ᠨᠢᠭᠡ᠂ ᠲᠣᠭᠲᠠᠭᠠᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ | ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠶ ᠶᠢᠨ ᠭᠤᠣᠯᠳᠠᠯᠭ᠎ᠠ ᠪᠠ ᠠᠮᠢᠨ ᠰᠤᠳᠠᠰᠤ ᠮᠥᠨ᠂ | ᠡᠬᠢ ᠪᠠᠶᠠᠯᠢᠭ ᠢ ᠲᠣᠬᠢᠷᠠᠭᠤᠯᠬᠤ ᠪᠠ ᠬᠤᠷᠸ᠎ᠠ ᠲᠣᠬᠢᠷᠠᠭᠤᠯᠤᠯᠲᠠ ᠬᠢᠬᠦ ᠴᠢᠬᠤᠯᠠ ᠪᠠᠭᠠᠵᠢ ᠮᠥᠨ᠃ ᠥᠪᠡᠷᠲᠡᠭᠡᠨ | ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ | ᠬᠥᠭᠵᠢᠯᠲᠡ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ ᠶᠢ ᠰᠠᠶᠢᠲᠤᠷ ᠲᠣᠭᠲᠠᠭᠠᠵᠤ᠂ ᠮᠠᠨ ᠤ ᠣᠷᠣᠨ ᠤ | ᠢᠷᠡᠭᠡᠳᠦᠶ ᠶᠢᠨ ᠲᠠᠪᠤᠨ ᠵᠢᠯ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠯᠡᠬᠦ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ︾ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ᠪᠣᠯᠤᠨ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠩ ᠰᠠᠶᠢᠲᠤᠷ ᠦᠢᠯᠡᠴᠢᠯᠡᠬᠦ᠂ | ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠬᠦᠴᠦᠯᠡᠨ | ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ ᠮᠠᠨ ᠤ ᠣᠷᠣᠨ ᠤ ᠮᠥᠩᠭᠦᠨ ᠭᠦᠢᠯᠭᠡᠭᠡᠨ ᠤ ᠠᠵᠢᠯ ᠨᠢ ᠮᠥᠩᠭᠦᠨ ᠭᠦᠢᠯᠭᠡᠭᠡᠨ ᠢ ᠬᠡᠷᠡᠭᠯᠡᠬᠦ᠂ | ᠮᠥᠩᠭᠦᠨ ᠭᠦᠢᠯᠭᠡᠭᠡᠨ ᠢ ᠬᠠᠮᠢᠶᠠᠷᠬᠤ᠂ ᠮᠥᠩᠭᠦᠨ ᠭᠦᠢᠯᠭᠡᠭᠡᠨ ᠢ ᠡᠷᠬᠢᠯᠡᠬᠦ ᠭᠤᠷᠪᠠᠨ ᠲᠠᠯ᠎ᠠ ᠠᠴᠠ ᠬᠦᠴᠦᠯᠡᠨ | ᠭᠠᠷᠳᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠰᠠᠶᠢᠲᠤᠷ ᠬᠡᠷᠡᠭᠯᠡᠵᠦ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠮᠥᠩᠭᠦᠨ ᠭᠦᠢᠯᠭᠡᠭᠡ ᠪᠣᠯ ᠪᠣᠳᠠᠲᠤ ᠴᠣᠭᠴᠠᠲᠤ ᠠᠵᠤ ᠠᠬᠤᠢ ᠶᠢᠨ ᠠᠮᠢᠨ ᠰᠤᠳᠠᠰᠤ ᠮᠥᠨ᠂ ᠪᠣᠳᠠᠲᠤ | ᠴᠣᠭᠴᠠᠲᠤ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ ᠭᠦᠢᠯᠭᠡᠭᠡᠨ ᠤ ᠳᠠᠷᠬᠠᠨ ᠡᠭᠦᠷᠭᠡ ᠮᠥᠨ᠂ ᠪᠠᠰᠠ ᠴᠤ | ᠮᠥᠩᠭᠦᠨ ᠭᠦᠢᠯᠭᠡᠭᠡᠨ ᠤ ᠠᠵᠢᠯ ᠤᠨ ᠡᠭᠦᠰᠦᠯᠲᠡ ᠪᠠ ᠵᠣᠭᠰᠣᠯᠲᠠ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠬᠤᠭᠤᠴᠠᠭᠠᠨ ᠳᠤ ᠠᠵᠤ ᠦᠢᠯᠡᠰ᠂ ᠠᠵᠤ ᠠᠬᠤᠶᠢᠯᠠᠯ᠂ ᠣᠷᠣᠨ ᠪᠦᠰᠡ ᠵᠡᠷᠭᠡ ᠭᠤᠷᠪᠠᠨ ᠲᠠᠯ᠎ᠠ ᠪᠠᠷ | ᠮᠥᠩᠭᠦᠨ ᠭᠦᠢᠯᠭᠡᠭᠡ ᠶᠢ ᠭᠤᠣᠯᠳᠠᠯᠭ᠎ᠠ ᠲᠠᠢ ᠪᠠᠷ ᠰᠠᠶᠢᠲᠤᠷ ᠬᠡᠷᠡᠭᠯᠡᠨ᠎ᠡ᠃ | 1. ᠮᠥᠩᠭᠦᠨ ᠭᠦᠢᠯᠭᠡᠭᠡᠨ ᠬᠢᠭᠡᠳ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠴᠢᠩᠭᠠᠳᠬᠠᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠮᠥᠩᠭᠦᠨ ᠭᠦᠢᠯᠭᠡᠭᠡᠨ ᠤ ᠲᠣᠭᠤᠷᠢᠨ ᠳᠤ᠂ ᠤᠨᠴᠠᠯᠢᠬᠳᠤ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ᠂ ᠲᠠᠷᠢᠶᠠᠯᠠᠩ ᠮᠠᠯ ᠠᠵᠤ | ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ | ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ᠂ ᠦᠢᠯᠡᠴᠢᠯᠡᠭᠡᠨ ᠤ ᠬᠥᠲᠥᠴᠢ ᠠᠵᠤ | ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ | ᠳᠡᠮᠵᠢᠯᠭᠡ ᠶᠢᠨ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠪᠠᠭᠠᠵᠢ ᠶᠢ ᠰᠢᠨᠡᠴᠢᠯᠡᠵᠦ᠂ ᠮᠥᠩᠭᠦᠨ ᠭᠦᠢᠯᠭᠡᠭᠡᠨ | ᠪᠠ ᠲᠠᠷᠢᠶᠠᠯᠠᠩ ᠮᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠤᠳᠤ ᠦᠶ᠎ᠡ ᠶᠢᠨ | ᠡᠨᠧᠷᠭᠢ ᠶᠢᠨ ᠰᠤᠷᠪᠤᠯᠵᠢ ᠶᠢᠨ ᠮᠥᠩᠭᠦᠨ ᠭᠦᠢᠯᠭᠡᠭᠡᠨ ᠤ ᠲᠣᠭᠤᠷᠢᠨ ᠳᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠭᠤᠣᠯᠳᠠᠭᠤ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠪᠥᠭᠡᠳ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ᠂ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠪᠠ ᠡᠨᠧᠷᠭᠢ ᠶᠢᠨ ᠰᠤᠷᠪᠤᠯᠵᠢ ᠶᠢᠨ | ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ᠂ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠨᠡᠷᠡᠳᠬᠦᠨ ᠤ ᠰᠢᠨᠡᠴᠢᠯᠡᠯᠲᠡ ᠶᠢ ᠴᠢᠩᠭᠠᠳᠬᠠᠵᠤ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠭᠤᠯᠤᠭᠳᠠᠬᠤᠨ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠡᠬᠢ | ᠪᠠᠶᠠᠯᠢᠭ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠪᠣᠬᠢᠷᠲᠤᠯ ᠦᠭᠡᠶ ᠮᠥᠩᠭᠦᠨ ᠭᠦᠢᠯᠭᠡᠭᠡᠨ ᠤ ᠲᠣᠭᠤᠷᠢᠨ ᠳᠤ᠂ | ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠣᠬᠢᠷᠲᠤᠯ ᠦᠭᠡᠶ ᠬᠥᠭᠵᠢᠯᠲᠡ᠂ ᠠᠮᠢ | ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠬᠦᠷᠢᠶ᠎ᠡ ᠲᠡᠶᠢᠰᠢ | ᠬᠡᠯᠪᠠᠶᠢᠯᠭᠡᠵᠦ᠂ ᠪᠣᠬᠢᠷᠲᠤᠯ ᠥᠬᠡᠶ ᠬᠥᠭᠵᠢᠯᠲᠡ ᠯᠦᠭᠡ ᠬᠤᠯᠪᠣᠭᠳᠠᠭᠤᠯᠤᠭᠰᠠᠨ ᠢᠲᠡᠭᠡᠮᠵᠢᠲᠦ ᠵᠢᠭᠡᠯᠡᠯᠭᠡ ᠶᠢᠨ | ᠨᠡᠷᠡᠳᠬᠦᠨ ᠢ ᠳᠡᠯᠭᠡᠷᠡᠭᠦᠯᠵᠦ᠂ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ ᠶᠢᠨ ᠪᠠᠷᠢᠮᠵᠢᠶ᠎ᠠ ᠶᠢ ᠨᠠᠷᠢᠯᠢᠬᠵᠢᠭᠤᠯᠤᠨ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠭᠡᠭᠡᠯᠲᠡᠲᠦ ᠴᠢᠨᠠᠷᠲᠠᠶ ᠪᠣᠬᠢᠷᠲᠤᠯ ᠥᠬᠡᠶ ᠮᠥᠩᠭᠦᠨ ᠭᠦᠢᠯᠭᠡᠭᠡᠨ ᠤ | ᠨᠡᠷᠡᠳᠬᠦᠨ ᠢ ᠬᠠᠶᠢᠨ ᠰᠦᠪᠡᠭᠴᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷᠯᠢᠭ ᠬᠥᠭᠵᠢᠯᠲᠡ ᠶᠢ ᠳᠡᠮᠵᠢᠬᠦ᠂ ︽ᠬᠦᠯᠦᠨ ᠨᠠᠭᠤᠷ᠂ ᠲᠠᠶᠢᠭ᠎ᠠ ᠨᠠᠭᠤᠷ᠂ ᠤᠯᠠᠭᠠᠨᠰᠤᠬᠠᠢ︾ ᠶᠢ | ᠶᠡᠷᠦᠩᠬᠡᠶᠢᠯᠡᠨ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠳᠡᠯᠭᠡᠷᠡᠭᠦᠯᠵᠦ᠂ ᠠᠶᠢᠮᠠᠭ ᠬᠤᠲᠠ ᠶᠢᠨ ᠪᠣᠬᠢᠷᠲᠤᠯ | ᠥᠬᠡᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠠᠵᠢᠯ | ᠥᠷᠨᠢᠭᠦᠯᠬᠦ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ | ᠲᠣᠭᠤᠷᠢᠨ ᠳᠤ᠂ ᠭᠤᠣᠯᠳᠠᠯᠭ᠎ᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ | ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠮᠥᠩᠭᠦᠨ ᠭᠦᠢᠯᠭᠡᠭᠡᠨ ᠤ ᠨᠡᠷᠡᠳᠬᠦᠨ ᠤ ᠲᠣᠭᠲᠠᠯᠴᠠᠭ᠎ᠠ ᠶᠢ ᠪᠠᠶᠠᠯᠢᠭᠵᠢᠭᠤᠯᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠢ ᠥᠷᠭᠡᠳᠬᠡᠬᠦ ᠵᠡᠷᠭᠡ | ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠨᠵᠢᠯᠠᠭᠠ ᠪᠠᠷ ᠪᠠᠯᠠ ᠲᠣᠬᠢᠷᠠᠭᠤᠯᠭ᠎ᠠ ᠪᠠᠨ ᠥᠷᠭᠡᠳᠬᠡᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠷᠡᠰ ᠤᠨ ᠴᠠᠭᠠᠨ ᠲᠠᠩᠰᠠ ᠶᠢ ᠪᠠᠶᠢᠭᠤᠯᠤᠨ | ᠲᠡᠭᠦᠯᠳᠡᠷᠵᠢᠭᠦᠯᠬᠦ᠂ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠪᠠ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠮᠡᠷᠭᠡᠵᠢᠯ ᠤᠨ ᠰᠢᠨᠡᠴᠢᠯᠡᠯᠲᠡ ᠶᠢ ᠳᠡᠮᠵᠢᠨ᠎ᠡ᠃ ᠨᠡᠭᠡᠭᠡᠯᠲᠡᠲᠦ ᠮᠥᠩᠭᠦᠨ | ᠭᠦᠢᠯᠭᠡᠭᠡᠨ ᠤ ᠲᠣᠭᠤᠷᠢᠨ ᠳᠤ᠂ ᠭᠤᠣᠯᠳᠠᠭᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ᠂ ᠪᠣᠭᠤᠮᠲᠠ ᠶᠢᠨ ᠠᠵᠤ ᠠᠬᠤᠶ᠂ ᠦᠢᠯᠡᠴᠢᠯᠡᠭᠡᠨ ᠤ ᠭᠠᠳᠠᠭᠠᠳᠤ ᠠᠷᠠᠯᠵᠢᠶ᠎ᠠ ᠶᠢᠨ ᠭᠤᠤᠯ | ᠴᠣᠭᠴᠠ ᠶᠢ ᠳᠡᠮᠵᠢᠬᠦ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠢ ᠢᠳᠡᠪᠬᠢᠲᠡᠶ | ᠳᠡᠯᠭᠡᠷᠡᠭᠦᠯᠦᠨ᠂ ᠪᠠᠷᠠᠭᠠᠨ ᠤ ᠭᠦᠢᠯᠭᠡᠭᠡᠨ ᠤ ᠮᠥᠩᠭᠦᠨ ᠭᠦᠢᠯᠭᠡᠭᠡᠨ ᠢ ᠶᠡᠭᠡ ᠪᠠᠷ ᠬᠥᠭᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠶᠡᠷᠦᠩᠬᠡᠶᠢᠯᠡᠭᠰᠡᠨ ᠴᠢᠨᠠᠷᠲᠠᠶ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠳᠠᠪᠠᠭᠤᠯᠢᠭ ᠠᠵᠤ | ᠦᠢᠯᠡᠰ ᠤᠨ ᠬᠡᠯᠬᠢᠶ᠎ᠡ ᠶᠢ ᠲᠣᠭᠲᠠᠭᠤᠨ ᠢᠶᠠᠷ ᠰᠢᠯᠢᠳᠡᠭᠵᠢᠭᠦᠯᠬᠦ ᠶᠢ ᠳᠡᠮᠵᠢᠬᠦ ᠶᠢᠨ ᠲᠣᠭᠤᠷᠢᠨ ᠳᠤ᠂ ᠪᠥᠬᠦ ᠠᠵᠤ | ᠦᠢᠯᠡᠰ ᠤᠨ ᠬᠡᠯᠬᠢᠶ᠎ᠡ ᠪᠠᠷ ᠢᠶᠠᠨ ᠬᠠᠮᠵᠢᠯᠴᠠᠨ ᠬᠥᠭᠵᠢᠭᠰᠡᠨ ᠰᠠᠭᠠᠯᠢ ᠶᠢᠨ ᠦᠢᠯᠡᠰ ᠤᠨ ᠮᠥᠩᠭᠦᠨ ᠭᠦᠢᠯᠭᠡᠭᠡᠨ ᠢ | ᠭᠤᠤᠯᠳᠠᠯᠭ᠎ᠠ ᠲᠠᠢ ᠪᠣᠶ ᠪᠣᠯᠭᠠᠵᠤ᠂ ᠬᠤᠪᠣᠷ ᠰᠢᠷᠣᠶ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ | ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ᠃ | 2. ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠨᠢᠷᠤᠭᠤᠪᠴᠢ ᠬᠦᠲᠦᠴᠢ ᠠᠵᠤ ᠠᠬᠤᠶᠢᠯᠠᠯ ᠳᠤ᠂ ᠬᠦᠲᠦᠴᠢ ᠠᠵᠤ | ᠠᠬᠤᠶᠢᠯᠠᠯ ᠢ ᠲᠡᠳᠬᠦᠬᠦ᠂ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ᠂ ᠠᠵᠤ ᠦᠢᠯᠡᠰ ᠢ ᠬᠦᠴᠦᠷᠬᠡᠭᠵᠢᠭᠦᠯᠬᠦ | ᠰᠡᠳᠬᠢᠮᠵᠢ ᠶᠣᠰᠣᠭᠠᠷ᠂ ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠴᠢᠯᠡᠭᠡᠨ ᠪᠠ ᠳᠡᠮᠵᠢᠯᠭᠡ ᠶᠢᠨ ᠲᠦᠷᠦ ᠶᠢᠨ | ᠪᠤᠳᠤᠯᠭ᠎ᠠ ᠶᠢ ᠨᠠᠷᠢᠯᠢᠬᠵᠢᠭᠤᠯᠤᠨ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠢ ᠰᠢᠯᠢᠨ | ᠰᠣᠩᠭᠤᠬᠤ᠂ ᠦᠨᠡᠯᠡᠬᠦ᠂ ᠪᠤᠶᠢᠵᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ | ᠳᠦᠷᠢᠮ ᠢᠶᠠᠨ ᠥᠭᠡᠷᠡᠴᠢᠯᠡᠵᠦ ᠵᠠᠬ᠎ᠠ ᠳᠡᠯᠭᠡᠭᠦᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠵᠤ᠂ ᠺᠣᠮᠫᠠᠨᠢ ᠶᠢᠨ | ᠥᠭᠴᠡᠭᠡᠨ ᠤ ᠲᠡᠮᠳᠡᠭᠲᠦ ᠲᠠᠷᠬᠠᠭᠠᠬᠤ᠂ ᠡᠳ᠋ ᠬᠦᠷᠦᠩᠭᠡ ᠶᠢ ᠲᠡᠮᠳᠡᠭᠲᠦ ᠪᠣᠯᠭᠠᠬᠤ᠂ ᠨᠡᠶᠢᠯᠡᠭᠦᠯᠦᠨ ᠬᠤᠳᠠᠯᠳᠤᠨ | ᠠᠪᠬᠤ ᠵᠢᠭᠡᠯᠡᠯᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠳᠠᠬᠢᠨ ᠪᠡᠯᠡ ᠲᠣᠬᠢᠷᠠᠭᠤᠯᠬᠤ ᠶᠢ ᠳᠡᠮᠵᠢᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ | ᠠᠩᠬᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶᠡᠨ ᠤ ᠮᠥᠩᠭᠦᠨ | ᠭᠦᠢᠯᠭᠡᠭᠡᠨ ᠪᠠ ᠰᠦᠯᠵᠢᠶᠡᠨ ᠳᠡᠭᠡᠷᠡᠬᠢ ᠲᠣᠮᠣ ᠳ᠋ᠠᠶᠢᠲ᠋ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠥᠷᠭᠡᠳᠬᠡᠨ᠂ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠭᠤᠤᠯᠳᠠᠯᠭ᠎ᠠ ᠶᠢ ᠳᠣᠷᠣᠭᠰᠢ | ᠪᠠᠭᠤᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠨ᠂ ᠠᠮᠢᠳᠤᠯᠢᠭ ᠪᠥᠭᠡᠳ ᠣᠯᠠᠨ ᠶᠠᠩᠵᠤ ᠶᠢᠨ | ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠳᠤ ᠰᠢᠨᠡᠴᠢᠯᠡᠯᠲᠡ ᠬᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ | ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠭᠦᠨᠵᠡᠭᠡᠶᠢᠷᠡᠭᠦᠯᠦᠨ᠎ᠡ᠃ | 3. ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ | ᠲᠤᠷᠰᠢᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢ ᠬᠥᠲᠥᠯᠦᠨ ᠵᠢᠯᠣᠭᠤᠳᠴᠤ ᠪᠠᠶᠢᠭᠠᠳ ᠣᠷᠣᠨ | ᠪᠦᠰᠡ ᠶᠢᠨ ᠪᠠᠶᠢᠷᠢᠰᠢᠭᠤᠯᠤᠯ ᠪᠠ ᠳᠠᠪᠠᠭᠤᠯᠢᠭ᠂ ᠪᠣᠬᠢᠷᠲᠤᠯ ᠥᠬᠡᠶ᠂ ᠤᠨᠴᠠᠯᠢᠬᠳᠤ ᠠᠵᠤ ᠦᠢᠯᠡᠰ ᠲᠠᠢ | ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠶᠣᠰᠣᠭᠠᠷ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠲᠦᠩᠯᠢᠶᠣᠤ ᠶᠢᠨ ᠠᠯᠠᠰᠢᠨ ᠦᠬᠡᠷ᠂ ᠤᠯᠠᠭᠠᠨᠴᠠᠪ ᠤᠨ ᠲᠥᠮᠥᠰᠥ᠂ ᠪᠠᠶᠠᠨᠨᠠᠭᠤᠷ ᠤᠨ ᠨᠡᠷᠡᠨ ᠬᠤᠸᠠᠷ᠂ | ᠣᠷᠳᠣᠰ ᠤᠨ ᠨᠣᠣᠯᠤᠭᠤᠷ ᠤᠨ ᠤᠨᠴᠠᠯᠢᠬᠳᠤ ᠮᠥᠩᠭᠦᠨ ᠭᠦᠢᠯᠭᠡᠭᠡᠨ ᠢ ᠪᠣᠶ ᠪᠣᠯᠭᠠᠬᠤ ᠲᠠᠯ᠎ᠠ ᠪᠠᠷ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠳᠡᠮᠵᠢᠨ᠎ᠡ︔ ᠪᠤᠭᠤᠲᠤ᠂ ᠣᠷᠳᠣᠰ᠂ ᠤᠯᠠᠭᠠᠨᠴᠠᠪ᠂ ᠪᠠᠶᠠᠨᠨᠠᠭᠤᠷ᠂ | ᠠᠯᠠᠱᠠ ᠵᠡᠷᠭᠡ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠡᠨᠧᠷᠭᠢ ᠶᠢᠨ ᠮᠥᠩᠭᠦᠨ ᠭᠦᠢᠯᠭᠡᠭᠡᠨ ᠤ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ | ᠳᠡᠮᠵᠢᠨ᠎ᠡ︔ ᠬᠤᠷᠢᠨᠭᠡᠷ ᠰᠢᠨ᠎ᠡ ᠲᠣᠭᠤᠷᠢᠭ ᠤᠨ ᠲᠤᠮᠤ ᠳ᠋ᠠᠶᠢᠲ᠋ᠠ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ | ᠦᠭᠡᠢ ᠡᠨᠧᠷᠭᠢ ᠵᠡᠷᠭᠡ ᠠᠵᠤ ᠦᠢᠯᠡᠰ ᠤᠨ ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ | ᠵᠠᠭᠪᠤᠷ ᠡᠭᠦᠳᠬᠦ ᠶᠢ ᠳᠡᠮᠵᠢᠵᠦ᠂ ᠪᠤᠭᠤᠲᠤ ᠬᠤᠳᠠ᠂ ᠦᠬᠠᠢ ᠬᠤᠳᠠ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠤᠷᠣᠭᠳᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠤᠯᠠᠮᠵᠢᠯᠠᠯᠲᠤ ᠠᠵᠤ | ᠦᠢᠯᠡᠰ ᠤᠨ ᠤᠶᠤᠨᠴᠢᠯᠠᠬᠰᠠᠨ ᠥᠭᠡᠷᠡᠴᠢᠯᠡᠯᠲᠡ ᠶᠢᠨ ᠲᠣᠭᠤᠷᠢᠨ ᠳᠤ ᠪᠣᠬᠢᠷᠲᠤᠯ ᠦᠭᠡᠢ ᠮᠥᠩᠭᠦᠨ ᠭᠦᠢᠯᠭᠡᠭᠡᠨ ᠤ | ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠶᠢ ᠳᠡᠮᠵᠢᠨ᠎ᠡ︔ ᠬᠥᠬᠡᠬᠤᠲᠠ ᠪᠤᠭᠤᠲᠤ ᠣᠷᠳᠣᠰ ᠲᠠᠬᠢ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠳᠤ | ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ︔ ᠪᠣᠭᠤᠮᠲᠠ ᠶᠢᠨ ᠠᠵᠤ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ | ᠵᠢᠯᠣᠭᠤᠳᠴᠤ ᠪᠠᠶᠢᠭᠠᠳ ᠬᠥᠬᠡᠬᠤᠲᠠ᠂ ᠪᠤᠭᠤᠲᠤ᠂ ᠤᠯᠠᠭᠠᠨᠬᠠᠳᠠ᠂ ᠣᠷᠳᠣᠰ ᠵᠡᠷᠭᠡ ᠭᠠᠵᠠᠷ ᠣᠷᠣᠨ ᠳᠤ | ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠡᠭᠦᠳᠦᠨ ᠪᠠᠶᠢᠭᠤᠯᠬᠤ ᠶᠢ ᠳᠡᠮᠵᠢᠨ᠎ᠡ᠃ | ︵ᠬᠤᠶᠠᠷ︶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠨᠠᠷᠯᠢᠭ ᠬᠠᠮᠢᠶᠠᠷᠤᠨ ᠡᠵᠡᠮᠳᠡᠵᠦ᠂ ᠮᠥᠩᠭᠦᠨ | ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ | ᠮᠥᠩᠭᠦᠨ ᠭᠦᠢᠯᠭᠡᠭᠡᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠪᠦᠷᠢᠯᠳᠦᠬᠦᠨ | ᠬᠡᠰᠡᠭ ᠮᠥᠨ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢᠨ ᠴᠢᠬᠤᠯᠠ ᠰᠠᠭᠤᠷᠢ ᠮᠥᠨ᠃ | ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠮᠠᠨ ᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠦᠨᠳᠦᠰᠦᠨ ᠴᠢᠨᠠᠷᠲᠠᠢ ᠲᠣᠮᠣ ᠶᠠᠪᠤᠳᠠᠯ ᠪᠣᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠳᠤ | ᠭᠤᠣᠯᠳᠠᠯᠭ᠎ᠠ ᠲᠠᠢ ᠪᠠᠷ ᠳᠣᠣᠷᠠᠬᠢ ᠭᠤᠷᠪᠠᠨ ᠲᠠᠯ᠎ᠠ ᠠᠴᠠ ᠭᠠᠷᠳᠠᠨ᠎ᠠ᠃ | 1. ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠢᠲᠡᠭᠡᠮᠵᠢ ᠶᠢᠨ | ᠲᠦᠭᠰᠢᠭᠦᠷᠢ ᠳᠤ ᠴᠢᠭᠯᠡᠭᠦᠯᠦᠨ᠂ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢᠨ ᠲᠦᠭᠰᠢᠭᠦᠷᠢ᠂ ᠠᠵᠤ ᠠᠬᠤᠶᠢᠯᠠᠯ ᠤᠨ | ᠢᠲᠡᠭᠡᠮᠵᠢ ᠶᠢᠨ ᠲᠦᠭᠰᠢᠭᠦᠷᠢ ᠪᠠ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠠᠷᠢᠯᠭᠠᠬᠤ | ᠠᠵᠢᠯ ᠢ ᠭᠤᠣᠯᠳᠠᠯᠭ᠎ᠠ ᠲᠠᠢ ᠠᠬᠢᠭᠤᠯᠤᠨ᠎ᠠ᠃ ᠪᠠᠶᠢᠭᠤᠯᠤᠮᠵᠢ ᠶᠢᠨ ᠲᠦᠭᠰᠢᠭᠦᠷᠢ ᠳᠤ ᠴᠢᠭᠯᠡᠭᠦᠯᠦᠨ᠂ ᠲᠦᠭᠰᠢᠭᠦᠷᠢ | ᠶᠡᠬᠡᠲᠡᠶ ᠪᠠᠶᠢᠭᠤᠯᠤᠮᠵᠢ ᠶᠢ ᠦᠨᠡᠯᠡᠨ ᠵᠢᠱᠢᠬᠦ ᠲᠣᠭᠲᠠᠯᠴᠠᠭ᠎ᠠ ᠶᠢ ᠪᠠᠶᠢᠭᠤᠯᠵᠤ᠂ ᠲᠦᠭᠰᠢᠭᠦᠷᠢ ᠶᠡᠬᠡᠲᠡᠶ | ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ | ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠭᠯᠡᠭᠦᠯᠦᠨ᠂ ᠲᠣᠭᠲᠠᠮᠠᠯ | ᠬᠤᠭᠤᠴᠠᠭ᠎ᠠ ᠲᠠᠢ ᠪᠠᠷ ᠵᠥᠪᠳᠡᠯᠴᠡᠨ ᠰᠤᠳᠤᠯᠤᠨ ᠮᠠᠭᠠᠳᠯᠠᠬᠤ᠂ ᠤᠯᠠᠨ ᠲᠡᠰ ᠳᠠᠪᠬᠤᠷᠭ᠎ᠠ ᠶᠢᠨ ᠮᠡᠳᠡᠭᠡ ᠵᠠᠩᠭᠢ ᠶᠢ | ᠨᠡᠪᠲᠡᠷᠡᠯᠴᠡᠭᠦᠯᠬᠦ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠲᠦᠷᠦᠯ ᠬᠤᠪᠢᠶᠠᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠳᠤᠨ | ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠲᠦᠭᠰᠢᠭᠦᠷᠢ ᠳᠤ ᠴᠢᠭᠯᠡᠭᠦᠯᠦᠨ᠂ ᠠᠵᠤ | ᠠᠬᠤᠶᠢᠯᠠᠯ ᠤᠨ ᠡᠷᠭᠢᠯᠲᠡ ᠶᠢᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠥᠭᠵᠢᠭᠦᠯᠬᠦ ᠰᠠᠭᠤᠷᠢ ᠮᠥᠩᠭᠦ ᠶᠢᠨ ᠦᠢᠯᠡᠳᠦᠯ ᠢ ᠤᠯᠠᠮ ᠨᠢᠭᠡ | ᠠᠯᠬᠤᠮ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠪᠠᠨ ᠰᠣᠯᠢᠵᠤ ᠲᠥᠯᠥᠬᠦ | ᠬᠤᠭᠤᠴᠠᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠥᠭᠦᠷᠭᠡ ᠥᠩᠭᠡᠷᠡᠬᠦ ᠪᠠᠯᠠ ᠲᠣᠬᠢᠷᠠᠭᠤᠯᠭ᠎ᠠ ᠶᠢᠨ | ᠪᠠᠭᠠᠵᠢ ᠶᠢ ᠪᠠᠶᠠᠯᠢᠭᠵᠢᠭᠤᠯᠤᠨ᠎ᠠ᠃ | 2. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠭᠤᠷᠪᠠᠨ ᠱᠠᠲᠤᠨ ᠤ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠲᠣᠭᠲᠠᠭᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠣᠪᠣᠷᠠᠯ ᠢ | ᠵᠢᠷᠤᠮᠵᠢᠭᠤᠯᠤᠨ᠎ᠠ᠃ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠢ | ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠨᠠᠨ ᠬᠠᠮᠢᠶᠠᠷᠬᠤ ᠠᠷᠭ᠎ᠠ ᠪᠠᠷᠢᠯ ᠢ ᠪᠠᠶᠠᠯᠢᠭᠵᠢᠭᠤᠯᠤᠨ᠎ᠠ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢ ᠬᠦᠴᠦᠯᠡᠨ | ᠬᠥᠮᠦᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠶᠢᠵᠢᠭᠰᠠᠨ ᠲᠠᠯ᠎ᠠ ᠪᠠᠷ᠂ ᠰᠢᠯᠢᠳᠡᠭ ᠢ ᠬᠦᠴᠦᠷᠬᠡᠭᠵᠢᠭᠦᠯᠬᠦ᠂ | ᠳᠤᠮᠳᠠ ᠶᠢ ᠠᠬᠢᠭᠤᠯᠬᠤ᠂ ᠰᠢᠭᠠᠷᠤ ᠶᠢ ᠰᠢᠭᠰᠢᠭᠳᠡᠭᠦᠯᠬᠦ᠂ ᠰᠠᠮᠠᠭᠤᠷᠠᠯ ᠢ ᠵᠠᠰᠠᠬᠤ ᠬᠢᠨᠠᠯᠲᠠ ᠬᠠᠮᠢᠶᠠᠷᠤᠯᠲᠠ ᠶᠢᠨ | ᠤᠳᠤᠷᠢᠳᠤᠮᠵᠢ ᠶᠢᠨ ᠲᠣᠭᠤᠷᠢᠨ ᠳᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠯᠴᠠᠭ᠎ᠠ ᠪᠠ ᠲᠦᠷᠢᠮ ᠢ | ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ | ᠡᠷᠬᠡᠲᠡᠨ ᠤ ᠵᠠᠰᠠᠯᠲᠠ ᠶᠢᠨ ᠪᠦᠲᠦᠴᠡ ᠶᠢᠨ ᠪᠠᠶᠢᠭᠤᠯᠤᠯᠲᠠ ᠶᠢ ᠵᠢᠯᠣᠭᠤᠳᠴᠤ᠂ ᠤᠳᠤ ᠦᠶ᠎ᠡ ᠶᠢᠨ ᠠᠵᠤ | ᠠᠬᠤᠶᠢᠯᠠᠯ ᠤᠨ ᠲᠦᠷᠢᠮ ᠢ ᠪᠠᠶᠢᠭᠤᠯᠵᠤ᠂ ᠺᠣᠮᠫᠠᠨᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠤᠨ ᠨᠡᠶᠢᠭᠡᠮᠯᠢᠭ ᠤᠨ ᠠᠵᠢᠯ | ᠲᠦᠷᠦᠯ ᠤᠨ ᠵᠢᠷᠤᠮᠵᠢᠯ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠶᠢ | ᠠᠬᠢᠭᠤᠯᠵᠤ᠂ ᠠᠵᠢᠯ ᠲᠦᠷᠦᠯ ᠤᠨ ᠥᠪᠡᠷ ᠢ ᠪᠠᠨ ᠬᠠᠮᠢᠶᠠᠷᠤᠨ ᠬᠢᠵᠠᠭᠠᠷᠯᠠᠬᠤ ᠲᠣᠭᠲᠠᠴᠠ ᠶᠢ ᠠᠬᠢᠭᠤᠯᠤᠨ᠎ᠠ᠃ | 3. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠵᠢᠯᠴᠠᠨ ᠠᠵᠢᠯᠯᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠲᠦᠭᠰᠢᠭᠦᠷᠢ ᠶᠢ ᠰᠡᠷᠭᠡᠶᠢᠯᠡᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠲᠦᠷᠦ ᠶᠢᠨ | ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠭᠡᠷ ᠤᠨ ᠣᠷᠣᠨ ᠨᠤᠲᠤᠭ ᠲᠠᠬᠢ | ᠵᠣᠬᠢᠴᠠᠭᠤᠯᠬᠤ ᠲᠣᠭᠲᠠᠴᠠ ᠪᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠵᠥᠪᠯᠡᠨ | ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠰᠢᠢᠳᠪᠦᠷᠢᠯᠡᠬᠦ᠂ ᠠᠵᠤ | ᠠᠬᠤᠶᠢᠯᠠᠯ ᠤᠨ ᠥᠭᠴᠡᠭᠡᠨ ᠤ ᠶᠠᠪᠤᠳᠠᠯ ᠢ ᠨᠠᠮᠳᠠᠭᠤᠯᠤᠨ ᠰᠢᠢᠳᠪᠦᠷᠢᠯᠡᠬᠦ᠂ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ ᠵᠡᠷᠭᠡ ᠲᠠᠯ᠎ᠠ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ ᠬᠠᠮᠵᠢᠯᠴᠠᠭ᠎ᠠ ᠶᠢ ᠴᠢᠬᠤᠯᠠᠴᠢᠯᠠᠵᠤ᠂ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠶᠢᠨ ᠣᠷᠣᠨ ᠨᠤᠲᠤᠭ ᠲᠠᠬᠢ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠵᠡᠷᠭᠡ ᠲᠠᠯ᠎ᠠ ᠪᠠᠷ ᠬᠢ ᠵᠣᠬᠢᠴᠠᠭᠤᠯᠭ᠎ᠠ ᠪᠠ ᠬᠤᠯᠪᠣᠭᠠᠯᠠᠨ ᠬᠦᠳᠡᠯᠦᠯᠴᠡᠬᠦ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠬᠥᠭᠵᠢᠯᠲᠡ ᠶᠢ ᠠᠬᠢᠭᠤᠯᠬᠤ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ | ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠭᠦᠢᠴᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠲᠦᠷᠦ ᠶᠢᠨ ᠪᠤᠳᠤᠯᠭ᠎ᠠ ᠶᠢ ᠬᠠᠮᠵᠢᠯᠴᠠᠭᠤᠯᠬᠤ᠂ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠬᠦ᠂ | ᠠᠯᠬᠤᠮ ᠢᠶᠠᠨ ᠨᠢᠭᠡᠳᠬᠡᠬᠦ᠂ ᠵᠣᠬᠢᠴᠠᠯᠳᠤᠭᠤᠯᠤᠨ ᠬᠤᠯᠪᠣᠯᠳᠤᠭᠤᠯᠬᠤ ᠲᠣᠭᠲᠠᠴᠠ ᠪᠠ ᠠᠷᠭ᠎ᠠ ᠮᠠᠶ᠋ᠢᠭ ᠵᠡᠷᠭᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ | ︵ᠭᠤᠷᠪᠠ︶ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠥᠨᠳᠥᠷ ᠬᠢᠷᠢ ᠲᠦᠪᠰᠢᠨ ᠢᠶᠠᠷ | ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠲᠦᠷᠪᠡᠨ ᠲᠠᠯ᠎ᠠ ᠠᠴᠠ ᠭᠤᠣᠯᠳᠠᠯᠭ᠎ᠠ ᠲᠠᠢ ᠪᠠᠷ ᠮᠥᠩᠭᠦᠨ ᠭᠦᠢᠯᠭᠡᠭᠡ ᠶᠢ ᠰᠠᠶᠢᠲᠤᠷ ᠡᠷᠬᠢᠯᠡᠨ᠎ᠡ᠃ | 1. ᠮᠥᠩᠭᠦᠨ ᠭᠦᠢᠯᠭᠡᠭᠡᠨ ᠢᠶᠠᠷ ᠬᠥᠲᠥᠯᠦᠨ ᠵᠢᠯᠣᠭᠤᠳᠬᠤ ᠶᠢ ᠬᠦᠴᠦᠯᠡᠨ ᠴᠢᠩᠭᠠᠳᠬᠠᠨ᠎ᠠ᠃ | ᠪᠠᠶᠢᠭᠤᠯᠤᠮᠵᠢ ᠶᠢᠨ ᠲᠠᠯ᠎ᠠ ᠪᠠᠷ᠂ ᠤᠯᠠᠨ ᠲᠡᠰ ᠳᠠᠪᠬᠤᠷᠭ᠎ᠠ ᠠᠴᠠ ᠵᠠᠰᠠᠭ ᠮᠥᠩᠭᠦ ᠭᠦᠢᠯᠭᠡᠭᠡ ᠠᠵᠤ ᠠᠬᠤᠶᠢᠯᠠᠯ ᠢ | ᠵᠣᠯᠭᠠᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ | ᠬᠡᠯᠲᠡᠰ ᠤᠨ ᠵᠦᠷᠢᠶᠡᠴᠢᠯᠡᠭᠰᠡᠨ ᠪᠠᠶᠢᠯᠳᠤᠬᠤ ᠪᠤᠳᠤᠯᠭ᠎ᠠ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ | ᠲᠠᠯ᠎ᠠ ᠬᠡᠰᠡᠭ ᠢᠶᠠᠷ ᠲᠦᠷᠦᠭᠦᠯᠡᠨ ᠵᠢᠱᠢᠶ᠎ᠡ ᠦᠵᠡᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ | ᠵᠢᠱᠢᠶ᠎ᠡ ᠦᠵᠡᠭᠦᠯᠬᠦ ᠨᠥᠯᠥᠭᠡ ᠦᠢᠯᠡᠳᠦᠯ ᠢ ᠪᠠᠳᠠᠷᠠᠭᠤᠯᠬᠤ ᠶᠢ ᠠᠬᠢᠭᠤᠯᠤᠨ᠎ᠠ᠃ ᠣᠷᠣᠨ ᠪᠦᠰᠡ ᠶᠢᠨ ᠲᠠᠯ᠎ᠠ ᠪᠠᠷ᠂ | ᠡᠯ᠎ᠡ ᠠᠶᠢᠮᠠᠭ ᠬᠤᠲᠠ ᠶᠢᠨ ᠤᠨᠴᠠᠯᠢᠭᠳᠤ ᠳᠠᠪᠠᠭᠤᠯᠢᠭ ᠠᠵᠤ ᠦᠢᠯᠡᠰ ᠲᠠᠢ ᠤᠶᠠᠯᠳᠤᠭᠤᠯᠤᠨ᠂ ᠠᠶᠢᠮᠠᠭ | ᠬᠤᠲᠠ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠥᠯᠥᠪᠵᠢᠭᠦᠯᠭᠡ ᠶᠢᠨ ᠵᠠᠮ ᠱᠤᠭᠤᠮ ᠤᠨ | ᠵᠢᠷᠤᠭ ᠪᠠᠶᠢᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠶᠢᠮᠠᠭ ᠬᠤᠲᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠤᠨ ᠲᠠᠯ᠎ᠠ ᠪᠠᠷ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠠᠭᠠᠨ ᠲᠠᠩᠰᠠ ᠶᠢᠨ ᠲᠦᠷᠢᠮ ᠪᠠᠶᠢᠭᠤᠯᠬᠤ ᠶᠢ ᠠᠬᠢᠭᠤᠯᠵᠤ᠂ ᠴᠠᠭᠠᠨ | ᠲᠠᠩᠰᠠ ᠶᠢᠨ ᠠᠵᠤ ᠠᠬᠤᠶᠢᠯᠠᠯ ᠤᠨ ᠲᠤᠰᠬᠠᠶ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠲᠦᠷᠦᠭᠦᠯᠡᠨ ᠭᠤᠤᠯᠯᠠᠨ ᠡᠷᠭᠢᠯᠡᠬᠦ ᠲᠣᠭᠲᠠᠴᠠ ᠶᠢ ᠪᠠᠶᠢᠭᠤᠯᠤᠨ᠎ᠠ᠃ | 2. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠳᠠ ᠶᠢᠨ ᠬᠤᠳᠠᠯᠳᠤᠭᠠᠨ ᠤ ᠠᠵᠢᠯ ᠲᠥᠷᠥᠯ ᠤᠨ ᠥᠭᠡᠷᠡᠴᠢᠯᠡᠯᠲᠡ ᠶᠢ ᠠᠬᠢᠭᠤᠯᠵᠤ᠂ | ᠤᠯᠠᠨ ᠠᠷᠭ᠎ᠠ ᠵᠠᠮ ᠢᠶᠠᠷ ᠬᠦᠷᠦᠩᠭᠡ ᠶᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠲᠣᠭᠲᠠᠭᠤᠨ ᠢᠶᠠᠷ ᠡᠮᠬᠢ ᠵᠢᠷᠤᠮ ᠲᠠᠢ ᠠᠬᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠵᠢᠷᠤᠮᠵᠢᠭᠰᠠᠨ ᠬᠥᠭᠵᠢᠯᠲᠡ ᠶᠢ ᠬᠥᠲᠥᠯᠥᠨ ᠵᠢᠯᠣᠭᠤᠳᠴᠤ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ | ᠲᠡᠭᠦᠯᠳᠡᠷᠵᠢᠭᠦᠯᠬᠦ ᠶᠢ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠡᠮᠳᠡᠭᠲᠦ᠂ | ᠢᠲᠡᠭᠡᠮᠵᠢ᠂ ᠰᠠᠭᠤᠷᠢ ᠮᠥᠩᠭᠦᠨ ᠤ ᠺᠣᠮᠫᠠᠨᠢ ᠵᠡᠷᠭᠡ ᠶᠢᠨ ᠣᠷᠣᠨ ᠤ ᠳᠣᠲᠣᠷ᠎ᠠ ᠬᠤᠪᠢᠶᠠᠷᠢ ᠰᠠᠯᠪᠤᠷᠢ ᠪᠠᠶᠢᠭᠤᠯᠤᠮᠵᠢ | ᠪᠠᠶᠢᠭᠤᠯᠬᠤ ᠶᠢ ᠠᠬᠢᠭᠤᠯᠵᠤ᠂ ᠣᠷᠣᠨ ᠳᠤ ᠰᠠᠭᠤᠭ᠎ᠠ ᠪᠠᠶᠢᠭᠤᠯᠤᠮᠵᠢ ᠶᠢᠨ ᠴᠢᠳᠠᠮᠵᠢᠲᠤ ᠶᠡᠷᠦᠩᠬᠡᠶ ᠬᠡᠯᠲᠡᠰ᠂ | ᠤᠨᠴᠠᠯᠢᠭᠳᠤ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠶᠢᠭᠤᠯᠤᠮᠵᠢ | ᠪᠠᠶᠢᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠵᠠᠭᠤᠴᠢ ᠦᠢᠯᠡᠴᠢᠯᠡᠭᠡᠨ ᠤ ᠲᠥᠷᠥᠯ ᠤᠨ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠪᠤᠶᠢᠵᠢᠭᠤᠯᠤᠨ᠎ᠠ᠃ | 3. ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ | ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠪᠦᠷᠢᠨᠰᠢᠬᠦᠯᠦᠨ᠂ ᠠᠶᠢᠮᠠᠭ ᠬᠤᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠰᠠᠯᠠᠭ᠎ᠠ ᠮᠥᠴᠢᠷ ᠤᠨ ᠲᠣᠮᠣ | ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠭᠡᠭᠡᠯᠲᠡ ᠲᠠᠢ ᠪᠥᠭᠡᠳ | ᠬᠠᠮᠲᠤ ᠪᠠᠷ ᠬᠦᠷᠲᠡᠬᠦ ᠪᠣᠯᠭᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠶᠡᠷᠦᠩᠬᠡᠶᠢᠯᠡᠨ ᠪᠦᠷᠢᠳᠬᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠬᠠᠤᠯᠢ ᠪᠠᠷ | ᠵᠠᠰᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ | ᠬᠢᠭᠡᠳ ᠬᠠᠤᠯᠢ ᠴᠠᠭᠠᠵᠠ ᠶᠢᠨ ᠪᠠᠶᠢᠭᠤᠯᠭ᠎ᠠ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ | ᠴᠢᠩᠭᠠᠷᠠᠭᠤᠯᠤᠨ᠎ᠠ᠃ ᠢᠲᠡᠭᠡᠮᠵᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠲᠡᠭᠡᠮᠵᠢᠲᠦ ᠬᠡᠷᠡᠭᠯᠡᠭᠴᠢ᠂ | ᠢᠲᠡᠭᠡᠮᠵᠢᠲᠦ ᠲᠣᠰᠬᠤᠨ᠂ ᠢᠲᠡᠭᠡᠮᠵᠢᠲᠦ ᠰᠢᠶᠠᠩ ᠪᠠᠯᠭᠠᠰᠤ ᠶᠢ ᠦᠨᠡᠯᠡᠨ ᠲᠣᠭᠲᠠᠭᠠᠬᠤ ᠪᠠ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠮᠥᠩᠭᠦᠨ | ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠂ ᠨᠡᠶᠢᠭᠡᠮ ᠨᠡᠶᠢᠲᠡ ᠶᠢᠨ ᠬᠢᠨ ᠤ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠤᠭᠴᠢᠳ ᠤᠨ ᠵᠣᠬᠢᠰᠲᠠᠶ ᠬᠠᠮᠢᠶᠠᠷᠤᠯᠲᠠ ᠪᠠ | ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠤᠨ ᠬᠤᠷᠢᠨᠭᠡᠷ ᠲᠠᠬᠢ ᠭᠤᠣᠯᠳᠠᠯᠭ᠎ᠠ ᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠳᠤ ᠲᠦᠰᠢᠭᠯᠡᠵᠦ᠂ ᠳᠤᠮᠳᠠᠳᠤ ᠤᠯᠤᠰ ᠤᠨ ︽ᠮᠥᠩᠭᠦᠨ | ᠭᠦᠢᠯᠭᠡᠭᠡᠨ ᠤ ᠡᠭᠦᠯᠡᠨ ᠵᠢᠯᠠᠭ᠎ᠠ︾ ᠶᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠮᠥᠩᠭᠦᠨ | ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ᠂ ᠮᠠᠯᠵᠢᠬᠤ | ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨᠵᠢᠯᠡᠬᠦ ᠤᠬᠠᠭᠠᠨᠴᠢᠯᠠᠭᠰᠠᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | 4. ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠦᠴᠦᠯᠡᠨ | ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠬᠤᠤᠰ ᠴᠢᠭᠯᠡᠯ ᠢᠶᠠᠷ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠰ ᠮᠣᠩᠭᠤᠯ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠢ ᠭᠦᠨᠵᠡᠭᠡᠶᠢᠷᠡᠭᠦᠯᠦᠨ᠎ᠡ᠃ ᠣᠷᠣᠨ ᠪᠦᠰᠡ ᠶᠢᠨ ᠮᠥᠩᠭᠦᠨ ᠭᠦᠢᠯᠭᠡᠭᠡᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠴᠢᠨᠠᠷᠲᠠᠶ ᠤᠯᠤᠰ ᠤᠨ ᠪᠠᠶᠢᠯᠳᠤᠬᠤ ᠪᠤᠳᠤᠯᠭ᠎ᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠢᠶ᠎ᠠ ᠪᠦᠬᠦᠢ ᠮᠤᠵᠢ ᠣᠷᠣᠨ ᠯᠤᠭ᠎ᠠ ᠶᠢᠨ ᠮᠥᠩᠭᠦᠨ ᠭᠦᠢᠯᠭᠡᠭᠡᠨ ᠤ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠶ | ᠬᠡᠯᠲᠡᠰ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠣᠷᠣᠨ ᠤ ᠭᠠᠳᠠᠨᠠᠬᠢ ᠠᠵᠢᠯ ᠨᠢᠭᠡᠲᠡᠨ ᠤ | ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠭᠠᠵᠠᠷ ᠣᠷᠣᠨ ᠠᠯᠤᠰᠯᠠᠭᠰᠠᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ |