︽ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠤᠨ ᠡᠵᠡᠩᠨᠡᠯᠲᠡ ᠶᠢᠨ ᠨᠥᠬᠦᠴᠡᠯ ︵ᠡᠵᠡᠩᠨᠡᠬᠦ / | ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ᠂ ᠲᠥᠬᠦᠭᠡᠷᠦᠮᠵᠢ ᠵᠡᠷᠭᠡ︶ ᠵᠢᠴᠢ ᠲᠠᠷᠢᠶᠠᠨ ᠡᠮ ᠤᠨ ᠬᠠᠶᠠᠭᠳᠠᠮᠠᠯ | ᠪᠣᠳᠠᠰ ᠢ ᠲᠦᠷ ᠬᠠᠳᠠᠭᠠᠯᠠᠬᠤ ᠲᠠᠯᠠᠪᠤᠷ ᠭᠠᠵᠠᠷ ᠤᠨ ᠱᠠᠭᠠᠷᠳᠠᠯᠭ᠎ᠠ᠄ | | 1. ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ | ︵1︶ ᠡᠵᠡᠩᠨᠡᠯᠲᠡ ᠶᠢᠨ ᠲᠠᠯᠠᠪᠤᠷ ᠭᠠᠵᠠᠷ ᠨᠢ 30 ᠲᠡᠭᠰᠢ ᠳᠥᠷᠪᠡᠯᠵᠢᠨ ᠮᠧᠲᠷ ᠠᠴᠠ ᠳᠤᠲᠠᠭᠤ ᠪᠠᠶᠢᠵᠤ | ᠪᠣᠯᠬᠤ ᠥᠬᠡᠶ᠃ | ︵2︶ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠨᠢ 50 ᠲᠡᠭᠰᠢ ᠳᠥᠷᠪᠡᠯᠵᠢᠨ ᠮᠧᠲᠷ ᠠᠴᠠ ᠳᠤᠲᠠᠭᠤ | ᠪᠠᠶᠢᠵᠤ ᠪᠣᠯᠬᠤ ᠥᠬᠡᠶ᠃ | | | 2. ᠠᠮᠤᠷ ᠲᠦᠪᠰᠢᠨ ᠤ ᠪᠠᠲᠤᠯᠠᠭ᠎ᠠ ᠶᠢᠨ ᠪᠡᠯᠡᠳᠬᠡᠮᠵᠢ᠂ ᠲᠥᠬᠦᠭᠡᠷᠦᠮᠵᠢ | ︵1︶ ᠡᠵᠡᠩᠨᠡᠯᠲᠡ ᠶᠢᠨ ᠲᠠᠯᠠᠪᠤᠷ ᠭᠠᠵᠠᠷ ᠪᠠ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠲᠤ ᠴᠢᠬᠤᠯᠠ | ᠪᠦᠬᠦᠢ ᠠᠶᠤᠯᠭᠦᠶ ᠶᠢᠨ ᠬᠠᠮᠠᠭᠠᠯᠠᠯᠲᠠ ᠶᠢᠨ ᠪᠠᠭᠠᠵᠢ ᠬᠡᠷᠡᠭᠰᠡᠯ᠂ ᠲᠤᠨᠤᠭ ᠲᠥᠬᠦᠭᠡᠷᠦᠮᠵᠢ ᠶᠢ ᠲᠣᠬᠢᠷᠠᠭᠤᠯᠬᠤ | ᠬᠡᠷᠡᠭᠲᠡᠶ᠂ ᠵᠢᠱᠢᠶᠡᠯᠡᠪᠡᠯ᠄ ᠰᠠᠯᠬᠢ ᠨᠡᠪᠲᠡᠷᠡᠭᠦᠯᠬᠦ ᠬᠤᠷᠭᠤ ᠪᠤᠶᠤ ᠬᠡᠢ ᠭᠠᠷᠭᠠᠬᠤ ᠳᠡᠪᠢᠭᠦᠷ᠂ ᠭᠠᠯ ᠤᠨᠲᠠᠷᠠᠭᠠᠭᠤᠷ᠂ | ᠬᠤᠣᠷ ᠰᠡᠷᠭᠡᠶᠢᠯᠡᠬᠦ ᠪᠠᠭ᠂ ᠬᠥᠳᠡᠯᠮᠦᠷᠢ ᠶᠢᠨ ᠬᠤᠪᠴᠠᠰᠤ᠂ ᠪᠡᠭᠡᠯᠡᠶ ᠵᠡᠷᠭᠡ︔ | ︵2︶ ᠡᠵᠡᠩᠨᠡᠯᠲᠡ ᠶᠢᠨ ᠲᠠᠯᠠᠪᠤᠷ ᠭᠠᠵᠠᠷ ᠪᠠ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠢ ᠪᠤᠰᠤᠳ ᠲᠠᠸᠠᠷ᠂ | ᠠᠮᠢᠳᠤᠷᠠᠯ ᠤᠨ ᠣᠷᠣᠨ ᠪᠦᠰᠡ᠂ ᠤᠤᠭᠤᠬᠤ ᠤᠰᠤᠨ ᠤ ᠡᠬᠢ ᠰᠤᠷᠪᠤᠯᠵᠢ ᠠᠴᠠ ᠪᠦᠲᠦᠮᠵᠢᠲᠡᠶ ᠪᠠᠷ ᠲᠤᠰᠠᠭᠠᠷᠯᠠᠬᠤ | ᠬᠡᠷᠡᠭᠲᠡᠶ᠃ | | | 3. ᠳᠡᠯᠭᠡᠨ ᠦᠵᠡᠭᠦᠯᠬᠦ ᠬᠤᠷᠭᠤ᠂ ᠪᠠᠷᠠᠭᠠᠨ ᠤ ᠲᠠᠯᠪᠢᠭᠤᠷ ᠵᠡᠷᠭᠡ ᠡᠵᠡᠩᠨᠡᠯᠲᠡ ᠶᠢᠨ ᠲᠥᠬᠦᠭᠡᠷᠦᠮᠵᠢ | ︵1︶ ᠡᠵᠡᠩᠨᠡᠯᠲᠡ ᠶᠢᠨ ᠲᠠᠯᠠᠪᠤᠷ ᠭᠠᠵᠠᠷ ᠲᠤ ᠡᠵᠡᠩᠨᠡᠵᠦ ᠪᠠᠶᠢᠭ᠎ᠠ ᠲᠠᠷᠢᠶᠠᠨ ᠡᠮ ᠤᠨ ᠲᠦᠷᠦᠯ ᠵᠦᠢᠯ᠂ ᠲᠦᠷᠦᠯ | ᠢᠯᠭᠠᠯ ᠲᠠᠢ ᠪᠠᠨ ᠲᠣᠬᠢᠷᠠᠯᠴᠠᠭᠰᠠᠨ ᠪᠠᠷᠠᠭᠠᠨ ᠤ ᠲᠠᠯᠪᠢᠭᠤᠷ᠂ ᠯᠠᠩᠭᠦᠶ ᠵᠡᠷᠭᠡ ᠶᠢᠨ ᠳᠡᠯᠭᠡᠨ ᠦᠵᠡᠭᠦᠯᠬᠦ᠂ ᠳᠡᠯᠭᠡᠨ | ᠦᠵᠡᠭᠦᠯᠬᠦ ᠲᠥᠬᠦᠭᠡᠷᠦᠮᠵᠢ ᠲᠠᠢ ᠪᠠᠶᠢᠵᠤ᠂ ᠪᠠᠷᠠᠭᠠᠨ ᠤ ᠲᠠᠯᠪᠢᠭᠤᠷ᠂ ᠯᠠᠩᠭᠦᠶ ᠶᠢ ᠳᠡᠯᠭᠡᠨ ᠲᠠᠯᠪᠢᠬᠤ ᠳᠤ ︽ | ᠪᠠᠶᠢᠴᠠᠭᠠᠨ ᠦᠵᠡᠬᠦ ᠳᠤ ᠲᠦᠭᠦᠮ᠂ ᠭᠠᠷᠭᠠᠨ ᠠᠪᠬᠤ ᠳᠤ ᠲᠦᠭᠦᠮ︾ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ︔ | ︵2︶ ᠲᠠᠷᠢᠶᠠᠨ ᠡᠮ ᠤᠨ ᠲᠦᠷᠦᠯ ᠵᠦᠢᠯ ᠢ ᠦᠨᠳᠦᠰᠦᠯᠡᠨ ᠬᠤᠷᠣᠬᠠᠶ ᠠᠯᠠᠬᠤ ᠡᠮ᠂ ᠪᠠᠺᠲ᠋ᠧᠷᠢ ᠠᠯᠠᠬᠤ ᠡᠮ᠂ | ᠡᠪᠡᠰᠦ ᠠᠷᠢᠯᠭᠠᠬᠤ ᠡᠮ᠂ ᠤᠷᠭᠤᠮᠠᠯ ᠤᠨ ᠥᠰᠥᠯᠲᠡ ᠶᠢ ᠲᠣᠬᠢᠷᠠᠭᠤᠯᠬᠤ ᠡᠮ᠂ ᠬᠤᠯᠤᠭᠠᠨ᠎ᠠ ᠠᠯᠠᠬᠤ ᠡᠮ ᠵᠡᠷᠭᠡ | ᠦᠵᠡᠭᠦᠯᠦᠯᠭᠡ ᠶᠢᠨ ᠣᠷᠣᠨ ᠢ ᠪᠠᠶᠢᠷᠢᠯᠠᠭᠤᠯᠬᠤ ᠶᠢᠨ ᠬᠠᠮᠲᠤ ᠢᠯᠡᠳᠬᠡᠭᠴᠢ ᠳᠡᠮᠳᠡᠭ ᠲᠠᠯᠪᠢᠨ᠎ᠠ︔ | ︵3︶ ᠬᠥᠮᠥᠷᠭᠡᠯᠡᠨ ᠬᠠᠳᠠᠭᠠᠯᠠᠬᠤ ᠲᠠᠯᠠᠪᠤᠷ ᠤᠨ ᠪᠦᠲᠦᠭᠡᠭᠳᠡᠬᠦᠨ ᠢ ᠲᠠᠷᠢᠶᠠᠨ ᠡᠮ ᠤᠨ ᠲᠥᠷᠥᠯ ᠢᠯᠭᠠᠯ ᠢᠶᠠᠷ ᠨᠢ | ᠰᠠᠯᠭᠠᠨ ᠬᠠᠳᠠᠭᠠᠯᠠᠵᠤ᠂ ᠥᠨᠳᠥᠷ ᠤᠨ ᠬᠡᠮᠵᠢᠶ᠎ᠡ ᠨᠢ ᠲᠤᠬᠢᠷᠠᠮᠵᠢᠲᠠᠢ᠂ ᠨᠤᠷᠠᠬᠤ ᠠᠴᠠ ᠰᠡᠷᠭᠡᠶᠢᠯᠡᠨ᠎ᠡ᠃ | ︵4︶ ᠢᠯᠡ ᠲᠣᠳᠣ ᠲᠡᠮᠳᠡᠭ ᠪᠠ ᠰᠡᠷᠡᠮᠵᠢ ᠶᠢᠨ ᠦᠭᠡ ᠲᠠᠢ ᠪᠠᠶᠢᠬᠤ ᠬᠡᠷᠡᠭᠲᠡᠶ᠂ ᠳᠡᠯᠭᠡᠨ ᠦᠵᠡᠭᠦᠯᠬᠦ ᠬᠤᠷᠭᠤ᠂ | ᠪᠠᠷᠠᠭᠠᠨ ᠤ ᠲᠠᠯᠪᠢᠭᠤᠷ ᠤᠨ ᠢᠯᠡ ᠭᠠᠵᠠᠷ ᠲᠤ ︽ᠲᠠᠷᠢᠶᠠᠨ ᠡᠮ ᠬᠤᠣᠷ ᠲᠠᠢ︾᠂ ︽ᠬᠤᠸᠠᠷ ᠫᠤᠤᠵᠢᠩ | ᠲᠠᠯᠪᠢᠬᠤ ᠶᠢ ᠴᠢᠩᠭ᠎ᠠ ᠴᠠᠭᠠᠵᠠᠯᠠᠨ᠎ᠠ︾᠂ ︽ᠢᠳᠡᠭᠡᠨ ᠤᠮᠳᠠᠭᠠᠨ ᠢ ᠴᠠᠭᠠᠵᠠᠯᠠᠨ᠎ᠠ︾ ᠭᠡᠬᠦ ᠮᠡᠲᠦ ᠶᠢᠨ ᠰᠡᠷᠡᠮᠵᠢ ᠶᠢᠨ | ᠦᠭᠡ ᠶᠢ ᠲᠡᠮᠳᠡᠭᠯᠡᠭᠰᠡᠨ ᠪᠠᠶᠢᠬᠤ ᠬᠡᠷᠡᠭᠲᠡᠶ︔ | ︵5︶ ᠪᠤᠰᠤᠳ ᠲᠠᠷᠢᠶᠠᠯᠠᠩ ᠳᠤ ᠣᠷᠣᠭᠤᠯᠬᠤ ᠡᠳ᠋ ᠢ ᠬᠠᠪᠰᠤᠷᠭᠠᠨ ᠡᠵᠡᠩᠨᠡᠬᠦ ᠳᠤ ᠲᠠᠷᠢᠶᠠᠨ ᠡᠮ ᠲᠠᠢ | ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠡᠵᠡᠩᠨᠡᠯᠲᠡ ᠶᠢᠨ ᠣᠷᠣᠨ ᠪᠦᠰᠡ ᠲᠠᠢ ᠪᠠᠶᠢᠬᠤ ᠬᠡᠷᠡᠭᠲᠡᠶ᠂ ᠲᠠᠷᠢᠶᠠᠨ | ᠡᠮ ᠤᠨ ᠡᠵᠡᠩᠨᠡᠯᠲᠡ ᠶᠢᠨ ᠲᠠᠯᠠᠪᠤᠷ ᠲᠤ ᠢᠳᠡᠭᠡᠨ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ᠂ ᠲᠡᠵᠢᠭᠡᠯ | ᠪᠣᠷᠳᠤᠭ᠎ᠠ ᠵᠡᠷᠭᠡ ᠶᠢ ᠡᠵᠡᠩᠨᠡᠵᠦ ᠪᠣᠯᠬᠤ ᠦᠭᠡᠢ᠃ | | | 4. ᠲᠠᠷᠢᠶᠠᠨ ᠡᠮ ᠬᠡᠷᠡᠭᠯᠡᠬᠦ ᠲᠣᠭᠲᠠᠭᠰᠠᠨ ᠴᠡᠭ ᠤᠨ ᠡᠵᠡᠩᠨᠡᠯᠲᠡ ᠶᠢᠨ ᠪᠠᠶᠢᠷᠢᠯᠠᠭᠤᠯᠤᠯᠲᠠ ᠶᠢ ᠬᠢᠵᠠᠭᠠᠷᠯᠠᠨ᠎ᠠ | ︵1︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ ᠴᠡᠭ | ᠲᠣᠭᠲᠠᠭᠠᠨ ᠡᠵᠡᠩᠨᠡᠬᠦ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ᠳᠤ ᠨᠡᠶᠢᠴᠡᠭᠰᠡᠨ ᠪᠠᠶᠢᠬᠤ ᠬᠡᠷᠡᠭᠲᠡᠶ᠃ | | | 5. ᠬᠠᠶᠠᠭᠳᠠᠮᠠᠯ ᠪᠣᠳᠠᠰ ᠢ ᠬᠤᠷᠢᠶᠠᠨ ᠠᠪᠴᠤ ᠲᠦᠷ ᠬᠠᠳᠠᠭᠠᠯᠠᠬᠤ ᠲᠠᠯᠠᠪᠤᠷ | ︵1︶ ᠬᠠᠶᠠᠭᠳᠠᠮᠠᠯ ᠪᠣᠳᠠᠰ ᠢ ᠬᠤᠷᠢᠶᠠᠨ ᠠᠪᠴᠤ ᠲᠦᠷ ᠬᠠᠳᠠᠭᠠᠯᠠᠬᠤ ᠲᠤᠰᠬᠠᠶ ᠲᠠᠯᠠᠪᠤᠷ ᠭᠠᠵᠠᠷ ᠲᠠᠢ | ᠪᠠᠶᠢᠬᠤ ᠶᠢᠨ ᠬᠠᠮᠲᠤ ᠤᠯᠤᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠭᠰᠡᠨ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠠᠪᠤᠭᠰᠠᠨ᠃ | |