| | | ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠲᠡᠰ ᠤᠨ | ᠪᠠᠶᠢᠴᠠᠭᠠᠨ ᠰᠤᠳᠤᠯᠤᠭᠴᠢ ᠶᠣᠣ ᠪᠣᠣ ᠯᠤ᠋᠂ ᠠᠮᠤ ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ | ᠳᠠᠷᠤᠭ᠎ᠠ ᠯᠢᠦ ᠬᠤᠩ ᠯᠦᠩ᠂ ᠠᠮᠤ ᠪᠤᠳᠠᠭᠠᠨ ᠤ ᠲᠥᠯᠥᠪᠵᠢᠭᠦᠯᠭᠡ ᠪᠠ ᠠᠵᠣ ᠦᠢᠯᠡᠰ ᠤᠨ ᠬᠥᠭᠵᠢᠯᠲᠡ ᠶᠢᠨ | ᠰᠠᠯᠠᠭ᠎ᠠ ᠶᠢᠨ ᠳᠠᠷᠤᠭ᠎ᠠ ᠭᠤᠤ ᠶᠠᠩ᠂ ᠠᠮᠤ ᠪᠤᠳᠠᠭ᠎ᠠ ᠨᠦᠭᠡᠴᠡᠯᠡᠬᠦ ᠰᠠᠯᠠᠭ᠎ᠠ ᠶᠢᠨ ᠳᠡᠳ᠋ ᠳᠠᠷᠤᠭ᠎ᠠ ᠯᠢᠦ ᡁᠢ᠂ ᠠᠮᠤ | ᠪᠤᠳᠠᠭ᠎ᠠ ᠶᠢ ᠲᠣᠬᠢᠷᠠᠭᠤᠯᠤᠨ ᠡᠵᠡᠮᠳᠡᠬᠦ ᠰᠠᠯᠠᠭ᠎ᠠ ᠶᠢᠨ ᠴᠢᠶᠥᠥ ᠶᠠᠨ ᠰᠢᠶᠠ | | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠤᠯᠠᠨ ᠤ ᠮᠡᠳᠡᠭᠡᠵᠢ ᠪᠠᠷ᠂ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ | ᠴᠢᠬᠤᠯᠠ ᠦᠨᠳᠦᠰᠦ ᠮᠥᠨ᠂ ᠨᠠᠮ ᠤᠨ ᠲᠥᠪ ᠬᠤᠷᠢᠶ᠎ᠠ ᠠᠴᠠ ᠠᠮᠤ ᠪᠤᠳᠠᠭᠠᠨ ᠤ ᠠᠮᠤᠷ ᠲᠦᠪᠰᠢᠨ ᠢ ᠴᠠᠭ | ᠢᠮᠠᠭᠲᠠ ᠲᠦᠷᠦ ᠶᠢ ᠵᠠᠰᠠᠵᠤ ᠵᠠᠰᠠᠭ ᠪᠠᠷᠢᠬᠤ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠭᠰᠠᠭᠠᠷ ᠢᠷᠡᠵᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ | ᠭᠤᠣᠯ ᠲᠠᠷᠢᠶᠠᠯᠠᠬᠤ ᠣᠷᠣᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠠᠮᠤ ᠪᠤᠳᠠᠭᠠᠨ ᠤ ᠠᠶᠤᠯᠭᠦᠢ ᠶᠢᠨ ᠵᠠᠮ ᠤᠨ ᠲᠤᠬᠠᠢ ᠭᠦᠨᠵᠡᠭᠡᠢ | ᠲᠠᠶᠢᠯᠪᠤᠷᠢᠯᠠᠯᠲᠠ ᠬᠢᠵᠡᠢ᠃ ᠡᠯ᠎ᠡ ᠭᠠᠵᠠᠷ ᠤᠨ ᠬᠢᠨ ᠴᠤ ᠲᠥᠪ ᠬᠤᠷᠢᠶᠠᠨ ᠤ ᠵᠣᠷᠢᠭ ᠰᠠᠨᠠᠭᠠᠨ ᠤ ᠵᠢᠯᠣᠭᠤᠳᠣᠯᠭ᠎ᠠ | ᠳᠣᠣᠷ᠎ᠠ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠷᠮᠠᠶᠢᠨ ᠰᠠᠶᠢᠲᠤᠷ ᠠᠳᠬᠤᠵᠤ᠂ ᠪᠤᠳᠠᠭᠠᠨ ᠠᠶᠠᠭ᠎ᠠ ᠪᠠᠨ ᠵᠢᠪ | ᠵᠢᠩᠭᠢᠨᠢ ᠥᠪᠡᠷ ᠤᠨ ᠭᠠᠷ ᠲᠠᠭᠠᠨ ᠪᠠᠷᠢᠬᠤ ᠶᠢ ᠦᠨᠡᠨ ᠬᠦ ᠪᠠᠲᠤᠯᠠᠵᠤ ᠪᠠᠶᠢᠨ᠎ᠠ᠃ | 3. ᠬᠥᠲᠥᠯᠥᠭᠴᠢ | ᠣᠳᠣᠬᠠᠨ ᠤ ᠬᠢᠵᠢᠭ ᠤᠨ ᠪᠠᠶᠢᠳᠠᠯ ᠳᠣᠣᠷ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠮᠠᠨ ᠤ ᠬᠤᠲᠠ ᠶᠢᠨ ᠠᠮᠤ ᠪᠤᠳᠠᠭᠠᠨ ᠤ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠮᠠᠨ ᠤ ᠬᠤᠲᠠ ᠶᠢᠨ ᠠᠮᠤ | ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠬᠡᠷᠬᠢᠨ ᠪᠠᠲᠤᠯᠠᠭᠰᠠᠨ ᠪᠣᠢ︖ | 4. ᠶᠣᠣ ᠪᠣᠣ ᠯᠤ᠋ | | | | ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠳᠣᠣᠷ᠎ᠠ᠂ ᠪᠢᠳᠡ ᠠᠮᠤ ᠲᠣᠰᠣᠨ ᠤ ᠵᠠᠬ᠎ᠠ | ᠳᠡᠯᠭᠡᠭᠦᠷ ᠤᠨ ᠦᠨ᠎ᠡ ᠬᠠᠩᠰᠢ ᠪᠠ ᠪᠣᠷᠣᠯᠠᠭᠤᠯᠭ᠎ᠠ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠳᠦᠷ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠮᠠᠨ ᠤ ᠬᠤᠲᠠ ᠶᠢᠨ ᠠᠮᠤ | ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ | ᠡᠵᠡᠮᠰᠢᠪᠡ᠃ ᠣᠳᠣᠬᠠᠨ ᠳᠤ ᠮᠠᠨ ᠤ ᠬᠤᠲᠠ ᠶᠢᠨ ᠡᠯ᠎ᠡ ᠲᠣᠮᠣ ᠬᠡᠳᠦ ᠳᠡᠯᠭᠡᠭᠦᠷ ᠪᠠ ᠪᠥᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ ᠤᠨ ᠠᠮᠤ ᠪᠤᠳᠠᠭ᠎ᠠ ᠲᠣᠰᠣᠨ ᠤ ᠦᠨ᠎ᠡ ᠬᠠᠩᠰᠢ ᠲᠣᠭᠲᠠᠭᠤᠨ᠂ ᠪᠠᠷᠠᠭᠠᠨ ᠤ ᠬᠠᠩᠭᠠᠯᠭ᠎ᠠ | ᠭᠦᠢᠴᠡᠳ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠠᠪᠲᠠᠯᠲᠠ ᠪᠠᠷ ᠳᠠᠮᠵᠢᠨ᠂ | ᠮᠠᠨ ᠤ ᠬᠤᠲᠠ ᠠᠮᠤ ᠪᠤᠳᠠᠭ᠎ᠠ ᠲᠣᠰᠣᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ | ᠠᠵᠢᠯ ᠤᠨ ᠲᠠᠯ᠎ᠠ ᠪᠠᠷ ᠵᠣᠬᠢᠬᠤ ᠲᠤᠷᠰᠢᠯᠭ᠎ᠠ ᠬᠤᠷᠠᠮᠳᠤᠭᠤᠯᠵᠤ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠡᠨᠡ | ᠬᠦ ᠠᠵᠢᠯ ᠢ ᠥᠷᠨᠢᠭᠦᠯᠪᠡ᠄ ᠨᠢᠭᠡ ᠳᠤ᠂ ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠢ ᠬᠢᠨᠠᠨ ᠰᠢᠨᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ ᠬᠤᠶᠠᠷ ᠲᠤ ᠠᠮᠤ | ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠭᠤᠷᠪᠠ ᠳᠤ ︽ᠬᠥᠬᠡᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ︾ ᠳᠤ ᠵᠠᠰᠠᠪᠤᠷᠢ ᠣᠷᠣᠭᠤᠯᠪᠠ᠃ | 5. ᠬᠥᠲᠥᠯᠥᠭᠴᠢ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠰᠠᠶ᠋ᠢᠬᠠᠨ | ᠳᠠᠭᠤᠰᠴᠤ᠂ ᠮᠠᠨ ᠤ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠲᠤᠭ᠎ᠠ ᠨᠡᠯᠢᠶᠡᠳ ᠶᠡᠭᠡ ᠪᠠᠷ ᠨᠡᠮᠡᠭᠳᠡᠪᠡ᠂ | ᠣᠳᠣᠬᠠᠨ ᠳᠤ ᠮᠠᠨ ᠤ ᠨᠥᠭᠡᠴᠡᠯᠡᠭᠰᠡᠨ ᠠᠮᠤ ᠪᠤᠳᠠᠭ᠎ᠠ ᠬᠥᠮᠦᠨ ᠠᠮᠠ ᠶᠢᠨ ᠨᠡᠮᠡᠭᠳᠡᠯ ᠤᠨ ᠪᠠᠶᠢᠳᠠᠯ ᠢ ᠪᠦᠲᠦᠮᠵᠢᠲᠡᠶ | ᠠᠷᠭᠠᠴᠠᠭᠠᠵᠤ ᠳᠡᠶᠢᠯᠦᠨ᠎ᠡ ᠦᠦ︖ | 6. ᠴᠢᠶᠥᠥ ᠶᠠᠨ ᠰᠢᠶᠠ | | | | ᠪᠥᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠪᠡᠯ᠂ ᠮᠠᠨ ᠤ ᠬᠤᠲᠠ ᠶᠢᠨ ᠭᠤᠤᠯ ᠬᠤᠲᠠ ᠶᠢᠨ ᠲᠣᠭᠤᠷᠢᠭ ︵ᠬᠤᠲᠠ ᠶᠢᠨ ᠳᠥᠷᠪᠡᠨ | ᠲᠣᠭᠤᠷᠢᠭ︶ ᠤᠨ ᠬᠥᠮᠦᠨ ᠠᠮᠠ 255 ᠲᠦᠮᠡ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ ᠪᠢᠳᠡ ᠭᠤᠤᠯ | ᠬᠤᠲᠠ ᠶᠢᠨ ᠲᠣᠭᠤᠷᠢᠭ ᠤᠨ ᠬᠠᠮᠤᠭ ᠤᠨ ᠰᠢᠨ᠎ᠡ ᠬᠥᠮᠦᠨ ᠠᠮᠠ ᠶᠢᠨ ᠲᠤᠭ᠎ᠠ ᠪᠠᠷᠢᠮᠲᠠ ᠶᠢᠨ ᠶᠣᠰᠣᠭᠠᠷ ᠪᠠᠴᠢᠮ | ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠤᠭᠰᠠᠨ ᠠᠮᠤ ᠪᠤᠳᠠᠭ᠎ᠠ ᠲᠣᠰᠣ ᠨᠥᠭᠡᠴᠡᠯᠡᠬᠦ ᠬᠡᠮᠵᠢᠶ᠎ᠡ ᠶᠢ ᠨᠡᠮᠡᠭᠳᠡᠭᠦᠯᠬᠦ ᠪᠠᠷ | ᠭᠤᠶᠤᠴᠢᠯᠠᠵᠤ᠂ ᠣᠳᠣᠬᠠᠨ ᠳᠤ ᠭᠤᠶᠤᠴᠢᠯᠠᠯ ᠢ ᠨᠢᠭᠡᠨᠲᠡ ᠵᠠᠰᠠᠭ ᠤᠨ ᠶᠠᠪᠤᠳᠠᠯ ᠤᠨ ᠪᠠᠶᠢᠩᠭᠤ ᠶᠢᠨ ᠬᠤᠷᠠᠯ ᠠᠴᠠ | ᠬᠢᠨᠠᠨ ᠶᠠᠷᠢᠯᠴᠠᠵᠤ ᠪᠠᠲᠤᠯᠠᠪᠠ᠂ ᠲᠠᠷᠠᠭᠠᠴᠢ ᠶᠢᠨ ᠠᠯᠬᠤᠮ ᠳᠤ ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ | ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠰᠢᠨ᠎ᠡ ᠪᠠᠷ ᠨᠡᠮᠡᠭᠳᠡᠭᠰᠡᠨ | ᠠᠮᠤ ᠪᠤᠳᠠᠭ᠎ᠠ ᠲᠣᠰᠣ ᠨᠥᠭᠡᠴᠡᠯᠡᠬᠦ ᠠᠵᠢᠯ ᠢ ᠵᠢᠯ ᠤᠨ ᠡᠴᠦᠰ ᠠᠴᠠ ᠡᠮᠦᠨ᠎ᠡ ᠳᠠᠭᠤᠰᠬᠠᠨ᠎ᠠ᠃ ᠨᠥᠭᠡᠴᠡᠯᠡᠬᠦ | ᠬᠡᠮᠵᠢᠶ᠎ᠡ ᠶᠢ ᠨᠡᠮᠡᠭᠳᠡᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠤᠷᠠᠬᠢ ᠠᠮᠤ ᠪᠤᠳᠠᠭ᠎ᠠ | ᠲᠣᠰᠣᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠪᠡᠯᠡᠨ ᠠᠮᠤ ᠪᠤᠳᠠᠭ᠎ᠠ ᠠᠴᠠ ᠭᠠᠳᠠᠨ᠎ᠠ᠂ ᠮᠠᠨ ᠤ ᠬᠤᠲᠠ ᠳᠤ ᠪᠠᠰᠠ ᠪᠦᠳᠦᠭᠦᠯᠢᠭ ᠠᠮᠤ | ᠨᠥᠭᠡᠴᠡ ᠲᠠᠢ᠂ ᠬᠡᠷᠪᠡ ᠪᠠᠴᠢᠮ ᠪᠠᠶᠢᠳᠠᠯ ᠲᠣᠬᠢᠶᠠᠯᠳᠤᠪᠠᠯ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠪᠡᠯ᠂ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠳᠤ ᠲᠦᠰᠢᠭᠯᠡᠨ ᠪᠦᠳᠦᠭᠦᠯᠢᠭ ᠠᠮᠤ ᠨᠥᠭᠡᠴᠡ ᠶᠢ ᠴᠠᠭ ᠲᠤᠬᠠᠶ ᠳᠤᠨᠢ ᠬᠡᠷᠡᠭᠯᠡᠨ ᠲᠤᠬᠠᠶ ᠶᠢᠨ | ᠭᠠᠵᠠᠷ ᠲᠤᠨᠢ ᠪᠣᠯᠪᠠᠰᠤᠷᠠᠭᠤᠯᠵᠤ᠂ ᠵᠠᠬ᠎ᠠ ᠳᠡᠯᠭᠡᠭᠦᠷ ᠲᠤ ᠭᠠᠷᠭᠠᠵᠤ ᠪᠣᠯᠤᠨ᠎ᠠ᠃ ᠣᠳᠣᠬᠠᠨ ᠤ ᠪᠢᠳᠡᠨ ᠤ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠰᠠᠭᠤᠷᠢᠯᠠᠨ᠂ ᠮᠠᠨ ᠤ ᠬᠤᠲᠠ ᠶᠢᠨ ᠠᠮᠤ | ᠪᠤᠳᠠᠭ᠎ᠠ ᠲᠣᠰᠣᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠦᠷᠢᠮᠦᠰᠦᠨ ᠪᠠᠲᠤᠯᠠᠵᠤ ᠪᠣᠯᠬᠤ ᠶᠤᠮ᠂ ᠪᠢᠳᠡ ᠪᠠᠰᠠ | ᠠᠷᠠᠳ ᠣᠯᠠᠨ ᠢ ᠠᠶᠤᠵᠤ ᠰᠠᠨᠳᠤᠷᠬᠤ ᠬᠡᠷᠡᠭ ᠦᠭᠡᠢ᠂ ᠬᠡᠷᠡᠭᠯᠡᠭᠡᠨ ᠤ ᠪᠠᠨ ᠬᠢᠷᠢ ᠪᠠᠷ ᠬᠤᠳᠠᠯᠳᠤᠨ ᠠᠪᠴᠤ᠂ | ᠬᠤᠳᠠᠯᠳᠤᠨ ᠠᠪᠴᠤ ᠳᠠᠷᠤᠵᠤ ᠲᠠᠯᠪᠢᠬᠤ ᠬᠡᠷᠡᠭ ᠦᠭᠡᠢ ᠭᠡᠵᠦ ᠤᠷᠢᠶᠠᠯᠠᠵᠤ ᠪᠠᠶᠢᠨ᠎ᠠ᠃ | 7. ᠬᠥᠲᠥᠯᠥᠭᠴᠢ | ᠣᠳᠣ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠶᠠᠭ ᠪᠠᠴᠢᠮ | ᠶᠠᠭᠠᠷᠠᠯᠲᠠᠶ ᠶᠠᠪᠤᠭᠳᠠᠵᠤ ᠪᠠᠶᠢᠨ᠎ᠠ᠂ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ | ᠠᠵᠢᠯ ᠤᠨ ᠪᠠᠶᠢᠳᠠᠯ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖ | 8. ᠴᠢᠶᠥᠥ ᠶᠠᠨ ᠰᠢᠶᠠ | ᠮᠠᠨ ᠤ ᠬᠤᠲᠠ ᠶᠢᠨ ᠨᠠᠮᠤᠷ ᠤᠨ ᠬᠤᠳᠠᠯᠳᠤᠨ ᠠᠪᠬᠤ ᠠᠮᠤ ᠪᠤᠳᠠᠭ᠎ᠠ ᠭᠤᠤᠯᠳᠠᠭᠤ ᠡᠷᠳᠡᠨᠢ ᠰᠢᠰᠢ ᠪᠠᠷ | ᠭᠤᠤᠯᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠩᠭᠠᠭᠰᠠᠨ ᠲᠠᠷᠢᠶᠠᠯᠠᠩ ᠤᠨ ᠪᠠᠶᠢᠳᠠᠯ ᠤᠨ | ᠲᠤᠭ᠎ᠠ ᠪᠠᠷᠢᠮᠲᠠ ᠶᠢ ᠦᠨᠳᠦᠰᠦᠯᠡᠪᠡᠯ᠂ 2021 ᠣᠨ ᠳᠤ ᠮᠠᠨ ᠤ ᠬᠤᠲᠠ ᠶᠢᠨ ᠲᠠᠷᠢᠭᠰᠠᠨ ᠡᠷᠳᠡᠨᠢ ᠰᠢᠰᠢ ᠶᠢᠨ | ᠲᠠᠯᠠᠪᠠᠶ 366.83 ᠲᠦᠮᠡᠨ ᠮᠥ ᠬᠦᠷᠴᠦ᠂ ᠨᠢᠳᠤᠨᠤᠨ ᠤ ᠬᠢ ᠠᠴᠠ 37.99 ᠲᠦᠮᠡᠨ ᠮᠥ ᠨᠡᠮᠡᠭᠳᠡᠵᠡᠶ᠃ | 2021 ᠣᠨ ᠤ ᠮᠦ ᠪᠦᠷᠢ ᠶᠢᠨ ᠤᠨᠠᠯᠲᠠ ᠶᠢ 767.9 ᠵᠢᠩ ᠢᠶᠠᠷ ᠵᠢᠱᠢᠪᠡᠯ᠂ ᠶᠡᠷᠦᠩᠬᠡᠢ ᠤᠨᠠᠯᠲᠠ 140.84 | ᠲᠦᠮᠡᠨ ᠲᠣᠨ ᠳᠤ ᠬᠦᠷᠴᠦ᠂ ᠣᠳᠣᠬᠠᠨ ᠳᠤ ᠨᠠᠮᠤᠷ ᠤᠨ ᠠᠮᠤ ᠪᠤᠳᠠᠭ᠎ᠠ ᠶᠢ ᠨᠢᠭᠡᠨᠲᠡ ᠡᠬᠢᠯᠡᠨ ᠬᠤᠳᠠᠯᠳᠤᠨ | ᠠᠪᠴᠤ᠂ ᠡᠷᠳᠡᠨᠢ ᠰᠢᠰᠢ ᠶᠢᠨ ᠦᠨ᠎ᠡ ᠨᠡᠯᠢᠶᠡᠳ ᠲᠣᠭᠲᠠᠭᠤᠨ ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ᠂ ᠮᠠᠨ ᠤ | ᠬᠤᠲᠠ ᠶᠢᠨ ᠡᠷᠳᠡᠨᠢ ᠰᠢᠰᠢ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠲᠦᠷᠢᠮ ᠳᠤ ᠲᠦᠰᠢᠭᠯᠡᠨ᠂ ᠬᠤᠳᠠᠯᠳᠤᠨ ᠠᠪᠬᠤ ᠠᠵᠤ ᠠᠬᠤᠶᠢᠯᠠᠯ ᠳᠤ ᠪᠠᠯᠠ ᠮᠥᠩᠭᠦ ᠶᠢᠨ ᠳᠡᠮᠵᠢᠯᠭᠡ | ᠦᠵᠡᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃ ᠣᠳᠣᠬᠠᠨ ᠳᠤ᠂ ᠪᠢᠳᠡ ᠨᠢᠭᠡᠨᠲᠡ 3 | ᠬᠤᠳᠠᠯᠳᠤᠨ ᠠᠪᠬᠤ ᠠᠵᠤ ᠠᠬᠤᠶᠢᠯᠠᠯ ᠳᠤ ᠡᠷᠳᠡᠨᠢ ᠰᠢᠰᠢ ᠬᠤᠳᠠᠯᠳᠤᠨ ᠠᠪᠬᠤ ᠢᠲᠡᠭᠡᠮᠵᠢ ᠶᠢᠨ ᠪᠠᠲᠤᠯᠠᠭ᠎ᠠ ᠶᠢᠨ | ᠰᠠᠭᠤᠷᠢ ᠮᠥᠩᠭᠦᠨ ᠤ ᠵᠢᠭᠡᠯᠡᠯᠭᠡ ᠶᠢᠨ ᠬᠤᠯᠪᠣᠭᠳᠠᠯ ᠪᠥᠬᠦᠶ ᠭᠠᠷ ᠭᠦᠢᠴᠡᠳᠭᠡᠯ ᠢ ᠭᠦᠢᠴᠡᠳᠭᠡᠵᠦ᠂ ᠠᠵᠤ | ᠠᠬᠤᠶᠢᠯᠠᠯ ᠤᠨ ᠬᠤᠳᠠᠯᠳᠤᠨ ᠠᠪᠬᠤ ᠪᠠᠯᠠ ᠮᠥᠩᠭᠦ ᠳᠤᠲᠠᠭᠳᠠᠬᠤ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃ | ᠰᠡᠭᠦᠯᠴᠢ ᠶᠢᠨ ᠬᠤᠭᠤᠴᠠᠭᠠᠨ ᠳᠤ ᠬᠡᠷᠪᠡ ᠪᠠᠰᠠ ᠠᠵᠤ ᠠᠬᠤᠶᠢᠯᠠᠯ ᠪᠡᠯᠡ ᠮᠥᠩᠭᠦ ᠭᠤᠶᠤᠴᠢᠯᠠᠬᠤ ᠱᠠᠭᠠᠷᠳᠠᠯᠭ᠎ᠠ ᠲᠠᠢ | ᠪᠠᠶᠢᠪᠠᠯ᠂ ᠪᠢᠳᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠴᠠᠭ | ᠲᠤᠬᠠᠢ ᠳᠤᠨᠢ ᠭᠦᠢᠴᠡᠳᠬᠡᠵᠦ᠂ ᠠᠵᠤ ᠠᠬᠤᠶᠢᠯᠠᠯ ᠤᠨ ᠤᠷᠤᠭᠰᠢᠲᠠᠢ ᠪᠠᠷ ᠬᠤᠳᠠᠯᠳᠤᠨ ᠠᠪᠬᠤ ᠶᠢ ᠪᠠᠲᠤᠯᠠᠵᠤ᠂ | ᠲᠠᠷᠢᠶᠠᠴᠢᠳ ᠤᠨ ︽ᠲᠠᠷᠢᠭᠰᠠᠨ ᠠᠮᠤ ᠪᠤᠳᠠᠭ᠎ᠠ ᠪᠠᠨ ᠬᠤᠳᠠᠯᠳᠤᠵᠤ ᠭᠠᠷᠭᠠᠵᠤ ᠲᠡᠶᠢᠯᠬᠦ︾ ᠬᠤᠷᠢᠭ᠎ᠠ ᠱᠤᠭᠤᠮ ᠢ | ᠪᠠᠲᠤ ᠰᠠᠬᠢᠨ᠎ᠠ᠃ 2021 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠤᠨ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ ᠵᠠᠰᠠᠪᠤᠷᠢ ᠣᠷᠣᠭᠤᠯᠤᠭᠰᠠᠨ ᠤ | ᠳᠠᠷᠠᠭᠠᠬᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠵᠦ᠂ ᠠᠮᠤ ᠪᠤᠳᠠᠭ᠎ᠠ | ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠵᠤ᠂ ᠳᠠᠩᠰᠠᠯᠠᠭᠤᠯᠬᠤ ᠲᠦᠷᠢᠮ ᠪᠣᠯᠭᠠᠨ | ᠥᠭᠡᠷᠡᠴᠢᠯᠡᠬᠦ ᠪᠠᠷ ᠲᠣᠭᠲᠠᠭᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ | ᠭᠠᠷ ᠭᠦᠢᠴᠡᠳᠬᠡᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠵᠤ ᠬᠤᠳᠠᠯᠳᠤᠨ | ᠠᠪᠬᠤ ᠳᠤ ᠲᠥᠬᠦᠮ ᠦᠵᠡᠭᠦᠯᠪᠡ᠃ | 9. ᠬᠥᠲᠥᠯᠥᠭᠴᠢ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠤᠭᠤᠴᠠᠭᠠᠨ ᠳᠤ᠂ ᠲᠠᠷᠢᠶᠠᠴᠢᠳ ᠠᠮᠤ ᠪᠤᠳᠠᠭ᠎ᠠ ᠪᠠᠨ | ᠬᠤᠳᠠᠯᠳᠤᠬᠤ ᠳᠡᠭᠡᠷ᠎ᠡ ᠬᠡᠷᠪᠡ ᠶᠠᠮᠠᠷᠪᠠ ᠠᠰᠠᠭᠤᠳᠠᠯ ᠲᠠᠭᠠᠷᠠᠪᠠᠯ᠂ ᠲᠡᠳᠡᠨ ᠶᠠᠮᠠᠷ ᠠᠷᠭ᠎ᠠ ᠵᠠᠮ ᠢᠶᠠᠷ ᠠᠰᠠᠭᠤᠳᠠᠯ ᠢ | ᠲᠤᠰᠬᠠᠬᠤ ᠪᠤᠢ︖ | 10. ᠯᠢᠦ ᠬᠤᠩ ᠯᠥᠩ | | | | 2017 ᠣᠨ ᠠᠴᠠ ᠨᠠᠰᠢ᠂ ᠤᠯᠤᠰ ᠤᠨ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠲᠣᠪᠴᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ | ᠪᠠᠶᠢᠭᠤᠯᠪᠠ᠂ ᠡᠭᠦᠨ ᠤ ᠵᠣᠷᠢᠯᠭ᠎ᠠ ᠨᠢ ᠳᠠᠷᠤᠢ ᠲᠠᠷᠢᠶᠠᠴᠢᠨ᠂ ᠡᠯ᠎ᠡ ᠲᠦᠷᠦᠯ ᠤᠨ ᠠᠮᠤ ᠪᠤᠳᠠᠭ᠎ᠠ ᠬᠤᠳᠠᠯᠳᠤᠨ | ᠠᠪᠬᠤ ᠪᠠ ᠪᠣᠷᠣᠯᠠᠭᠤᠯᠬᠤ ᠠᠵᠤ ᠠᠬᠤᠶᠢᠯᠠᠯ ᠪᠣᠯᠤᠨ ᠬᠡᠷᠡᠭᠯᠡᠭᠴᠢᠳ ᠢ ᠪᠠᠭᠲᠠᠭᠠᠭᠰᠠᠨ ᠥᠷᠭᠡᠨ ᠤᠯᠠᠨ ᠠᠷᠠᠳ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠶᠤᠮ᠃ ᠣᠯᠠᠨ ᠢᠶᠠᠷ ᠢᠶᠠᠨ | ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠣᠬᠢᠶᠠᠯᠳᠤᠵᠤ᠂ ᠬᠡᠷᠡᠭᠯᠡᠭᠴᠢᠳ᠂ ᠠᠮᠤ | ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠳᠠᠯ ᠭᠠᠷᠪᠠᠯ᠂ ᠴᠠᠭ | ᠲᠤᠬᠠᠶ ᠳᠤᠨᠢ 12325 ᠪᠥᠬᠦ ᠤᠯᠤᠰ ᠤᠨ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠪᠠᠷ ᠢᠯᠡᠴᠢᠯᠡᠨ | ᠮᠡᠳᠡᠭᠦᠯᠵᠦ ᠪᠣᠯᠤᠨ᠎ᠠ᠂ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠢᠳᠡ ᠲᠦᠢᠯᠪᠤᠷᠢᠲᠠᠶ ᠪᠠᠶᠢᠴᠠᠭᠠᠵᠤ᠂ | ᠬᠠᠮᠤᠭ ᠡᠴᠦᠰ ᠲᠤ ᠢᠯᠡᠴᠢᠯᠡᠨ ᠮᠡᠳᠡᠭᠦᠯᠦᠭᠰᠡᠨ ᠬᠥᠮᠥᠨ ᠳᠤ ᠲᠣᠳᠣᠷᠬᠠᠶ ᠬᠠᠷᠢᠭᠤᠯᠲᠠ ᠥᠭᠭᠦᠨ᠎ᠡ᠃ | 11. ᠬᠥᠲᠥᠯᠥᠭᠴᠢ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠷᠢᠶᠠᠬᠤ ᠶᠠᠪᠤᠴᠠ ᠳᠤ ᠬᠢᠨᠠᠯᠲᠠ ᠬᠠᠮᠢᠶᠠᠷᠤᠯᠲᠠ ᠶᠢ ᠬᠡᠷᠬᠢᠨ | ᠴᠢᠩᠭᠠᠳᠬᠠᠭᠰᠠᠨ ᠪᠤᠢ︖ | 12. ᠯᠢᠦ ᠬᠤᠩ ᠯᠥᠩ | ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠯᠲᠠ | ᠥᠷᠨᠢᠭᠦᠯᠵᠦ᠂ ᠬᠤᠳᠠᠯᠳᠤᠨ ᠠᠪᠬᠤ ᠠᠵᠤ ᠠᠬᠤᠶᠢᠯᠠᠯ ᠤᠨ ᠬᠤᠳᠠᠯᠳᠤᠨ ᠠᠪᠬᠤ ᠭᠠᠵᠠᠷ ᠲᠤ ᠬᠤᠳᠠᠯᠳᠤᠨ ᠠᠪᠬᠤ | ᠠᠮᠤ ᠪᠤᠳᠠᠭᠠᠨ ᠤ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ᠂ ᠬᠡᠮᠵᠢᠶ᠎ᠡ ︵ᠦᠨ᠎ᠡ︶ ᠶᠢᠨ ᠦᠨ᠎ᠡ ᠨᠤᠭᠤᠯᠬᠤ | ᠲᠦᠷᠢᠮ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠡᠰᠡᠬᠦ᠂ ᠴᠢᠨᠠᠷ ᠢ ᠨᠢ ᠳᠠᠷᠤᠨ | ᠦᠨ᠎ᠡ ᠶᠢ ᠨᠢ ᠪᠠᠭᠤᠷᠠᠭᠤᠯᠤᠭᠰᠠᠨ᠂ ᠵᠢᠩ ᠢ ᠨᠢ ᠬᠠᠰᠤᠭᠰᠠᠨ᠂ ᠠᠮᠤ ᠪᠤᠳᠠᠭ᠎ᠠ ᠬᠤᠳᠠᠯᠳᠤᠭᠰᠠᠨ ᠵᠣᠭᠤᠰ ᠢ | ᠥᠷᠢᠲᠦᠭᠰᠡᠨ ᠵᠡᠷᠭᠡ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠣᠷᠣᠰᠢᠵᠤ | ᠪᠠᠶᠢᠬᠤ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ | ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ | ᠠᠰᠢᠭ ᠲᠤᠰᠠ ᠶᠢ ᠬᠠᠮᠠᠭᠠᠯᠠᠪᠠ᠃ | 13. ᠬᠥᠲᠥᠯᠥᠭᠴᠢ | ᠮᠠᠨ ᠤ ᠬᠤᠲᠠ ᠶᠢᠨ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠵᠠᠬ᠎ᠠ ᠳᠡᠯᠭᠡᠭᠦᠷ ᠤᠨ | ᠬᠠᠩᠭᠠᠯᠭ᠎ᠠ ᠭᠦᠢᠴᠡᠳ ᠪᠠᠶᠢᠨ᠎ᠠ᠂ ᠲᠡᠭᠡᠪᠡᠯ ᠮᠠᠨ ᠤ ᠬᠤᠲᠠ ᠶᠢᠨ ᠠᠮᠤ ᠪᠤᠳᠠᠭᠠᠨ ᠤ ᠬᠥᠮᠥᠷᠭᠡ ᠶᠢ ᠬᠢᠷᠢ ᠵᠡᠷᠭᠡ | ᠪᠠᠶᠢᠭᠤᠯᠤᠭᠰᠠᠨ᠂ ᠠᠮᠤ ᠪᠤᠳᠠᠭᠠᠨ ᠤ ᠬᠥᠮᠥᠷᠭᠡ ᠶᠢᠨ ᠠᠶᠤᠯᠭᠦᠢ ᠪᠠ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | 14. ᠯᠢᠦ ᡁᠢ | ᠰᠢᠨ᠎ᠡ ᠪᠠᠶᠢᠳᠠᠯ ᠳᠣᠣᠷ᠎ᠠ᠂ ︽ᠲᠥᠪ ᠬᠤᠲᠠ ᠶᠢᠨ ᠠᠮᠤ ᠪᠤᠳᠠᠭᠠᠨ ᠤ ᠬᠥᠮᠥᠷᠭᠡ︾ ᠶᠢ ᠰᠠᠶᠢᠨ ᠪᠠᠶᠢᠭᠤᠯᠵᠤ | ᠰᠠᠶᠢᠨ ᠬᠠᠮᠢᠶᠠᠷᠬᠤ ᠨᠢ ᠪᠢᠳᠠᠨ ᠤ ᠵᠠᠶᠢᠯᠠᠭᠤᠯᠵᠤ ᠪᠣᠯᠣᠰᠢ ᠦᠭᠡᠢ ᠢᠷᠠᠭᠤ ᠠᠯᠳᠠᠷᠲᠤ ᠡᠭᠦᠷᠭᠡ ᠮᠥᠨ᠃ ᠠᠮᠤ | ᠪᠤᠳᠠᠭᠠᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠢᠳ᠋ᠨ ︽ᠬᠤᠲᠠ ᠶᠢᠨ ᠲᠡᠰ ᠤᠨ ᠠᠮᠤ | ᠪᠤᠳᠠᠭ᠎ᠠ ᠲᠣᠰᠣ ᠶᠢ ᠨᠥᠭᠡᠴᠡᠯᠡᠬᠦ ᠠᠵᠤ ᠠᠬᠤᠶᠢᠯᠠᠯ ᠤᠨ ᠮᠡᠳᠡᠭᠡ ᠵᠠᠩᠭᠢ ᠶᠢ ᠪᠦᠬᠦᠨ ᠢ ᠬᠠᠮᠤᠷᠬᠤ ᠪᠦᠲᠦᠭᠡᠨ | ᠪᠠᠶᠢᠭᠤᠯᠤᠯᠲᠠ︾ ᠪᠠᠷ ᠭᠠᠷᠳᠠᠴᠠ ᠪᠣᠯᠭᠠᠵᠤ᠂ ᠮᠠᠨ ᠤ ᠬᠤᠲᠠ ᠶᠢᠨ ᠠᠮᠤ ᠪᠤᠳᠠᠭᠠᠨ ᠤ ᠬᠥᠮᠥᠷᠭᠡ ᠶᠢᠨ ᠲᠣᠨᠤᠭ | ᠲᠥᠬᠦᠭᠡᠷᠦᠮᠵᠢ ᠶᠢᠨ ᠬᠠᠭᠤᠴᠢᠷᠠᠭᠰᠠᠨ ᠪᠠᠶᠢᠳᠠᠯ ᠢ ᠬᠤᠪᠢᠷᠠᠭᠤᠯᠤᠨ᠂ ᠪᠣᠬᠢᠷᠲᠤᠯ ᠦᠭᠡᠢ ᠣᠶᠣᠨᠲᠣ ᠠᠮᠤ ᠪᠤᠳᠠᠭ᠎ᠠ | ᠬᠠᠳᠠᠭᠠᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠠᠮᠤ ᠪᠤᠳᠠᠭᠠᠨ ᠤ ᠬᠥᠮᠥᠷᠭᠡ ᠶᠢᠨ ᠰᠠᠭᠤᠷᠢ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤ ᠪᠤᠳᠠᠭ᠎ᠠ ᠶᠢ ᠬᠠᠳᠠᠭᠠᠯᠠᠬᠤ ᠪᠠ ᠪᠠᠴᠢᠮ | ᠪᠠᠶᠢᠳᠠᠯ ᠳᠠᠬᠢ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠷᠢᠰᠢᠭᠤᠯᠤᠯ ᠨᠢ ᠵᠣᠬᠢᠰᠲᠠᠢ᠂ | ᠪᠦᠲᠦᠴᠡ ᠨᠢ ᠰᠢᠯᠢᠳᠡᠭ᠂ ᠥᠷᠢᠰᠦᠯᠳᠦᠭᠡᠨ ᠲᠠᠢ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠰᠠᠶᠢᠨ | ᠣᠳᠣᠬᠢᠴᠢᠯᠠᠭᠰᠠᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠬᠠᠮᠢᠶᠠᠷᠤᠯᠲᠠ ᠶᠢᠨ ᠲᠠᠯ᠎ᠠ ᠪᠠᠷ᠂ ᠬᠠᠷᠢᠶ᠎ᠠ ᠣᠷᠣᠨ ᠤ ᠳᠣᠲᠣᠷᠠᠬᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ | ᠪᠤᠳᠠᠭ᠎ᠠ ᠨᠥᠭᠡᠴᠡᠯᠡᠬᠦ ᠠᠵᠤ ᠠᠬᠤᠶᠢᠯᠠᠯ ᠳᠠᠬᠢ ᠡᠳᠦᠷ ᠳᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠲᠤᠭ᠎ᠠ ᠬᠡᠮᠵᠢᠶ᠎ᠡ ᠶᠢᠨ ᠦᠨᠡᠨ ᠪᠣᠳᠠᠲᠠᠢ᠂ ᠪᠦᠲᠦᠴᠡ ᠨᠢ ᠵᠣᠬᠢᠰᠲᠠᠢ᠂ ᠶᠠᠰᠤ ᠴᠢᠨᠠᠷ ᠰᠠᠶᠢᠨ᠂ ᠲᠣᠬᠢᠷᠠᠭᠤᠯᠬᠤ ᠨᠢ | ᠪᠦᠲᠦᠮᠵᠢᠲᠡᠢ ᠪᠠᠶᠢᠬᠤ ᠶᠢ ᠪᠠᠲᠤᠯᠠᠵᠤ᠂ ᠨᠥᠭᠡᠴᠡᠯᠡᠭᠰᠡᠨ ᠠᠮᠤ ᠪᠤᠳᠠᠭᠠᠨ ᠤ ᠲᠣᠭᠲᠠᠭᠤᠨ ᠢ ᠪᠠᠲᠤᠯᠠᠪᠠ᠃ | ᠠᠶᠤᠯᠭᠦᠢ ᠶᠢᠨ ᠲᠠᠯ᠎ᠠ ᠪᠠᠷ᠂ 2021 ᠣᠨ ᠳᠤ ᠠᠮᠤ ᠪᠤᠳᠠᠭᠠᠨ ᠤ ᠠᠵᠢᠯ ᠲᠥᠷᠥᠯ ᠳᠤ ᠠᠷᠪᠠᠭᠠᠳ ᠤᠳᠠᠭ᠎ᠠ ᠶᠢᠨ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠲᠣᠮᠣ ᠶᠡᠭᠡ ᠠᠶᠤᠯᠭᠦᠢ ᠶᠢᠨ ᠠᠳᠡᠯ ᠤᠨ ᠰᠤᠷᠭᠠᠮᠵᠢ ᠶᠢ | ᠪᠦᠬᠦ ᠲᠠᠯ᠎ᠠ ᠪᠠᠷ ᠰᠢᠩᠭᠡᠭᠡᠭᠰᠡᠨ ᠰᠠᠭᠤᠷᠢᠨ ᠳᠡᠭᠡᠷ᠎ᠡ᠂ ᠨᠢᠭᠡ ᠠᠴᠠ ᠨᠥᠬᠦᠭᠡ ᠶᠢ ᠵᠦᠢᠴᠢᠯᠡᠨ᠂ ᠪᠠᠭᠤᠷᠠᠢ | ᠭᠤᠭᠴᠤᠭ᠎ᠠ ᠪᠠᠨ ᠡᠷᠢᠨ ᠬᠠᠨᠳᠤᠯᠭᠠᠲᠤ ᠴᠢᠨᠠᠷ ᠲᠠᠢ ᠪᠠᠶᠢᠴᠠᠭᠠᠯᠲᠠ ᠬᠢᠬᠦ ᠶᠢᠨ ᠬᠠᠮᠲᠤ᠂ ︽ᠠᠮᠤ ᠪᠤᠳᠠᠭᠠᠨ ᠤ | ᠠᠶᠤᠯᠭᠦᠢ ᠶᠢᠨ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ︾ ᠤᠨ ᠦᠢᠯᠡᠳᠦᠯ ᠢ | ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠂ ᠠᠶᠤᠯᠭᠦᠢ ᠦᠢᠯᠡᠳᠪᠦᠷᠢᠯᠡᠯ ᠤᠨ ᠬᠤᠷᠢᠶ᠎ᠠ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠮᠠᠨ ᠤ | ᠬᠤᠲᠠ ᠶᠢᠨ ᠠᠮᠤ ᠪᠤᠳᠠᠭᠠᠨ ᠤ ᠠᠵᠢᠯ ᠲᠥᠷᠥᠯ ᠤᠨ ᠪᠣᠳᠠᠲᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠤ᠂ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠲᠤᠬᠠᠶᠢᠯᠠᠭᠰᠠᠨ ᠠᠵᠢᠯ ᠢ ᠬᠠᠷᠢᠯᠴᠠᠨ ᠤᠶᠠᠯᠳᠤᠭᠤᠯᠤᠨ᠂ ᠠᠮᠤ | ᠪᠤᠳᠠᠭ᠎ᠠ ᠳᠤ ᠬᠤᠯᠪᠣᠭᠳᠠᠭᠰᠠᠨ ᠠᠵᠤ ᠠᠬᠤᠶᠢᠯᠠᠯ ᠳᠤ ᠣᠯᠠᠨᠲᠠ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠪᠠᠶᠢᠴᠠᠭᠠᠨ ᠵᠢᠯᠣᠭᠤᠳᠴᠤ᠂ ︽ᠠᠵᠤ ᠠᠬᠤᠶᠢᠯᠠᠯ ᠳᠤ ᠬᠦᠷᠬᠦ ᠪᠦᠷᠢ ᠠᠶᠤᠯᠭᠦᠢ ᠦᠢᠯᠡᠳᠪᠦᠷᠢᠯᠡᠯ ᠢ | ᠪᠠᠶᠢᠴᠠᠭᠠᠬᠤ︾ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠠᠶᠤᠯᠭᠦᠢ ᠶᠢᠨ ᠳᠠᠯᠳᠠ ᠭᠡᠮ ᠲᠠᠢ ᠠᠰᠠᠭᠤᠳᠠᠯ ᠢ | ᠴᠡᠭᠴᠡᠯᠡᠨ ᠰᠠᠶᠢᠵᠢᠷᠠᠭᠤᠯᠪᠠ᠃ | 15. ᠬᠥᠲᠥᠯᠥᠭᠴᠢ | ᠣᠷᠴᠢᠮ ᠤᠨ ᠵᠢᠯ ᠤᠳ ᠲᠤ ᠪᠢᠳᠡ ︽ᠢᠳᠡᠵᠦ ᠴᠠᠳᠳᠠᠭ︾ ᠪᠠᠶᠢᠭᠰᠠᠨ ᠠᠴᠠ ᠪᠠᠨ ︽ᠰᠠᠶᠢᠨ ᠢ ᠢᠳᠡᠬᠦ︾ | ᠳᠠᠰᠢ ᠬᠤᠪᠢᠷᠠᠵᠤ᠂ ᠠᠷᠠᠳ ᠢᠷᠭᠡᠳ ᠤᠨ ᠬᠡᠷᠡᠭᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯᠭᠦᠢ ᠶᠢᠨ | ᠤᠬᠠᠮᠰᠠᠷ ᠪᠠ ᠲᠥᠷᠥᠯ ᠲᠡᠮᠳᠡᠭᠲᠦ ᠶᠢᠨ ᠤᠬᠠᠮᠰᠠᠷ ᠴᠤ ᠤᠯᠠᠮ ᠢᠶᠠᠷ ᠴᠢᠩᠭᠠᠷᠠᠵᠤ ᠪᠠᠶᠢᠨ᠎ᠠ᠂ ᠲᠡᠭᠡᠪᠡᠯ ︽ᠰᠠᠶᠢᠨ ᠢ | ᠢᠳᠡᠬᠦ︾ ᠲᠠᠯ᠎ᠠ ᠪᠠᠷ ᠠᠮᠤ ᠪᠤᠳᠠᠭᠠᠨ ᠤ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | 16. ᠭᠤᠤ ᠶᠠᠩ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠮᠤ ᠪᠤᠳᠠᠭ᠎ᠠ ᠬᠤᠳᠠᠯᠳᠤᠨ | ᠠᠪᠴᠤ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠠᠬᠢᠬᠤ ᠶᠢ ᠳᠠᠭᠠᠯᠳᠤᠨ᠂ | ᠤᠯᠤᠰ ᠠᠴᠠ 2017 ᠣᠨ ᠠᠴᠠ ᠡᠬᠢᠯᠡᠨ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠢ | ᠬᠡᠷᠡᠭᠵᠢᠭᠦᠯᠵᠦ᠂ ᠡᠨᠡ ᠬᠦ ᠢᠨᠵᠧᠨᠧᠷᠢᠩ ᠢ ᠪᠦᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠪᠡ᠃ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ 2018 | ᠣᠨ ᠳᠤ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ | ᠡᠯ᠎ᠡ ᠲᠥᠷᠥᠯ ᠵᠦᠢᠯ ᠢ ᠰᠢᠯᠢᠨ ᠰᠣᠩᠭᠤᠬᠤ᠂ ᠬᠢᠨᠠᠨ ᠲᠣᠭᠲᠠᠭᠠᠬᠤ᠂ ᠢᠯᠡ ᠨᠡᠶᠢᠲᠡᠯᠡᠬᠦ᠂ ᠬᠠᠮᠲᠤᠷᠠᠨ ᠮᠡᠳᠡᠭᠦᠯᠬᠦ ᠂ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠮᠠᠯᠠᠬᠤ ᠪᠠᠷ ᠳᠡᠮᠵᠢᠨ᠂ ᠭᠤᠷᠪᠠᠨ ᠵᠢᠯ ᠳᠤ ᠨᠡᠶᠢᠲᠡ | 74 ᠲᠥᠷᠥᠯ ᠵᠦᠢᠯ ᠢ ᠬᠡᠷᠡᠭᠵᠢᠭᠦᠯᠵᠦ᠂ 9 ᠬᠤᠰᠢᠭᠤ ᠰᠢᠶᠠᠨ ᠲᠣᠭᠤᠷᠢᠭ ᠢ ᠬᠠᠮᠤᠷᠴᠤ᠂ ᠶᠡᠷᠦᠩᠬᠡᠶ ᠪᠠᠯᠠ | ᠣᠷᠣᠭᠤᠯᠤᠯᠲᠠ ᠶᠢᠨ ᠬᠡᠮᠵᠢᠶ᠎ᠡ 28323.55 ᠲᠦᠮᠡᠨ ᠲᠥᠭᠦᠷᠢᠭ ᠬᠦᠷᠴᠦ᠂ ᠲᠥᠪ ᠤᠨ 8767 ᠲᠦᠮᠡᠨ | ᠲᠥᠭᠦᠷᠢᠭ ᠤᠨ ᠨᠥᠬᠦᠪᠥᠷᠢ ᠮᠥᠩᠭᠦ ᠶᠢ ᠣᠯᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠳᠠᠷᠠᠭᠠᠬᠢ | ᠦᠢᠯᠡᠴᠢᠯᠡᠭᠡᠨ ᠤ ᠲᠥᠪ ᠢ ᠨᠡᠶᠢᠲᠡ 40 ᠪᠠᠶᠢᠭᠤᠯᠵᠤ᠂ ︽ᠰᠠᠶᠢᠨ ᠠᠮᠤ ᠪᠤᠳᠠᠭ᠎ᠠ ᠲᠣᠰᠣ︾ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠨᠡᠶᠢᠲᠡ 25 ᠪᠠᠶᠢᠭᠤᠯᠵᠤ᠂ ᠪᠦᠳᠦᠭᠦᠯᠢᠭ ᠠᠮᠤ ᠪᠤᠳᠠᠭ᠎ᠠ ᠶᠢ ᠨᠡᠶᠢᠲᠡ 120.35 | ᠲᠦᠮᠡᠨ ᠲᠣᠨ ᠬᠤᠳᠠᠯᠳᠤᠨ ᠠᠪᠴᠤ᠂ ᠪᠣᠷᠣᠯᠠᠭᠤᠯᠤᠯᠲᠠ ᠶᠢᠨ ᠣᠷᠣᠯᠭ᠎ᠠ ᠶᠢ 35.71 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ 19.75 ᠲᠦᠮᠡᠨ ᠲᠣᠨ ᠪᠠᠭᠠᠰᠬᠠᠵᠤ᠂ | ᠲᠠᠷᠢᠶᠠᠴᠢᠳ ᠤᠨ ᠣᠷᠣᠯᠭ᠎ᠠ ᠶᠢ 1.91 ᠳ᠋ᠦᠩᠰᠢᠭᠤᠷ ᠲᠥᠭᠦᠷᠢᠭ ᠨᠡᠮᠡᠭᠳᠡᠭᠦᠯᠪᠡ︔ 3 ᠶᠠᠰᠤ ᠴᠢᠨᠠᠷ ᠤᠨ | ᠪᠠᠶᠢᠴᠠᠭᠠᠯᠲᠠ ᠶᠢᠨ ᠪᠠᠶᠢᠭᠤᠯᠤᠮᠵᠢ ᠶᠢ ᠭᠤᠣᠯᠳᠠᠯᠭ᠎ᠠ ᠲᠠᠢ ᠲᠡᠳᠬᠦᠵᠦ᠂ ᠮᠠᠨ ᠤ ᠬᠤᠲᠠ ᠶᠢᠨ ᠲᠦᠷᠦ ᠶᠢᠨ | ᠪᠤᠳᠤᠯᠭ᠎ᠠ ᠶᠢᠨ ᠴᠢᠨᠠᠷᠲᠠᠢ ᠠᠮᠤ ᠪᠤᠳᠠᠭ᠎ᠠ ᠶᠢ ᠰᠢᠯᠭᠠᠨ ᠪᠠᠶᠢᠴᠠᠭᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ | ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠠᠮᠤ | ᠪᠤᠳᠠᠭᠠᠨ ᠤ ᠶᠠᠰᠤ ᠴᠢᠨᠠᠷ ᠤᠨᠠᠯᠲᠠ ᠪᠠᠷ ᠰᠠᠭᠤᠷᠢ ᠪᠣᠯᠭᠠᠵᠤ᠂ ᠤᠨᠠᠯᠲᠠ ᠶᠢ ᠨᠡᠮᠡᠭᠳᠡᠭᠦᠯᠬᠦ ᠠᠴᠠ ᠶᠠᠰᠤ ᠴᠢᠨᠠᠷ ᠢ | ᠳᠡᠭᠡᠭᠰᠢᠯᠡᠭᠦᠯᠬᠦ ᠲᠡᠰᠢ ᠬᠤᠪᠢᠷᠠᠭᠤᠯᠵᠤ᠂ ᠡᠳ᠋ᠰᠢᠭᠦᠯᠬᠦ ᠦᠢᠯᠡᠰ ᠢᠶᠠᠷ ᠠᠮᠤ ᠪᠤᠳᠠᠭᠠᠨ ᠤ ᠭᠠᠷᠤᠯᠲᠠ ᠶᠢᠨ ᠣᠷᠣᠨ ᠢ | ᠲᠣᠬᠢᠷᠠᠭᠤᠯᠤᠨ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠪᠡ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ | ᠰᠠᠶᠢᠨ ᠦᠨ᠎ᠡ ᠪᠠᠷ ᠬᠤᠳᠠᠯᠳᠤᠨ ᠠᠪᠬᠤ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠵᠠᠬᠢᠶᠠᠯᠠᠭ᠎ᠠ ᠪᠠᠷ ᠬᠤᠳᠠᠯᠳᠤᠨ ᠠᠪᠬᠤ ᠶᠢ | ᠬᠥᠭᠵᠢᠭᠦᠯᠬᠦ ᠶᠢ ᠳᠡᠮᠵᠢᠵᠦ᠂ ᠡᠳ᠋ᠰᠢᠭᠦᠯᠵᠦ ᠪᠣᠯᠪᠠᠰᠤᠷᠠᠭᠤᠯᠬᠤ ᠬᠡᠷᠡᠭᠴᠡᠭᠡ ᠪᠠᠷ ᠠᠮᠤ ᠪᠤᠳᠠᠭ᠎ᠠ ᠶᠢ ᠲᠥᠷᠥᠯ | ᠬᠤᠪᠢᠶᠠᠨ ᠵᠡᠷᠭᠡ ᠲᠡᠰ ᠲᠣᠭᠲᠠᠭᠠᠪᠠ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ ᠨᠥᠭᠡᠴᠡᠯᠡᠬᠦ ᠪᠠᠷ | ᠤᠷᠢᠲᠠᠯ ᠪᠣᠯᠭᠠᠵᠤ᠂ ᠠᠮᠤ ᠪᠤᠳᠠᠭ᠎ᠠ ᠶᠢ ᠪᠣᠬᠢᠷᠲᠤᠯ ᠦᠭᠡᠢ ᠨᠥᠭᠡᠴᠡᠯᠡᠬᠦ ᠮᠡᠷᠭᠡᠵᠢᠯ ᠢ ᠳᠡᠯᠭᠡᠷᠡᠭᠦᠯᠵᠦ᠂ ᠠᠮᠤ | ᠪᠤᠳᠠᠭᠠᠨ ᠤ ᠬᠥᠮᠥᠷᠭᠡ ᠶᠢ ᠤᠶᠤᠨᠴᠢᠯᠠᠨ ᠲᠡᠰ ᠳᠡᠪᠰᠢᠭᠦᠯᠵᠦ ᠥᠭᠡᠷᠡᠴᠢᠯᠡᠪᠡ︔ ᠠᠮᠤ ᠪᠤᠳᠠᠭᠠᠨ ᠤ ᠶᠠᠰᠤ ᠴᠢᠨᠠᠷ ᠢ | ᠪᠠᠲᠤᠯᠠᠨ ᠰᠠᠶᠢᠨ ᠡᠳ᠋ᠰᠢᠭᠦᠯᠬᠦ ᠪᠠᠷ ᠠᠷᠭ᠎ᠠ ᠵᠠᠮ ᠪᠣᠯᠭᠠᠵᠤ᠂ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠢ | ᠵᠣᠬᠢᠰᠲᠠᠶ ᠡᠳ᠋ᠰᠢᠭᠦᠯᠬᠦ ᠶᠢ ᠳᠡᠯᠭᠡᠷᠡᠭᠦᠯᠵᠦ᠂ ᠪᠣᠬᠢᠷᠲᠤᠯ ᠥᠬᠡᠶ ᠰᠢᠮ᠎ᠡ ᠲᠡᠵᠢᠭᠡᠯ ᠲᠠᠢ ᠡᠷᠡᠭᠦᠯ ᠠᠮᠤ ᠪᠤᠳᠠᠭ᠎ᠠ | ᠲᠣᠰᠣᠨ ᠤ ᠪᠦᠲᠦᠭᠡᠭᠳᠡᠬᠦᠨ ᠢ ᠨᠡᠮᠡᠭᠳᠡᠭᠦᠯᠪᠡ︔ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠨ ᠰᠠᠶᠢᠨ | ᠪᠣᠷᠣᠯᠠᠭᠤᠯᠬᠤ ᠪᠠᠷ ᠬᠠᠷᠠᠯᠲᠠ ᠪᠣᠯᠭᠠᠵᠤ᠂ ᠪᠦᠳᠦᠭᠦᠯᠢᠭ ᠠᠮᠤ ᠪᠤᠳᠠᠭ᠎ᠠ ᠶᠢᠨ ᠭᠠᠷᠤᠯᠲᠠ ᠶᠢᠨ ᠣᠷᠣᠨ᠂ | ᠬᠤᠷᠢᠶᠠᠯᠲᠠ ᠶᠢᠨ ᠴᠠᠭ᠂ ᠬᠠᠳᠠᠭᠠᠯᠠᠬᠤ ᠠᠷᠭ᠎ᠠ ᠮᠠᠶ᠋ᠢᠭ᠂ ᠡᠳ᠋ᠰᠢᠭᠦᠯᠬᠦ ᠶᠠᠪᠤᠴᠠ ᠵᠡᠷᠭᠡ ᠶᠢᠨ ᠮᠥᠷᠳᠡᠯᠲᠡ ᠶᠢᠨ | ᠮᠡᠳᠡᠭᠡ ᠵᠠᠩᠭᠢ ᠶᠢ ᠬᠠᠩᠭᠠᠵᠤ᠂ ᠬᠡᠷᠡᠭᠯᠡᠭᠴᠢᠳ ᠦᠵᠡᠮᠡᠭᠴᠡ ᠲᠠᠨᠢᠵᠤ᠂ ᠬᠡᠷᠡᠭᠯᠡᠬᠦ ᠳᠤ ᠰᠠᠨᠠᠭ᠎ᠠ ᠠᠮᠤᠷ ᠪᠠᠶᠢᠯᠭᠠᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠲᠥᠷᠥᠯ ᠵᠦᠢᠯ ᠢ ᠨᠡᠮᠡᠭᠳᠡᠭᠦᠯᠵᠦ᠂ ᠶᠠᠰᠤ ᠴᠢᠨᠠᠷ ᠢ | ᠳᠡᠭᠡᠭᠰᠢᠯᠡᠭᠦᠯᠵᠦ᠂ ᠲᠥᠷᠥᠯ ᠲᠡᠮᠳᠡᠭᠲᠦ ᠶᠢ ᠡᠭᠦᠳᠴᠦ᠂ ᠪᠣᠬᠢᠷᠲᠤᠯ ᠥᠬᠡᠶ ᠴᠢᠨᠠᠷ ᠰᠠᠶᠢᠲᠠᠶ᠂ ᠰᠢᠮ᠎ᠡ ᠲᠡᠵᠢᠭᠡᠯ ᠲᠠᠢ | ᠡᠷᠡᠭᠦᠯ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠢ ᠶᠡᠬᠡᠪᠡᠷ ᠬᠥᠭᠵᠢᠭᠦᠯᠵᠦ᠂ ᠥᠷᠭᠡᠨ ᠣᠯᠠᠨ ᠠᠷᠠᠳ | ᠲᠦᠮᠡᠨ ᠤ ︽ᠰᠠᠶᠢᠨ ᠢ ᠢᠳᠡᠬᠦ︾᠂ ︽ᠰᠢᠮ᠎ᠡ ᠲᠡᠵᠢᠭᠡᠯ ᠲᠠᠢ ᠢᠳᠡᠬᠦ︾᠂ ︽ᠢᠳᠡᠬᠦ ᠶᠢᠨ ᠡᠷᠡᠭᠦᠯ ᠮᠡᠨᠳᠦ︾ ᠶᠢᠨ | ᠬᠡᠷᠡᠭᠴᠡᠭᠡ ᠶᠢ ᠬᠠᠩᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠮᠠᠨ ᠤ ᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠮᠠᠨ ᠤ ᠬᠤᠲᠠ ᠶᠢᠨ ᠠᠮᠤ ᠪᠤᠳᠠᠭᠠᠨ ᠤ ᠠᠶᠤᠯᠭᠦᠢ ᠶᠢᠨ ᠰᠠᠭᠤᠷᠢ ᠶᠢ ᠦᠨᠡᠨ ᠬᠦ | ᠪᠠᠬᠢᠵᠢᠭᠦᠯᠵᠦ᠂ ᠠᠮᠤ ᠪᠤᠳᠠᠭᠠᠨ ᠤ ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠭᠦᠯᠵᠦ᠂ ᠠᠮᠤ ᠪᠤᠳᠠᠭᠠᠨ ᠤ ᠠᠵᠤ | ᠠᠬᠤᠶᠢᠯᠠᠯ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠬᠡᠪ ᠴᠢᠨᠠᠷ ᠢ | ᠳᠡᠭᠡᠭᠰᠢᠯᠡᠭᠦᠯᠵᠦ᠂ ᠲᠠᠷᠢᠶᠠᠴᠢᠳ ᠤᠨ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ | ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠬᠠᠷᠠᠯᠲᠠ ᠶᠢ ᠪᠡᠶᠡᠯᠡᠭᠦᠯᠬᠦ | ᠪᠣᠯᠣᠨ᠎ᠠ᠃ | 17. ᠬᠥᠲᠥᠯᠥᠭᠴᠢ | ᠥᠨᠥᠳᠥᠷ ᠪᠢᠳᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠤᠳᠤᠷᠢᠳᠤᠯᠭ᠎ᠠ | ᠪᠣᠯᠣᠨ ᠨᠥᠬᠦᠳ ᠢ ᠤᠷᠢᠵᠤ ᠠᠮᠤ ᠪᠤᠳᠠᠭᠠᠨ ᠤ ᠠᠶᠤᠯᠭᠦᠢ ᠶᠢᠨ ᠰᠢᠨ᠎ᠡ ᠪᠠᠶᠢᠳᠠᠯ ᠢ ᠲᠠᠨᠢᠯᠴᠠᠭᠤᠯᠤᠭᠰᠠᠨ ᠳᠠᠭᠠᠨ | ᠮᠠᠰᠢ ᠪᠠᠶᠠᠷᠳᠠᠢ ᠪᠠᠶᠢᠨ᠎ᠠ᠂ ᠠᠵᠢᠯ ᠤᠨ ᠶᠠᠭᠠᠷᠠᠤ ᠴᠤ ᠴᠢᠯᠦᠭᠡ ᠭᠠᠷᠭᠠᠵᠤ ᠪᠢᠳᠠᠨ ᠲᠠᠢ ᠶᠠᠷᠢᠯᠴᠠᠭ᠎ᠠ ᠬᠢᠭᠰᠡᠨ ᠳᠤ | ᠪᠠᠶᠠᠷᠯᠠᠯ᠎ᠠ᠃ | 18. ᠬᠠᠮᠢᠶᠠᠷᠤᠭᠴᠢ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠲᠡᠰ ᠤᠨ | ᠪᠠᠶᠢᠴᠠᠭᠠᠨ ᠰᠤᠳᠤᠯᠤᠭᠴᠢ ᠶᠣᠣ ᠪᠣᠣ ᠯᠤ᠋᠂ ᠠᠮᠤ ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ | ᠳᠠᠷᠤᠭ᠎ᠠ ᠯᠢᠦ ᠬᠤᠩ ᠯᠦᠩ᠂ ᠠᠮᠤ ᠪᠤᠳᠠᠭᠠᠨ ᠤ ᠲᠥᠯᠥᠪᠵᠢᠭᠦᠯᠭᠡ ᠪᠠ ᠠᠵᠣ ᠦᠢᠯᠡᠰ ᠤᠨ ᠬᠥᠭᠵᠢᠯᠲᠡ ᠶᠢᠨ | ᠰᠠᠯᠠᠭ᠎ᠠ ᠶᠢᠨ ᠳᠠᠷᠤᠭ᠎ᠠ ᠭᠤᠤ ᠶᠠᠩ᠂ ᠠᠮᠤ ᠪᠤᠳᠠᠭ᠎ᠠ ᠨᠦᠭᠡᠴᠡᠯᠡᠬᠦ ᠰᠠᠯᠠᠭ᠎ᠠ ᠶᠢᠨ ᠳᠡᠳ᠋ ᠳᠠᠷᠤᠭ᠎ᠠ ᠯᠢᠦ ᡁᠢ᠂ ᠠᠮᠤ | ᠪᠤᠳᠠᠭ᠎ᠠ ᠶᠢ ᠲᠣᠬᠢᠷᠠᠭᠤᠯᠤᠨ ᠡᠵᠡᠮᠳᠡᠬᠦ ᠰᠠᠯᠠᠭ᠎ᠠ ᠶᠢᠨ ᠴᠢᠶᠥᠥ ᠶᠠᠨ ᠰᠢᠶᠠ ᠳᠤ ᠪᠠᠶᠠᠷᠯᠠᠯ᠎ᠠ᠂ ᠰᠦᠯᠵᠢᠶᠡᠨ ᠤ | ᠨᠠᠶᠢᠵᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠦᠨᠳᠦᠷᠯᠡᠯ᠎ᠡ᠂ ᠪᠠᠶᠠᠷᠲᠠᠢ᠃ |