡ ᠶᠢᠨ ᠬᠤᠪᠢᠷᠠᠯᠲᠠ ᠶᠢ ᠠᠩᠬᠠᠷᠬᠤ | ᠬᠡᠷᠡᠭᠲᠡᠶ᠃ ᠣᠶᠢᠷ᠎ᠠ ᠶᠢᠨ ᠵᠢᠯ ᠳᠤ ᠭᠠᠷᠤᠭᠰᠠᠨ ᠬᠡᠳᠦᠨ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠬᠡᠷᠡᠭ ᠪᠣᠯ | ᠭᠠᠳᠠᠭᠠᠳᠤ ᠬᠦᠴᠦᠨ ᠵᠦᠢᠯ ᠪᠢᠰᠢ᠂ ᠬᠠᠷᠢᠨ ᠳᠣᠲᠣᠭᠠᠳᠤ ᠰᠡᠳᠬᠢᠴᠡ ᠶᠢᠨ ᠵᠥᠷᠢᠴᠡᠯ ᠰᠢᠷᠦᠭᠦᠰᠦᠭᠰᠡᠨ ᠠᠴᠠ | ᠪᠣᠯᠤᠭᠰᠠᠨ ᠦᠷ᠎ᠡ ᠳ᠋ᠦᠩ ᠮᠥᠨ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠨᠢ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠬᠠᠮᠢᠶᠠᠷᠤᠭᠴᠢ ᠨᠢ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠳᠣᠣᠷᠠᠬᠢ | ᠪᠡᠯᠡᠳᠬᠡᠯ ᠲᠥᠰᠦᠯ ᠢ ᠰᠠᠶᠢᠲᠤᠷ ᠬᠢᠬᠦ ᠪᠠᠷ ᠪᠠᠷᠠᠬᠤ ᠦᠭᠡᠢ᠂ ᠨᠡᠩ ᠴᠢᠬᠤᠯᠠ ᠨᠢ ᠬᠡᠷᠡᠭ ᠭᠠᠷᠬᠤ ᠠᠴᠠ ᠡᠮᠦᠨ᠎ᠡ | ᠬᠠᠮᠢᠶᠠᠷᠤᠭᠴᠢ ᠨᠢ ᠵᠣᠬᠢᠰᠲᠠᠢ ᠠᠷᠭ᠎ᠠ ᠮᠠᠶ᠋ᠢᠭ ᠢᠶᠠᠷ ᠵᠠᠯᠠᠵᠤ ᠵᠢᠯᠣᠭᠤᠳᠬᠤ ᠪᠠ ᠭᠠᠷ ᠲᠦᠷᠦᠭᠦ ᠶᠢ ᠱᠠᠭᠠᠷᠳᠠᠳᠠᠭ᠃ | ᠭᠤᠷᠪᠠᠳᠤᠭᠠᠷ ᠲᠤ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠢᠳᠡᠪᠬᠢᠲᠡᠢ ᠥᠷᠨᠢᠭᠦᠯᠬᠦ | ᠬᠡᠷᠡᠭᠲᠡᠢ᠃ ᠪᠢᠳᠡ ᠰᠤᠷᠭᠠᠨ ᠬᠥᠮᠦᠵᠢᠯ᠂ ᠶᠡᠷᠦᠩᠬᠡᠶᠢᠯᠡᠨ ᠵᠠᠰᠠᠬᠤ᠂ ᠰᠣᠶᠣᠯ᠂ ᠦᠢᠯᠡᠳᠪᠦᠷᠢ ᠬᠤᠳᠠᠯᠳᠤᠭ᠎ᠠ᠂ | ᠬᠤᠳᠠ ᠶᠢᠨ ᠬᠠᠮᠢᠶᠠᠷᠤᠯᠲᠠ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠰᠢᠨ᠎ᠡ | ᠠᠰᠠᠭᠤᠳᠠᠯ᠂ ᠰᠢᠨ᠎ᠡ ᠣᠨᠴᠠᠯᠢᠭ ᠲᠤ ᠴᠢᠭᠯᠡᠭᠦᠯᠦᠨ᠂ ᠤᠬᠠᠭᠤᠯᠭ᠎ᠠ ᠪᠠ ᠲᠥᠪᠯᠡᠷᠡᠩᠭᠦᠢ ᠨᠢᠭᠡᠳᠦᠯᠲᠡᠢ ᠵᠠᠰᠠᠯᠲᠠ ᠶᠢᠨ | ᠠᠵᠢᠯᠯᠠᠭ᠎ᠠ ᠶᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠠᠮᠤᠷ ᠲᠦᠪᠰᠢᠨ ᠢ ᠨᠥᠯᠥᠭᠡᠯᠡᠬᠦ ᠬᠠᠯᠠᠭᠤᠨ ᠴᠡᠭ ᠤᠨ ᠪᠠ ᠬᠦᠴᠢᠷᠲᠡᠢ ᠠᠰᠠᠭᠤᠳᠠᠯ ᠢ ᠰᠢᠢᠳᠪᠦᠷᠢᠯᠡᠪᠡ᠃ | ᠳᠥᠷᠪᠡᠳᠦᠭᠡᠷ ᠲᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠳ᠋ ᠤᠨ ᠵᠠᠰᠠᠭ ᠤᠨ | ᠣᠷᠣᠭᠤᠯᠤᠯᠲᠠ ᠶᠢ ᠪᠠᠲᠤᠯᠠᠨ᠎ᠠ᠃ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠲᠣᠭᠤᠷᠢᠭ ᠤᠨ ᠵᠠᠰᠠᠭ ᠤᠨ | ᠣᠷᠳᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠡᠯ᠎ᠡ ᠲᠥᠷᠥᠯ ᠤᠨ ᠠᠰᠢᠭ ᠤᠯᠬᠤ | ᠵᠣᠷᠢᠯᠭ᠎ᠠ ᠪᠠᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠥᠬᠡᠶ ᠰᠤᠷᠭᠠᠨ | ᠬᠥᠮᠦᠵᠢᠯ ᠤᠨ ᠲᠠᠯᠠᠪᠤᠷ ᠭᠠᠵᠠᠷ ᠢ ᠡᠷᠡᠰ ᠴᠠᠭᠠᠵᠠᠯᠠᠵᠤ᠂ ᠰᠤᠷᠭᠠᠨ ᠬᠥᠮᠦᠵᠢᠯ ᠤᠨ ᠡᠮᠬᠢ ᠳᠢᠭᠯᠢᠮ ᠢ | ᠵᠢᠷᠤᠮᠵᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠠᠴᠠ ᠡᠳ᠋ ᠤᠨ ᠵᠠᠰᠠᠭ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠢ ᠵᠣᠬᠢᠴᠠᠭᠤᠯᠤᠨ ᠵᠢᠭᠠᠨ ᠰᠤᠷᠭᠠᠬᠤ ᠣᠷᠴᠢᠨ ᠲᠣᠭᠤᠷᠢᠨ ᠢ ᠨᠢ ᠵᠢᠷᠤᠮᠵᠢᠭᠤᠯᠵᠤ᠂ ᠲᠤᠰᠬᠠᠶ | ᠵᠦᠢᠯ ᠤᠨ ᠪᠡᠯᠡ ᠮᠥᠩᠭᠦ ᠴᠤᠭᠯᠠᠭᠤᠯᠤᠨ ᠨᠢᠭᠡᠨᠲᠡ ᠳᠠᠩᠰᠠᠯᠠᠭᠤᠯᠤᠨ ᠲᠡᠮᠳᠡᠭᠯᠡᠭᠦᠯᠦᠭᠰᠡᠨ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠪᠠᠶᠢᠷᠢ ᠶᠢᠨ ᠣᠳᠣᠬᠢ ᠪᠠᠶᠢᠳᠠᠯ ᠢ ᠰᠠᠶᠢᠵᠢᠷᠠᠭᠤᠯᠵᠤ᠂ ᠪᠠᠭᠰᠢ | ᠰᠤᠷᠤᠭᠴᠢᠳ ᠤᠨ ᠪᠠᠶᠢᠭᠠᠯᠢ ᠶᠢᠨ ᠭᠠᠶ ᠭᠠᠮᠰᠢᠭ ᠪᠤᠶᠤ ᠵᠣᠷᠢᠭᠤᠳᠠ ᠶᠢᠨ ᠬᠤᠣᠷ ᠬᠥᠨᠥᠭᠡᠯ ᠢ ᠡᠰᠡᠷᠭᠦᠴᠡᠬᠦ | ᠴᠢᠳᠠᠪᠤᠷᠢ ᠶᠢ ᠪᠠᠲᠤᠯᠠᠵᠤ᠂ ᠠᠮᠤᠷ ᠢ ᠬᠠᠮᠠᠭᠠᠯᠠᠬᠤ ᠬᠦᠴᠦᠨ ᠢ ᠭᠦᠢᠴᠡᠳ ᠲᠣᠬᠢᠷᠠᠭᠤᠯᠤᠨ᠂ ᠴᠢᠬᠤᠯᠠ ᠪᠦᠬᠦᠢ | ᠬᠥᠮᠦᠨ᠂ ᠮᠡᠷᠭᠡᠵᠢᠯ᠂ ᠪᠣᠳᠠᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠪᠣᠯᠤᠨ ᠪᠠᠭᠠᠵᠢ | ᠬᠡᠷᠡᠭᠰᠡᠯ ᠢ ᠲᠣᠬᠢᠷᠠᠭᠤᠯᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠤᠯᠢ ᠪᠤᠰᠤ ᠡᠲᠡᠭᠡᠳ ᠤᠨ ᠬᠤᠣᠷ | ᠬᠥᠨᠥᠭᠡᠯ ᠢ ᠡᠰᠡᠷᠭᠦᠴᠡᠬᠦ ᠴᠢᠳᠠᠪᠤᠷᠢ ᠶᠢ ᠪᠠᠲᠤᠯᠠᠬᠤ ᠬᠡᠷᠡᠭᠲᠡᠶ᠃ | ᠲᠠᠪᠤᠳᠤᠭᠠᠷ ᠲᠤ᠂ ᠤᠯᠠᠨ ᠰᠠᠯᠠᠭ᠎ᠠ ᠮᠥᠴᠢᠷ ᠬᠠᠮᠲᠤᠷᠠᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ | ᠦᠷᠭᠦᠯᠵᠢ ᠥᠷᠨᠢᠭᠦᠯᠦᠨ᠎ᠡ᠃ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ᠂ | ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠲᠤᠰ ᠰᠤᠷᠭᠠᠭᠤᠯᠢ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠠᠮᠤᠷ | ᠲᠦᠪᠰᠢᠨ ᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠳᠠᠯᠳᠠ ᠬᠡᠮ ᠢ | ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠪᠠᠶᠢᠷᠢ ᠶᠢᠨ ᠭᠠᠯ ᠤᠨᠲᠠᠷᠠᠭᠠᠬᠤ ᠠᠮᠤᠷ | ᠲᠦᠪᠰᠢᠨ ᠢ ᠴᠡᠭᠴᠡᠯᠡᠨ ᠵᠠᠰᠠᠬᠤ᠂ ᠪᠠᠶᠢᠷᠢ ᠶᠢᠨ ᠬᠡᠷ ᠤᠨ ᠬᠤᠯᠠᠭᠠᠶᠢᠴᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠶᠢ | ᠪᠠᠭᠲᠠᠭᠠᠭᠰᠠᠨ ᠡᠯ᠎ᠡ ᠰᠤᠷᠭᠠᠭᠤᠯᠢ ᠶᠢᠨ ᠵᠣᠬᠢᠬᠤ ᠬᠤᠭᠤᠴᠠᠭᠠᠨ ᠳᠤ ᠪᠡᠶᠡᠯᠡᠭᠦᠯᠬᠦ ᠪᠠᠷ ᠬᠢᠵᠠᠭᠠᠷᠯᠠᠵᠤ᠂ ᠬᠠᠲᠠᠭᠤ | ᠲᠣᠨᠤᠭ ᠲᠥᠬᠦᠭᠡᠷᠦᠮᠵᠢ ᠶᠢ ᠠᠮᠤᠷ ᠲᠦᠪᠰᠢᠨ ᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ | ᠃ | ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ | ᠴᠢᠩᠭᠠᠳᠬᠠᠬᠤ ᠶᠢᠨ ᠲᠥᠯᠥᠭᠡ᠂ ᠮᠠᠨ ᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠳᠤᠷᠢᠳᠤᠯᠭ᠎ᠠ ᠳᠣᠤᠷ᠎ᠠ᠂ ︽ᠰᠤᠷᠭᠠᠭᠤᠯᠢ ᠶᠢᠨ | ᠬᠦᠷᠢᠶ᠎ᠡ ᠶᠢ ᠬᠠᠮᠠᠭᠠᠯᠠᠬᠤ︾ ᠲᠤᠰᠬᠠᠶ ᠵᠦᠢᠯ ᠤᠨ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ | ᠵᠦᠢᠯ ᠤᠨ ᠠᠵᠢᠯ ᠢ ᠢᠳᠡᠪᠬᠢᠲᠡᠢ ᠥᠷᠨᠢᠭᠦᠯᠦᠨ᠎ᠡ᠂ ︽ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠠᠮᠤᠷ | ᠲᠦᠪᠰᠢᠨ ᠤ ᠰᠡᠷᠭᠡᠶᠢᠯᠡᠯᠲᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠴᠠᠭᠳᠠᠨ | ᠰᠡᠷᠭᠡᠶᠢᠯᠡᠬᠦ᠂ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠴᠦ ᠰᠢᠢᠳᠪᠦᠷᠢᠯᠡᠬᠦ᠂ ᠴᠠᠭᠳᠠᠭ᠎ᠠ ᠪᠠ ᠰᠤᠷᠭᠠᠭᠤᠯᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠂ | ᠰᠤᠷᠭᠠᠭᠤᠯᠢ ᠶᠢᠨ ᠬᠦᠷᠢᠶᠡᠨ ᠤ ᠬᠠᠤᠯᠢ ᠳᠦᠷᠢᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ ᠬᠡᠳᠦᠨ | ᠵᠦᠢᠯ ᠤᠨ ᠠᠵᠢᠯ ᠤᠨ ᠠᠷᠭ᠎ᠠ ᠬᠡᠮᠵᠢᠶ᠎ᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠳᠤ ᠪᠠᠶᠢᠭ᠎ᠠ ᠪᠠᠭᠰᠢ | ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠣ᠂ ᠨᠥᠯᠥᠭᠡ ᠲᠠᠢ ᠰᠤᠷᠭᠠᠭᠤᠯᠢ ᠶᠢᠨ | ᠬᠦᠷᠢᠶᠡᠨ ᠤ ᠴᠢᠬᠤᠯᠠ ᠶᠡᠭᠡ ᠬᠡᠷᠡᠭ ᠭᠠᠷᠬᠤ ᠶᠢ ᠡᠷᠡᠰ ᠰᠡᠷᠭᠡᠶᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠲᠣᠭᠲᠠᠭᠤᠨ ᠢ ᠬᠠᠮᠠᠭᠠᠯᠠᠨ᠎ᠠ᠃ | ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠬᠤᠲᠠ ᠶᠢᠨ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ᠂ ᠰᠤᠷᠭᠠᠨ ᠬᠥᠮᠦᠵᠢᠯ᠂ ᠳᠣᠲᠣᠭᠠᠳᠤ ᠶᠢ | ᠬᠠᠮᠠᠭᠠᠯᠠᠬᠤ ᠭᠤᠷᠪᠠᠨ ᠰᠠᠯᠠᠭ᠎ᠠ ᠮᠥᠴᠢᠷ ᠬᠠᠮᠲᠤᠷᠠᠨ ︽ᠠᠮᠤᠷ ᠲᠠᠶᠢᠪᠤᠩ ᠰᠤᠷᠭᠠᠭᠤᠯᠢ︾ ᠶᠢ ᠪᠥᠲᠥᠭᠡᠨ | ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠪᠣᠶ ᠪᠥᠬᠦᠶ | ᠰᠤᠷᠭᠠᠭᠤᠯᠢ ᠳᠤ ᠨᠢᠭᠡ ᠳᠠᠷᠤᠪᠴᠢ ᠮᠠᠶ᠋ᠢᠭ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠵᠢᠬᠦ | ᠰᠢᠰᠲ᠋ᠧᠮ ᠤᠭᠰᠠᠷᠠᠵᠤ᠂ ᠰᠤᠷᠭᠠᠭᠤᠯᠢ ᠬᠢᠭᠡᠳ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠰᠤᠷᠭᠠᠨ | ᠬᠥᠮᠦᠵᠢᠯ ᠪᠠ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠢ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ | ᠲᠣᠭᠤᠷᠢᠨ ᠢ ᠴᠠᠭ ᠢᠮᠠᠭᠲᠠ ᠬᠢᠨᠠᠨ ᠡᠵᠡᠮᠳᠡᠬᠦ ᠪᠣᠯᠭᠠᠵᠠᠶ᠃ ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠵᠠᠮ ᠬᠠᠷᠢᠯᠴᠠᠭᠠᠨ ᠤ ᠡᠮᠬᠢ ᠵᠢᠷᠤᠮ ᠤᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠬᠦᠨᠳᠦ᠂ | ᠴᠠᠭᠳᠠᠭᠠᠨ ᠤ ᠬᠦᠴᠦᠨ ᠴᠥᠭᠡᠨ ᠵᠡᠷᠭᠡ ᠪᠠᠶᠢᠳᠠᠯ ᠳᠣᠤᠷ᠎ᠠ᠂ ᠰᠤᠷᠭᠠᠭᠤᠯᠢ ᠳᠤ ᠣᠴᠢᠬᠤ ᠪᠠ ᠰᠤᠷᠭᠠᠭᠤᠯᠢ | ᠲᠠᠷᠬᠠᠬᠤ ᠣᠷᠭᠢᠯ ᠤᠨ ᠬᠤᠭᠤᠴᠠᠭᠠᠨ ᠳᠤ ᠲᠤᠰᠬᠠᠶ ᠴᠠᠭᠳᠠᠭᠠᠨ ᠤ ᠬᠦᠴᠦᠨ ᠢ ᠲᠠᠲᠠᠵᠤ ᠰᠤᠷᠭᠠᠭᠤᠯᠢ ᠶᠢᠨ ᠡᠷᠬᠢᠨ | ᠲᠣᠭᠤᠷᠢᠨ ᠳᠤ ᠠᠮᠤᠷ ᠲᠦᠪᠰᠢᠨ ᠢ ᠬᠠᠮᠠᠭᠠᠯᠠᠬᠤ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠢ ᠲᠦᠢᠯ ᠤᠨ ᠶᠡᠭᠡ ᠪᠠᠷ | ᠬᠠᠮᠠᠭᠠᠯᠠᠪᠠ᠃ | 10 . ᠬᠥᠲᠥᠯᠥᠭᠴᠢ | ᠫᠤᠤ ᠵᠡᠪᠰᠡᠭ ᠲᠡᠷᠢ ᠰᠤᠮᠤ ᠶᠢ ᠬᠠᠮᠢᠶᠠᠷᠤᠨ ᠡᠵᠡᠮᠳᠡᠬᠦ ᠲᠤᠬᠠᠶ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ | ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠪᠠᠶᠢᠬᠤ ᠪᠣᠶ︖ | 11 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | 1996 ᠣᠨ ᠳᠤ ︽ᠫᠤᠤ ᠶᠢᠨ ᠬᠠᠤᠯᠢ︾ ᠶᠢ ᠨᠡᠶᠢᠲᠡᠯᠡᠭᠰᠡᠨ ᠠᠴᠠ ᠨᠠᠭᠠᠰᠢ᠂ ᠫᠤᠤ ᠵᠡᠪᠰᠡᠭ ᠰᠤᠮᠤ ᠲᠠᠷᠢ | ᠪᠠ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠦᠢᠯᠡᠳᠬᠦ᠂ ᠬᠤᠳᠠᠯᠳᠤᠭᠠᠯᠠᠬᠤ᠂ ᠵᠥᠭᠡᠭᠡᠪᠦᠷᠢᠯᠡᠬᠦ᠂ | ᠰᠢᠦᠳᠠᠨ ᠢᠶᠠᠷ ᠢᠯᠡᠭᠡᠬᠦ᠂ ᠬᠠᠳᠠᠭᠠᠯᠠᠬᠤ᠂ ᠬᠤᠪᠢ ᠬᠥᠮᠦᠨ ᠤ ᠡᠵᠡᠮᠰᠢᠵᠦ ᠪᠠᠶᠢᠭ᠎ᠠ ᠫᠤᠤ ᠵᠡᠪᠰᠡᠭ ᠰᠤᠮᠤ ᠲᠠᠷᠢ ᠪᠠ | ᠳᠡᠯᠪᠡᠴᠢᠬᠦ ᠪᠣᠳᠠᠰ ᠢ ᠬᠠᠤᠯᠢ ᠪᠤᠰᠤ ᠪᠠᠷ ᠦᠢᠯᠡᠳᠬᠦ᠂ ᠵᠥᠭᠡᠭᠡᠪᠦᠷᠢᠯᠡᠬᠦ᠂ ᠰᠢᠦᠳᠠᠨ ᠢᠶᠠᠷ ᠢᠯᠡᠭᠡᠬᠦ᠂ ᠬᠤᠪᠢ | ᠬᠥᠮᠦᠨ ᠤ ᠡᠵᠡᠮᠰᠢᠬᠦ ᠶᠢ ᠲᠣᠳᠣᠷᠬᠠᠢ ᠵᠠᠷᠯᠢᠭ ᠪᠠᠭᠤᠯᠭᠠᠭᠰᠠᠨ ᠪᠥᠭᠡᠳ ᠡᠶᠢᠮᠦᠷᠬᠦ ᠦᠢᠯᠡ ᠠᠵᠢᠯᠯᠠᠭ᠎ᠠ ᠶᠢ ᠡᠷᠡᠭᠦᠦ | ᠰᠢᠳᠬᠡᠯ ᠢᠶᠠᠷ ᠰᠢᠳᠬᠡᠬᠦ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠢᠯ ᠪᠦᠷᠢ ᠴᠥᠮ ᠫᠤᠤ ᠵᠡᠪᠰᠡᠭ ᠲᠡᠷᠢ ᠰᠤᠮᠤ ᠪᠠ ᠳᠡᠯᠪᠡᠷᠡᠬᠦ | ᠡᠳ᠋ ᠪᠣᠳᠠᠰ ᠢ ᠬᠠᠮᠢᠶᠠᠷᠤᠨ ᠡᠵᠡᠮᠳᠡᠬᠦ ᠪᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠲᠤᠰᠬᠠᠶ ᠠᠵᠢᠯᠯᠠᠭ᠎ᠠ ᠥᠷᠨᠢᠭᠦᠯᠳᠡᠭ᠃ ᠲᠤᠰᠬᠠᠢ ᠠᠵᠢᠯᠯᠠᠭ᠎ᠠ ᠪᠠᠷ ᠳᠠᠮᠵᠢᠭᠤᠯᠤᠨ ᠫᠤᠤ ᠵᠡᠪᠰᠡᠭ ᠲᠡᠷᠢ ᠰᠤᠮᠤ ᠶᠢᠨ | ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠬᠤᠳᠠᠯᠳᠤᠭᠠᠯᠠᠭᠰᠠᠨ᠂ ᠦᠢᠯᠡᠳᠦᠭᠰᠡᠨ᠂ ᠵᠥᠭᠡᠭᠡᠪᠦᠷᠢᠯᠡᠭᠰᠡᠨ᠂ | ᠰᠢᠦᠳᠠᠨ ᠢᠶᠠᠷ ᠢᠯᠡᠭᠡᠭᠰᠡᠨ᠂ ᠬᠠᠳᠠᠭᠠᠯᠠᠭᠰᠠᠨ ᠪᠠ ᠬᠤᠪᠢ ᠬᠥᠮᠦᠨ ᠤ ᠡᠵᠡᠮᠰᠢᠭᠰᠡᠨ ᠬᠠᠤᠯᠢ ᠶᠢ ᠵᠥᠷᠢᠴᠡᠭᠰᠡᠨ | ᠶᠠᠯᠠᠲᠤ ᠡᠲᠡᠭᠡᠳ ᠲᠤ ᠬᠦᠨᠳᠦ ᠴᠣᠬᠢᠯᠲᠠ ᠥᠭᠪᠡ᠃ | 12 . ᠬᠥᠲᠥᠯᠥᠭᠴᠢ | ᠲᠠ ᠰᠠᠶ᠋ᠢᠬᠠᠨ ᠳᠤᠷᠠᠳᠤᠭᠰᠠᠨ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠢᠯ ᠪᠦᠷᠢ ︽ᠫᠤᠤ | ᠵᠡᠪᠰᠡᠭ ᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ︾ ᠲᠤᠰᠬᠠᠶ ᠠᠵᠢᠯᠯᠠᠭ᠎ᠠ ᠦᠷᠨᠢᠭᠦᠯᠵᠦ᠂ ᠮᠠᠨ ᠤ ᠬᠤᠲᠠ | ᠡᠨᠡ ᠵᠢᠯ ᠫᠤᠤ ᠵᠡᠪᠰᠡᠭ ᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠭᠡᠳ ᠶᠠᠮᠠᠷ | ᠶᠠᠮᠠᠷ ᠦᠷ᠎ᠡ ᠪᠦᠲᠦᠭᠡᠯ ᠣᠯᠤᠭᠰᠠᠨ ᠪᠣᠶ︖ | 13 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | | ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠡᠯ᠎ᠡ ᠲᠥᠷᠥᠯ ᠤᠨ ᠫᠤᠤ ᠵᠡᠪᠰᠡᠭ ᠢ ᠨᠡᠶᠢᠲᠡ 482᠂ ᠰᠤᠮᠤ 34721᠂ ᠳᠠᠷᠢ 2500 | ᠺᠢᠯᠣᠭ᠍ᠷᠠᠮ᠂ ᠲᠡᠰᠦᠷᠡᠭᠦᠯᠦᠭᠴᠢ 7929᠂ ᠭᠢᠨᠵᠢᠲᠦ ᠳᠡᠯᠪᠡᠷᠡᠬᠦ ᠪᠣᠳᠠᠰ 911 ᠮᠧᠲᠷ᠂ ᠲᠡᠶᠢᠨ ᠤ ᠦᠯᠡᠳᠡᠭᠳᠡᠯ | ᠪᠣᠳᠠᠰ 8᠂ ᠳᠠᠭᠤᠷᠢᠶᠠᠮᠠᠯ ᠫᠤᠤ 15᠂ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ 1250᠂ ᠬᠤᠯᠬᠤᠪᠴᠢ ᠨᠤᠮᠤ | 14᠂ ᠠᠮᠠᠷᠬᠠᠨ ᠦᠶ᠋ᠯᠡᠳᠬᠦ ᠠᠶᠤᠯᠲᠠᠶ ᠬᠢᠮᠢ ᠶᠢᠨ ᠪᠣᠳᠠᠰ 20 ᠺᠢᠯᠣᠭ᠍ᠷᠠᠮ ᠬᠤᠷᠢᠶᠠᠵᠤ᠂ ᠫᠤᠤ ᠳᠤ | ᠬᠤᠯᠪᠣᠭᠳᠠᠭᠰᠠᠨ ᠡᠷᠡᠭᠦᠦ ᠶᠢᠨ ᠬᠡᠷᠡᠭ ᠢ 3 ᠢᠯᠡᠷᠡᠭᠦᠯᠵᠦ᠂ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ | ᠬᠡᠮᠵᠢᠶ᠎ᠡ 5 ᠬᠥᠮᠦᠨ ᠪᠠᠶᠢᠪᠠ︔ ᠫᠤᠤ ᠵᠡᠪᠰᠡᠭ ᠲᠤ ᠬᠤᠯᠪᠣᠭᠳᠠᠭᠰᠠᠨ ᠠᠮᠤᠷ ᠢ ᠬᠠᠮᠠᠭᠠᠯᠠᠬᠤ ᠬᠡᠷᠡᠭ 3 ᠪᠠᠶᠢᠵᠤ᠂ | 4 ᠬᠥᠮᠦᠨ ᠳᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠪᠡ︔ ᠳᠡᠯᠪᠡᠷᠡᠯᠲᠡ ᠳᠤ ᠬᠤᠯᠪᠣᠭᠳᠠᠭᠰᠠᠨ | ᠡᠷᠡᠭᠦᠦ ᠶᠢᠨ ᠬᠡᠷᠡᠭ 2 ᠪᠠᠶᠢᠵᠤ᠂ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠬᠥᠮᠦᠨ | 4 ᠪᠠᠶᠢᠨ᠎ᠠ︔ ᠳᠡᠯᠪᠡᠷᠡᠯᠲᠡ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ ᠬᠡᠷᠡᠭ 57 ᠪᠠᠶᠢᠵᠤ᠂ 60 ᠬᠥᠮᠦᠨ ᠳᠤ | ᠠᠮᠤᠷ ᠢ ᠬᠠᠮᠠᠭᠠᠯᠠᠬᠤ ᠰᠢᠳᠬᠡᠯ ᠥᠭᠪᠡ᠃ | 14 . ᠬᠥᠲᠥᠯᠥᠭᠴᠢ | ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠣᠨᠴᠠᠭᠠᠶ ᠠᠵᠢᠯ ᠲᠥᠷᠥᠯ ᠤᠨ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠳᠤᠮᠳᠠ᠂ ᠣᠨᠢᠰᠤ ᠨᠡᠭᠡᠭᠡᠬᠦ ᠠᠵᠢᠯ ᠢ ᠳᠡᠩᠰᠡᠯᠡᠨ ᠬᠠᠮᠢᠶᠠᠷᠬᠤ ᠨᠢᠭᠡ ᠵᠦᠢᠯ ᠪᠠᠶᠢᠳᠠᠭ᠂ | ᠡᠨᠡ ᠨᠢ ᠮᠥᠨ ᠴᠦ ᠰᠣᠨᠣᠰᠤᠭᠴᠢ ᠨᠠᠶᠢᠵᠠ ᠨᠠᠷ ᠤᠨ ᠣᠨᠴᠠᠭᠠᠶᠢᠯᠠᠨ ᠠᠩᠬᠠᠷᠴᠤ ᠪᠠᠶᠢᠭ᠎ᠠ ᠶᠠᠪᠤᠳᠠᠯ ᠮᠥᠨ᠂ | ᠤᠴᠢᠷ ᠨᠢ ᠣᠨᠢᠰᠤ ᠨᠡᠭᠡᠭᠡᠬᠦ ᠦᠢᠯᠡᠴᠢᠯᠡᠭᠡᠨ ᠤ ᠵᠠᠷ ᠮᠡᠳᠡᠭᠡ ᠭᠠᠵᠠᠷ ᠪᠣᠯᠭᠠᠨ ᠳᠤ ᠬᠠᠷᠠᠭᠳᠠᠵᠤ᠂ ᠥᠷᠭᠡᠨ ᠣᠯᠠᠨ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠡᠨᠡ | ᠲᠠᠯ᠎ᠠ ᠪᠠᠷ ᠲᠠ ᠮᠠᠨ ᠤ ᠰᠣᠨᠣᠰᠤᠭᠴᠢ ᠨᠠᠢᠵᠠ ᠳᠤ ᠲᠠᠨᠢᠯᠴᠠᠭᠤᠯᠤᠭᠠᠳ ᠥᠭᠭᠦᠨ᠎ᠡ ᠤᠤ︖ | 15 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠣᠳᠣᠬᠠᠨ ᠳᠤ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ | ᠣᠨᠢᠰᠤ ᠨᠡᠭᠡᠭᠡᠬᠦ ᠨᠢᠭᠡᠴᠡ ᠪᠤᠶᠤ ᠠᠵᠤ ᠠᠬᠤᠶᠢᠯᠠᠯ ᠨᠡᠶᠢᠲᠡ 190 ᠭᠠᠷᠤᠶ ᠪᠠᠶᠢᠨ᠎ᠠ᠂ ᠣᠨᠢᠰᠤ ᠨᠡᠭᠡᠭᠡᠬᠦ ᠠᠵᠢᠯ | ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠣᠨᠢᠰᠤ ᠨᠡᠭᠡᠭᠡᠬᠦ ᠡᠵᠡᠩᠨᠡᠯᠲᠡ ᠶᠢᠨ ᠨᠢᠭᠡᠴᠢ ᠶᠢᠨ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠬᠤᠯᠪᠣᠭᠳᠠᠯ ᠪᠥᠬᠦᠶ ᠮᠡᠷᠭᠡᠵᠢᠯ ᠤᠨ ᠣᠨᠢᠰᠤ ᠨᠡᠭᠡᠭᠡᠬᠦ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ | ᠥᠭᠬᠦ ᠶᠢᠨ ᠲᠥᠯᠥᠭᠡ᠂ ᠪᠢᠳᠡ ᠠᠵᠢᠯᠯᠠᠵᠤ ᠪᠠᠶᠢᠭ᠎ᠠ ᠬᠥᠮᠦᠰ ᠤᠨ ᠮᠡᠳᠡᠭᠡ ᠵᠠᠩᠭᠢ ᠶᠢᠨ ᠬᠥᠮᠥᠷᠭᠡ ᠪᠠ | ᠥᠮᠴᠢᠲᠡᠨ ᠤ ᠲᠠᠩᠰᠠ ᠡᠪᠬᠡᠮᠡᠯ ᠢ ᠨᠢᠭᠡᠳᠦᠯᠲᠡᠶ ᠪᠠᠶᠢᠭᠤᠯᠵᠤ᠂ ᠣᠨᠢᠰᠤ ᠨᠡᠭᠡᠭᠡᠬᠦ ᠠᠵᠢᠯ ᠲᠥᠷᠥᠯ ᠤᠨ ᠬᠠᠶ᠋ᠢᠭ᠂ | ᠬᠠᠷᠢᠭᠤᠴᠠᠯᠭᠠᠲᠠᠨ ᠤ ᠣᠪᠣᠭ ᠨᠡᠷ᠎ᠡ᠂ ᠠᠵᠢᠯᠯᠠᠵᠤ ᠪᠠᠶᠢᠭ᠎ᠠ ᠬᠥᠮᠦᠰ ᠤᠨ ᠨᠡᠷᠡᠰ ᠵᠢᠴᠢ ᠬᠠᠷᠢᠯᠴᠠᠬᠤ ᠤᠲᠠᠰᠤ ᠵᠡᠷᠭᠡ | ᠮᠡᠳᠡᠭᠡ ᠵᠠᠩᠭᠢ ᠶᠢ ᠨᠠᠷᠢᠨ ᠪᠣᠳᠠᠲᠠᠶ ᠳᠡᠩᠰᠡᠯᠡᠵᠦ᠂ ᠠᠵᠢᠯᠯᠠᠵᠤ ᠪᠠᠶᠢᠭ᠎ᠠ ᠬᠥᠮᠦᠰ ᠤᠨ ᠬᠤᠷᠤᠭᠤᠨ ᠣᠷᠣᠮ ᠪᠠ | DNA ᠶᠢᠨ ᠮᠡᠳᠡᠭᠡ ᠵᠠᠩᠭᠢ ᠶᠢ ᠴᠤᠭᠯᠠᠭᠤᠯᠪᠠ᠃ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ | ᠪᠠᠶᠢᠬᠤ ᠶᠢ ᠦᠨᠡᠨ ᠬᠦ ᠪᠠᠲᠤᠯᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠢ ᠵᠥᠷᠢᠴᠡᠭᠰᠡᠨ ᠬᠥᠮᠦᠰ ᠤᠨ | ᠣᠨᠢᠰᠤ ᠨᠡᠭᠡᠭᠡᠬᠦ ᠠᠵᠢᠯ ᠲᠥᠷᠥᠯ ᠡᠷᠭᠢᠯᠡᠬᠦ ᠶᠢ ᠡᠷᠡᠰ ᠬᠤᠷᠢᠭᠯᠠᠪᠠ︔ ᠣᠨᠢᠰᠤ ᠨᠡᠭᠡᠭᠡᠬᠦ ᠴᠢᠬᠤᠯᠠᠲᠠᠶ ᠪᠠᠶᠢᠳᠠᠯ | ᠭᠠᠷᠪᠠᠯ᠂ ᠣᠨᠢᠰᠤ ᠨᠡᠭᠡᠭᠡᠬᠦ ᠵᠢᠵᠢᠭ ᠵᠠᠷ ᠳᠡᠭᠡᠷᠡᠬᠢ ᠤᠲᠠᠰᠤ ᠶᠢ ᠳᠤᠷ᠎ᠠ ᠪᠠᠷ ᠢᠶᠠᠨ ᠨᠡᠭᠡᠭᠡᠵᠦ ᠪᠣᠯᠬᠤ ᠥᠬᠡᠶ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠣᠨᠢᠰᠤ ᠨᠡᠭᠡᠭᠡᠬᠦ ᠨᠢᠭᠡᠴᠡ ᠪᠤᠶᠤ ᠠᠵᠤ | ᠠᠬᠤᠶᠢᠯᠠᠯ ᠢ 110 ᠳᠤ ᠤᠲᠠᠰᠤᠳᠠᠵᠤ᠂ ᠬᠠᠤᠯᠢ ᠪᠤᠰᠤ ᠡᠲᠡᠭᠡᠳ ᠲᠤ ᠵᠠᠪᠰᠢᠬᠤ ᠲᠣᠬᠢᠶᠠᠯ ᠣᠯᠭᠤᠬᠤ ᠠᠴᠠ | ᠵᠠᠶᠢᠯᠠᠰᠬᠢᠬᠦ ᠬᠡᠷᠡᠭᠲᠡᠶ᠃ | 16 . ᠬᠥᠲᠥᠯᠥᠭᠴᠢ | ᠰᠣᠨᠣᠰᠤᠯᠲᠠ ᠪᠠᠷ᠂ ᠮᠠᠨ ᠤ ᠬᠤᠲᠠ ᠶᠢᠨ ᠪᠠᠭᠤᠳᠠᠯ ᠳᠤ ᠬᠤᠨᠣᠬᠤ ᠦᠶᠡᠰ᠂ ᠪᠡᠶ᠎ᠡ ᠶᠢᠨ ᠦᠨᠡᠮᠯᠡᠯ | ᠭᠠᠷᠭᠠᠬᠤ ᠦᠭᠡᠢ ᠪᠠᠷ ᠣᠷᠣᠵᠤ ᠰᠠᠭᠤᠵᠤ ᠪᠣᠯᠤᠨ᠎ᠠ᠂ ᠡᠨᠡ ᠨᠢ ᠶᠠᠮᠠᠷ ᠤᠴᠢᠷ ᠪᠣᠶ︖ | 17 . ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ ᠮᠡᠷᠭᠡᠵᠢᠯ ᠤᠨ ᠶᠡᠭᠡ | ᠠᠩᠭᠢ ᠶᠢᠨ ᠵᠢᠭᠠᠨ ᠵᠢᠯᠣᠭᠤᠳᠣᠭᠴᠢ ᠺᠠᠩ ᠢᠦᠶ | | | | | | | | ᠪᠠᠭᠤᠳᠠᠯ ᠳᠤ ᠰᠠᠭᠤᠬᠤ ᠳᠠᠭᠠᠨ ᠵᠠᠪᠠᠯ ᠠᠶᠠᠨᠴᠢᠳ ᠤᠨ ᠪᠡᠶ᠎ᠡ ᠶᠢᠨ ᠭᠡᠷᠡᠴᠢ ᠦᠨᠡᠮᠯᠡᠯ ᠢ ᠬᠢᠨᠠᠨ ᠰᠢᠯᠭᠠᠵᠤ᠂ | ᠲᠡᠮᠳᠡᠭᠯᠡᠭᠡᠳ ᠪᠠᠭᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠂ ᠡᠨᠡ ᠪᠣᠯ ᠮᠠᠨ ᠤ | ᠤᠯᠤᠰ ᠤᠨ ︽ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ ᠪᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢᠨ ᠲᠣᠭᠲᠠᠭᠠᠯ | ᠪᠣᠯᠤᠨ᠎ᠠ᠂ ᠡᠶᠢᠮᠦ ᠠᠴᠠ ᠪᠠᠭᠤᠳᠠᠯ ᠳᠤ ᠰᠠᠭᠤᠬᠤ ᠳᠠᠭᠠᠨ ᠵᠠᠪᠠᠯ ᠬᠦᠴᠦᠨ ᠪᠥᠬᠦᠶ ᠪᠡᠶ᠎ᠡ ᠶᠢᠨ ᠭᠡᠷᠡᠴᠢ ᠦᠨᠡᠮᠯᠡᠯ | ᠬᠠᠩᠭᠠᠬᠤ ᠬᠡᠷᠡᠭᠲᠡᠶ᠃ ᠭᠡᠪᠡᠴᠦ ᠪᠣᠳᠠᠲᠤ ᠪᠠᠶᠢᠳᠠᠯ ᠳᠤᠮᠳᠠ᠂ ᠵᠠᠷᠢᠮ ᠠᠶᠠᠨᠴᠢᠳ ᠪᠡᠶ᠎ᠡ ᠶᠢᠨ ᠦᠨᠡᠮᠯᠡᠯ ᠢᠶᠠᠨ | ᠭᠡᠭᠡᠭᠰᠡᠨ ᠠᠴᠠ ᠪᠣᠯᠵᠣ ᠪᠠᠭᠤᠳᠠᠯ ᠳᠤ ᠰᠠᠭᠤᠬᠤ ᠳᠤ ᠬᠦᠴᠢᠷᠲᠡᠶ ᠪᠣᠯᠵᠣ᠂ ᠲᠣᠮᠢᠯᠠᠭᠰᠠᠨ ᠰᠠᠯᠪᠤᠷᠢ ᠳᠤ ᠬᠦᠷᠴᠦ | ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠪᠡᠯ ᠰᠠᠶ᠋ᠢ ᠣᠷᠣᠵᠤ ᠰᠠᠭᠤᠵᠤ ᠪᠣᠯᠤᠨ᠎ᠠ᠂ ᠡᠨᠡ ᠨᠢ ᠠᠶᠠᠨᠴᠢᠳ ᠲᠤ | ᠮᠠᠰᠢ ᠶᠡᠭᠡ ᠳᠥᠭᠦᠮ ᠦᠭᠡᠢ ᠪᠣᠯᠵᠣ᠂ ᠪᠠᠰᠠ ᠠᠷᠠᠳ ᠤᠨ ᠴᠠᠭᠳᠠᠭ᠎ᠠ ᠶᠢᠨ ᠠᠵᠢᠯ ᠤᠨ ᠬᠡᠮᠵᠢᠶ᠎ᠡ ᠶᠢ | ᠨᠡᠮᠡᠭᠳᠡᠭᠦᠯᠦᠭᠰᠡᠨ ᠪᠠᠶᠢᠨ᠎ᠠ᠂ ᠪᠥᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠠᠴᠠ | ᠨᠠᠰᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠠᠯᠪᠤᠷᠢ ᠠᠩᠭᠢ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠭᠦᠳᠡᠨ ᠠᠴᠠ ᠡᠭᠦᠰᠴᠦ᠂ | 2017 ᠣᠨ ᠤ ᠡᠴᠦᠰ ᠢᠶᠠᠷ᠂ ᠪᠥᠬᠦ ᠣᠷᠣᠨ ᠳᠤ ᠡᠩ ᠲᠡᠷᠢᠭᠦᠨ ᠳᠤ ᠬᠥᠬᠡᠬᠤᠲᠠ ᠶᠢᠨ ᠪᠠᠭᠤᠳᠠᠯ ᠤᠨ ᠦᠢᠯᠡᠰ | ᠲᠤ ᠰᠦᠢᠳᠭᠡᠯ ᠬᠤᠷᠢᠶᠠᠬᠤ ᠥᠬᠡᠶ ᠪᠠᠷ ︽ᠬᠥᠮᠦᠨ ᠪᠠ ᠭᠡᠷᠡᠴᠢ ᠶᠢ ᠬᠢᠨᠠᠨ ᠰᠢᠯᠭᠠᠬᠤ︾ ︵ᠬᠥᠮᠦᠨ ᠤ ᠵᠢᠰᠦ ᠶᠢ | ᠢᠯᠭᠠᠨ ᠲᠠᠨᠢᠬᠤ ᠰᠢᠰᠲ᠋ᠧᠮ︶ ᠪᠠ ︽ᠦᠨᠡᠮᠯᠡᠯ ᠥᠬᠡᠶ ᠪᠠᠷ ᠣᠷᠣᠵᠤ ᠰᠠᠭᠤᠬᠤ︾ ᠰᠢᠰᠲ᠋ᠧᠮ ᠢ ᠲᠠᠰ ᠳᠡᠪᠰᠢᠭᠦᠯᠪᠡ | ᠃ ᠠᠶᠠᠨᠴᠢᠳ ᠤᠨ ᠪᠠᠭᠤᠳᠠᠯ ᠤᠨ ᠦᠶ᠋ᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠬᠤᠶᠠᠷ ᠵᠦᠢᠯ ᠤᠨ ᠮᠡᠷᠭᠡᠵᠢᠯ ᠤᠨ | ᠴᠢᠳᠠᠮᠵᠢ ᠶᠢ ᠪᠡᠶᠡᠯᠡᠭᠦᠯᠦᠨ᠎ᠡ᠄ ᠨᠢᠭᠡ ᠳᠤ ᠬᠦᠴᠦᠨ ᠪᠥᠬᠦᠶ ᠪᠡᠶ᠎ᠡ ᠶᠢᠨ ᠦᠨᠡᠮᠯᠡᠯ ᠲᠠᠢ ᠠᠶᠠᠨᠴᠢᠳ ᠲᠤ ᠲᠤᠬᠠᠶ ᠶᠢᠨ | ᠲᠠᠯᠠᠪᠠᠶ ᠶᠢᠨ ᠬᠥᠮᠦᠨ ᠤ ᠳᠦᠷᠰᠦᠲᠦ ᠮᠡᠳᠡᠭᠡ ᠵᠠᠩᠭᠢ ᠬᠢᠭᠡᠳ ᠪᠡᠶ᠎ᠡ ᠶᠢᠨ ᠦᠨᠡᠮᠯᠡᠯ ᠤᠨ ᠳᠣᠲᠣᠷ᠎ᠠ ᠬᠠᠳᠠᠭᠠᠯᠠᠵᠤ | ᠪᠠᠶᠢᠭ᠎ᠠ ᠬᠥᠮᠦᠨ ᠤ ᠳᠦᠷᠰᠦᠲᠦ ᠮᠡᠳᠡᠭᠡ ᠵᠠᠩᠭᠢ ᠶᠢ ᠢᠯᠭᠠᠨ ᠲᠠᠨᠢᠬᠤ ᠬᠠᠷᠢᠴᠠᠭᠤᠯᠤᠯ ᠬᠢᠵᠦ᠂ ︽ᠬᠥᠮᠦᠨ ᠪᠠ | ᠭᠡᠷᠡᠴᠢ ᠶᠢ ᠨᠢᠭᠡᠳᠬᠡᠬᠦ︾ ᠶᠢ ᠦᠨᠡᠨ ᠬᠦ ᠪᠠᠲᠤᠯᠠᠨ᠎ᠠ︔ ᠬᠤᠶᠠᠷ ᠲᠤ᠂ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠭ᠎ᠠ | ᠥᠬᠡᠶ ᠠᠶᠠᠨᠴᠢᠳ ᠲᠤ ︽ᠦᠨᠡᠮᠯᠡᠯ ᠥᠬᠡᠶ ᠪᠠᠷ ᠣᠷᠣᠵᠤ ᠰᠠᠭᠤᠬᠤ︾ ᠰᠢᠰᠲ᠋ᠧᠮ ᠳᠤ ᠲᠦᠰᠢᠭᠯᠡᠨ᠂ ᠲᠤᠬᠠᠶ ᠶᠢᠨ | ᠲᠠᠯᠠᠪᠠᠶ ᠶᠢᠨ ᠬᠥᠮᠦᠨ ᠤ ᠳᠦᠷᠰᠦᠲᠦ ᠮᠡᠳᠡᠭᠡ ᠵᠠᠩᠭᠢ ᠪᠣᠯᠤᠨ ᠳᠣᠲᠣᠭᠠᠳᠤ ᠶᠢ ᠬᠠᠮᠠᠭᠠᠯᠠᠬᠤ ᠲᠤᠭ᠎ᠠ ᠪᠠᠷᠢᠮᠲᠠ ᠶᠢᠨ | ᠡᠬᠢ ᠪᠠᠶᠠᠯᠢᠭ ᠤᠨ ᠬᠥᠮᠥᠷᠭᠡ ᠳᠠᠬᠢ ᠬᠥᠮᠦᠨ ᠤ ᠳᠦᠷᠰᠦᠲᠦ ᠮᠡᠳᠡᠭᠡ ᠵᠠᠩᠭᠢ ᠶᠢ ᠢᠯᠭᠠᠨ ᠲᠠᠨᠢᠬᠤ ᠬᠠᠷᠢᠴᠠᠭᠤᠯᠤᠯ | ᠬᠢᠵᠦ᠂ ᠠᠵᠢᠯᠲᠠᠨ ᠤ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠨ᠎ᠠ᠃ | ᠣᠶᠢᠷ᠎ᠠ ᠶᠢᠨ ᠵᠢᠯ ᠳᠤ᠂ ᠦᠨᠡᠨ ᠨᠡᠷ᠎ᠡ ᠪᠠᠷ ᠰᠢᠯᠭᠠᠨ ᠪᠠᠲᠤᠯᠠᠬᠤ ᠡᠷᠴᠢᠮ ᠲᠠᠰᠤᠷᠠᠯᠲᠠ ᠥᠬᠡᠶ | ᠴᠢᠩᠭᠠᠷᠠᠬᠤ ᠶᠢ ᠳᠠᠭᠠᠯᠳᠤᠨ᠂ ᠬᠦᠴᠦᠨ ᠪᠥᠬᠦᠶ ᠦᠨᠡᠮᠯᠡᠯ ᠠᠪᠤᠭᠰᠠᠨ ᠥᠬᠡᠶ ᠣᠯᠠᠨ ᠲᠦᠮᠡᠨ ᠤ ᠪᠠᠭᠤᠳᠠᠯ ᠳᠤ | ᠰᠠᠭᠤᠬᠤ ᠳᠤ ᠮᠠᠰᠢ ᠣᠯᠠᠨ ᠳᠥᠭᠦᠮ ᠦᠭᠡᠢ ᠪᠣᠯᠪᠠ᠃ ᠬᠠᠤᠯᠢ ᠶᠣᠰᠣᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ | ᠥᠬᠡᠶ ᠠᠶᠠᠨᠴᠢᠳ ᠬᠡᠷᠬᠢᠨ ᠣᠷᠣᠵᠤ ᠰᠠᠭᠤᠬᠤ᠂ ᠠᠶᠠᠨᠴᠢᠳ ᠤᠨ ᠪᠠᠭᠤᠳᠠᠯ ᠤᠨ ᠦᠢᠯᠡᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢ ᠬᠡᠷᠬᠢᠨ ᠨᠠᠩ ᠰᠠᠶᠢᠲᠤᠷ ᠬᠢᠬᠦ ᠮᠥᠷᠲᠡᠭᠡᠨ ᠪᠠᠰᠠ ᠥᠷᠭᠡᠨ ᠣᠯᠠᠨ ᠲᠦᠮᠡᠨ ᠳᠤ ᠨᠠᠩ | ᠰᠠᠶᠢᠨ ᠲᠥᠬᠦᠮ ᠦᠶ᠋ᠯᠡᠴᠢᠯᠡᠭᠡ ᠬᠠᠩᠭᠠᠬᠤ ᠪᠣᠯ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠪᠡᠭᠴᠢᠯᠡᠭᠰᠡᠭᠡᠷ ᠢᠷᠡᠭᠰᠡᠨ | ᠰᠡᠳᠦᠪ ᠮᠥᠨ᠂ ᠠᠶᠠᠨᠴᠢᠳ ᠤᠨ ᠪᠠᠭᠤᠳᠠᠯ ᠤᠨ ᠦᠢᠯᠡᠰ ᠤᠨ ᠬᠤᠨᠣᠭᠯᠠᠬᠤ ︽ᠳᠥᠷᠪᠡᠨ ᠪᠣᠳᠠᠲᠠᠶ︾ ᠶᠢᠨ | ᠳᠡᠩᠰᠡᠯᠡᠯᠲᠡ ᠬᠠᠮᠢᠶᠠᠷᠤᠯᠲᠠ ᠡᠵᠡᠮᠳᠡᠯ ᠤᠨ ᠪᠡᠷᠬᠡ ᠰᠡᠳᠦᠪ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠠᠮᠤᠷ ᠢ | ᠬᠠᠮᠠᠭᠠᠯᠠᠬᠤ ᠰᠠᠯᠪᠤᠷᠢ ᠠᠩᠭᠢ ︽ᠦᠨᠡᠮᠯᠡᠯ ᠥᠬᠡᠶ ᠪᠠᠷ ᠣᠷᠣᠵᠤ ᠰᠠᠭᠤᠬᠤ︾ ᠰᠢᠰᠲ᠋ᠧᠮ ᠳᠤ ᠣᠯᠠᠨ ᠤᠳᠠᠭ᠎ᠠ | ᠪᠠᠶᠢᠴᠠᠭᠠᠨ ᠰᠤᠳᠤᠯᠤᠯᠲᠠ ᠬᠢᠵᠦ᠂ ᠡᠮᠦᠨᠡᠬᠢ ᠬᠤᠭᠤᠴᠠᠭᠠᠨ ᠤ ᠲᠤᠷᠰᠢᠯᠲᠠ ᠬᠢᠭᠰᠡᠨ ᠤ ᠳᠠᠷᠠᠭ᠎ᠠ᠂ 2017 | ᠣᠨ ᠤ 12 ᠰᠠᠷ᠎ᠠ ᠠᠴᠠ ᠡᠬᠢᠯᠡᠨ ᠮᠠᠨ ᠤ ᠬᠤᠲᠠ ᠶᠢᠨ ᠠᠶᠠᠨᠴᠢᠳ ᠤᠨ ᠪᠠᠭᠤᠳᠠᠯ ᠤᠨ ᠦᠶ᠋ᠯᠡᠰ ᠲᠤ ᠪᠥᠬᠦ | ᠲᠠᠯ᠎ᠠ ᠪᠠᠷ ᠳᠡᠯᠭᠡᠷᠡᠭᠦᠯᠪᠡ᠃ ᠬᠦᠴᠦᠨ ᠪᠥᠬᠦᠶ ᠪᠡᠶ᠎ᠡ ᠶᠢᠨ ᠦᠨᠡᠮᠯᠡᠯ ᠠᠪᠤᠭᠰᠠᠨ ᠥᠬᠡᠶ ᠠᠶᠠᠨᠴᠢᠳ ᠪᠠᠭᠤᠳᠠᠯ ᠤᠨ | ᠡᠮᠦᠨ᠎ᠡ ᠲᠠᠪᠴᠠᠩ ᠳᠤ ︽ᠦᠨᠡᠮᠯᠡᠯ ᠥᠬᠡᠶ ᠪᠠᠷ ᠣᠷᠣᠵᠤ ᠰᠠᠭᠤᠬᠤ ᠪᠡᠶ᠎ᠡ ᠶᠢᠨ ᠦᠨᠡᠮᠯᠡᠯ ᠤᠨ ᠭᠡᠷᠡᠴᠢᠯᠡᠯ ᠤᠨ | ᠰᠢᠰᠲ᠋ᠧᠮ︾ ᠤᠨ ᠬᠤᠶᠠᠷ ᠬᠡᠮᠵᠢᠯᠳᠦ ᠺᠣᠳ᠋ ᠢ ᠰᠢᠷᠪᠢᠵᠦ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ | ᠦᠨᠡᠮᠯᠡᠯ ᠤᠨ ᠨᠣᠮᠧᠷ ᠵᠢᠴᠢ ᠬᠤᠪᠢ ᠬᠥᠮᠦᠨ ᠤ ᠴᠢᠷᠠᠶ ᠶᠢᠨ ᠭᠤᠷᠪᠠᠨ ᠬᠡᠷᠡᠯ ᠵᠢᠷᠤᠭ ᠰᠡᠭᠦᠳᠡᠷᠯᠡᠵᠦ | ᠭᠤᠶᠤᠴᠢᠯᠠᠯ ᠤᠨ ᠮᠡᠳᠡᠭᠡ ᠵᠠᠩᠭᠢ ᠪᠠᠨ ᠳᠣᠲᠣᠭᠠᠳᠤ ᠶᠢ ᠬᠠᠮᠠᠭᠠᠯᠠᠬᠤ ᠠᠷᠤ ᠲᠠᠶᠢᠰᠠᠨ ᠳᠤ ᠲᠤᠰᠢᠶᠠᠨ᠎ᠠ᠃ | ᠳᠣᠲᠣᠭᠠᠳᠤ ᠶᠢ ᠬᠠᠮᠠᠭᠠᠯᠠᠬᠤ ᠠᠷᠤ ᠲᠠᠪᠴᠠᠩ ᠤᠨ ᠰᠢᠰᠲ᠋ᠧᠮ ᠨᠢ ᠪᠥᠬᠦ ᠤᠯᠤᠰ ᠤᠨ ᠬᠥᠮᠦᠨ ᠠᠮᠠ ᠶᠢᠨ | ᠬᠥᠮᠥᠷᠭᠡ ᠶᠢᠨ ᠪᠡᠶ᠎ᠡ ᠬᠡᠮ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠠᠵᠢᠯ ᠢ ᠠᠶᠠᠨᠳᠠᠭᠠᠨ ᠪᠡᠶᠡᠯᠡᠭᠦᠯᠦᠭᠰᠡᠨ | ᠪᠥᠭᠡᠳ ᠠᠶᠠᠨᠴᠢᠳ ᠤᠨ ᠳᠠᠮᠵᠢᠭᠤᠯᠤᠭᠰᠠᠨ ᠭᠤᠷᠪᠠᠨ ᠬᠤᠪᠢ ᠬᠥᠮᠦᠨ ᠤ ᠴᠢᠷᠠᠶ ᠶᠢᠨ ᠬᠡᠷᠡᠯ ᠵᠢᠷᠤᠭ ᠢ ᠪᠥᠬᠦ | ᠤᠯᠤᠰ ᠤᠨ ᠬᠥᠮᠦᠨ ᠠᠮᠠ ᠶᠢᠨ ᠬᠥᠮᠥᠷᠭᠡ ᠠᠴᠠ ᠣᠯᠤᠭᠰᠠᠨ ᠠᠶᠠᠨᠴᠢᠳ ᠤᠨ ᠪᠡᠶ᠎ᠡ ᠶᠢᠨ ᠦᠨᠡᠮᠯᠡᠯ ᠤᠨ ᠬᠡᠷᠡᠯ | ᠵᠢᠷᠤᠭ ᠲᠠᠢ 1᠄ 1 ᠬᠥᠮᠦᠨ ᠤ ᠨᠢᠭᠤᠷ ᠤᠨ ᠬᠠᠷᠢᠴᠠᠭᠤᠯᠤᠯ ᠬᠢᠵᠡᠶ᠃ ᠪᠥᠬᠦ ᠶᠠᠪᠤᠴᠠ ᠳᠤ ᠠᠷᠠᠳ ᠤᠨ ᠴᠠᠭᠳᠠᠭ᠎ᠠ | ᠬᠥᠮᠦᠨ ᠤ ᠬᠦᠴᠦ ᠪᠠᠷ ᠭᠠᠷ ᠲᠦᠷᠦᠭᠦ ᠴᠢᠬᠤᠯᠠ ᠥᠬᠡᠶ᠂ ᠰᠢᠰᠲ᠋ᠧᠮ ᠨᠢ ᠠᠶᠠᠨᠴᠢᠳ ᠤᠨ ᠪᠡᠶ᠎ᠡ ᠶᠢᠨ ᠬᠢᠷᠢ | ᠬᠡᠮ ᠤᠨ ᠭᠡᠷᠡᠴᠢᠯᠡᠯ ᠢ ᠠᠶᠠᠨᠳᠠᠭᠠᠨ ᠪᠡᠶᠡᠯᠡᠭᠦᠯᠵᠦ᠂ ᠬᠥᠮᠦᠨ ᠤ ᠵᠢᠰᠦ ᠶᠢ ᠢᠯᠭᠠᠨ ᠲᠠᠨᠢᠬᠤ ᠪᠠᠷ ᠳᠡᠮᠵᠢᠨ | ᠬᠤᠵᠢᠮ ᠤᠨ ᠬᠥᠮᠦᠨ ᠤ ᠬᠥᠷᠥᠭ ᠢ ᠠᠳᠠᠯᠢ ᠪᠣᠯᠭᠠᠪᠠᠯ ᠳᠠᠷᠤᠶ ᠣᠷᠣᠵᠤ ᠰᠠᠭᠤᠬᠤ ᠭᠠᠷ ᠭᠦᠶ᠋ᠴᠡᠳᠬᠡᠯ ᠢ | ᠭᠦᠶ᠋ᠴᠡᠳᠬᠡᠵᠦ ᠪᠣᠯᠤᠨ᠎ᠠ᠂ ᠲᠣᠮᠢᠯᠠᠭᠰᠠᠨ ᠰᠠᠯᠪᠤᠷᠢ ᠳᠤ ᠬᠦᠷᠴᠦ ᠬᠤᠨᠤᠭ ᠤᠨ ᠭᠡᠷᠡᠴᠢ ᠭᠠᠷᠭᠠᠬᠤ ᠴᠢᠬᠤᠯᠠ ᠥᠬᠡᠶ᠃ | | ᠥᠩᠭᠡᠷᠡᠭᠰᠡᠨ ᠳᠤ᠂ ᠠᠶᠠᠨᠴᠢᠳ ᠤᠨ ᠪᠠᠭᠤᠳᠠᠯ ᠤᠨ ᠦᠶ᠋ᠯᠡᠰ ᠨᠢ ᠴᠥᠮ ᠬᠥᠮᠦᠨ ᠤ ᠬᠦᠴᠦᠨ ᠳᠤ | ᠲᠦᠰᠢᠭᠯᠡᠨ ᠣᠷᠣᠵᠤ ᠰᠠᠭᠤᠬᠤ ᠬᠥᠮᠦᠰ ᠪᠠ ᠲᠡᠭᠦᠨ ᠤ ᠬᠠᠩᠭᠠᠭᠰᠠᠨ ᠪᠡᠶ᠎ᠡ ᠶᠢᠨ ᠦᠨᠡᠮᠯᠡᠯ ᠤᠨ ᠨᠢᠭᠡᠳᠦᠯᠲᠡᠶ | ᠡᠰᠡᠬᠦ ᠶᠢ ᠢᠯᠭᠠᠨ ᠲᠠᠨᠢᠵᠤ᠂ ᠬᠢᠨᠠᠨ ᠪᠠᠶᠢᠴᠠᠭᠠᠬᠤ ᠪᠠ ᠬᠠᠷᠢᠴᠠᠭᠤᠯᠬᠤ ᠠᠷᠭ᠎ᠠ ᠮᠠᠶ᠋ᠢᠭ ᠨᠢ ᠲᠥᠬᠦᠮ᠂ ᠪᠦᠳᠦᠭᠦᠯᠢᠭ | ᠂ ᠦᠷ᠎ᠡ ᠪᠦᠲᠦᠮᠵᠢ ᠳᠣᠤᠷ᠎ᠠ ᠪᠠᠶᠢᠳᠠᠭ᠂ ᠵᠠᠷᠢᠮ ᠠᠵᠢᠯᠲᠠᠨ ᠲᠣᠰ ᠪᠡᠶ᠎ᠡ ᠶᠢᠨ ᠦᠨᠡᠮᠯᠡᠯ ᠪᠠ ᠣᠷᠣᠵᠤ ᠰᠠᠭᠤᠬᠤ | ᠬᠥᠮᠦᠰ ᠤᠨ ᠠᠳᠠᠯᠢ ᠨᠢᠭᠡᠨ ᠬᠥᠮᠦᠨ ᠮᠥᠨ ᠡᠰᠡᠬᠦ ᠶᠢ ᠶᠡᠷᠦ ᠠᠴᠠ ᠪᠠᠶᠢᠴᠠᠭᠠᠨ ᠰᠢᠯᠭᠠᠳᠠᠭ ᠥᠬᠡᠶ᠂ ᠣᠷᠳᠣ | ᠬᠤᠭᠤᠴᠠᠭ᠎ᠠ ᠪᠠᠷ ᠲᠠᠩ ᠭᠠᠭᠴᠠ ᠪᠠᠷ ᠭᠡᠷᠡᠴᠢᠯᠡᠬᠦ ᠠᠵᠢᠯ ᠨᠢ ᠬᠥᠮᠦᠰ ᠢ ᠠᠮᠠᠷᠬᠠᠨ ᠶᠠᠳᠠᠷᠠᠭᠤᠯᠬᠤ ᠪᠠ ᠰᠣᠨᠣᠷ | ᠰᠡᠷᠡᠮᠵᠢ ᠶᠢ ᠨᠢ ᠰᠣᠯᠠᠷᠠᠭᠤᠯᠵᠤ᠂ ᠡᠭᠦᠨ ᠤ ᠬᠠᠮᠲᠤ ᠵᠠᠷᠢᠮ ᠬᠠᠭᠤᠷᠮᠠᠭᠯᠠᠨ ᠵᠣᠬᠢᠶᠠᠭᠰᠠᠨ ᠮᠡᠳᠡᠭᠡ ᠵᠠᠩᠭᠢ ᠶᠢ ᠴᠤ | ᠢᠯᠭᠠᠨ ᠲᠠᠨᠢᠬᠤ ᠳᠤ ᠪᠡᠷᠬᠡᠲᠡᠶ ᠪᠠᠶᠢᠵᠤ᠂ ︽ᠨᠠᠷᠢᠯᠢᠭᠵᠢᠭᠤᠯᠬᠤ᠂ ᠣᠳᠣᠬᠢᠴᠢᠯᠠᠬᠤ᠂ ᠤᠶᠤᠨᠴᠢᠯᠠᠬᠤ︾ | ᠱᠠᠭᠠᠷᠳᠠᠯᠭ᠎ᠠ ᠳᠤ ᠬᠥᠷᠬᠦ ᠳᠤ ᠪᠡᠷᠬᠡᠲᠡᠶ ᠪᠠᠶᠢᠵᠤ᠂ ᠠᠶᠠᠨᠴᠢᠳ ᠤᠨ ᠪᠠᠭᠤᠳᠠᠯ ᠤᠨ ᠦᠢᠯᠡᠰ ᠤᠨ ᠵᠢᠭᠰᠠᠭᠠᠯ ᠤᠨ | ᠭᠠᠵᠠᠷ ᠢ ᠬᠠᠮᠢᠶᠠᠷᠤᠨ ᠡᠵᠡᠮᠳᠡᠬᠦ ᠪᠠ ᠪᠣᠳᠠᠲᠤ ᠪᠠᠶᠢᠯᠳᠤᠭᠠᠨ ᠤ ᠦᠶ᠋ᠯᠡᠳᠦᠯ ᠴᠢᠳᠠᠪᠤᠷᠢ ᠶᠢ ᠬᠦᠨᠳᠦ ᠨᠣᠴᠢᠲᠠᠶ | ᠨᠥᠯᠥᠭᠡᠯᠡᠵᠡᠶ᠃ ᠬᠠᠷᠢᠨ ᠬᠥᠮᠦᠨ ᠭᠡᠷᠡᠴᠢ ᠶᠢᠨ ᠬᠢᠨᠠᠨ ᠰᠢᠯᠭᠠᠬᠤ ᠰᠢᠰᠲ᠋ᠧᠮ ᠨᠢ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢ ᠤᠩᠰᠢᠬᠤ ᠪᠠᠷ ᠳᠠᠮᠵᠢᠨ᠂ ᠲᠤᠬᠠᠶ ᠶᠢᠨ ᠲᠠᠯᠠᠪᠠᠢ ᠳᠤ ᠰᠡᠭᠦᠳᠡᠷᠯᠡᠭᠰᠡᠨ ᠥᠨᠳᠥᠷ ᠲᠣᠳᠣ ᠬᠥᠮᠦᠨ ᠤ | ᠴᠢᠷᠠᠶ ᠶᠢᠨ ᠵᠢᠷᠤᠭ ᠲᠠᠢ ᠠᠦ᠋ᠲ᠋ᠣ᠋ ᠬᠠᠷᠢᠴᠠᠭᠤᠯᠤᠯ ᠬᠢᠨ᠎ᠡ᠂ ᠵᠥᠪᠬᠡᠨ 2 ᠰᠧᠺᠦ᠋ᠨ᠋ᠳ᠋ ᠬᠡᠷᠡᠭᠰᠡᠪᠡᠯ ᠬᠥᠮᠦᠨ | ᠭᠡᠷᠡᠴᠢ ᠶᠢᠨ ᠬᠢᠨᠠᠨ ᠰᠢᠯᠭᠠᠯᠲᠠ ᠶᠢ ᠪᠡᠶᠡᠯᠡᠭᠦᠯᠦᠨ᠎ᠡ᠂ ︽ᠬᠥᠮᠦᠨ ᠪᠠ ᠦᠨᠡᠮᠯᠡᠯ ᠢ ᠬᠢᠨᠠᠨ ᠰᠢᠯᠭᠠᠬᠤ︾ | ᠰᠢᠰᠲ᠋ᠧᠮ ᠨᠢ ᠪᠠᠭᠤᠳᠠᠯ ᠤᠨ ᠦᠶ᠋ᠯᠡᠰ ᠤᠨ ᠬᠠᠮᠢᠶᠠᠷᠤᠯᠲᠠ ᠶᠢᠨ ᠳᠤᠮᠳᠠ ᠡᠮᠦᠨ᠎ᠡ ᠲᠠᠪᠴᠠᠩ ᠤᠨ ᠬᠥᠮᠦᠨ ᠤ | ᠬᠥᠷᠥᠭ ᠴᠤᠭᠯᠠᠭᠤᠯᠬᠤ ᠲᠥᠬᠦᠭᠡᠷᠦᠮᠵᠢ ᠪᠠᠷ ᠥᠩᠭᠡᠷᠡᠨ᠎ᠡ᠂ ᠦᠨᠡᠨ ᠨᠡᠷ᠎ᠡ ᠪᠠᠷ᠂ ᠦᠨᠡᠨ ᠪᠠᠶᠢᠳᠠᠯ᠂ ᠪᠣᠳᠠᠲᠤ | ᠲᠤᠭ᠎ᠠ᠂ ︽ᠲᠤᠬᠠᠶ ᠶᠢᠨ ᠴᠠᠭ︾ ᠤᠨ ᠱᠠᠭᠠᠷᠳᠠᠯᠭ᠎ᠠ᠂ ᠣᠷᠣᠵᠤ ᠰᠠᠭᠤᠭᠰᠠᠨ ᠠᠶᠠᠨᠴᠢᠳ ᠤᠨ ᠲᠤᠬᠠᠶ ᠶᠢᠨ | ᠲᠠᠯᠠᠪᠠᠢ ᠶᠢᠨ ᠬᠥᠮᠦᠨ ᠤ ᠬᠦᠷᠦᠭ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠴᠤᠭᠯᠠᠭᠤᠯᠤᠨ᠎ᠠ᠂ ᠬᠤᠲᠠ ᠶᠢᠨ | ᠲᠣᠪᠴᠢᠶ᠎ᠠ ᠶᠢᠨ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠳᠤ ᠴᠠᠭ ᠲᠤᠬᠠᠶ ᠳᠤᠨᠢ ᠳᠠᠮᠵᠢᠭᠤᠯᠬᠤ ᠬᠡᠷᠡᠭᠲᠡᠶ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ | ᠬᠥᠮᠦᠨ ᠠᠮᠠ ᠶᠢᠨ ᠮᠡᠳᠡᠭᠡ ᠵᠠᠩᠭᠢ ᠶᠢᠨ ᠲᠠᠪᠴᠠᠩ ᠲᠠᠢ 11 ᠶᠢᠨ ᠭᠡᠷᠡᠯ ᠵᠢᠷᠤᠭ ᠤᠨ ᠡᠷᠢᠯᠲᠡ ᠬᠠᠷᠢᠴᠠᠭᠤᠯᠤᠯ | ᠬᠢᠵᠦ᠂ ᠬᠥᠮᠦᠨ ᠤ ᠵᠢᠷᠤᠭ ᠢ ᠦᠨᠳᠦᠰᠦᠯᠡᠨ ᠢᠯᠭᠠᠨ ᠲᠠᠨᠢᠭᠰᠠᠨ ᠦᠷ᠎ᠡ ᠳ᠋ᠦᠩ᠂ ᠬᠥᠮᠦᠨ ᠤ ᠬᠦᠷᠦᠭ ᠢ | ᠨᠢᠭᠡᠳᠦᠯᠲᠡᠶ ᠲᠣᠭᠲᠠᠭᠠᠬᠤ᠂ ᠰᠠᠶ᠋ᠢ ᠣᠷᠣᠵᠤ ᠰᠠᠭᠤᠵᠤ ᠪᠣᠯᠤᠨ᠎ᠠ᠂ ᠡᠰᠡ ᠲᠡᠭᠡᠪᠡᠯ ᠠᠶᠠᠨᠴᠢᠳ ᠤᠨ ᠣᠷᠣᠵᠤ | ᠰᠠᠭᠤᠬᠤ ᠳᠠᠩᠰᠠᠯᠠᠯ ᠵᠢᠴᠢ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠳᠠᠮᠵᠢᠭᠤᠯᠬᠤ ᠵᠡᠷᠭᠡ ᠬᠤᠶᠢᠨᠠᠬᠢ ᠠᠵᠢᠯᠯᠠᠭ᠎ᠠ ᠶᠢ ᠪᠡᠶᠡᠯᠡᠭᠦᠯᠬᠦ ᠶᠢᠨ ᠠᠷᠭ᠎ᠠ ᠦᠭᠡᠢ᠂ ᠬᠠᠭᠤᠷᠮᠠᠭ | ᠭᠡᠷᠡᠴᠢ ᠬᠡᠷᠡᠭᠯᠡᠬᠦ ᠶᠢ ᠬᠤᠷᠢᠭᠯᠠᠬᠤ᠂ ᠪᠤᠰᠤᠳ ᠤᠨ ᠪᠡᠶ᠎ᠡ ᠶᠢᠨ ᠦᠨᠡᠮᠯᠡᠯ ᠣᠷᠣᠵᠤ ᠰᠠᠭᠤᠬᠤ᠂ ᠨᠢᠭᠡ ᠬᠥᠮᠦᠨ | ᠣᠯᠠᠨ ᠬᠥᠮᠦᠨ ᠣᠷᠣᠵᠤ ᠰᠠᠭᠤᠬᠤ ᠪᠠᠷ ᠳᠠᠩᠰᠠᠯᠠᠭᠤᠯᠤᠭᠰᠠᠨ ᠪᠠᠢᠳᠠᠯ ᠭᠠᠷᠪᠠ᠃ ᠳᠣᠳᠠᠭᠠᠵᠣ ᠪᠠᠶᠢᠭ᠎ᠠ ᠬᠦᠮᠦᠨ᠂ | ᠡᠵᠡᠮᠳᠡᠬᠦ ᠡᠲᠡᠭᠡᠳ᠂ ᠬᠤᠤᠷ ᠲᠠᠲᠠᠭᠰᠠᠳ᠂ ᠶᠠᠯ᠎ᠠ ᠬᠢᠵᠦ ᠥᠩᠭᠡᠷᠡᠭᠰᠡᠨ ᠬᠥᠮᠦᠰ ᠵᠡᠷᠭᠡ ᠬᠠᠤᠯᠢ ᠠᠴᠠ | ᠵᠥᠷᠢᠴᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠠᠭᠤᠳᠠᠯ ᠤᠨ ᠦᠢᠯᠡᠰ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠪᠠ᠃ | ︽ᠦᠨᠡᠮᠯᠡᠯ ᠥᠬᠡᠶ ᠪᠠᠷ ᠣᠷᠣᠵᠤ ᠰᠠᠭᠤᠬᠤ︾ ᠰᠢᠰᠲ᠋ᠧᠮ ᠪᠠ ︽ᠬᠥᠮᠦᠨ ᠪᠠ ᠦᠨᠡᠮᠯᠡᠯ ᠢ ᠬᠢᠨᠠᠨ | ᠰᠢᠯᠭᠠᠬᠤ︾ ᠰᠢᠰᠲ᠋ᠧᠮ ᠢᠶᠠᠷ ᠳᠠᠮᠵᠢᠭᠤᠯᠤᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠠᠷᠠᠳ ᠲᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠰᠢᠯᠢᠳᠡᠭᠵᠢᠭᠦᠯᠦᠨ᠂ ᠦᠨᠳᠦᠰᠦᠨ ᠱᠠᠲᠤᠨ ᠤ ᠠᠷᠠᠳ ᠤᠨ | ᠴᠠᠭᠳᠠᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠦᠢᠯᠡᠴᠢᠯᠡᠨ᠎ᠡ᠃ | ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠭ᠎ᠠ ᠥᠬᠡᠶ ᠠᠶᠠᠨᠴᠢᠳ ᠢ ᠡᠮᠦᠨ᠎ᠡ ᠲᠠᠪᠴᠠᠩ ᠳᠤ ᠬᠥᠮᠦᠨ ᠤ ᠵᠢᠰᠦ ᠪᠠᠷ | ᠢᠯᠭᠠᠨ ᠲᠠᠨᠢᠵᠤ ᠬᠠᠷᠢᠴᠠᠭᠤᠯᠤᠭᠰᠠᠨ ᠤ ᠳᠠᠷᠠᠭ᠎ᠠ ᠳᠠᠷᠤᠶ ᠣᠷᠣᠵᠤ ᠰᠠᠭᠤᠬᠤ ᠭᠠᠷ ᠭᠦᠢᠴᠡᠳᠭᠡᠯ ᠬᠢᠯᠭᠡᠵᠦ᠂ ᠣᠯᠠᠨ | ᠲᠦᠮᠡᠨ ᠤ ᠳᠡᠩᠰᠡᠯᠡᠨ ᠲᠡᠮᠳᠡᠭᠯᠡᠵᠦ ᠣᠷᠣᠵᠤ ᠰᠠᠭᠤᠬᠤ ᠳᠤ ᠲᠥᠬᠦᠮ ᠦᠵᠡᠭᠦᠯᠦᠨ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠭᠡᠬᠦ ᠴᠠᠭ ᠢ ᠪᠠᠭᠠᠰᠬᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠤᠳᠠᠯ ᠤᠨ ᠦᠢᠯᠡᠰ ᠤᠨ | ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠲᠣᠮᠢᠯᠠᠭᠰᠠᠨ | ᠰᠠᠯᠪᠤᠷᠢ ᠶᠢᠨ ᠬᠤᠨᠤᠭ ᠤᠨ ᠭᠡᠷᠡᠴᠢ ᠭᠠᠷᠭᠠᠵᠤ ᠥᠭᠬᠦ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠳᠤ | ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠬᠠᠮᠢᠶᠠᠷᠤᠯᠲᠠ᠂ ᠠᠷᠠᠳ ᠲᠤ ᠲᠥᠬᠦᠮ ᠦᠵᠡᠭᠦᠯᠵᠦ ᠬᠠᠷᠢᠯᠴᠠᠨ ᠠᠰᠢᠭᠲᠠᠶ ᠬᠠᠮᠲᠤ ᠪᠠᠷ ᠠᠰᠢᠭ | ᠭᠥᠷᠳᠡᠬᠦ ᠪᠠᠶᠢᠳᠠᠯ ᠢ ᠪᠣᠶ ᠪᠣᠯᠭᠠᠪᠠ᠃ | 18 . ᠬᠠᠮᠢᠶᠠᠷᠤᠭᠴᠢ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ | ᠲᠣᠪᠴᠢᠶᠠᠨ ᠳᠠᠷᠤᠭ᠎ᠠ ᠵᠠᠶ ᠵᠧᠨ ᠬᠤᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠯᠢ | ᠵᠢᠶᠠᠨ ᠮᠢᠩ ᠳᠡᠳ᠋ ᠳᠠᠷᠤᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ | ᠮᠡᠷᠭᠡᠵᠢᠯ ᠤᠨ ᠶᠡᠭᠡ ᠠᠩᠭᠢ ᠶᠢᠨ ᠺᠠᠩ ᠢᠦᠶ ᠵᠢᠭᠠᠨ ᠵᠢᠯᠣᠭᠤᠳᠣᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ | ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠶᠠᠷᠯᠠᠯ᠎ᠠ᠃ | | | | | | |