10 ᠰᠠᠷ᠎ᠠ ᠶᠢᠨ 14 ᠤ ᠦᠳᠡ ᠶᠢᠨ ᠬᠤᠶᠢᠨ᠎ᠠ᠂ ᠢᠦᠢ ᠴᠢᠤᠸᠠᠨ ᠲᠣᠭᠤᠷᠢᠭ ᠤᠨ ᠬᠢᠨ ᠪᠦᠬᠦ ᠤᠯᠤᠰ ᠤᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠠᠷᠪᠠ ᠶᠢᠰᠦᠳᠦᠭᠡᠷ ᠤᠳᠠᠭ᠎ᠠ ᠶᠢᠨ | ᠲᠣᠬᠢᠷᠠᠭᠤᠯᠤᠯᠲᠠ ᠶᠢᠨ ᠬᠤᠷᠠᠯ ᠵᠢᠴᠢ ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ ᠡᠪᠬᠡᠮᠡᠯ ᠤᠨ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠪᠥᠬᠦ ᠲᠤᠭᠤᠷᠢᠭ ᠤᠨ ᠡᠯ᠎ᠡ ᠨᠢᠭᠡᠴᠡ ᠶᠢᠨ ᠪᠥᠬᠦ | ᠤᠯᠤᠰ ᠤᠨ ᠪᠣᠯᠪᠠᠰᠤᠨ ᠬᠤᠲᠠ ᠶᠢᠨ ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ ᠡᠪᠬᠡᠮᠡᠯ ᠢ ᠳᠡᠭᠡᠭᠰᠢ ᠮᠡᠳᠡᠭᠦᠯᠬᠦ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ︽ᠢᠦᠶ ᠴᠢᠤᠸᠠᠨ ᠲᠣᠭᠤᠷᠢᠭ ᠤᠨ 2021 | ᠣᠨ ᠤ ᠪᠥᠬᠦ ᠤᠯᠤᠰ ᠤᠨ ᠪᠣᠯᠪᠠᠰᠤᠨ ᠬᠤᠲᠠ ᠶᠢᠨ ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ ᠡᠪᠬᠡᠮᠡᠯ ᠤᠨ | ᠡᠭᠦᠷᠭᠡ ᠶᠢᠨ ᠨᠠᠷᠢᠨ ᠲᠠᠩᠰᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠬᠦ ᠶᠢᠨ ᠬᠠᠮᠲᠤ | ᠬᠤᠲᠠ ᠪᠠᠶᠢᠭᠤᠯᠬᠤ ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ ᠡᠪᠬᠡᠮᠡᠯ ᠤᠨ ᠠᠵᠢᠯ ᠢ ᠪᠠᠶᠢᠷᠢᠯᠠᠭᠤᠯᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ | ᠡᠪᠬᠡᠮᠡᠯ ᠤᠨ ᠠᠵᠢᠯ ᠨᠢ ᠪᠥᠬᠦ ᠤᠯᠤᠰ ᠤᠨ ᠪᠣᠯᠪᠠᠰᠤᠨ ᠬᠤᠲᠠ ᠶᠢ ᠰᠢᠯᠭᠠᠨ ᠦᠨᠡᠯᠡᠬᠦ ᠶᠡᠷᠦᠩᠬᠡᠶ ᠬᠤᠪᠢ ᠶᠢᠨ | 40% ᠶᠢ ᠡᠵᠡᠯᠡᠵᠦ᠂ ᠲᠦᠢᠯ ᠤᠨ ᠴᠢᠬᠤᠯᠠ ᠠᠵᠢᠯ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠢᠴᠡᠳᠭᠡᠯ ᠲᠤᠭ᠎ᠠ ᠨᠢᠭᠡᠪᠦᠷᠢ ᠶᠢ ᠵᠦᠢᠯ ᠵᠤᠷᠪᠤᠰ ᠳᠠᠷᠠᠭᠠᠯᠠᠨ ᠡᠮᠬᠢᠯᠡᠨ | ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ ᠬᠤᠲᠠ ᠪᠠᠶᠢᠭᠤᠯᠤᠭᠰᠠᠨ | ᠬᠠᠮᠢᠶ᠎ᠠ ᠪᠥᠬᠦᠶ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠠᠵᠢᠯ ᠳᠤ ᠪᠠᠯᠠᠶ ᠭᠠᠵᠠᠷ ᠦᠯᠡᠳᠡᠭᠡᠬᠦ ᠥᠬᠡᠶ᠂ | ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠰᠦᠯᠵᠢᠶᠡᠨ ᠳᠡᠭᠡᠷ᠎ᠡ ᠮᠡᠳᠡᠭᠦᠯᠦᠭᠰᠡᠨ | ᠲᠠᠩᠰᠠ ᠡᠪᠬᠡᠮᠡᠯ ᠢ ᠰᠢᠯᠭᠠᠨ ᠦᠨᠡᠯᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ | ᠰᠦᠯᠵᠢᠶᠡᠨ ᠳᠡᠭᠡᠷ᠎ᠡ ᠮᠡᠳᠡᠭᠦᠯᠦᠭᠰᠡᠨ ᠲᠠᠩᠰᠠ ᠡᠪᠬᠡᠮᠡᠯ ᠤᠨ ᠠᠵᠢᠯ ᠳᠤ ︽ᠬᠤᠪᠢ ᠠᠯᠳᠠᠬᠤ ᠥᠬᠡᠶ᠂ ᠥᠨᠳᠥᠷ | ᠬᠤᠪᠢ ᠣᠯᠵᠤ᠂ ᠪᠦᠷᠢᠨ ᠬᠤᠪᠢ ᠤᠯᠬᠤ︾ ᠪᠠᠷ ᠴᠢᠷᠮᠠᠶᠢᠬᠤ ᠬᠡᠷᠡᠭᠲᠡᠶ᠃ | | | | | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠢᠶᠠᠷᠤᠯᠲᠠ ᠶᠢᠨ ᠲᠣᠭᠲᠠᠴᠠ ᠪᠠᠨ | ᠪᠦᠷᠢᠨᠰᠢᠬᠦᠯᠵᠦ᠂ ︽ᠪᠦᠬᠦ ᠤᠯᠤᠰ ᠤᠨ ᠪᠣᠯᠪᠠᠰᠤᠨ ᠬᠤᠳᠠ ᠶᠢ ᠰᠢᠯᠭᠠᠨ ᠦᠨᠡᠯᠡᠬᠦ ᠰᠢᠰᠲ᠋ᠧᠮ︾᠂ ︽ᠪᠦᠬᠦ | ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ | ᠠᠵᠢᠯ ᠢ ᠰᠢᠯᠭᠠᠨ ᠦᠨᠡᠯᠡᠬᠦ ᠰᠢᠰᠲ᠋ᠧᠮ︾ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠠᠷᠢᠨ ᠨᠢᠮᠪᠠᠢ | ᠰᠤᠷᠤᠯᠴᠠᠵᠤ᠂ ︽ᠨᠢᠭᠡᠳᠦᠭᠡᠷ ᠭᠠᠷ︾ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠠᠵᠢᠯ ᠤᠨ ᠲᠣᠭᠲᠠᠴᠠ ᠶᠢ | ᠪᠠᠶᠢᠭᠤᠯᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠩᠰᠠ ᠡᠪᠬᠡᠮᠡᠯ ᠤᠨ | ᠠᠵᠢᠯ ᠤᠨ ᠲᠤᠰᠬᠠᠶ ᠠᠩᠭᠢ ᠶᠢ ᠦᠳᠲᠡᠷ ᠲᠦᠷᠭᠡᠨ ᠪᠠᠶᠢᠭᠤᠯᠵᠤ᠂ ᠰᠢᠯᠢᠳᠡᠭ ᠴᠡᠷᠢᠭ ᠬᠦᠴᠦᠷᠬᠡᠭ ᠵᠠᠩᠵᠤᠨ ᠢ | ᠬᠤᠲᠠ ᠪᠠᠶᠢᠭᠤᠯᠬᠤ ᠲᠠᠩᠰᠠ ᠡᠪᠬᠡᠮᠡᠯ ᠤᠨ ᠠᠵᠢᠯ ᠳᠤ ᠬᠡᠷᠡᠭᠯᠡᠬᠦ ᠬᠡᠷᠡᠭᠲᠡᠶ᠃ ᠬᠤᠳᠠ ᠪᠠᠶᠢᠭᠤᠯᠬᠤ ᠰᠦᠯᠵᠢᠶᠡᠨ | ᠳᠡᠭᠡᠷ᠎ᠡ ᠮᠠᠲ᠋ᠧᠷᠢᠶᠠᠯ ᠮᠡᠳᠡᠭᠦᠯᠬᠦ ᠳᠡᠭᠡᠨ ᠦᠨᠡᠨ ᠠᠴᠠ ᠵᠥᠪ ᠢ ᠡᠷᠢᠵᠦ᠂ ᠨᠠᠷᠢᠨ ᠬᠢᠨᠠᠮᠠᠭᠠᠢ ᠨᠤᠲᠠᠯᠠᠯᠲᠠ ᠬᠢᠵᠦ᠂ | ᠭᠤᠣᠯᠳᠠᠯᠭ᠎ᠠ ᠶᠢ ᠳᠤᠪᠤᠶᠢᠯᠭᠠᠵᠤ᠂ ᠬᠢᠯᠠᠰ ᠴᠡᠭ ᠢ ᠢᠯᠡᠷᠡᠭᠦᠯᠬᠦ ᠬᠡᠷᠡᠭᠲᠡᠢ᠃ ᠭᠡᠷᠡᠯ ᠵᠢᠷᠤᠭ ᠤᠨ ᠮᠠᠲ᠋ᠧᠷᠢᠶᠠᠯ ᠤᠨ | ᠪᠣᠭᠤᠮᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠶᠢ ᠳᠤᠪᠤᠶᠢᠯᠭᠠᠵᠤ᠂ ᠡᠭᠦᠳᠦᠨ ᠪᠠᠶᠢᠭᠤᠯᠤᠭᠰᠠᠨ ᠦᠷ᠎ᠡ | ᠪᠦᠲᠦᠮᠵᠢ ᠶᠢ ᠭᠦᠢᠴᠡᠳ ᠢᠯᠡᠷᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠦᠬᠦ ᠲᠤᠭᠤᠷᠢᠭ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ | ᠲᠣᠭᠤᠷᠢᠭ ᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ︽ᠢᠦᠢ ᠴᠢᠤᠸᠠᠨ | ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠲᠣᠭᠤᠷᠢᠭ ᠢ ᠡᠭᠦᠳᠦᠨ ᠪᠠᠶᠢᠭᠤᠯᠬᠤ | ᠨᠢᠭᠡ ᠪᠠᠯᠭᠠᠰᠤ ᠶᠢᠨ ᠨᠠᠢᠮᠠᠨ ᠠᠯᠪᠠᠨ ᠭᠡᠷ ᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠳᠣᠷᠣᠭᠰᠢ | ᠰᠠᠭᠤᠭᠳᠠᠭᠰᠠᠨ ᠬᠥᠮᠦᠰ ᠤᠨ ᠲᠤᠭ᠎ᠠ ᠶᠢ ᠬᠤᠪᠢᠶᠠᠷᠢᠯᠠᠬᠤ ᠲᠥᠰᠦᠯ︾ ᠳᠤ ᠲᠠᠶᠢᠯᠤᠮᠵᠢ ᠬᠢᠵᠡᠢ᠃ ᠢᠦᠶ ᠴᠢᠤᠸᠠᠨ | ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ 25 ᠡᠭᠦᠳᠦᠨ ᠪᠠᠶᠢᠭᠤᠯᠬᠤ ᠭᠠᠵᠠᠷ ᠣᠷᠣᠨ ᠤ ᠨᠢᠭᠡ ᠪᠣᠯᠤᠭᠰᠠᠨ ᠤ | ᠬᠤᠪᠢ ᠳᠤ᠂ ᠡᠨᠡ ᠵᠢᠯ ᠪᠣᠯ ᠡᠭᠦᠳᠦᠨ ᠪᠠᠶᠢᠭᠤᠯᠬᠤ ᠦᠶᠡᠯᠡᠯ ᠤᠨ ᠬᠤᠶᠠᠳᠤᠭᠠᠷ ᠵᠢᠯ ᠤᠨ ᠰᠢᠯᠭᠠᠨ ᠲᠣᠭᠲᠠᠭᠠᠯᠲᠠ | ᠪᠣᠯᠤᠨ᠎ᠠ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠨᠢᠭᠡᠴᠡ ᠨᠦᠭᠦᠳ ᠳᠠᠭᠠᠭᠠᠴᠢᠯᠠᠨ | ᠬᠤᠯᠪᠣᠭᠠᠯᠠᠭᠰᠠᠨ ᠪᠠᠯᠭᠠᠰᠤ᠂ ᠨᠡᠶᠢᠭᠡᠮ ᠲᠣᠭᠤᠷᠢᠭ ᠲᠤ ᠪᠠᠭᠤᠵᠤ᠂ ᠴᠠᠭ ᠲᠤᠬᠠᠶ ᠳᠤᠨᠢ ᠨᠡᠶᠢᠭᠡᠮ ᠲᠣᠭᠤᠷᠢᠭ ᠢ | ᠬᠠᠪᠰᠤᠷᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ | ᠪᠣᠳᠠᠲᠠᠶᠢᠵᠢᠭᠤᠯᠵᠤ᠂ ᠪᠥᠬᠦ ᠠᠷᠠᠳ ᠢᠶᠠᠷ ᠢᠶᠠᠨ ᠡᠭᠦᠳᠦᠨ ᠪᠠᠶᠢᠭᠤᠯᠬᠤ᠂ ᠪᠥᠬᠦ ᠠᠵᠢᠯᠲᠠᠨ ᠢᠶᠠᠷ ᠢᠶᠠᠨ ᠡᠭᠦᠳᠦᠨ | ᠪᠠᠶᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ | ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠦᠯᠵᠢᠶᠡᠨ ᠳᠡᠭᠡᠷ᠎ᠡ | ᠠᠵᠢᠯᠲᠠᠨ ᠢ ᠮᠡᠳᠡᠭᠦᠯᠵᠦ᠂ ᠨᠢᠭᠡ ᠪᠠᠯᠭᠠᠰᠤᠨ ᠤ ᠨᠠᠢᠮᠠᠨ ᠠᠯᠪᠠᠨ ᠬᠡᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ︵ᠰᠤᠷᠪᠤᠯᠵᠢᠯᠠᠭᠴᠢ᠄ | ᠢᠦᠶ ᠲᠧᠩ ᠵᠢᠶᠤᠤ ᠶᠠᠩ ᠸᠧᠨ ᠵᠢᠩ︶ | | |