ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 24 ᠤ ᠴᠠᠬᠢᠯᠭᠠᠨ ᠮᠡᠳᠡᠭᠡ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠠᠴᠠ ᠤᠷᠴᠢᠭᠤᠯᠤᠭᠰᠠᠨ ᠰᠢ ᠶᠢᠨ ᠫᠢᠩ ᠤᠨ ︽ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ | ᠬᠠᠮᠲᠤ ᠴᠤᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠳᠠᠯᠠᠬᠤ ᠲᠤᠬᠠᠢ ᠥᠭᠦᠯᠡᠭᠰᠡᠨ ᠨᠢ︾ ᠭᠡᠬᠦ ᠨᠣᠮ ᠤᠨ | ᠭᠧᠷᠮᠠᠨ ᠬᠡᠯᠡᠨ ᠤ ᠬᠡᠪᠯᠡᠯ ᠢ ᠤᠢᠢᠷ᠎ᠠ ᠶᠢᠨ ᠡᠳᠦᠷ ᠲᠦᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ | ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ | ᠰᠢ ᠶᠢᠨ ᠫᠢᠩ ᠤᠨ ︽ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠤᠭᠴᠠ ᠶᠢᠨ | ᠪᠠᠶᠢᠭᠤᠯᠤᠯᠲᠠ ᠶᠢ ᠠᠬᠢᠭᠤᠯᠬᠤ ᠶᠢ ᠪᠠᠷᠢᠮᠳᠠᠯᠠᠬᠤ ᠲᠤᠬᠠᠢ ᠥᠭᠦᠯᠡᠭᠰᠡᠨ ᠨᠢ︾ ᠭᠡᠬᠦ ᠨᠣᠮ ᠢ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ | ᠬᠠᠮᠲᠤ ᠴᠤᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠳᠠᠯᠠᠬᠤ ᠲᠤᠬᠠᠢ ᠦᠭᠦᠯᠡᠭᠰᠡᠨ 85 ᠴᠢᠬᠤᠯᠠ | ᠵᠤᠬᠢᠶᠠᠯ ᠢ ᠰᠤᠩᠭᠤᠵᠤ ᠣᠷᠣᠭᠤᠯᠤᠭᠰᠠᠨ ᠪᠠᠶᠢᠨ᠎ᠠ᠃ ᠲᠤᠰ ᠨᠣᠮ ᠤᠨ ᠭᠧᠷᠮᠠᠨ ᠬᠡᠯᠡᠨ ᠤ ᠬᠡᠪᠯᠡᠯ ᠪᠣᠯᠤᠨ | ᠡᠭᠦᠨ ᠠᠴᠠ ᠡᠮᠦᠨ᠎ᠡ ᠬᠡᠪᠯᠡᠭᠦᠯᠦᠭᠰᠡᠨ ᠠᠩᠭ᠍ᠯᠢ᠂ ᠹᠷᠠᠨᠼᠢ᠂ ᠶᠠᠫᠣᠨ᠂ ᠤᠷᠤᠰ᠂ ᠠᠷᠠᠪ ᠬᠡᠯᠡᠨ ᠤ ᠬᠡᠪᠯᠡᠯ ᠨᠢ | ᠭᠠᠳᠠᠭᠠᠲᠤ ᠶᠢᠨ ᠤᠩᠰᠢᠭᠴᠢᠳ ᠤᠨ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠤᠭᠴᠠ ᠶᠢᠨ | ᠪᠠᠶᠢᠭᠤᠯᠤᠯᠲᠠ ᠶᠢᠨ ᠤᠶᠢᠯᠠᠭᠠᠭᠳᠠᠬᠤᠨ ᠢ ᠭᠦᠨᠵᠡᠭᠡᠢ ᠤᠶᠢᠯᠠᠭᠠᠵᠤ᠂ ᠰᠢ ᠶᠢᠨ ᠫᠢᠩ ᠤᠨ ᠭᠠᠳᠠᠭᠠᠳᠤ | ᠬᠠᠷᠢᠯᠴᠠᠭᠠᠨ ᠤ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠮᠠᠨ ᠤ ᠤᠯᠤᠰ ᠤᠨ ᠭᠠᠳᠠᠭᠠᠳᠤ | ᠬᠠᠷᠢᠯᠴᠠᠭᠠᠨ ᠤ ᠴᠢᠭᠯᠡᠯᠲᠡ ᠲᠦᠷᠦ ᠶᠢᠨ ᠪᠤᠳᠤᠯᠭ᠎ᠠ ᠵᠡᠷᠭᠡ ᠶᠢ ᠭᠦᠨᠵᠡᠭᠡᠢ ᠤᠶᠢᠯᠠᠭᠠᠬᠤ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ |