ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠢᠨᠬᠤᠸᠠ ᠮᠡᠳᠡᠭᠡᠯᠡᠯ ᠤᠨ ᠬᠤᠷᠢᠶ᠎ᠠ | ᠪᠠᠶᠢᠭᠤᠯᠤᠭᠳᠠᠭᠰᠠᠨ ᠤ 90 ᠵᠢᠯ ᠤᠨ ᠣᠢ ᠳᠤ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠰᠢᠨᠬᠤᠸᠠ ᠮᠡᠳᠡᠭᠡᠯᠡᠯ ᠤᠨ ᠬᠤᠷᠢᠶᠠᠨ ᠤ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠭᠰᠡᠨ ᠤ ᠬᠠᠮᠲᠤ | ᠳᠤᠮᠳᠠᠳᠤ ᠤᠯᠤᠰ ᠤᠨ 22 ᠳᠠᠬᠢ ᠰᠤᠷᠪᠤᠯᠵᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠬᠦ ᠤᠯᠤᠰ ᠤᠨ | ᠰᠣᠨᠢᠨ ᠮᠡᠳᠡᠭᠡᠨ ᠤ ᠥᠷᠭᠡᠨ ᠣᠯᠠᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠡᠢ᠃ | ᠰᠢ ᠶᠢᠨ ᠫᠢᠩ ᠤᠨ ᠪᠠᠶᠠᠷ ᠤᠨ ᠵᠠᠬᠢᠳᠠᠯ ᠳᠤ ᠵᠢᠭᠠᠬᠤ ᠳᠠᠭᠠᠨ᠂ 90 ᠵᠢᠯ ᠤᠨ ᠲᠤᠷᠰᠢ ᠳᠤ᠂ ᠰᠢᠨᠬᠤᠸᠠ | ᠬᠤᠷᠢᠶ᠎ᠠ ᠨᠠᠮ ᠢᠶᠠᠨ ᠡᠷᠡᠰ ᠭᠤᠶᠢᠪᠢᠰᠢ ᠦᠭᠡᠢ ᠳᠠᠭᠠᠵᠤ᠂ ᠨᠠᠮ ᠤᠨ ᠵᠣᠷᠢᠯᠲᠠ ᠶᠢ ᠤᠬᠠᠭᠤᠯᠤᠨ᠂ ᠠᠷᠠᠳ | ᠲᠦᠮᠡᠨ ᠤ ᠰᠠᠨᠠᠯ ᠪᠣᠳᠣᠯ ᠢ ᠲᠤᠰᠬᠠᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠡᠮᠳᠡᠭᠯᠡᠨ᠂ ᠳᠤᠮᠳᠠᠳᠤ | ᠤᠯᠤᠰ ᠤᠨ ᠳᠠᠭᠤᠨ ᠢ ᠳᠠᠮᠵᠢᠭᠤᠯᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ | ᠡᠯ᠎ᠡ ᠲᠡᠦᠬᠡᠨ ᠴᠠᠭ ᠦᠶ᠎ᠡ ᠳᠤ ᠪᠦᠷ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠶᠤᠮ ᠭᠡᠵᠡᠢ᠃ | ᠰᠢ ᠶᠢᠨ ᠫᠢᠩ ᠴᠢᠬᠤᠯᠠᠴᠢᠯᠠᠬᠤ ᠳᠠᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠠᠶᠢᠭᠤᠯᠬᠤ ᠰᠢᠨ᠎ᠡ ᠠᠶᠠᠨ ᠳᠤ ᠰᠢᠨᠬᠤᠸᠠ ᠬᠤᠷᠢᠶ᠎ᠠ ᠨᠠᠮ ᠤᠨ ᠤᠳᠤᠷᠢᠳᠤᠯᠭ᠎ᠠ ᠶᠢ ᠳᠠᠭᠠᠵᠤ᠂ ᠤᠯᠤᠰ ᠲᠥᠷᠥ ᠶᠢᠨ | ᠵᠥᠪ ᠴᠢᠭᠯᠡᠯ ᠢ ᠡᠵᠡᠮᠳᠡᠨ᠂ ᠬᠦᠰᠡᠯᠡᠩ ᠪᠢᠰᠢᠷᠡᠯ ᠢᠶᠠᠨ ᠪᠠᠲᠤᠳᠬᠠᠵᠤ᠂ ᠠᠷᠠᠳ ᠲᠦᠮᠡᠨ ᠢ ᠬᠡᠬᠦᠳᠡᠭ | ᠴᠡᠭᠡᠵᠢᠨ ᠳᠡᠭᠡᠨ ᠪᠠᠭᠲᠠᠭᠠᠵᠤ᠂ ᠬᠤᠪᠢᠰᠬᠠᠯ ᠤᠨ ᠤᠯᠪᠠᠭ᠎ᠠ ᠪᠠᠨ ᠵᠠᠯᠭᠠᠮᠵᠢᠯᠠᠨ᠂ ᠲᠥᠪ ᠶᠣᠰᠣ ᠶᠢ ᠪᠠᠷᠢᠮᠲᠠᠯᠠᠨ | ᠰᠢᠨᠡᠴᠢᠯᠡᠯᠲᠡ ᠬᠢᠵᠦ᠂ ᠠᠭᠤᠰᠤᠯᠴᠠᠨ ᠬᠥᠭᠵᠢᠭᠦᠯᠬᠦ ᠶᠢ ᠲᠦᠷᠭᠡᠳᠬᠡᠵᠦ᠂ ᠭᠠᠳᠠᠭᠠᠳᠤ ᠳᠤ ᠤᠯᠠᠮᠵᠢᠯᠠᠨ | ᠳᠠᠮᠵᠢᠭᠤᠯᠬᠤ ᠪᠠᠨ ᠴᠢᠩᠭᠠᠳᠬᠠᠵᠤ᠂ ᠳᠡᠯᠡᠬᠡᠢ ᠶᠢᠨ ᠲᠡᠷᠢᠭᠦᠨ ᠤ ᠰᠢᠨ᠎ᠡ ᠮᠠᠶ᠋ᠢᠭ ᠤᠨ ᠪᠦᠷᠢᠨ ᠮᠡᠳᠡᠭᠡᠯᠡᠯ ᠤᠨ | ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠬᠠᠷᠠᠭᠤᠯᠤᠭᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠭᠠᠷᠭᠠᠬᠤ ᠬᠡᠷᠡᠭᠲᠡᠢ | ᠭᠡᠵᠡᠢ᠃ | ᠰᠢᠨᠬᠤᠸᠠ ᠮᠡᠳᠡᠭᠡᠯᠡᠯ ᠤᠨ ᠬᠤᠷᠢᠶ᠎ᠠ ᠪᠠᠶᠢᠭᠤᠯᠤᠭᠳᠠᠭᠰᠠᠨ ᠤ 90 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ | 6 ᠤ ᠦᠳᠡ ᠶᠢᠨ ᠡᠮᠦᠨ᠎ᠡ ᠪᠡᠭᠡᠵᠢᠩ ᠳᠤ ᠪᠣᠯᠵᠤ᠂ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ | ᠤᠩᠰᠢᠨ ᠨᠡᠶᠢᠲᠡᠯᠡᠵᠡᠢ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ | ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠬᠤᠸᠠᠩ ᠺᠦᠠ ᠮᠢᠩ ᠬᠤᠷᠠᠯ ᠳᠤ ᠣᠷᠣᠯᠴᠠᠵᠤ ᠦᠭᠡ ᠬᠡᠯᠡᠯ᠎ᠡ᠃ | ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ ᠲᠥᠷᠥᠴᠢᠨ | ᠮᠡᠳᠡᠭᠡᠯᠡᠯ ᠤᠨ ᠬᠤᠷᠢᠶ᠎ᠠ ᠡᠷᠬᠢᠯᠡᠬᠦ ᠵᠠᠷᠴᠢᠮ ᠢ ᠪᠠᠷᠢᠮᠲᠠᠯᠠᠵᠤ᠂ ᠬᠤᠪᠢᠰᠬᠠᠯ ᠤᠨ ᠤᠯᠠᠮᠵᠢᠯᠠᠯ ᠢᠶᠠᠨ ᠵᠠᠯᠭᠠᠮᠵᠢᠯᠠᠵᠤ᠂ | ᠲᠤᠯᠭᠤᠷ ᠵᠣᠷᠢᠯᠲᠠ ᠪᠠᠨ ᠪᠠᠷᠢᠮᠲᠠᠯᠠᠨ᠂ ᠤᠯᠤᠰ ᠣᠷᠣᠨ ᠢᠶᠠᠨ ᠬᠡᠬᠦᠳᠡᠭ ᠴᠡᠭᠡᠵᠢᠨ ᠳᠡᠭᠡᠨ ᠪᠣᠳᠣᠵᠤ᠂ ᠨᠠᠮ ᠤᠨ | ᠡᠭᠦᠳᠦᠯᠲᠡ ᠰᠢᠨᠡᠴᠢᠯᠡᠯᠲᠡ ᠶᠢᠨ ᠣᠨᠣᠯ ᠢ ᠪᠦᠬᠦ ᠲᠠᠯ᠎ᠠ ᠪᠠᠷ ᠭᠦᠨᠵᠡᠭᠡᠢ ᠤᠬᠠᠭᠤᠯᠵᠤ᠂ ᠨᠠᠮ ᠤᠨ ᠵᠣᠷᠢᠯᠲᠠ ᠶᠢ | ᠥᠷᠭᠡᠨ ᠢᠶᠠᠷ ᠤᠬᠠᠭᠤᠯᠤᠨ ᠤᠯᠠᠮᠵᠢᠯᠠᠵᠤ᠂ ᠠᠷᠠᠳ ᠲᠦᠮᠡᠨ ᠤ ᠦᠵᠡᠯ ᠪᠣᠳᠣᠯ ᠢ ᠢᠳᠡᠪᠬᠢᠲᠡᠢ ᠲᠤᠰᠬᠠᠵᠤ᠂ ᠴᠠᠭ | ᠦᠶ᠎ᠡ ᠶᠢᠨ ᠬᠠᠭᠤᠳᠠᠰᠤ ᠶᠢ ᠰᠠᠶᠢᠬᠠᠨ ᠵᠢᠷᠤᠭᠯᠠᠵᠤ᠂ ᠴᠠᠭ ᠦᠶ᠎ᠡ ᠶᠢᠨ ᠴᠢᠩᠭ᠎ᠠ ᠳᠠᠭᠤᠨ ᠢ ᠬᠦᠴᠦᠲᠡᠢ | ᠳᠠᠭᠤᠷᠢᠰᠬᠠᠵᠤ᠂ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠡᠩ | ᠰᠠᠶᠢᠨ ᠭᠦᠢᠴᠡᠳᠬᠡᠵᠦ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ᠂ ᠴᠠᠭ | ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠬᠤᠷᠠᠯ ᠲᠡᠭᠡᠷ᠎ᠡ ᠰᠢᠨᠬᠤᠸᠠ ᠬᠤᠷᠢᠶᠠᠨ ᠤ ᠬᠠᠷᠢᠭᠤᠴᠠᠯᠭᠠᠳᠠᠨ ᠪᠤᠯᠤᠨ ᠠᠵᠢᠯ ᠠᠴᠠ ᠪᠠᠨ ᠠᠮᠠᠷᠠᠬᠰᠠᠨ | ᠠᠬᠠᠮᠠᠳ ᠨᠥᠬᠦᠳ᠂ ᠵᠠᠯᠠᠭᠤ ᠰᠤᠷᠪᠤᠯᠵᠢᠯᠠᠬᠴᠢ᠂ ᠭᠠᠳᠠᠭᠠᠳᠣ ᠶᠢᠨ ᠠᠵᠢᠯᠳᠠᠨ ᠤ ᠲᠥᠯᠥᠭᠡᠯᠡᠭᠴᠢ ᠥᠭᠡ ᠬᠡᠯᠡᠭᠰᠡᠨ | ᠪᠠᠶᠢᠨ᠎ᠠ᠃ | ᠰᠢᠨᠬᠤᠸᠠ ᠬᠤᠷᠢᠶᠠᠨ ᠤ ᠡᠭᠦᠰᠥᠯ ᠪᠤᠯᠬᠤ ᠲᠤᠮᠳᠠᠳᠣ ᠶᠢᠨ ᠮᠡᠳᠡᠭᠡᠯᠡᠯ ᠤᠨ ᠬᠤᠷᠢᠶ᠎ᠠ 1931 ᠣᠨ ᠤ 11 | ᠳ᠋ᠣᠭᠡᠷ ᠰᠠᠷ᠎ᠠ ᠶᠢᠨ 7 ᠤ ᠡᠳᠣᠷ ᠷᠥᠢᠵᠢᠨ ᠳᠤ ᠪᠠᠶᠢᠭᠤᠯᠤᠬᠳᠠᠵᠦ᠂ 1937 ᠣᠨ ᠤ 1 ᠳ᠋ᠣᠭᠡᠷ ᠰᠠᠷ᠎ᠠ ᠳᠤ ᠶᠠᠨ | ᠠᠨ ᠳᠤ ᠰᠢᠨᠬᠤᠸᠠ ᠬᠤᠷᠢᠶ᠎ᠠ ᠭᠡᠵᠦ ᠥᠭᠡᠷᠡᠴᠢᠯᠡᠭᠰᠡᠨ ᠪᠠᠶᠢᠳᠠᠭ᠃ 90 ᠵᠢᠯ ᠤᠨ ᠭᠦᠭᠵᠢᠯᠳᠡ ᠪᠠᠷ ᠲᠠᠮᠵᠢᠵᠦ | ᠰᠢᠨᠬᠤᠸᠠ ᠬᠤᠷᠢᠶ᠎ᠠ ᠣᠳᠣ ᠲᠤᠳᠤᠭᠠᠳᠣ ᠭᠠᠳᠠᠭᠠᠳᠣ ᠶᠢᠨ 200 ᠭᠠᠷᠤᠢ ᠰᠠᠯᠪᠥᠷᠢ ᠪᠠᠶᠢᠭᠤᠯᠤᠮᠵᠢ ᠲᠠᠢ ᠪᠤᠯᠵᠦ᠂ | 15 ᠬᠡᠯᠡ ᠪᠠᠷ ᠪᠥᠬᠦ ᠲᠡᠯᠡᠬᠡᠢ ᠶᠢᠨ 8000 ᠰᠣᠨᠢᠨ ᠮᠡᠳᠡᠭᠡᠨ ᠤ ᠪᠠᠶᠢᠭᠤᠯᠤᠮᠵᠢ ᠳᠤ ᠰᠣᠨᠢᠨ ᠮᠡᠳᠡᠭᠡ ᠬᠠᠩᠭᠠᠵᠦ᠂ | ᠲᠡᠯᠡᠬᠡᠢ ᠶᠢᠨ ᠬᠠᠭᠠᠰ ᠢᠯᠡᠭᠦᠦ ᠬᠥᠮᠥᠨ ᠠᠮᠠ ᠶᠢ ᠬᠠᠮᠤᠷᠤᠬᠰᠠᠨ ᠪᠠᠶᠢᠨ᠎ᠠ᠃ | |