2021 ᠣᠨ ᠤ 10 ᠳ᠋ᠤᠭᠠᠷ ᠰᠠᠷ᠎ᠠ ᠶᠢᠨ 21 ᠤ ᠡᠳᠦᠷ ᠤᠨ 10 ᠴᠠᠭ ᠠᠴᠠ 10 ᠳ᠋ᠤᠭᠠᠷ ᠰᠠᠷ᠎ᠠ ᠶᠢᠨ | 22 ᠤᠨ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ | ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 15 ︵ᠠᠯᠠᠱᠠ ᠠᠶᠢᠮᠠᠭ ᠤᠨ ᠡᠵᠡᠨ᠎ᠡ | ᠬᠤᠰᠢᠭᠤᠨ ᠳᠤ 14 ᠵᠢᠱᠢᠶ᠎ᠡ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 1 ᠵᠢᠱᠢᠶ᠎ᠡ︶ ᠨᠡᠮᠡᠭᠳᠡᠵᠡᠢ᠃ | ᠨᠢᠭᠡᠳᠦᠭᠡᠷ ᠠᠴᠠ ᠠᠷᠪᠠᠨ ᠳᠥᠷᠪᠡᠳᠦᠭᠡᠷ ᠡᠪᠡᠳᠴᠢᠨ ᠤ ᠵᠢᠱᠢᠶ᠎ᠡ᠄ ᠪᠦᠷ 10 ᠳ᠋ᠤᠭᠠᠷ ᠰᠠᠷ᠎ᠠ ᠶᠢᠨ 21 ᠤ | ᠡᠳᠦᠷ ᠡᠵᠡᠨ᠎ᠡ ᠬᠤᠰᠢᠭᠤᠨ ᠤ ᠪᠦᠬᠦ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶᠡᠰ ᠠᠷᠭ᠎ᠠ ᠴᠢᠨᠠᠷ | ᠢᠯᠡᠷᠡᠵᠦ᠂ ᠳᠠᠬᠢᠨ ᠬᠢᠨᠠᠭᠰᠠᠨ ᠳᠤ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ | ᠣᠨᠣᠰᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ | ᠣᠨᠣᠰᠢᠯᠠᠪᠠ᠃ | ᠠᠷᠪᠠᠨ ᠲᠠᠪᠤᠳᠤᠭᠠᠷ ᠡᠪᠡᠳᠴᠢᠨ ᠤ ᠵᠢᠱᠢᠶ᠎ᠡ᠄ 10 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠪᠡ᠃ 10 ᠳ᠋ᠤᠭᠠᠷ ᠰᠠᠷ᠎ᠠ ᠶᠢᠨ 21 ᠤ | ᠡᠳᠦᠷ᠂ ᠡᠷᠢᠶᠡᠨ ᠬᠤᠲᠠ ᠳᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ | ᠬᠥᠮᠥᠰ ᠲᠤ ᠡᠳᠦᠷ ᠪᠣᠯᠭᠠᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠭᠰᠡᠨ ᠳᠤ ᠠᠷᠭ᠎ᠠ ᠴᠢᠨᠠᠷ ᠢᠯᠡᠷᠡᠵᠦ᠂ | ᠳᠠᠬᠢᠨ ᠬᠢᠨᠠᠭᠰᠠᠨ ᠳᠤ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠪᠠ᠃ | ᠣᠳᠣᠬᠠᠨ ᠳᠤ᠂ 15 ᠬᠥᠮᠦᠨ ᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ | ᠲᠤᠰᠠᠭᠠᠷᠯᠠᠨ ᠡᠮᠴᠢᠯᠡᠵᠦ᠂ ᠰᠢᠯᠵᠢᠭᠦᠯᠬᠦ᠂ ᠵᠢᠭᠰᠠᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠶᠠᠭ | ᠶᠠᠪᠤᠭᠳᠠᠭᠤᠯᠵᠤ ᠪᠠᠶᠢᠨ᠎ᠠ᠃ | 2021 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠣᠳᠣ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ | ᠡᠪᠡᠳᠴᠢᠨ ᠤ ᠵᠢᠱᠢᠶ᠎ᠡ 4᠂ ᠥᠪᠥᠷ ᠮᠣᠩᠭᠤᠯ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ 30 ︵ᠠᠯᠠᠱᠠ | ᠠᠶᠢᠮᠠᠭ ᠤᠨ ᠡᠵᠡᠨ᠎ᠡ ᠬᠤᠰᠢᠭᠤᠨ ᠳᠤ 19᠂ ᠠᠯᠠᠱᠠ ᠵᠡᠭᠦᠨ ᠬᠤᠰᠢᠭᠤᠨ ᠳᠤ 1᠂ ᠰᠢᠯᠢ ᠶᠢᠨ ᠭᠤᠤᠯ | ᠠᠶᠢᠮᠠᠭ ᠤᠨ ᠡᠷᠢᠶᠡᠨ ᠬᠤᠲᠠ ᠳᠤ 10︶ ᠪᠠᠶᠢᠵᠤ᠂ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ | ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |