2021 ᠣᠨ ᠳᠤ᠂ ᠢᠦᠢ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ︽ᠭᠠᠮᠨᠠᠵᠤ | ᠠᠮᠢᠳᠤᠷᠠᠬᠤ︾ ᠦᠵᠡᠯ ᠰᠠᠨᠠᠭ᠎ᠠ ᠤᠢᠢᠯᠠᠭᠠᠭᠳᠠᠬᠤᠨ ᠢ ᠪᠠᠷᠢᠮᠲᠠᠯᠠᠵᠤ᠂ ︽ᠴᠠᠯᠢᠩ ᠢ ᠪᠠᠲᠤᠯᠠᠬᠤ᠂ ᠡᠷᠭᠢᠯᠲᠡ ᠶᠢ | ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ︾ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠤᠷᠢᠲᠠᠯ ᠳᠣᠣᠷ᠎ᠠ᠂ | ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠵᠠᠷᠤᠯᠭ᠎ᠠ ᠶᠢᠨ | ᠪᠦᠲᠦᠴᠡ ᠶᠢ ᠲᠤᠬᠢᠷᠠᠭᠤᠯᠵᠤ᠂ ︽ᠲᠥᠰᠦᠪ ᠤᠨ ᠬᠠᠤᠯᠢ︾ ᠵᠡᠷᠭᠡ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠳᠡᠭᠡᠳᠦ ᠱᠠᠲᠤᠨ ᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ | ᠪᠤᠳᠤᠯᠭ᠎ᠠ ᠶᠢ ᠴᠤᠤᠷᠢᠶᠠᠲᠤᠨ ᠳᠠᠭᠠᠵᠤ᠂ ᠪᠦᠬᠦ ᠬᠦᠴᠦᠨ ᠢᠶᠠᠷ ᠢᠶᠠᠨ ᠡᠳ᠋ ᠤᠨ ᠬᠦᠴᠦᠨ ᠢ ᠲᠥᠪᠯᠡᠷᠡᠭᠦᠯᠦᠨ ︽ | ᠵᠢᠷᠭᠤᠭ᠎ᠠ ᠶᠢ ᠪᠠᠲᠤᠯᠠᠬᠤ︾᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠡᠢ᠃ | 2021 ᠣᠨ ᠤ 1 — 3 ᠳ᠋ᠤᠭᠠᠷ ᠰᠠᠷ᠎ᠠ ᠳᠤ᠂ ᠪᠥᠬᠦ ᠣᠷᠣᠨ ᠤ ᠦᠨᠳᠦᠰᠦᠨ ︽ᠨᠠᠢᠮᠠᠨ ᠵᠦᠢᠯ ᠤᠨ | ᠵᠠᠷᠤᠯᠭ᠎ᠠ︾ ᠨᠡᠶᠢᠲᠡ 32779 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠵᠠᠷᠤᠯᠭ᠎ᠠ ᠶᠢᠨ 95.80% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 10101 ᠲᠦᠮᠡᠨ | ᠲᠥᠭᠦᠷᠢᠭ ᠨᠡᠮᠡᠭᠳᠡᠵᠦ᠂ 44.54% ᠪᠠᠷ ᠨᠡᠮᠡᠭᠳᠡᠪᠡ᠃ ᠡᠭᠦᠨ ᠳᠤ᠂ ᠡᠩ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠯᠭ᠎ᠠ 5314 ᠲᠦᠮᠡᠨ ᠲᠥᠭᠦᠷᠢᠭ︔ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ | 1730 ᠲᠦᠮᠡᠨ ᠲᠥᠭᠦᠷᠢᠭ︔ ᠰᠤᠷᠭᠠᠨ ᠬᠥᠮᠦᠵᠢᠯ ᠤᠨ ᠵᠠᠷᠤᠯᠭ᠎ᠠ 10378 ᠲᠦᠮᠡᠨ ᠲᠥᠭᠦᠷᠢᠭ︔ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ 13 ᠲᠦᠮᠡᠨ ᠲᠥᠭᠦᠷᠢᠭ︔ ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠯᠲᠠ ᠶᠢᠨ ᠵᠠᠷᠤᠯᠭ᠎ᠠ 7532 ᠲᠦᠮᠡᠨ ᠲᠥᠭᠦᠷᠢᠭ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ | 1779 ᠲᠦᠮᠡᠨ ᠲᠥᠭᠦᠷᠢᠭ︔ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠵᠠᠷᠤᠯᠭ᠎ᠠ 1840 | ᠲᠦᠮᠡᠨ ᠲᠥᠭᠦᠷᠢᠭ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ 4193 ᠲᠦᠮᠡᠨ | ᠲᠥᠭᠦᠷᠢᠭ ᠵᠠᠷᠤᠴᠠᠭᠤᠯᠪᠠ᠃ | | |