ᠢᠦᠶ ᠴᠢᠤᠸᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠠᠮᠢᠶᠠᠷᠤᠯᠲᠠ ᠶᠢᠨ ᠪᠦᠯᠬᠦᠮ ᠤᠨ | ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠣᠶᠢᠷ᠎ᠠ ᠳᠤ ᠱᠧᠨᠵᠧᠨ ᠳᠤ ᠰᠤᠷᠤᠯᠭ᠎ᠠ ᠡᠬᠢᠯᠡᠪᠡ᠃ | ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠤᠭᠤᠷᠢᠭ ᠤᠨ ᠬᠠᠷᠢᠶ᠎ᠠ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠵᠢᠭᠠᠨ | ᠰᠤᠳᠤᠯᠤᠭᠴᠢ ᠲᠣᠰ ᠤᠳᠠᠭᠠᠨ ᠤ ᠰᠤᠳᠤᠯᠤᠨ ᠰᠤᠷᠤᠯᠴᠠᠯᠭ᠎ᠠ ᠳᠤ ᠣᠷᠣᠯᠴᠠᠪᠠ᠃ | | | | | ᠬᠤᠷᠠᠯ ᠠᠴᠠ ᠵᠢᠭᠠᠨ ᠭᠠᠷᠭᠠᠭᠰᠠᠨ ᠨᠢ᠂ ᠲᠤᠰ ᠤᠳᠠᠭ᠎ᠠ ᠶᠢᠨ ᠰᠤᠳᠤᠯᠤᠨ ᠰᠤᠷᠤᠯᠴᠠᠬᠤ ᠶᠢᠨ ᠵᠣᠷᠢᠯᠭ᠎ᠠ ᠪᠠ | ᠠᠴᠢ ᠬᠤᠯᠪᠣᠭᠳᠠᠯ ᠨᠢ ︽ᠬᠤᠶᠠᠷ ᠢ ᠪᠠᠭᠠᠰᠬᠠᠬᠤ︾ ᠠᠬᠤᠢ ᠪᠠᠶᠢᠳᠠᠯ ᠳᠣᠣᠷ᠎ᠠ ᠬᠡᠷᠬᠢᠨ ᠳᠠᠷᠤᠭᠠᠰᠤ ᠶᠢ ᠬᠥᠩᠭᠡᠯᠡᠨ | ᠦᠷ᠎ᠡ ᠠᠰᠢᠭ ᠢ ᠨᠡᠮᠡᠭᠳᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠰᠢᠭᠤᠳ ᠬᠠᠨᠳᠤᠵᠤ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠠᠩᠬᠠᠷᠴᠤ᠂ ᠵᠢᠭᠠᠨ ᠰᠤᠷᠭᠠᠯᠲᠠ ᠶᠢᠨ ᠴᠢᠳᠠᠪᠤᠷᠢ ᠶᠢ ᠭᠦᠨᠵᠡᠭᠡᠶᠢᠷᠡᠭᠦᠯᠵᠦ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠤᠳᠤᠷᠢᠳᠬᠤ ᠬᠦᠴᠦᠨ ᠪᠠ ᠬᠡᠷᠡᠭᠵᠢᠭᠦᠯᠬᠦ | ᠬᠦᠴᠦᠨ ᠢ ᠴᠢᠩᠭᠠᠳᠬᠠᠬᠤ ᠶᠢᠨ ᠲᠥᠯᠥᠭᠡ ᠶᠤᠮ᠃ ᠰᠤᠷᠤᠭᠴᠢᠳ ᠢ ᠬᠠᠪᠰᠤᠷᠤᠨ ᠬᠠᠷᠠᠭ᠎ᠠ ᠶᠢ ᠨᠢ ᠥᠷᠭᠡᠳᠬᠡᠵᠦ᠂ | ᠰᠡᠳᠬᠢᠴᠡ ᠶᠢ ᠨᠢ ᠥᠷᠭᠡᠳᠬᠡᠨ᠂ ᠢᠷᠡᠭᠡᠳᠦᠶ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠨᠳᠤᠰᠢ ᠶᠢ | ᠨᠡᠪᠲᠡᠷᠬᠡᠶ ᠣᠶᠢᠯᠠᠭᠠᠵᠤ᠂ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠰᠢᠨ᠎ᠡ ᠥᠷᠢᠰᠥᠯᠳᠦᠭᠡᠨ ᠳᠤ ᠵᠥᠪ ᠢᠶᠠᠷ | ᠬᠠᠨᠳᠤᠵᠤ᠂ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ ᠢ ᠭᠦᠨᠵᠡᠭᠡᠶ ᠪᠣᠳᠣᠯᠬᠢᠯᠠᠨ᠂ | ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠴᠢᠷᠮᠠᠶᠢᠨ | ᠡᠷᠢᠯᠬᠢᠯᠡᠨ᠎ᠡ᠃ | | | | | ᠰᠤᠳᠤᠯᠤᠨ ᠰᠤᠷᠤᠯᠴᠠᠬᠤ ᠳᠤᠮᠳᠠ᠂ ᠳᠣᠷᠣᠨᠠᠳᠠᠬᠢᠨ ᠤ ᠠᠩᠬᠠᠨ ᠤ ᠴᠡᠭ ︵ᠪᠡᠭᠡᠵᠢᠩ︶ ᠤᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠠᠨ ᠵᠢᠶᠧ ᠮᠧᠢ ︽︿ | ᠬᠤᠶᠠᠷ ᠢ ᠪᠠᠭᠠᠰᠬᠠᠬᠤ﹀ ᠠᠬᠤᠢ ᠪᠠᠶᠢᠳᠠᠯ ᠳᠣᠣᠷᠠᠬᠢ ᠪᠠᠭᠠᠰᠬᠠᠬᠤ ᠪᠠ ᠨᠡᠮᠡᠭᠳᠡᠭᠦᠯᠬᠦ︾ ᠲᠤᠰᠬᠠᠢ ᠰᠡᠳᠦᠪᠲᠦ | ᠲᠠᠶᠢᠯᠤᠮᠵᠢ ᠬᠢᠵᠦ᠂ ᠤᠯᠠᠨ ᠢ ᠳᠠᠭᠠᠭᠤᠯᠤᠨ ᠰᠤᠷᠤᠭᠴᠢᠳ ᠤᠨ ᠰᠤᠷᠤᠯᠴᠠᠯᠭ᠎ᠠ ᠶᠢᠨ ᠮᠥᠨ ᠴᠢᠨᠠᠷ ᠲᠤ ᠪᠤᠴᠠᠭᠠᠵᠤ᠂ | ᠲᠤᠮᠤ ᠳ᠋ᠠᠶᠢᠲ᠋ᠠ ᠶᠢᠨ ᠵᠠᠭᠪᠤᠷ ᠳᠣᠣᠷᠠᠬᠢ ᠰᠤᠷᠤᠭᠴᠢᠳ ᠤᠨ ᠰᠤᠷᠤᠯᠴᠠᠯᠭ᠎ᠠ ᠰᠤᠳᠤᠯᠭᠠᠨ ᠤ ᠦᠨᠳᠦᠰᠦᠨ | ᠣᠨᠴᠠᠯᠢᠭ ᠢ ᠲᠠᠶᠢᠯᠪᠤᠷᠢᠯᠠᠪᠠ︔ ᠱᠧᠨᠵᠧᠨ ᠬᠤᠳᠠ ᠶᠢᠨ ᠯᠦᠸᠧ ᠬᠤ᠋ ᠲᠣᠭᠤᠷᠢᠭ ᠤᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠢᠩ ᡁᠢ ᠴᠢᠶᠠᠩ ᠤᠯᠠᠨ ᠳᠤ ︽ | ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ — ᠰᠤᠷᠭᠠᠭᠤᠯᠢ ᠶᠢᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠰᠢᠪᠲᠤᠯᠤᠯᠲᠠ ᠶᠢ ᠬᠤᠪᠢᠷᠠᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠦ᠂ | ᠤᠯᠠᠨ ᠳᠤ ᠴᠢᠨᠠᠷ ᠰᠠᠶᠢᠲᠠᠢ ᠬᠢᠴᠢᠶᠡᠯ ᠤᠨ ᠲᠠᠩᠬᠢᠮ ᠭᠡᠭᠴᠢ ᠶᠠᠭᠤ ᠪᠣᠯᠬᠤ ᠶᠢ ᠣᠶᠢᠯᠠᠭᠠᠭᠤᠯᠵᠤ᠂ ᠬᠢᠴᠢᠶᠡᠯ ᠤᠨ | ᠲᠠᠩᠬᠢᠮ ᠢ ᠲᠣᠭᠯᠠᠭᠠᠮ ᠪᠣᠯᠭᠠᠵᠤ᠂ ᠤᠯᠠᠮᠵᠢᠯᠠᠯᠲᠤ ᠬᠢᠴᠢᠶᠡᠯ ᠤᠨ ᠲᠠᠩᠬᠢᠮ ᠤᠨ ᠬᠡᠪ ᠪᠠᠶᠢᠳᠠᠯ ᠢ ᠬᠤᠪᠢᠷᠠᠭᠤᠯᠵᠤ᠂ | ᠰᠤᠷᠤᠭᠴᠢ ᠶᠢᠨ ᠦᠨᠳᠦᠰᠦᠨ ᠰᠤᠷᠭᠠᠨ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠠᠢ᠃ | ᠲᠤᠰᠬᠠᠶ ᠮᠡᠷᠭᠡᠵᠢᠯᠲᠡᠨ ᠬᠢᠴᠢᠶᠡᠯ ᠵᠢᠭᠠᠭᠰᠠᠨ ᠤ ᠳᠠᠷᠠᠭ᠎ᠠ᠂ ᠨᠢᠭᠡᠳᠦᠭᠡᠷ ᠰᠤᠳᠤᠯᠤᠨ ᠰᠤᠷᠤᠯᠴᠠᠬᠤ | ᠪᠦᠯᠬᠦᠮ ᠤᠨ ᠬᠢᠨ ᠲᠤᠬᠠᠶ ᠶᠢᠨ ᠲᠠᠯᠠᠪᠤᠷ ᠲᠤ ᠣᠯᠤᠯᠲᠠ ᠲᠥᠷᠥᠭᠳᠡᠯ ᠢᠶᠠᠨ ᠳ᠋ᠦᠩᠨᠡᠵᠦ᠂ ᠰᠤᠷᠭᠠᠭᠤᠯᠢ ᠶᠢᠨ ᠵᠠᠬᠢᠷᠤᠯ | ᠬᠢᠴᠢᠶᠡᠯ ᠤᠨ ᠲᠠᠩᠬᠢᠮ ᠢᠶᠠᠨ ᠭᠦᠨᠵᠡᠭᠡᠶ ᠬᠠᠭᠠᠯᠪᠤᠷᠢᠯᠠᠵᠤ᠂ ᠥᠨᠳᠥᠷ ᠪᠦᠲᠦᠮᠵᠢᠲᠡᠶ ᠵᠢᠭᠠᠨ ᠰᠤᠷᠭᠠᠯᠲᠠ ᠶᠢ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠦᠨᠡᠨ ᠬᠦ ︽ | ᠭᠤᠶᠢᠳᠠ ᠰᠠᠶᠢᠬᠠᠨ︾᠂ ᠪᠠᠭᠰᠢ ᠨᠠᠷ ᠢ ︽ᠡᠳᠦᠷ ᠪᠦᠷᠢ ᠢᠯᠡ ᠪᠠᠷ ᠬᠢᠴᠢᠶᠡᠯᠯᠡᠬᠦ︾᠂ ᠰᠤᠷᠤᠭᠴᠢᠳ ᠢ ︽ | ᠬᠢᠴᠢᠶᠡᠯ ᠪᠦᠷᠢ ᠣᠯᠤᠯᠲᠠ ᠲᠠᠢ︾ ᠪᠣᠯᠭᠠᠵᠤ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠦᠵᠡᠪᠡ᠃ | ᠰᠢᠨ᠎ᠡ ᠴᠠᠭ ᠦᠶ᠎ᠡ ᠳᠤ ᠲᠤᠰᠬᠠᠢ ᠮᠡᠷᠭᠡᠵᠢᠯᠲᠡᠨ ᠤ ᠮᠠᠶ᠋ᠢᠭ ᠤᠨ ᠰᠤᠷᠭᠠᠭᠤᠯᠢ ᠶᠢᠨ ᠵᠠᠬᠢᠷᠤᠯ ᠢ ᠤᠷᠢᠶᠠᠯᠠᠵᠤ᠂ | ᠭᠠᠷᠮᠠᠭᠠᠢ ᠰᠤᠷᠭᠠᠭᠤᠯᠢ ᠶᠢᠨ ᠵᠠᠬᠢᠷᠤᠯ ᠰᠢᠯᠢᠳᠡᠭ ᠰᠠᠶᠢᠨ ᠰᠤᠷᠭᠠᠨ ᠬᠥᠮᠦᠵᠢᠯ ᠢ ᠡᠭᠦᠳᠴᠡᠢ᠃ | ᠪᠣᠯᠪᠠᠰᠤᠷᠠᠭᠤᠯᠤᠯ ᠤᠨ ᠳᠤᠮᠳᠠ᠂ ᠪᠣᠶ ᠪᠥᠬᠦᠶ ᠰᠤᠷᠤᠭᠴᠢᠳ ᠰᠤᠳᠤᠯᠤᠨ ᠰᠤᠷᠤᠯᠴᠠᠬᠤ ᠶᠢ ᠯᠠᠪᠳᠠᠭᠤᠨ ᠪᠠᠲᠤᠲᠠᠶ | ᠥᠷᠨᠢᠭᠦᠯᠵᠦ᠂ ᠰᠡᠳᠬᠢᠬᠦᠶ ᠶᠢᠨ ᠬᠡᠪ ᠵᠠᠭᠪᠤᠷ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢᠶᠠᠨ ᠰᠢᠨᠡᠳᠬᠡᠵᠦ᠂ | ᠬᠠᠮᠢᠶᠠᠷᠤᠯᠲᠠ ᠶᠢᠨ ᠦᠢᠯᠡᠳᠦᠯᠭᠡ ᠶᠢ ᠵᠢᠯᠣᠭᠤᠳᠤᠨ᠂ ᠰᠤᠳᠤᠯᠤᠨ ᠰᠤᠷᠤᠯᠴᠠᠭᠰᠠᠨ ᠤ ᠣᠯᠤᠯᠲᠠ ᠪᠠ ᠪᠣᠳᠣᠯᠬᠢᠯᠠᠯ ᠢ | ᠡᠪᠦᠷᠯᠡᠨ᠂ ᠭᠠᠷᠮᠠᠭᠠᠶ ᠬᠠᠮᠢᠶᠠᠷᠤᠭᠴᠢ ᠶᠢᠨ ᠪᠦᠯᠬᠦᠮ ᠢ ᠪᠣᠶ ᠪᠣᠯᠭᠠᠵᠤ᠂ ᠪᠣᠳᠠᠲᠤ ᠬᠦᠴᠦᠨ ᠢᠶᠠᠷ ᠰᠤᠷᠭᠠᠨ | ᠬᠥᠮᠦᠵᠢᠯ ᠤᠨ ᠬᠠᠶᠢᠷ᠎ᠠ ᠰᠡᠳᠬᠢᠯᠭᠡ ᠶᠢ ᠨᠠᠶᠢᠳᠠᠪᠤᠷᠢᠵᠢᠭᠤᠯᠪᠠ᠃ ︵ᠰᠤᠷᠪᠤᠯᠵᠢᠯᠠᠭᠴᠢ᠄ ᠼᠦᠢ ᠵᠢᠶᠦ᠋ᠨ ᠹᠧᠩ | ᠴᠢᠮᠡᠭᠡᠯᠡᠭᠴᠢ᠄ ᠯᠢᠦ ᠶᠤᠸᠠᠢ ᠾᠦᠢ︶ | | |