ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ | ᠬᠤᠷᠠᠯᠳᠤᠭᠠᠨ ᠪᠡᠭᠡᠵᠢᠩ ᠳᠤ ᠲᠡᠭᠦᠰᠪᠡ | | | ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠵᠡᠷᠭᠡ ᠶᠢ ᠪᠠᠳᠤᠯᠠᠪᠠ | ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ | ᠯᠢ ᠵᠠᠨ ᠱᠤ᠋ ᠬᠤᠷᠠᠯ ᠢ ᠡᠷᠭᠢᠯᠡᠪᠡ | | | ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 10 ᠰᠠᠷ᠎ᠠ ᠶᠢᠨ 23 ᠤ ᠡᠳᠦᠷ ᠤᠨ ᠮᠡᠳᠡᠭᠡ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯᠳᠤᠭᠠᠨ 23 ᠤ ᠡᠳᠦᠷ ᠤᠨ ᠦᠳᠡ ᠶᠢᠨ ᠡᠮᠦᠨ᠎ᠡ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠪᠠᠲᠤᠯᠠᠯᠲᠠ ᠬᠢᠬᠦ ᠪᠠᠷ | ᠳᠡᠮᠵᠢᠨ᠂ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ᠂ ᠡᠬᠡ ᠬᠠᠭᠤᠷᠠᠶ ᠶᠢᠨ ᠤᠯᠤᠰ ᠤᠨ ᠬᠢᠯᠢ ᠶᠢᠨ ᠬᠠᠤᠯᠢ᠂ | ᠬᠢᠨᠠᠨ ᠪᠤᠳᠤᠬᠤ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ᠢ ᠪᠠᠲᠤᠯᠠᠪᠠ᠃ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰ ᠲᠤᠰ 98᠂ 99᠂ 100 ᠳ᠋ᠤᠭᠠᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ | ᠭᠠᠷ ᠤᠨ ᠦᠰᠦᠭ ᠵᠢᠷᠤᠵᠤ ᠨᠡᠶᠢᠲᠡᠯᠡᠪᠡ᠃ ᠬᠤᠷᠢᠶᠠᠨ ᠳᠠᠷᠤᠭ᠎ᠠ ᠯᠢ ᠵᠠᠨ ᠱᠤ᠋ ᠬᠤᠷᠠᠯ ᠢ ᠡᠷᠭᠢᠯᠡᠪᠡ᠃ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ 161 ᠬᠥᠮᠦᠨ ᠬᠤᠷᠠᠯ ᠳᠤ ᠣᠷᠣᠯᠴᠠᠵᠤ᠂ ᠬᠤᠷᠠᠯ ᠳᠤ | ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠳᠤ ᠡᠷᠬᠡ ᠣᠯᠭᠤᠵᠤ ᠬᠤᠳᠠᠯᠳᠤᠭ᠎ᠠ ᠡᠵᠡᠩᠨᠡᠬᠦ ᠣᠷᠴᠢᠨ | ᠲᠤᠭᠤᠷᠢᠨ ᠤ ᠰᠢᠨ᠎ᠡ ᠶᠢ ᠡᠭᠦᠳᠬᠦ ᠲᠤᠷᠰᠢᠯᠲᠠ ᠬᠢᠬᠦ ᠬᠤᠲᠠ ᠳᠤ ᠬᠡᠮᠵᠢᠯᠲᠡ ᠶᠢᠨ ᠬᠠᠤᠯᠢ ᠶᠢᠨ ᠬᠤᠯᠪᠣᠭᠳᠠᠯ ᠪᠥᠬᠦᠶ | ᠲᠣᠭᠲᠠᠭᠠᠯ ᠢ ᠲᠦᠷ ᠲᠣᠬᠢᠷᠠᠭᠤᠯᠤᠨ ᠬᠡᠷᠡᠭᠯᠡᠭᠦᠯᠬᠦ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠲᠤᠯᠠᠪᠠ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠡᠷᠬᠡ ᠣᠯᠭᠤᠵᠤ ᠬᠡᠰᠡᠭ ᠭᠠᠵᠠᠷ ᠣᠷᠣᠨ ᠳᠤ ᠭᠡᠷ | ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ | ᠥᠷᠨᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠣᠭᠲᠠᠭᠠᠯ ᠢ ᠪᠠᠲᠤᠯᠠᠪᠠ᠃ | ᠬᠤᠷᠠᠯ ᠠᠴᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠲᠣᠭᠲᠠᠭᠠᠯ ᠢ ᠲᠦᠷ ᠲᠣᠬᠢᠷᠠᠭᠤᠯᠤᠨ ᠬᠡᠷᠡᠭᠯᠡᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠲᠤᠯᠠᠪᠠ᠃ | ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶᠢᠷᠠᠮᠳᠠᠬᠤ ᠴᠢᠯᠢ | ᠤᠯᠤᠰ ᠤᠨ ᠰᠢᠯᠵᠢᠭᠦᠯᠦᠨ ᠲᠤᠰᠢᠶᠠᠬᠤ ᠭᠡᠷ᠎ᠡ︾ ᠶᠢ ᠵᠥᠪᠰᠢᠶᠡᠷᠡᠬᠦ ᠲᠤᠬᠠᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ ︽︿ᠰᠣᠬᠤᠷ ᠬᠥᠮᠦᠨ᠂ | ᠬᠠᠷᠠᠭᠠᠨ ᠤ ᠰᠠᠭᠠᠳ ᠲᠠᠢ ᠬᠥᠮᠦᠨ ᠪᠤᠶᠤ ᠪᠤᠰᠤᠳ ᠬᠡᠪᠯᠡᠭᠳᠡᠬᠦᠨ ᠤᠩᠰᠢᠬᠤ ᠳᠤ ᠰᠠᠭᠠᠳ ᠲᠠᠢ ᠬᠥᠮᠦᠨ ᠳᠤ | ᠲᠦᠬᠦᠮ ᠦᠵᠡᠭᠦᠯᠬᠦ ᠮᠠᠯᠠᠺᠠᠱ ᠤᠨ ᠭᠡᠷ᠎ᠡ﹀ ᠶᠢ ᠵᠥᠪᠰᠢᠶᠡᠷᠡᠬᠦ ᠲᠤᠬᠠᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠲᠤᠯᠠᠪᠠ᠃ | ᠬᠤᠷᠠᠯ ᠠᠴᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ | ᠪᠠ ᠬᠠᠤᠯᠢ ᠴᠠᠭᠠᠵᠠ ᠶᠢᠨ ᠵᠥᠪᠯᠡᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠭᠠᠳᠠᠭᠠᠳᠤ ᠶᠠᠪᠤᠳᠠᠯ ᠤᠨ | ᠵᠥᠪᠯᠡᠯ᠂ ᠣᠷᠴᠢᠨ ᠲᠣᠭᠤᠷᠢᠨ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠵᠥᠪᠯᠡᠯ᠂ ᠨᠡᠶᠢᠭᠡᠮ ᠤᠨ | ᠪᠠᠶᠢᠭᠤᠯᠤᠯᠲᠠ ᠶᠢᠨ ᠵᠥᠪᠯᠡᠯ ᠤᠨ ᠲᠣᠰ ᠲᠣᠰ ᠳᠤᠷᠠᠳᠤᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠬᠢᠨᠠᠨ ᠵᠥᠪᠯᠡᠭᠦᠯᠬᠦ ᠪᠠᠷ ᠲᠤᠰᠢᠶᠠᠭᠰᠠᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ | ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠪᠠᠲᠤᠯᠠᠪᠠ᠃ | ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠶᠢ ᠪᠠᠲᠤᠯᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ᠂ ᠰᠢᠤᠺᠧᠯᠠᠶᠢᠲ · ᠵᠠᠺᠧᠷ᠂ ᠴᠢᠵᠠᠯᠠ ᠶᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ ᠢᠶᠠᠷ ᠲᠣᠮᠢᠯᠠᠪᠠ︔ ᠯᠢᠦ ᠵᠢᠶᠠ ᠢ᠂ ᠯᠧᠦ ᠴᠢᠨ ᠵᠢᠶᠠᠨ ᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ ᠢᠶᠠᠷ ᠲᠣᠮᠢᠯᠠᠪᠠ︔ ᠡᠦ ᠢᠩ ᠵᠢᠶᠧ᠂ ᠰᠢᠤᠢ ᠳ᠋ᠠ ᠵᠧ ᠶᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ | ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠢᠶᠠᠷ ᠲᠣᠮᠢᠯᠠᠪᠠ︔ ᠯᠢ ᠶᠢᠨ ᠪᠢᠨ᠂ ᠯᠢᠦ ᠴᠢ ᠶᠢ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠷᠴᠢᠨ ᠲᠣᠭᠤᠷᠢᠨ ᠬᠢᠭᠡᠳ ᠡᠬᠢ ᠪᠠᠶᠠᠯᠢᠭ ᠢ | ᠬᠠᠮᠠᠭᠠᠯᠠᠬᠤ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠢᠶᠠᠷ ᠲᠣᠮᠢᠯᠠᠪᠠ︔ ᠯᠦ ᠰᠢᠨ ᠱᠧ ᠶᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠲᠡᠭᠡ ᠠᠵᠤ ᠠᠬᠤᠢ ᠬᠢᠭᠡᠳ ᠬᠥᠳᠡᠭᠡ ᠲᠣᠰᠬᠤᠨ ᠤ | ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠢᠶᠠᠷ ᠲᠣᠮᠢᠯᠠᠪᠠ︔ ᠷᠤᠸᠠᠨ ᠴᠧᠩ ᠹᠠ ᠶᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ ᠢᠶᠠᠷ ᠲᠣᠮᠢᠯᠠᠪᠠ᠃ | ᠬᠤᠷᠠᠯ ᠠᠴᠠ ᠪᠠᠰᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠤᠰᠤᠳ ᠲᠥᠰᠦᠯ ᠢ | ᠪᠠᠲᠤᠯᠠᠪᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ | ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ | ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠦ ᠸᠧᠢ ᠬᠤᠸᠠ᠂ ᠨᠠᠷᠢᠨ ᠪᠢᠴᠢᠭ ᠤᠨ ᠳᠠᠷᠤᠭ᠎ᠠ ᠶᠠᠩ | ᠵᠧᠨ ᠡᠦ ᠬᠤᠷᠠᠯ ᠳᠤ ᠣᠷᠣᠯᠴᠠᠪᠠ᠃ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠩ ᠰᠢᠶᠤᠤ ᠳ᠋ᠦ᠋᠂ ᠲᠦᠷᠦ ᠶᠢᠨ ᠶᠠᠪᠤᠳᠠᠯ ᠤᠨ | ᠭᠡᠰᠢᠭᠦᠨ ᠰᠢᠶᠤᠤ ᠵᠢᠶᠧ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ ᠵᠧᠦ ᠴᠢᠶᠠᠩ᠂ ᠠᠷᠠᠳ ᠤᠨ | ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠵᠢᠶᠦ᠋ᠨ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠪᠦᠷᠢᠯᠳᠦᠬᠦᠨ᠂ ᠡᠯ᠎ᠡ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠪᠠ᠃ |