ᠸᠠᠩ ᠯᠢ ᠰᠢᠶᠠ᠄ ︽ᠠᠷᠪᠠ ᠶᠢ ᠡᠷᠬᠡᠪᠰᠢ ᠪᠣᠳᠠᠲᠠᠶᠢᠵᠢᠭᠤᠯᠬᠤ︾ ᠶᠢ ᠡᠷᠡᠰ ᠪᠡᠶᠡᠯᠡᠭᠦᠯᠵᠦ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠬᠠᠨᠳᠤᠰᠢ ᠶᠢ ᠪᠦᠬᠦ ᠬᠦᠴᠦ ᠪᠠᠷ ᠢᠶᠠᠨ ᠬᠤᠷᠢᠭᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/10/27
     10 ᠰᠠᠷ᠎ᠠ ᠶᠢᠨ 23 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠲᠡᠭᠡᠷ᠎ᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠬᠢᠵᠢᠭ ᠳᠡᠯᠭᠡᠷᠡᠬᠦ ᠬᠠᠨᠳᠤᠰᠢ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠂ ᠤᠳᠤᠷᠢᠳᠤᠯᠭ᠎ᠠ ᠡᠷᠬᠡᠪᠰᠢ ᠡᠮᠦᠨ᠎ᠡ ᠲᠠᠯ᠎ᠠ ᠳᠤ ᠣᠴᠢᠵᠤ ᠵᠢᠯᠣᠭᠤᠳᠬᠤ ᠬᠡᠷᠡᠭᠲᠡᠶ᠂ ᠠᠵᠢᠯᠲᠠᠨ ᠢ ᠡᠷᠬᠡᠪᠰᠢ ᠲᠠᠶᠢᠴᠢᠯᠠᠵᠤ ᠵᠣᠬᠢᠶᠠᠨ ᠪᠠᠶᠢᠭᠤᠯᠬᠤ ᠬᠡᠷᠡᠭᠲᠡᠶ᠂ ᠠᠷᠭ᠎ᠠ ᠬᠡᠮᠵᠢᠶ᠎ᠡ ᠶᠢ ᠡᠷᠬᠡᠪᠰᠢ ᠣᠨᠣᠪᠴᠢᠲᠠᠶ ᠨᠠᠶᠢᠳᠠᠪᠤᠷᠢᠵᠢᠭᠤᠯᠬᠤ ᠬᠡᠷᠡᠭᠲᠡᠶ᠂ ᠵᠢᠷᠤᠮᠵᠢᠯ ᠢ ᠡᠷᠬᠡᠪᠰᠢ ᠲᠤᠭᠤᠰᠢᠲᠠᠢ ᠬᠡᠷᠡᠭᠵᠢᠭᠦᠯᠬᠦ ᠬᠡᠷᠡᠭᠲᠡᠢ᠂ ᠳᠤᠲᠠᠭᠳᠠᠯ ᠢ ᠡᠷᠬᠡᠪᠰᠢ ᠨᠥᠬᠦᠪᠥᠷᠢᠯᠡᠬᠦ ᠬᠡᠷᠡᠭᠲᠡᠶ᠂ ᠡᠷᠬᠡᠪᠰᠢ ᠴᠠᠭ ᠲᠤᠬᠠᠶ ᠳᠤᠨᠢ ᠪᠠᠲᠤᠯᠠᠬᠤ ᠬᠡᠷᠡᠭᠲᠡᠶ᠂ ᠬᠠᠮᠵᠢᠯᠴᠠᠭ᠎ᠠ ᠶᠢ ᠡᠷᠬᠡᠪᠰᠢ ᠵᠣᠬᠢᠴᠠᠭᠤᠯᠬᠤ ᠬᠡᠷᠡᠭᠲᠡᠶ᠂ ᠬᠠᠷᠢᠭᠤᠴᠠᠯᠭ᠎ᠠ ᠶᠢ ᠡᠷᠬᠡᠪᠰᠢ ᠲᠤᠭᠤᠰᠢᠲᠠᠢ ᠨᠠᠶᠢᠳᠠᠪᠤᠷᠢᠵᠢᠭᠤᠯᠬᠤ ᠬᠡᠷᠡᠭᠲᠡᠢ᠂ ᠬᠢᠨᠠᠯᠲᠠ ᠲᠠᠯᠪᠢᠬᠤ ᠳᠤ ᠡᠷᠬᠡᠪᠰᠢ ᠮᠥᠷᠳᠡᠨ ᠳᠠᠭᠠᠬᠤ ᠬᠡᠷᠡᠭᠲᠡᠶ᠂ ᠤᠬᠠᠭᠤᠯᠭ᠎ᠠ ᠶᠢ ᠡᠷᠬᠡᠪᠰᠢ ᠪᠣᠳᠠᠲᠠᠶᠢᠵᠢᠭᠤᠯᠬᠤ ᠬᠡᠷᠡᠭᠲᠡᠶ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号