ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 10 ᠰᠠᠷ᠎ᠠ ᠶᠢᠨ 22 ᠤᠨ ᠡᠳᠦᠷ ᠤᠨ ᠮᠡᠳᠡᠭᠡ ︵ᠵᠣᠣ | ᠮᠧᠩ ᠶᠤᠸᠠᠢ︶ ᠥᠪᠥᠷ ᠮᠣᠩᠭᠤᠯ ᠤᠨ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 20 ᠳ᠋ᠤᠭᠠᠷ ᠲᠣᠭᠠᠲᠤ᠂ 21 ᠳ᠋ᠦ᠋ᠭᠡᠷ ᠲᠣᠭᠠᠲᠤ ᠠᠯᠪᠠᠨ | ᠵᠠᠷ ᠨᠡᠶᠢᠲᠡᠯᠡᠪᠡ᠂ 10 ᠰᠠᠷ᠎ᠠ ᠶᠢᠨ 21 ᠤ ᠡᠳᠦᠷ ᠤᠨ 21᠄ 30 ᠴᠠᠭ ᠲᠤ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠪᠠ ᠪᠥᠭᠡᠮ ᠬᠦᠴᠢᠯ ᠤᠨ ᠲᠠᠬᠢᠨ ᠪᠠᠶᠢᠴᠠᠭᠠᠯᠲᠠ ᠬᠢᠭᠰᠡᠨ ᠪᠦᠭᠡᠳ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ | ᠣᠨᠣᠰᠢᠯᠠᠯᠲᠠ ᠪᠠᠷ ᠳᠠᠮᠵᠢᠨ᠂ ᠡᠵᠡᠨ᠎ᠡ ᠬᠤᠰᠢᠭᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ | ᠣᠨᠣᠰᠢᠯᠠᠭᠳᠠᠭᠰᠠᠨ ᠡᠪᠡᠳᠴᠢᠲᠡᠨ 1 ᠨᠡᠮᠡᠭᠳᠡᠭᠰᠡᠨ ᠢ ᠨᠣᠲᠠᠯᠠᠵᠠᠢ᠃ 10 ᠰᠠᠷ᠎ᠠ ᠶᠢᠨ 22 ᠤᠨ ᠡᠳᠦᠷ ᠤᠨ 3᠄ | 50 ᠴᠠᠭ ᠲᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠪᠥᠭᠡᠮ ᠬᠦᠴᠢᠯ ᠤᠨ ᠳᠠᠬᠢᠨ | ᠪᠠᠶᠢᠴᠠᠭᠠᠯᠲᠠ ᠬᠢᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠤᠰᠬᠠᠶ | ᠮᠡᠷᠭᠡᠵᠢᠯᠲᠡᠨ ᠤ ᠲᠤᠭᠤᠶᠢᠯᠠᠩ ᠤᠨ ᠣᠨᠣᠰᠢᠯᠠᠯᠲᠠ ᠪᠠᠷ ᠳᠡᠮᠵᠢᠨ᠂ ᠡᠵᠡᠨ᠎ᠡ ᠬᠤᠰᠢᠭᠤ ᠳᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ 5 ᠰᠢᠨ᠎ᠡ ᠪᠠᠷ ᠨᠡᠮᠡᠭᠳᠡᠭᠰᠡᠨ ᠢ ᠨᠤᠲᠠᠯᠠᠪᠠ᠃ ᠣᠲᠣ | ᠪᠣᠯᠲᠠᠯ᠎ᠠ᠂ ᠡᠵᠡᠨ᠎ᠡ ᠬᠤᠰᠢᠭᠤᠨ ᠳᠤ ᠣᠨᠣᠰᠢᠯᠠᠭᠳᠠᠭᠰᠠᠨ ᠡᠪᠡᠳᠴᠢᠲᠡᠨ ᠨᠡᠶᠢᠲᠡ 19 ᠪᠠᠶᠢᠭ᠎ᠠ ᠪᠦᠭᠡᠳ | ᠡᠪᠡᠳᠴᠢᠲᠡᠨ ᠤ ᠪᠡᠶ᠎ᠡ ᠮᠠᠬᠠᠪᠣᠳ ᠤᠨ ᠢᠯᠡᠷᠡᠯ ᠲᠣᠭᠲᠠᠭᠤᠨ ᠪᠠᠶᠢᠨ᠎ᠠ᠃ | ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠨᠢᠭᠡᠨᠲᠡ ᠣᠨᠣᠰᠢᠯᠠᠭᠰᠠᠨ ᠡᠪᠡᠳᠴᠢᠨ ᠤ ᠵᠢᠱᠢᠶ᠎ᠡ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠣᠶᠢᠷᠠᠲᠤᠭᠰᠠᠳ ᠢ ᠵᠢᠭᠰᠠᠭᠠᠨ ᠪᠠᠶᠢᠴᠠᠭᠠᠵᠤ ᠮᠥᠷᠳᠡᠨ | ᠬᠠᠮᠢᠶᠠᠷᠴᠤ᠂ ᠬᠠᠮᠢᠶ᠎ᠠ ᠪᠥᠬᠦᠶ ᠲᠠᠯᠠᠪᠤᠷ ᠭᠠᠵᠠᠷ ᠢ ᠪᠢᠲᠡᠭᠦᠮᠵᠢᠯᠡᠨ ᠬᠠᠮᠢᠶᠠᠷᠬᠤ ᠵᠢᠴᠢ ᠠᠷᠢᠭᠤᠳᠬᠠᠬᠤ ᠵᠡᠷᠭᠡ ᠠᠷᠭ᠎ᠠ | ᠬᠡᠮᠵᠢᠶ᠎ᠡ ᠠᠪᠴᠠᠶ᠃ | ᠥᠷᠭᠡᠨ ᠣᠯᠠᠨ ᠰᠠᠭᠤᠭᠠᠯᠢ ᠠᠷᠠᠳ ᠪᠠ ᠵᠤᠭᠠᠴᠠᠭᠰᠠᠳ ᠣᠶᠤᠨᠴᠢ ᠯᠠᠪᠳᠠᠭᠤᠨ ᠢᠶᠠᠷ ᠬᠢᠵᠢᠭ ᠤᠨ ᠪᠠᠶᠢᠳᠠᠯ ᠢ | ᠠᠷᠭᠠᠴᠠᠭᠠᠵᠤ᠂ ᠬᠡᠯᠮᠡᠭᠳᠡᠨ ᠪᠠᠯᠠᠳᠠᠬᠤ ᠦᠭᠡᠢ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ | ᠴᠤᠤᠷᠬᠠᠯ ᠲᠠᠷᠬᠠᠭᠠᠬᠤ ᠥᠬᠡᠶ᠂ ᠣᠨᠣᠪᠴᠢᠲᠠᠶ ᠢᠷᠡᠯᠲᠡ ᠥᠬᠡᠶ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ | ᠥᠬᠡᠶ᠂ ᠤᠬᠠᠮᠰᠠᠷ ᠠᠴᠠ ᠪᠠᠨ ᠥᠪᠡᠷ ᠢ ᠪᠠᠨ ᠰᠠᠶᠢᠲᠤᠷ ᠬᠠᠮᠠᠭᠠᠯᠠᠵᠤ᠂ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠠᠵᠢᠯ ᠢ ᠢᠳᠡᠪᠬᠢᠲᠡᠶ ᠲᠡᠮᠵᠢᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠰᠤᠭᠠᠶ᠃ |