ᠮᠠᠨ ᠤ ᠣᠷᠣᠨ 6797 ᠲᠦᠮᠡᠨ ᠲᠥᠭᠦᠷᠢᠭ ᠪᠠᠭᠤᠯᠭᠠᠵᠤ ᠭᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2021/10/26
     10 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠨᠢᠭᠡᠨᠲᠡ 6797 ᠲᠦᠮᠡᠨ ᠲᠥᠭᠦᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ︵ᠲᠦᠩᠯᠢᠶᠣᠤ ᠬᠤᠲᠠ ᠶᠢᠨ ᠲᠥᠪ ᠤᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠭᠡᠷ ᠲᠤ ᠪᠠᠨ ᠪᠠ ᠨᠡᠶᠢᠭᠡᠮ ᠲᠣᠭᠤᠷᠢᠭ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ 2128 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠪᠠᠭᠲᠠᠨ᠎ᠠ︶ ᠪᠠᠭᠤᠯᠭᠠᠵᠤ᠂ ᠪᠦᠬᠦᠨ ᠢ ᠭᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠭᠦᠷᠭᠡ ᠶᠢᠨ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠣᠷᠣᠨ ︽ᠨᠢᠭᠡ ᠮᠥᠴᠡ︾ ᠶᠢᠨ ᠬᠡᠷ ᠲᠤ ᠪᠠᠨ ᠠᠰᠠᠷᠠᠭᠤᠯᠬᠤ ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ 2022 ᠣᠨ ᠪᠣᠯᠬᠤ ᠳᠤ᠂ ᠪᠥᠬᠦ ᠣᠷᠣᠨ ᠤ ᠵᠡᠭᠡᠯᠢ ᠭᠤᠳᠤᠮᠵᠢ ᠨᠢᠭᠡᠪᠦᠷᠢ ᠳᠤ ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠥᠬᠦ ᠣᠷᠣᠨ ᠤ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠭᠠᠯᠵᠠᠯ ᠤᠨ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ ᠭᠡᠵᠡᠢ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠮᠠᠨ ᠤ ᠣᠷᠣᠨ ᠤᠷᠢᠳ ᠬᠤᠵᠢᠳ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠪᠠᠯᠠ ᠮᠥᠩᠭᠦ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠵᠡᠷᠭᠡ ᠤᠯᠤᠰ ᠤᠨ ᠲᠠᠰ ᠤᠨ ᠬᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠭᠤᠷᠪᠠᠨ ᠲᠤᠷᠰᠢᠯᠲᠠ ᠶᠢᠨ ᠴᠡᠭ ᠢᠶᠠᠷ ᠭᠠᠷᠳᠠᠴᠠ ᠪᠣᠯᠭᠠᠨ᠂ ᠬᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠪᠠ᠃ ᠣᠲᠣ ᠪᠣᠯᠬᠤ ᠳᠤ᠂ ᠪᠥᠬᠦ ᠣᠷᠣᠨ ᠳᠤ ᠨᠢᠭᠡᠨᠲᠡ ᠵᠡᠭᠡᠯᠢ ᠭᠤᠳᠤᠮᠵᠢ ᠶᠢᠨ ᠲᠠᠰ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 85᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 149᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠭᠠᠯᠵᠠᠯ ᠤᠨ ᠴᠡᠭ 922 ᠶᠢ ᠪᠠᠶᠢᠭᠤᠯᠤᠭᠰᠠᠨ ᠪᠠᠶᠢᠨ᠎ᠠ᠃      ︽ᠲᠠᠷᠠᠭᠠᠴᠢ ᠶᠢᠨ ᠠᠯᠬᠤᠮ ᠳᠤ᠂ ᠪᠢᠳᠡ ᠬᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠤ ᠡᠴᠦᠰ ᠪᠣᠯᠬᠤ ᠳᠤ ᠦᠯᠡᠳᠡᠭᠰᠡᠨ 246 ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ 592 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ ᠬᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷ ᠲᠤ ᠪᠠᠨ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠪᠠ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠭᠤᠤ ᠵᠢᠶᠠᠨ ᠬᠤᠸᠠ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号