ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠪᠠᠨ | ᠦᠨᠡᠨ ᠬᠦ ᠴᠢᠩᠭᠠᠳᠬᠠᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ | ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠶᠡᠷᠦᠩᠬᠡᠶ ᠳᠡᠭᠡᠨ ᠰᠠᠶᠢᠵᠢᠷᠠᠵᠤ᠂ ᠠᠮᠤ ᠪᠤᠳᠠᠭᠠᠨ ᠤ ᠡᠯᠪᠡᠭ | ᠬᠤᠷᠢᠶᠠᠯᠲᠠ ᠤᠯᠤᠬᠰᠠᠨ ᠨᠢ ᠨᠢᠭᠡᠨᠲᠡ ᠪᠠᠲᠤᠲᠠᠶ ᠪᠣᠯᠪᠠ᠃ | ᠪᠦᠷᠢᠳᠬᠡᠯ ᠢ ᠦᠨᠳᠦᠰᠦᠯᠡᠪᠡᠯ᠂ 10 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠠᠷᠢᠮᠠᠯ ᠨᠢᠭᠡᠨᠲᠡ 8007 . 64 ᠲᠦᠮᠡᠨ ᠮᠥ ᠬᠤᠷᠢᠶᠠᠵᠤ᠂ | ᠠᠬᠢᠴᠠ ᠨᠢ 71 . 9 % ᠪᠣᠯᠪᠠ᠃ ᠣᠳᠣᠬᠠᠨ ᠤ ᠬᠤᠷᠢᠶᠠᠯᠲᠠ ᠶᠢᠨ ᠠᠬᠢᠴᠠ ᠠᠴᠠ ᠦᠵᠡᠪᠡᠯ᠂ ᠥᠪᠥᠷ | ᠮᠣᠩᠭᠤᠯ ᠤᠨ ᠥᠪᠡᠷᠲᠡᠭᠡᠨ ᠣᠷᠣᠨ ᠤ ᠨᠠᠮᠤᠷ ᠤᠨ ᠬᠤᠷᠢᠶᠠᠯᠲᠠ ᠶᠢᠨ ᠠᠵᠢᠯ ᠵᠢᠱᠢᠯᠲᠡ ᠪᠠᠷ 11 ᠳ᠋ᠦ᠋ᠭᠡᠷ ᠰᠠᠷ᠎ᠠ ᠶᠢᠨ | ᠡᠬᠢ ᠪᠠᠷ ᠦᠨᠳᠦᠰᠦᠨ ᠳᠡᠭᠡᠨ ᠲᠠᠭᠤᠰᠬᠤ ᠪᠣᠯᠤᠨ᠎ᠠ᠃ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠨᠠᠮᠤᠷ ᠤᠨ ᠠᠮᠤ ᠪᠤᠳᠠᠭ᠎ᠠ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠴᠤ᠂ ᠭᠤᠤᠯ ᠪᠣᠯᠬᠤ | ᠠᠮᠤ ᠪᠤᠳᠠᠭᠠᠨ ᠤ ᠲᠠᠷᠢᠮᠠᠯ ᠢ ᠡᠬᠢᠯᠡᠨ ᠪᠣᠷᠣᠯᠠᠭᠤᠯᠵᠤ᠂ ᠠᠮᠤ ᠪᠤᠳᠠᠭ᠎ᠠ ᠶᠢ ᠨᠢᠭᠡᠨᠲᠡ 97 ᠳ᠋ᠦᠩᠰᠢᠭᠤᠷ ᠵᠢᠩ | ᠪᠣᠷᠣᠯᠠᠭᠤᠯᠵᠤ᠂ ᠪᠣᠷᠣᠯᠠᠭᠤᠯᠭ᠎ᠠ ᠶᠢᠨ ᠠᠬᠢᠴᠠ ᠪᠠᠷᠤᠭ 11 % ᠳᠤ ᠬᠦᠷᠴᠡᠶ᠃ |