ᠠᠢ ᠴᠢᠩ ᠴᠧᠩ APP ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2021/5/17
     ᠵᠣᠴᠢᠨ᠄ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ      1. ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠠᠴᠠ ᠬᠢᠵᠦ ᠪᠠᠶᠢᠭ᠎ᠠ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯᠲᠡ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠥᠲᠥᠯᠥᠭᠴᠢ      ᠣᠳᠣᠬᠠᠨ ᠳᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠨᠢ ᠬᠤᠳᠠ ᠶᠢᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠬᠤ ᠳᠤ ᠵᠠᠪᠠᠯ ᠶᠠᠪᠤᠬᠤ ᠵᠠᠮ ᠪᠣᠯᠤᠭᠰᠠᠨ ᠤ ᠬᠤᠪᠢ ᠳᠤ ᠪᠦᠬᠦ ᠤᠯᠤᠰ ᠤᠨ ᠡᠯ᠎ᠡ ᠭᠠᠵᠠᠷ ᠲᠤ ᠵᠠᠯᠭᠠᠪᠡᠷ ᠶᠠᠪᠤᠭᠳᠠᠵᠤ ᠪᠤᠢ᠃ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠤᠷᠢᠳᠠᠪᠠᠷ ᠡᠬᠢᠯᠡᠭᠦᠯᠦᠭᠰᠡᠨ ᠪᠥᠭᠡᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠤᠶᠤᠨᠲᠤ ᠬᠥᠬᠡ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ︽ᠨᠢᠭᠡ ᠭᠠᠷ ᠤᠲᠠᠰᠤ ᠪᠠᠷ ᠬᠥᠬᠡᠬᠤᠲᠠ ᠳᠤ ᠶᠠᠪᠤᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠭᠤᠤᠯ ᠠᠵᠢᠯ ᠬᠢᠭᠰᠡᠨ ᠪᠣᠶ︖      3. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ
     ᠶᠡᠷᠦᠩᠬᠡᠢ ᠱᠦᠵᠢ ᠰᠢ ᠶᠢᠨ ᠫᠢᠩ ᠤᠨ ︽ᠬᠤᠳᠠ ᠶᠢ ᠨᠡᠩ ᠰᠡᠴᠡᠨ ᠰᠡᠷᠭᠦᠯᠡᠩ᠂ ᠨᠡᠩ ᠤᠬᠠᠭᠠᠨᠯᠢᠭ ᠪᠣᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠱᠦᠵᠢ ᠱᠢ ᠲᠠᠢ ᠹᠧᠩ ᠤᠨ 2020 ᠣᠨ ᠤ 4 ᠳ᠋ᠤᠭᠡᠷ ᠰᠠᠷ᠎ᠠ ᠳᠤ ᠮᠠᠨ ᠤ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠥᠪᠯᠡᠷᠡᠭᠦᠯᠦᠨ ᠪᠠᠶᠢᠷᠢᠯᠠᠭᠤᠯᠵᠤ᠂ ᠤᠶᠤᠨᠲᠤ ᠬᠥᠬᠡ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠵᠡᠢ᠃      2020 ᠣᠨ ᠤ 7 ᠳ᠋ᠤᠭᠠᠷ ᠰᠠᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ ᠪᠦᠯᠬᠦᠮ ᠳᠠᠭᠠᠭᠤᠯᠤᠨ ᠬᠠᠩᠵᠧᠦ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠲᠡᠷᠡ ᠳᠠᠷᠤᠢ ᠳᠤᠨᠢ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ ︽ᠬᠥᠬᠡᠬᠤᠲᠠ ᠶᠢᠨ ᠰᠢᠨ᠎ᠡ ᠮᠠᠶ᠋ᠢᠭ ᠤᠨ ᠤᠶᠤᠨᠲᠤ ᠬᠤᠳᠠ ᠶᠢᠨ ᠦᠵᠦ ᠲᠥᠯᠥᠪᠯᠡᠭᠡ ᠶᠢᠨ ᠲᠥᠰᠦᠯ ︵2020 — 2022︶︾ ᠢ ᠰᠤᠳᠤᠯᠤᠨ ᠲᠣᠭᠲᠠᠭᠠᠭᠰᠠᠨ ᠪᠥᠭᠡᠳ ᠬᠤᠶᠠᠷ ᠡᠳᠦᠷ ᠤᠨ ᠬᠤᠭᠤᠴᠠᠭ᠎ᠠ ᠲᠠᠢ ᠪᠦᠬᠦ ᠬᠤᠳᠠ ᠶᠢᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠠᠩᠬᠢ ᠶᠢ ᠵᠣᠬᠢᠶᠠᠨ ᠪᠠᠶᠢᠭᠤᠯᠵᠤ᠂ ᠬᠠᠩᠵᠧᠦ ᠶᠢᠨ ᠲᠤᠰᠬᠠᠢ ᠮᠡᠷᠭᠡᠵᠢᠯ ᠤᠨ ᠪᠦᠯᠬᠦᠮ ᠢ ᠤᠷᠢᠵᠤ ᠬᠤᠳᠠ ᠶᠢᠨ ᠵᠠᠰᠠᠯᠲᠠ ᠳᠠᠬᠢ ᠲᠤᠮᠤ ᠳ᠋ᠠᠶᠢᠲ᠋ᠠ ᠶᠢᠨ ᠪᠣᠳᠠᠲᠠᠢ ᠬᠡᠷᠡᠭ ᠤᠨ ᠵᠢᠱᠢᠶ᠎ᠡ ᠶᠢᠨ ᠬᠢᠴᠢᠶᠡᠯ ᠤᠷᠤᠭᠤᠯᠪᠠ᠃ 2020 ᠣᠨ ᠤ 9 ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠷ ᠶᠡᠷᠦᠩᠬᠡᠶ ᠵᠢᠯᠣᠭᠤᠳᠣᠭᠴᠢ ᠪᠣᠯᠭᠠᠭᠰᠠᠨ᠂ ᠬᠤᠲᠠ ᠶᠢᠨ ᠳᠠᠷᠤᠭ᠎ᠠ ᠪᠠᠷ ᠨᠢᠭᠡᠳᠦᠭᠡᠷ ᠳᠡᠳ᠋ ᠶᠡᠷᠦᠩᠬᠡᠶ ᠵᠢᠯᠣᠭᠤᠳᠣᠭᠴᠢ ᠪᠣᠯᠭᠠᠭᠰᠠᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠢ ᠪᠠᠶᠢᠭᠤᠯᠵᠤ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠬᠦᠴᠦᠲᠡᠶ ᠳᠥᠯᠭᠢᠨ ᠠᠬᠢᠭᠤᠯᠵᠤ᠂ ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠭᠤᠯᠪᠠ︔ ᠤᠯᠤᠰ ᠤᠨ ᠥᠮᠴᠢᠯᠡᠯ ᠤᠨ ᠬᠤᠪᠢᠴᠠᠭᠠᠲᠤ ᠺᠣᠮᠫᠠᠨᠢ ᠶᠢᠨ ᠥᠪᠥᠷ ᠮᠣᠩᠭᠤᠯ ᠤᠨ ᠤᠶᠤᠨᠲᠤ ᠬᠥᠬᠡ ᠬᠤᠲᠠ ᠶᠢᠨ ᠺᠣᠮᠫᠠᠨᠢ ᠶᠢ ᠪᠠᠶᠢᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠡᠭᠦᠷᠭᠡᠯᠡᠪᠡ᠃ ᠲᠣᠰ ᠰᠠᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠦᠷᠦᠭᠦᠯᠡᠨ᠂ ᠪᠤᠭᠤᠲᠤ᠂ ᠣᠷᠳᠣᠰ᠂ ᠲᠡᠮᠡᠭᠡᠲᠦ ᠵᠢᠴᠢ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠤᠨ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠭᠤᠯᠵᠤ᠂ ᠬᠥᠬᠡᠬᠤᠲᠠ ᠲᠦᠷᠦᠭᠦᠯᠡᠨ ᠨᠠᠶᠢᠷᠠᠭᠤᠯᠤᠨ ᠵᠣᠬᠢᠶᠠᠭᠰᠠᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠤᠲᠠ ᠶᠢᠨ ᠰᠦᠷᠦᠭᠵᠢᠯ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢ ᠰᠤᠳᠤᠯᠤᠨ ᠪᠠᠲᠤᠯᠠᠪᠠ᠃ 2020 ᠣᠨ ᠤ 10 ᠳ᠋ᠤᠭᠠᠷ ᠰᠠᠷ᠎ᠠ ᠳᠤ᠂ ︽ᠬᠥᠬᠡᠬᠤᠲᠠ ᠶᠢᠨ ᠤᠶᠤᠨᠲᠤ ᠬᠥᠬᠡ ᠬᠤᠲᠠ ᠶᠢᠨ ︵ᠨᠢᠭᠡᠳᠦᠭᠡᠷ ᠬᠤᠭᠤᠴᠠᠭ᠎ᠠ︶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠪᠡ᠃      2021 ᠣᠨ ᠤ 1 ᠳ᠋ᠤᠭᠡᠷ ᠰᠠᠷ᠎ᠠ ᠶᠢᠨ 20 ᠤ ᠡᠳᠦᠷ᠂ 100 ᠡᠳᠦᠷ ᠤᠨ ᠴᠠᠭ ᠢ ᠬᠡᠷᠡᠭᠯᠡᠵᠦ᠂ ᠬᠥᠬᠡᠬᠤᠲᠠ ᠶᠢᠨ ᠬᠤᠲᠠ ᠶᠢᠨ ᠶᠡᠭᠡ ᠲᠠᠷᠢᠬᠢ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ ᠦᠨᠳᠦᠰᠦᠨ ᠪᠣᠷᠣ ᠲᠥᠯᠥᠪ ᠢ ᠪᠠᠶᠢᠭᠤᠯᠤᠨ ᠳᠠᠭᠤᠰᠬᠠᠵᠤ᠂ ︽1+4+N︾ ᠪᠥᠲᠥᠭᠡᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠯᠳᠦᠭᠦᠯᠪᠡ᠃ ︽1︾ ᠭᠡᠳᠡᠭ ᠨᠢ ᠬᠤᠲᠠ ᠶᠢᠨ ᠶᠡᠭᠡ ᠲᠠᠷᠢᠬᠢ᠂ ︽4︾ ᠭᠡᠳᠡᠭ ᠨᠢ ᠰᠡᠷᠡᠯ ᠤᠨ ᠰᠢᠰᠲ᠋ᠧᠮ᠂ ᠲᠤᠭ᠎ᠠ ᠪᠠᠷᠢᠮᠲᠠ ᠶᠢᠨ ᠰᠢᠰᠲ᠋ᠧᠮ᠂ ᠠᠮᠤᠷ ᠲᠦᠪᠰᠢᠨ ᠤ ᠰᠢᠰᠲ᠋ᠧᠮ᠂ ︽ᠠᠶ ᠴᠢᠩ ᠴᠧᠩ ︾ APP ᠵᠡᠷᠭᠡ 4 ᠰᠠᠭᠤᠷᠢ ᠲᠤᠯᠭᠠᠭᠤᠷᠢᠯᠠᠯ ᠪᠣᠯᠤᠨ᠎ᠠ᠂ ︽N︾ ᠭᠡᠳᠡᠭ ᠨᠢ ᠬᠤᠲᠠ ᠶᠢᠨ ᠶᠡᠭᠡ ᠲᠠᠷᠢᠬᠢ ᠶᠢ ᠤᠷᠲᠤᠳᠬᠠᠨ ᠨᠡᠭᠡᠭᠡᠨ ᠬᠥᠭᠵᠢᠭᠦᠯᠬᠦ ᠳᠤ ᠰᠠᠭᠤᠷᠢᠯᠠᠭᠰᠠᠨ N ᠤᠯᠠᠨ ᠤᠶᠤᠨᠲᠤ ᠬᠡᠷᠡᠭᠯᠡᠯᠲᠡ ᠪᠣᠯᠤᠨ᠎ᠠ᠃      4 ᠰᠠᠭᠤᠷᠢ ᠲᠤᠯᠭᠠᠭᠤᠷᠢᠯᠠᠯ ᠤᠨ ᠳᠤᠮᠳᠠ᠂ ︽ᠠᠢ ᠴᠢᠩ ᠴᠧᠩ︾ APP ᠪᠣᠯ ᠳᠠᠷᠤᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠨᠢᠭᠡ ᠭᠠᠷ ᠤᠲᠠᠰᠤ ᠪᠠᠷ ᠬᠥᠬᠡᠬᠤᠲᠠ ᠳᠤ ᠶᠠᠪᠤᠬᠤ︾ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠬᠠᠭᠠᠨᠯᠢᠭ ᠢᠶᠠᠷ ᠵᠠᠰᠠᠬᠤ︾ ᠠᠷᠭ᠎ᠠ ᠪᠠᠷᠢᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠪᠠᠷ ᠬᠦᠲᠦᠴᠢ ᠪᠣᠯᠭᠠᠵᠤ᠂ ᠪᠥᠬᠦ ᠬᠤᠲᠠ ᠶᠢᠨ ᠬᠤᠯᠪᠤᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠬᠤᠯᠪᠤᠵᠤ ᠤᠷᠤᠭᠤᠯᠬᠤ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠤᠶᠤᠨᠲᠤ ᠬᠡᠷᠡᠭᠯᠡᠭᠡ ᠶᠢ ᠲᠦᠪᠯᠡᠷᠡᠭᠦᠯᠦᠨ ᠠᠴᠢᠶᠠᠯᠠᠵᠤ᠂ ᠣᠷᠣᠨ ᠤ ᠲᠥᠪ ᠬᠤᠲᠠ ᠶᠢᠨ ᠠᠷᠠᠳ ᠤᠨ ᠲᠣᠭᠠᠴᠢᠯᠠᠭᠰᠠᠨ ᠠᠮᠢᠳᠤᠷᠠᠯ ᠤᠨ ᠨᠢᠭᠡᠳᠦᠯᠲᠡᠶ ᠣᠷᠣᠬᠤ ᠡᠭᠦᠳᠡ ᠶᠢ ᠪᠣᠶ ᠪᠣᠯᠭᠠᠵᠤ᠂ ᠨᠠᠩ ᠣᠯᠠᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠲᠡᠭᠡᠷ᠎ᠡ ᠪᠠᠨ ᠬᠦᠢᠴᠡᠳᠬᠡᠬᠦ︾᠂ ︽ᠬᠤᠷᠤᠭᠤᠨ ᠦᠵᠦᠭᠦᠷ ᠢᠶᠠᠷ ᠢᠶᠠᠨ ᠬᠦᠢᠴᠡᠳᠬᠡᠬᠦ︾ ᠢ ᠪᠡᠶᠡᠯᠡᠭᠦᠯᠪᠡ᠃      2021 ᠣᠨ ᠤ 4 ᠳ᠋ᠤᠭᠡᠷ ᠰᠠᠷ᠎ᠠ ᠶᠢᠨ 29 ᠤ ᠡᠳᠦᠷ᠂ ᠬᠤᠶᠠᠷ ᠰᠠᠷ᠎ᠠ ᠶᠢᠨ ᠳᠣᠲᠣᠭᠠᠳᠤ ᠶᠢᠨ ᠲᠤᠷᠰᠢᠯᠲᠠ ᠪᠠᠷ ᠳᠡᠮᠵᠢᠨ᠂ ︽ᠠᠶ ᠴᠢᠩ ᠴᠧᠩ︾ APP ᠶᠢᠨ ᠬᠤᠲᠠ ᠶᠢᠨ ᠠᠷᠠᠳ ᠲᠤ ᠬᠠᠨᠳᠤᠭᠤᠯᠤᠭᠰᠠᠨ ᠨᠡᠶᠢᠲᠡ ᠶᠢᠨ ᠲᠤᠷᠰᠢᠯᠲᠠ ᠶᠢᠨ 1.0 ᠬᠡᠪᠯᠡᠯ ᠢ ᠨᠢᠭᠡᠨᠲᠡ ᠡᠯ᠎ᠡ ᠲᠥᠷᠥᠯ ᠤᠨ ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠲᠤ ᠵᠢᠩᠬᠢᠨᠢ ᠪᠠᠷ ᠭᠠᠷᠭᠠᠪᠠ᠃ ᠠᠳᠡ ᠪᠢ ᠪᠠᠰᠠ ᠥᠷᠭᠡᠨ ᠤᠯᠠᠨ ᠨᠠᠶᠢᠵᠠ ᠨᠠᠷ ᠤᠨ ᠢᠳᠡᠪᠬᠢᠲᠡᠢ ᠪᠠᠷ ᠪᠠᠭᠤᠯᠭᠠᠨ ᠠᠪᠴᠤ ᠬᠡᠷᠡᠭᠯᠡᠨ᠂ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ ︽ᠨᠢᠭᠡ ᠭᠠᠷ ᠤᠲᠠᠰᠤ ᠪᠠᠷ ᠬᠥᠬᠡ ᠬᠤᠳᠠ ᠳᠤ ᠶᠠᠪᠤᠬᠤ︾ ᠶᠢ ᠪᠣᠳᠠᠲᠤ ᠶᠠᠪᠤᠳᠠᠯ ᠪᠣᠯᠭᠠᠬᠤ ᠶᠢ ᠪᠡᠶᠡᠯᠡᠭᠦᠯᠦᠨ᠎ᠡ︕      4. ᠬᠥᠲᠥᠯᠥᠭᠴᠢ      ᠠᠶ ᠴᠢᠩ ᠴᠧᠩ ︽APP︾ ᠶᠢᠨ 1.0 ᠬᠡᠪᠯᠡᠯ ᠨᠢ ᠭᠤᠤᠯᠳᠠᠭᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠯᠢ ᠠᠯᠢ ᠲᠠᠯ᠎ᠠ ᠶᠢ ᠬᠠᠮᠤᠷᠴᠤ᠂ ᠶᠠᠮᠠᠷ ᠲᠣᠪᠤᠶᠢᠮ᠎ᠠ ᠳᠠᠪᠠᠭᠤᠯᠢᠭ ᠲᠠᠢ ᠪᠣᠶ︖      5. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ      ︽ᠠᠶ ᠴᠢᠩ ᠴᠧᠩ︾ APP ᠶᠢᠨ 1.0 ᠬᠡᠪᠯᠡᠯ ᠳᠤ ᠭᠤᠤᠯᠳᠠᠭᠤ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠰᠢᠢᠳᠪᠦᠷᠢᠯᠡᠬᠦ᠂ ᠰᠣᠶᠣᠯ ᠰᠤᠷᠭᠠᠨ ᠬᠥᠮᠦᠵᠢᠯ᠂ ᠵᠠᠰᠠᠭ ᠠᠷᠠᠳ ᠬᠠᠷᠢᠯᠴᠠᠨ ᠦᠢᠯᠡᠳᠦᠯᠴᠡᠬᠦ᠂ ᠤᠬᠠᠭᠠᠯᠢᠭ ᠢᠶᠠᠷ ᠶᠠᠪᠤᠵᠤ ᠰᠠᠭᠤᠬᠤ᠂ ᠣᠶᠤᠨᠴᠢ ᠪᠠᠷ ᠬᠥᠬᠡ ᠬᠤᠲᠠ ᠳᠤ ᠵᠢᠭᠤᠯᠴᠢᠯᠠᠬᠤ᠂ ᠡᠷᠡᠭᠦᠯ ᠮᠡᠨᠳᠦ ᠡᠮᠴᠢᠯᠡᠭᠡ᠂ ᠰᠣᠨᠢᠨ ᠮᠡᠳᠡᠭᠡᠨ ᠤ ᠮᠡᠳᠡᠭᠡ ᠵᠠᠩᠭᠢ ᠵᠡᠷᠭᠡ 8 ᠲᠣᠮᠣ ᠬᠡᠰᠡᠭ ᠢ ᠪᠠᠭᠲᠠᠭᠠᠵᠤ᠂ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠨᠡᠶᠢᠲᠡ 90 ᠪᠣᠶ᠂ ᠡᠲᠡᠭᠡᠷ ᠵᠦᠢᠯᠡᠰ ᠢ ᠴᠥᠮ ᠰᠦᠯᠵᠢᠶᠡᠨ ᠳᠡᠭᠡᠷ᠎ᠡ ᠬᠦᠢᠴᠡᠳᠬᠡᠬᠦ ᠪᠤᠶᠤ ᠯᠠᠪᠯᠠᠵᠤ ᠪᠣᠯᠤᠨ᠎ᠠ᠃      ᠴᠢᠳᠠᠪᠬᠢ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠭᠤᠷᠪᠠᠨ ᠶᠡᠭᠡ ᠣᠨᠴᠠᠯᠢᠭ ᠲᠠᠢ᠃ ᠨᠢᠭᠡ ᠳᠤ ᠲᠦᠭᠦᠮ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠵᠠᠯᠭᠠᠨ ᠣᠷᠣᠭᠤᠯᠤᠭᠰᠠᠨ ᠰᠠᠭᠤᠷᠢᠨ ᠳᠡᠭᠡᠷ᠎ᠡ ᠡᠮᠬᠢᠳᠬᠡᠨ ᠨᠡᠶᠢᠯᠡᠭᠦᠯᠵᠦ᠂ ︽ᠲᠠᠨ ᠳᠤ ᠡᠷᠢᠵᠦ ᠥᠭᠬᠦ︾᠂ ︽ᠲᠠᠨ ᠳᠤ ᠯᠠᠪᠯᠠᠵᠤ ᠥᠭᠬᠦ︾᠂ ︽ᠲᠠᠨ ᠳᠤ ᠪᠣᠯᠵᠣᠵᠤ ᠥᠭᠬᠦ︾ ᠵᠡᠷᠭᠡ ᠤᠨᠴᠠᠯᠢᠬᠳᠤ ᠬᠡᠪᠯᠡᠯ ᠢ ᠵᠢᠷᠤᠵᠤ ᠲᠥᠯᠥᠪᠯᠡᠨ᠂ ᠦᠢᠯᠡᠴᠢᠯᠡᠭᠡ ᠡᠷᠢᠬᠦ᠂ ᠤᠴᠢᠷ ᠶᠠᠪᠤᠳᠠᠯ ᠢ ᠯᠠᠪᠯᠠᠬᠤ᠂ ᠤᠴᠢᠷ ᠶᠠᠪᠤᠳᠠᠯ ᠢ ᠪᠣᠯᠵᠣᠨ ᠰᠢᠢᠳᠪᠦᠷᠢᠯᠡᠬᠦ ᠳᠤ ᠨᠢᠭᠡ ᠯᠡ ᠣᠷᠤᠴᠠ ᠪᠠᠷ ᠪᠡᠶᠡᠯᠡᠭᠦᠯᠴᠢᠬᠡᠨ᠎ᠡ᠃ ᠬᠤᠶᠠᠷ ᠲᠤ᠂ ᠲᠦᠷᠬᠡᠨ᠃ ᠥᠯᠥ ᠬᠥᠳᠡᠯᠬᠦ ᠬᠥᠷᠥᠩᠭᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠳᠤ ᠨᠠᠰᠢ ᠴᠠᠰᠢ ᠭᠦᠶᠦᠯᠳᠦᠬᠦ ᠴᠢᠬᠤᠯᠠ ᠥᠬᠡᠶ᠂ ᠬᠤᠷᠤᠭᠤ ᠪᠠᠨ ᠬᠦᠳᠡᠯᠭᠡᠪᠡᠯ ᠳᠠᠷᠤᠶ ᠪᠡᠶᠡᠯᠡᠭᠦᠯᠴᠢᠬᠡᠨ᠎ᠡ᠃ ᠭᠤᠷᠪᠠ ᠳᠤ ᠤᠶᠤᠨᠯᠢᠭ᠃ ᠪᠢᠳᠡ ᠤᠶᠤᠨᠯᠢᠭ ᠢᠶᠠᠷ ᠲᠡᠷᠭᠡ ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠵᠡᠷᠭᠡ ᠤᠨᠴᠠᠯᠢᠭᠳᠤ ᠬᠡᠷᠡᠭᠯᠡᠭᠡᠨ ᠢ ᠨᠡᠭᠡᠭᠡᠨ ᠬᠥᠭᠵᠢᠭᠦᠯᠪᠡ᠃ ᠬᠡᠷᠡᠭᠯᠡᠯᠲᠡ ᠶᠢ ᠡᠬᠢᠯᠡᠭᠦᠯᠪᠡᠯ ᠳᠠᠷᠤᠶ ᠪᠥᠬᠦ ᠬᠤᠲᠠ ᠶᠢᠨ ᠭᠤᠤᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠤᠭᠤᠰᠣᠨ ᠣᠷᠣ ᠶᠢ ᠯᠠᠪᠯᠠᠬᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠰᠦᠯᠵᠢᠶᠡᠨ ᠳᠡᠭᠡᠷ᠎ᠡ ᠪᠣᠯᠵᠣᠬᠤ᠂ ᠣᠶᠤᠨᠴᠢ ᠠᠶᠠᠯᠠᠯ ᠢ ᠰᠦᠯᠵᠢᠶᠡᠨ ᠳᠡᠭᠡᠷ᠎ᠡ ᠲᠣᠭᠲᠠᠭᠠᠬᠤ ᠵᠡᠷᠭᠡ ᠴᠢᠳᠠᠮᠵᠢ ᠶᠢ ᠪᠡᠶᠡᠯᠡᠭᠦᠯᠵᠦ ᠴᠢᠳᠠᠨ᠎ᠠ᠃      6. ᠬᠥᠲᠥᠯᠥᠭᠴᠢ      ᠬᠤᠲᠠ ᠶᠢᠨ ᠠᠷᠠᠳ ᠤᠨ ᠨᠡᠶᠢᠳᠡᠮ ᠠᠩᠬᠠᠷᠴᠤ ᠪᠠᠶᠢᠭ᠎ᠠ᠂ ᠬᠡᠷᠡᠭᠯᠡᠬᠦ ᠳᠠᠪᠲᠠᠮᠵᠢ ᠨᠢ ᠨᠡᠯᠢᠶᠡᠳ ᠥᠨᠳᠥᠷ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ︽ᠠᠢ ᠴᠢᠩ ᠴᠧᠩ︾ APP ᠨᠢ ᠴᠤᠬᠤᠮ ᠶᠠᠮᠠᠷ ᠶᠠᠮᠠᠷ ᠴᠢᠳᠠᠪᠬᠢ ᠶᠢ ᠬᠠᠮᠤᠷᠴᠤ ᠪᠠᠶᠢᠬᠤ ᠪᠣᠶ︖      7. ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ
     ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠡᠰᠡᠭ ᠲᠤ᠄ ᠣᠳᠣᠬᠠᠨ ᠳᠤ ᠨᠢᠭᠡᠨᠲᠡ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳᠥᠷᠪᠡᠨ ᠲᠥᠷᠥᠯ ᠤᠨ 17 ᠵᠦᠢᠯ ᠢ ᠵᠠᠯᠭᠠᠨ ᠣᠷᠣᠭᠤᠯᠵᠠᠶ᠂ ᠡᠭᠦᠨ ᠳᠤ᠄ ᠮᠡᠳᠡᠭᠡ ᠵᠠᠩᠭᠢ ᠶᠢ ᠯᠠᠪᠯᠠᠬᠤ ᠲᠥᠷᠥᠯ 5 ᠪᠣᠶ᠄ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠬᠦ ᠠᠬᠢᠴᠠ ᠶᠢ ᠯᠠᠪᠯᠠᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠦᠨ ᠤᠷᠤᠭᠤᠯᠬᠤ ᠠᠬᠢᠴᠠ ᠶᠢ ᠯᠠᠪᠯᠠᠬᠤ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠯᠠᠪᠯᠠᠬᠤ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠡ ᠵᠠᠩᠭᠢ ᠶᠢ ᠯᠠᠪᠯᠠᠬᠤ᠂ ᠺᠠᠷᠲ ᠨᠥᠬᠦᠵᠦ ᠰᠣᠯᠢᠬᠤ ᠪᠠᠩᠬᠢ ᠶᠢᠨ ᠮᠡᠳᠡᠭᠡ ᠵᠠᠩᠭᠢ ᠶᠢ ᠯᠠᠪᠯᠠᠬᠤ︔ ᠲᠤᠬᠠᠶᠢᠯᠠᠭᠰᠠᠨ ᠠᠵᠢᠯ ᠬᠦᠢᠴᠡᠳᠬᠡᠬᠦ ᠲᠥᠷᠥᠯ 5 ᠪᠣᠶ᠄ ᠨᠡᠶᠢᠭᠡᠮ ᠤᠨ ᠳᠠᠭᠠᠳᠬᠠᠯ ᠤᠨ ᠺᠠᠷᠲ ᠢ ᠡᠬᠢᠯᠡᠨ ᠬᠡᠷᠡᠭᠯᠡᠬᠦ᠂ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠭᠡᠭᠡᠭᠰᠡᠨ ᠢᠶᠠᠨ ᠮᠡᠳᠡᠭᠦᠯᠬᠦ᠂ ᠨᠡᠶᠢᠭᠡᠮ ᠤᠨ ᠳᠠᠭᠠᠳᠬᠠᠯ ᠤᠨ ᠺᠠᠷᠲ ᠤᠨ ᠨᠢᠭᠤᠴᠠ ᠨᠣᠮᠧᠷ ᠢ ᠵᠠᠰᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠲᠠᠶᠢᠯᠬᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠭᠤᠶᠤᠴᠢᠯᠠᠨ ᠠᠪᠬᠤ︔ ᠡᠭᠦᠨ ᠳᠤ ᠭᠡᠷᠡᠴᠢᠯᠡᠯ ᠬᠢᠬᠦ ᠲᠥᠷᠥᠯ 7 ᠪᠣᠶ᠄ ᠬᠤᠪᠢ ᠬᠥᠮᠦᠨ ᠤ ᠨᠡᠶᠢᠭᠡᠮ ᠤᠨ ᠲᠠᠭᠠᠳᠬᠠᠯ ᠳᠤ ᠣᠷᠣᠯᠴᠠᠬᠤ᠂ ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ ᠰᠢᠯᠵᠢᠭᠦᠯᠬᠦ ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠭᠥᠷᠳᠡᠬᠦ ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠥᠯᠥ ᠭᠥᠷᠳᠡᠬᠦ ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠠᠵᠢᠯ ᠠᠯᠳᠠᠯᠲᠠ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠶᠢ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ ᠰᠢᠯᠵᠢᠬᠦᠯᠬᠦ ᠬᠠᠷᠢᠯᠴᠠᠬᠤ ᠵᠠᠬᠢᠳᠠᠯ ᠢ ᠯᠠᠪᠯᠠᠬᠤ ᠳᠠᠷᠤᠮᠠᠯᠯᠠᠬᠤ᠂ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠬᠢᠨᠠᠨ ᠲᠣᠭᠲᠠᠭᠠᠬᠤ ᠬᠦᠰᠦᠨᠦᠭᠲᠦ ᠶᠢ ᠥᠪᠡᠰᠦᠪᠡᠨ ᠳᠠᠷᠤᠮᠠᠯᠯᠠᠬᠤ ᠪᠣᠯᠤᠨ᠎ᠠ᠃      ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠬᠡᠰᠡᠭ ᠲᠤ᠄ ᠣᠳᠣᠬᠠᠨ ᠳᠤ ᠨᠢᠭᠡᠨᠲᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠳᠥᠷᠪᠡᠨ ᠲᠥᠷᠥᠯ ᠤᠨ 20 ᠵᠦᠢᠯ ᠢ ᠵᠠᠯᠭᠠᠨ ᠣᠷᠣᠭᠤᠯᠵᠠᠶ᠂ ᠡᠭᠦᠨ ᠳᠤ᠄ ᠮᠡᠳᠡᠭᠡ ᠵᠠᠩᠭᠢ ᠶᠢ ᠯᠠᠪᠯᠠᠬᠤ ᠲᠥᠷᠥᠯ 5 ᠪᠣᠶ᠄ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ︵ᠲᠤᠰᠢᠶᠠᠨ ᠬᠠᠳᠠᠭᠠᠯᠠᠭᠰᠠᠨ ᠮᠡᠳᠡᠭᠡ ᠵᠠᠩᠭᠢ᠂ ᠵᠢᠭᠡᠯᠡᠯᠭᠡ ᠶᠢᠨ ᠮᠡᠳᠡᠭᠡ ᠵᠠᠩᠭᠢ᠂ ᠲᠤᠰᠢᠶᠠᠨ ᠬᠠᠳᠠᠭᠠᠯᠠᠭᠰᠠᠨ ᠨᠠᠷᠢᠨ ᠵᠦᠢᠯᠡᠰ᠂ ᠵᠣᠭᠤᠰ ᠪᠤᠴᠠᠭᠠᠬᠤ ᠨᠠᠷᠢᠨ ᠵᠦᠢᠯᠡᠰ ᠪᠠᠭᠲᠠᠨ᠎ᠠ︶᠂ ᠲᠣᠤᠷ ᠴᠡᠭ ᠢ ᠯᠠᠪᠯᠠᠬᠤ᠂ ᠬᠤᠷᠰᠢᠭᠰᠠᠨ ᠠᠰᠠᠷ ᠢ ᠯᠠᠪᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠢᠨᠠᠨ ᠵᠥᠪᠰᠢᠶᠡᠷᠡᠯᠲᠡ ᠶᠢᠨ ᠠᠬᠢᠴᠠ ᠶᠢ ᠯᠠᠪᠯᠠᠬᠤ᠂ ᠲᠤᠬᠠᠶᠢᠯᠠᠭᠰᠠᠨ ᠠᠵᠢᠯ ᠢ ᠬᠦᠢᠴᠡᠳᠬᠡᠭᠰᠡᠨ ᠠᠬᠢᠴᠠ ᠶᠢ ᠯᠠᠪᠯᠠᠬᠤ︔ ᠲᠤᠬᠠᠶᠢᠯᠠᠭᠰᠠᠨ ᠠᠵᠢᠯ ᠢ ᠬᠦᠢᠴᠡᠳᠬᠡᠬᠦ ᠲᠥᠷᠥᠯ 8 ᠪᠣᠶ᠄ ᠭᠠᠷ ᠳᠠᠮᠵᠢᠭᠰᠠᠨ ᠬᠡᠷ ᠪᠠᠶᠢᠰᠢᠩ ᠢ ᠭᠠᠷᠭᠠᠨ ᠠᠪᠬᠤ᠂ ᠲᠠᠸᠠᠷ ᠤᠨ ᠬᠡᠷ ᠪᠠᠶᠢᠰᠢᠩ ᠢ ᠭᠠᠷᠭᠠᠨ ᠠᠪᠬᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠭᠰᠤᠭᠠᠭᠰᠠᠨ ᠢ ᠭᠠᠷᠭᠠᠨ ᠠᠪᠬᠤ᠂ ᠥᠪᠡᠰᠦᠪᠡᠨ ᠰᠠᠭᠤᠬᠤ ᠣᠷᠣᠨ ᠰᠠᠭᠤᠴᠠ ᠥᠬᠡᠶ ᠮᠥᠷᠲᠡᠭᠡᠨ ᠲᠦᠷᠢᠶᠡᠰᠦᠯᠡᠭᠰᠡᠨ ᠬᠡᠷ ᠪᠠᠶᠢᠰᠢᠩ ᠢ ᠭᠠᠷᠭᠠᠨ ᠠᠪᠬᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠢ ᠭᠠᠷᠭᠠᠨ ᠠᠪᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠮᠠᠲ᠋ᠧᠷᠢᠶᠠᠯ ᠢ ᠬᠤᠪᠢᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠤ ᠭᠠᠵᠠᠷ ᠲᠤ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠤᠴᠠᠭᠠᠬᠤ ᠭᠡᠷ᠎ᠡ ᠲᠣᠭᠲᠠᠬᠤ︔ ᠭᠡᠷᠡᠴᠢ ᠬᠢᠵᠦ ᠥᠭᠬᠦ ᠲᠥᠷᠥᠯ 3 ᠪᠣᠶ᠄ ᠲᠤᠰᠢᠶᠠᠨ ᠬᠠᠳᠠᠭᠠᠯᠠᠭᠰᠠᠨ ︵ᠣᠨᠳᠣᠤ ᠭᠠᠵᠠᠷ︶ ᠭᠡᠷᠡᠴᠢ ᠶᠢ ᠳᠠᠷᠤᠮᠠᠯᠯᠠᠬᠤ᠂ ᠵᠢᠭᠡᠯᠡᠯᠭᠡ ︵ᠣᠨᠳᠣᠤ ᠭᠠᠵᠠᠷ︶ ᠶᠢᠨ ᠦᠯᠡᠳᠡᠪᠦᠷᠢ ᠶᠢᠨ ᠭᠡᠷᠡᠴᠢ᠂ ᠬᠤᠪᠢ ᠬᠥᠮᠦᠨ ᠤ ᠨᠠᠷᠢᠨ ᠵᠦᠢᠯᠡᠰ ᠢ ᠳᠠᠷᠤᠮᠠᠯᠯᠠᠬᠤ︔ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠶᠢᠨ ᠲᠥᠷᠥᠯ 4 ᠪᠣᠶ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠵᠦᠭᠯᠡᠭᠦᠷ᠂ ᠵᠢᠭᠡᠯᠡᠯᠭᠡ ᠶᠢᠨ ᠬᠦᠤ ᠶᠢᠨ ᠨᠣᠷᠮ᠎ᠠ᠂ ᠵᠢᠭᠡᠯᠡᠯᠭᠡ ᠶᠢ ᠲᠤᠷᠰᠢᠨ ᠪᠤᠳᠤᠬᠤ᠃      ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ ᠤᠨ ᠰᠠᠮᠪᠠᠷ᠎ᠠ ᠶᠢᠨ ᠬᠡᠰᠡᠭ ᠲᠤ᠄ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠭᠤᠷᠪᠠᠨ ᠲᠥᠷᠥᠯ ᠢ ᠨᠢᠭᠡᠨᠲᠡ ᠵᠠᠯᠭᠠᠨ ᠣᠷᠣᠭᠤᠯᠪᠠ᠂ ᠡᠭᠦᠨ ᠳᠤ᠄ ᠨᠢᠭᠡ ᠳᠤ ᠥᠯᠥ ᠬᠥᠳᠡᠯᠬᠦ ᠬᠥᠷᠥᠩᠭᠡ ᠶᠢ ᠯᠠᠪᠯᠠᠬᠤ᠂ ᠵᠢᠱᠢᠶᠡᠯᠡᠪᠡᠯ ᠥᠯᠥ ᠬᠥᠳᠡᠯᠬᠦ ᠬᠥᠷᠥᠩᠭᠡ ᠶᠢ ᠭᠦᠢᠴᠡᠳᠬᠡᠭᠰᠡᠨ ᠠᠬᠢᠴᠠ ᠶᠢ ᠯᠠᠪᠯᠠᠬᠤ᠂ ᠲᠣᠮᠣ ᠥᠮᠴᠢᠯᠡᠯ ᠤᠨ ᠡᠷᠬᠡ ᠶᠢᠨ ᠦᠨᠡᠮᠯᠡᠯ ᠢ ᠯᠠᠪᠯᠠᠬᠤ᠂ ᠦᠨᠡᠮᠯᠡᠯ ᠭᠡᠷᠡᠴᠢ ᠶᠢᠨ ᠦᠨᠡᠨ ᠬᠤᠳᠠᠯ ᠢ ᠰᠢᠯᠭᠠᠨ ᠪᠠᠲᠤᠯᠠᠬᠤ ᠪᠠᠷ ᠯᠠᠪᠯᠠᠬᠤ᠂ ᠦᠢᠯᠡᠴᠢᠯᠡᠭᠡᠨ ᠤ ᠲᠣᠤᠷ ᠴᠡᠭ ᠢ ᠯᠠᠪᠯᠠᠬᠤ ᠵᠡᠷᠭᠡ ᠪᠠᠭᠲᠠᠨ᠎ᠠ᠃ ᠬᠤᠶᠠᠷ ᠲᠤ ᠥᠯᠥ ᠬᠥᠳᠡᠯᠬᠦ ᠬᠥᠷᠥᠩᠭᠡ ᠶᠢᠨ ᠡᠯᠧᠺᠲᠷᠤᠨ ᠭᠡᠷᠡᠴᠢ ᠭᠠᠷᠭᠠᠵᠤ ᠥᠭᠬᠦ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ ᠨᠡᠷ᠎ᠡ ᠳᠡᠭᠡᠷᠡᠬᠢ ᠬᠡᠷ ᠬᠥᠷᠥᠩᠭᠡ ᠪᠠᠨ ᠪᠠᠷᠢᠴᠠᠭᠠᠯᠠᠭᠰᠠᠨ ᠪᠠᠶᠢᠳᠠᠯ ᠵᠡᠷᠭᠡ ᠳᠤ ᠥᠯᠥ ᠬᠥᠳᠡᠯᠬᠦ ᠬᠥᠷᠥᠩᠭᠡ ᠶᠢᠨ ᠡᠯᠧᠺᠲᠷᠤᠨ ᠭᠡᠷᠡᠴᠢ ᠭᠠᠷᠭᠠᠵᠤ ᠥᠭᠭᠦᠨ᠎ᠡ᠃ ᠭᠤᠷᠪᠠ ᠳᠤ ᠭᠠᠷ ᠳᠠᠮᠵᠢᠭᠰᠠᠨ ᠣᠷᠣᠨ ᠰᠠᠭᠤᠴᠠ ᠶᠢᠨ ᠡᠷᠤᠭᠡ ᠰᠢᠯᠵᠢᠭᠦᠯᠬᠦ᠂ ᠦᠯᠦ ᠬᠥᠳᠡᠯᠬᠦ ᠬᠦᠷᠦᠩᠭᠡ ᠶᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠂ ᠡᠭᠦᠨ ᠳᠤ ᠡᠷ᠎ᠡ ᠡᠮ᠎ᠡ ᠬᠤᠶᠠᠭᠤᠯᠠ ᠶᠢᠨ ᠨᠡᠷ᠎ᠡ ᠶᠢ ᠰᠣᠯᠢᠬᠤ ᠪᠠ ᠡᠷᠬᠡᠲᠦ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ᠪᠠᠭᠲᠠᠨ᠎ᠠ᠃      ᠳᠡᠭᠡᠷᠡᠬᠢ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠴᠥᠮ ︽ᠠᠶ ᠴᠢᠩ ᠴᠧᠩ︾ APP ᠶᠢᠨ ᠬᠠᠷᠠᠭᠠᠯᠵᠠᠭᠰᠠᠨ ᠬᠡᠰᠡᠭ ᠢᠶᠠᠷ ᠰᠢᠭᠤᠳ ᠭᠦᠢᠴᠡᠳᠬᠡᠵᠦ ᠪᠣᠯᠤᠨ᠎ᠠ᠃      8. ᠬᠥᠲᠥᠯᠥᠭᠴᠢ      ︽ᠠᠶ ᠴᠢᠩ ᠴᠧᠩ︾ APP ᠶᠢᠨ 1.0 ᠬᠡᠪᠯᠡᠯ ᠤᠨ ᠳᠣᠲᠣᠷᠠᠬᠢ ᠤᠨᠴᠠᠯᠢᠬᠳᠤ ᠲᠤᠰᠬᠠᠶ ᠬᠡᠰᠡᠭ ᠲᠤ ᠤᠶᠤᠨᠯᠢᠭ ᠢᠶᠠᠷ ᠲᠡᠷᠭᠡ ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠬᠤᠶᠠᠷ ᠤᠨᠴᠠᠯᠢᠬᠳᠤ ᠬᠡᠷᠡᠭᠯᠡᠭᠡ ᠶᠢ ᠵᠠᠯᠭᠠᠵᠤ ᠣᠷᠣᠭᠤᠯᠪᠠ᠂ ᠪᠢᠳᠡᠨ ᠳᠤ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖      9. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ  
     ︽ᠣᠶᠤᠨᠴᠢ ᠪᠠᠷ ᠲᠡᠷᠭᠡ ᠵᠣᠭᠰᠣᠭᠠᠬᠤ︾ ᠬᠡᠷᠡᠭᠯᠡᠭᠡ ᠨᠢ ᠬᠤᠲᠠ ᠶᠢᠨ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ︽ᠲᠡᠷᠭᠡ ᠵᠣᠭᠰᠣᠭᠠᠬᠤ ᠳᠤ ᠬᠦᠴᠢᠷ︾᠂ ︽ᠰᠦᠢᠳᠬᠡᠯ ᠲᠤᠰᠢᠶᠠᠬᠤ ᠳᠤ ᠲᠦᠪᠡᠭᠲᠡᠶ︾ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠪᠠᠷ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠷᠭ᠎ᠠ ᠪᠠᠷᠢᠯ ᠳᠠᠭᠠᠨ ᠰᠢᠨ᠎ᠡ ᠶᠢ ᠡᠭᠦᠳᠬᠦ᠂ ᠴᠢᠳᠠᠪᠬᠢ ᠶᠢ ᠥᠷᠭᠡᠳᠬᠡᠬᠦ ᠪᠠᠷ ᠳᠠᠮᠵᠢᠭᠤᠯᠤᠨ᠂ ᠲᠥᠯᠥᠪᠵᠢᠭᠦᠯᠭᠡ᠂ ᠲᠤᠭ᠎ᠠ ᠪᠠᠷᠢᠮᠲᠠ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠲᠠᠯ᠎ᠠ ᠠᠴᠠ ᠪᠥᠬᠦ ᠬᠤᠲᠠ ᠶᠢᠨ ᠲᠡᠷᠭᠡ ᠵᠣᠭᠰᠣᠭᠠᠬᠤ ᠡᠬᠢ ᠪᠠᠶᠠᠯᠢᠭ ᠲᠤ ᠨᠢᠭᠡᠳᠦᠯᠲᠡᠶ ᠬᠠᠮᠢᠶᠠᠷᠤᠯᠲᠠ ᠶᠠᠪᠤᠭᠤᠯᠵᠤ᠂ ᠬᠤᠲᠠ ᠶᠢᠨ ᠲᠡᠷᠭᠡ ᠵᠣᠭᠰᠣᠭᠠᠬᠤ ᠦᠢᠯᠡᠴᠢᠯᠡᠭᠡᠨ ᠤ ᠵᠠᠭᠪᠤᠷ ᠢ ᠳᠠᠬᠢᠨ ᠪᠠᠶᠢᠭᠤᠯᠪᠠ᠃ ᠨᠢᠭᠡ ᠲᠠᠯ᠎ᠠ ᠪᠠᠷ ᠬᠤᠲᠠ ᠶᠢᠨ ᠠᠷᠠᠳ ᠲᠤ ᠲᠡᠷᠭᠡ ᠵᠣᠭᠰᠣᠬᠤ ᠡᠬᠢ ᠪᠠᠶᠠᠯᠢᠭ ᠢ ᠯᠠᠪᠯᠠᠬᠤ ᠪᠠ ᠬᠥᠲᠥᠯᠥᠨ ᠵᠢᠯᠣᠭᠤᠳᠬᠤ ᠲᠤᠬᠠᠶ ᠶᠢᠨ ᠴᠠᠭ ᠤᠨ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ ᠪᠣᠯᠤᠨ᠎ᠠ᠃ ᠪᠣᠳᠠᠲᠠᠶ ᠪᠠᠷ ᠬᠡᠯᠡᠪᠡᠯ᠄ ᠲᠡᠷᠭᠡᠨ ᠵᠣᠭᠰᠣᠭᠠᠯ ᠤᠨ ᠪᠠᠶᠢᠷᠢᠰᠢᠯ ᠵᠦᠭ ᠵᠠᠮᠴᠢᠯᠠᠬᠤ᠂ ᠲᠡᠷᠭᠡᠨ ᠵᠣᠭᠰᠣᠭᠠᠯ ᠤᠨ ᠵᠣᠭᠰᠣᠭᠠᠯ ᠤᠨ ᠰᠤᠯᠠ ᠪᠠᠶᠢᠭ᠎ᠠ ᠮᠡᠳᠡᠭᠡ ᠵᠠᠩᠭᠢ ᠶᠢ ᠴᠠᠭ ᠲᠤᠬᠠᠶ ᠳᠤᠨᠢ ᠯᠠᠪᠯᠠᠬᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠵᠢᠴᠢ ᠰᠡᠮ ᠢᠶᠠᠷ ᠲᠣᠭᠠᠴᠠᠭ᠎ᠠ ᠬᠢᠬᠦ ᠵᠠᠭᠪᠤᠷ ᠵᠡᠷᠭᠡ ᠴᠢᠳᠠᠪᠬᠢ ᠶᠢ ᠪᠠᠭᠲᠠᠭᠠᠨ᠎ᠠ᠃ ᠨᠥᠭᠦᠭᠡ ᠲᠠᠯ᠎ᠠ ᠪᠠᠷ ᠮᠠᠨ ᠤ ᠬᠤᠲᠠ ᠶᠢᠨ ᠨᠢᠭᠡᠳᠦᠯᠲᠡᠶ ᠬᠤᠲᠠ ᠶᠢᠨ ᠲᠠᠰ ᠤᠨ ᠲᠡᠷᠭᠡ ᠵᠣᠭᠰᠣᠭᠠᠬᠤ ᠲᠣᠮᠣ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠲᠠᠢ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠲᠠᠢ᠂ ᠪᠣᠳᠠᠲᠤ ᠪᠠᠶᠢᠳᠠᠯ ᠳᠤ ᠲᠤᠰᠠᠲᠠᠶ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠵᠤ᠂ ᠡᠵᠡᠩᠨᠡᠯᠲᠡ ᠶᠢᠨ ᠨᠢᠭᠡᠴᠡ᠂ ᠲᠡᠷᠭᠡ ᠵᠣᠭᠰᠣᠭᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠲᠣᠭᠲᠠᠩᠭᠤᠶ ᠵᠠᠮ ᠬᠠᠷᠢᠯᠴᠠᠭᠠᠨ ᠤ ᠠᠮᠢ ᠠᠬᠤᠶ ᠶᠢᠨ ᠪᠣᠯᠪᠠᠰᠤᠨ ᠤ ᠰᠢᠰᠲ᠋ᠧᠮᠵᠢ ᠶᠢ ᠬᠠᠮᠲᠤ ᠪᠠᠷ ᠪᠠᠶᠢᠭᠤᠯᠵᠤ᠂ ︽ᠲᠡᠷᠭᠡ ᠵᠣᠭᠰᠣᠭᠠᠬᠤ ᠳᠤ ᠬᠦᠴᠢᠷᠲᠡᠶ᠂ ᠲᠡᠷᠭᠡ ᠵᠣᠭᠰᠣᠭᠠᠬᠤ ᠡᠷᠦᠶ ᠬᠤᠷᠤᠶ ᠥᠬᠡᠶ ᠪᠠᠶᠢᠬᠤ︾ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ ᠬᠤᠲᠠ ᠶᠢᠨ ᠲᠣᠭᠲᠠᠩᠭᠤᠶ ᠵᠠᠮ ᠬᠠᠷᠢᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︽ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠶᠢᠨ ᠵᠣᠷᠢᠯᠭ᠎ᠠ ᠨᠢ ᠪᠥᠬᠦ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ ᠡᠷᠬᠢᠨ ᠲᠣᠭᠤᠷᠢᠨ ᠤ ᠬᠤᠯᠪᠤᠭᠳᠠᠯ ᠪᠥᠬᠦᠶ ᠯᠠᠪᠯᠠᠯᠲᠠ ᠶᠢ ᠲᠥᠪᠯᠡᠷᠡᠭᠦᠯᠦᠨ ᠨᠡᠶᠢᠯᠡᠭᠦᠯᠵᠦ᠂ ᠨᠢᠭᠡ ᠳᠡᠯᠭᠡᠴᠡ ᠪᠠᠷ ᠪᠦᠬᠦᠨ ᠢ ᠳᠡᠯᠭᠡᠨ ᠦᠵᠡᠭᠦᠯᠵᠦ᠂ ᠵᠢᠭᠤᠯᠴᠢᠯᠠᠭᠴᠢᠳ ᠲᠤ ᠪᠥᠬᠦ ᠲᠠᠯ᠎ᠠ ᠶᠢᠨ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠵᠤᠭᠠᠴᠠᠭᠰᠠᠳ ᠮᠠᠨ ᠤ ᠬᠤᠲᠠ ᠶᠢᠨ ᠰᠣᠶᠣᠯ ᠵᠤᠭᠠᠴᠠᠯ ᠤᠨ ᠰᠤᠷᠠᠭ ᠴᠢᠮᠡᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠵᠤ᠂ ᠵᠤᠭᠠᠴᠠᠯ ᠤᠨ ᠠᠷᠭ᠎ᠠ ᠪᠤᠳᠤᠯᠭ᠎ᠠ ᠶᠢ ᠯᠠᠪᠯᠠᠵᠤ᠂ ᠰᠣᠳᠣᠨ ᠵᠠᠮ ᠱᠤᠭᠤᠮ ᠢ ᠡᠷᠢᠵᠦ᠂ ᠰᠣᠶᠣᠯ ᠵᠤᠭᠠᠴᠠᠯ ᠤᠨ ᠠᠵᠢᠯᠯᠠᠭ᠎ᠠ ᠳᠤ ᠣᠷᠣᠯᠴᠠᠵᠤ᠂ ᠦᠵᠡᠮᠵᠢ ᠶᠢᠨ ᠣᠷᠣᠨ ᠢ ᠤᠷᠢᠳᠴᠢᠯᠠᠨ ᠪᠣᠯᠵᠣᠵᠤ᠂ ᠰᠣᠶᠣᠯ ᠵᠤᠭᠠᠴᠠᠯ ᠤᠨ ᠪᠦᠲᠦᠭᠡᠭᠳᠡᠬᠦᠨ ᠢ ᠤᠷᠢᠳᠴᠢᠯᠠᠨ ᠵᠠᠬᠢᠶᠠᠯᠠᠵᠤ᠂ ᠭᠤᠶᠤ ᠦᠵᠡᠮᠵᠢ ᠶᠢ ᠰᠣᠨᠢᠷᠬᠠᠵᠤ᠂ ᠲᠠᠶᠢᠯᠤᠮᠵᠢ ᠶᠢ ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠲᠣᠭᠯᠠᠯᠲᠠ ᠦᠵᠡᠵᠦ ᠪᠣᠯᠤᠨ᠎ᠠ᠂ ᠪᠠᠰᠠ ᠣᠶᠤᠨᠴᠢ ᠠᠶᠠᠯᠠᠯ ᠤᠨ ᠵᠠᠬᠢᠶᠠᠯᠠᠭ᠎ᠠ ᠶᠢᠨ ᠴᠢᠳᠠᠪᠬᠢ ᠶᠢ ᠬᠡᠷᠡᠭᠯᠡᠨ ᠳᠤᠷ᠎ᠠ ᠰᠣᠨᠢᠷᠬᠠᠯ ᠢᠶᠠᠨ ᠦᠨᠳᠦᠰᠦᠯᠡᠨ ᠵᠤᠭᠠᠴᠠᠯ ᠤᠨ ᠵᠠᠮ ᠱᠤᠭᠤᠮ ᠢ ᠠᠶᠠᠨᠳᠠᠭᠠᠨ ᠪᠤᠢ ᠪᠣᠯᠭᠠᠵᠤ ᠪᠣᠯᠤᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠭᠦᠢᠴᠡᠳ ᠢᠯᠡᠷᠡᠭᠦᠯᠬᠦ ᠶᠢᠨ ᠲᠥᠯᠥᠭᠡ᠂ ᠬᠡᠷᠡᠭᠯᠡᠭᠡᠨ ᠤ ᠳᠤᠮᠳᠠ ᠪᠠᠰᠠ ᠬᠤᠲᠠ ᠶᠢᠨ ᠠᠷᠠᠳ ᠲᠤ ᠬᠤᠨ ᠭᠠᠯᠠᠭᠤ ᠤᠩᠰᠢᠬᠤ ᠳᠤᠷᠠᠲᠠᠶ ᠨᠣᠮ᠂ ᠲᠣᠭᠠᠴᠢᠯᠠᠭᠰᠠᠨ ᠨᠣᠮ ᠤᠨ ᠰᠠᠩ᠂ ᠲᠣᠭᠠᠴᠢᠯᠠᠭᠰᠠᠨ ᠰᠣᠶᠣᠯ ᠤᠨ ᠣᠷᠳᠣᠨ᠂ ᠲᠣᠭᠠᠴᠢᠯᠠᠭᠰᠠᠨ ᠤᠷᠠᠨ ᠵᠢᠷᠤᠭ ᠤᠨ ᠣᠷᠳᠣᠨ᠂ ᠤᠯᠠᠭᠠᠨᠮᠥ᠋ᠴᠢᠷ᠂ ᠰᠣᠶᠣᠯ ᠤᠨ ᠦᠵᠡᠰᠬᠦᠯᠡᠩ ᠤᠨ ᠣᠷᠳᠣᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃      ︽ᠨᠢᠭᠡ ᠥᠷᠲᠡᠭᠡ ᠮᠠᠶ᠋ᠢᠭ︾ ᠤᠨ ᠰᠣᠶᠤᠯ ᠤᠨ ᠵᠢᠭᠤᠯᠴᠢᠯᠠᠯ ᠠᠴᠠ ᠭᠠᠳᠠᠨ᠎ᠠ᠂ ᠪᠠᠰᠠ ︽ᠭᠠᠷ ᠢᠶᠠᠷ ᠵᠢᠷᠤᠭᠰᠠᠨ ᠭᠠᠵᠠᠷ ᠤᠨ ᠵᠢᠷᠤᠭ᠂ ᠣᠶᠤᠨᠴᠢ ᠪᠠᠷ ᠵᠠᠮᠴᠢᠯᠠᠬᠤ︾ ᠴᠢᠳᠠᠪᠬᠢ ᠶᠢ ᠪᠡᠶᠡᠯᠡᠭᠦᠯᠵᠦ᠂ ᠰᠦᠯᠵᠢᠶᠡᠨ ᠳᠠᠬᠢ ᠤᠶᠤᠨᠴᠢᠯᠠᠭᠰᠠᠨ ᠪᠥᠬᠦ ᠦᠵᠡᠮᠵᠢ ᠶᠢᠨ ᠦᠵᠡᠭᠦᠯᠦᠯᠭᠡ᠂ ᠵᠠᠮᠴᠢᠯᠠᠵᠤ ᠦᠵᠡᠭᠦᠯᠬᠦ᠂ ᠦᠭᠡ ᠶᠠᠷᠢᠶᠠᠨ ᠤ ᠲᠠᠶᠢᠯᠪᠤᠷᠢ᠂ ᠵᠠᠮ ᠱᠤᠭᠤᠮ ᠤᠨ ᠲᠥᠯᠥᠪᠵᠢᠭᠦᠯᠭᠡ ᠵᠡᠷᠭᠡ ᠶᠢ ᠨᠢᠭᠡ ᠴᠤᠭᠴᠠᠵᠢᠭᠤᠯᠤᠭᠰᠠᠨ ᠣᠶᠤᠨᠴᠢ ᠵᠢᠭᠤᠯᠴᠢᠯᠠᠯ ᠤᠨ ᠦᠢᠯᠡᠴᠢᠯᠡᠭᠡ ᠵᠢᠴᠢ ︽ᠭᠤᠷᠪᠠᠨ ᠨᠣᠮᠧᠷ ᠢ ᠨᠢᠭᠡᠳᠬᠡᠬᠦ᠂ ᠴᠠᠭ ᠬᠤᠪᠢᠶᠠᠨ ᠪᠣᠯᠵᠣᠬᠤ︾ ᠴᠢᠳᠠᠪᠬᠢ ᠶᠢ ᠬᠠᠩᠭᠠᠵᠤ᠂ A ᠲᠠᠰ ᠤᠨ ᠦᠵᠡᠮᠵᠢ ᠶᠢᠨ ᠣᠷᠣᠨ ᠢ ︽ᠴᠠᠭ ᠬᠤᠪᠢᠶᠠᠨ ᠪᠣᠯᠵᠣᠬᠤ︾ ᠶᠢ ᠨᠡᠶᠢᠳᠡᠮ ᠪᠡᠶᠡᠯᠡᠭᠦᠯᠵᠦ᠂ ᠮᠤᠵᠢ ᠶᠢᠨ ᠳᠣᠲᠣᠨ᠎ᠠ ᠭᠠᠳᠠᠨᠠᠬᠢ ᠵᠢᠭᠤᠯᠴᠢᠯᠠᠭᠴᠢᠳ ᠲᠤ ᠤᠷᠢᠳᠴᠢᠯᠠᠨ ᠪᠣᠯᠵᠣᠬᠤ᠂ ᠪᠢᠯᠧᠲ ᠬᠤᠳᠠᠯᠳᠤᠨ ᠠᠪᠬᠤ᠂ ᠬᠢᠵᠢᠭ ᠢ ᠰᠡᠷᠭᠡᠶᠢᠯᠡᠬᠦ ᠭᠤᠷᠪᠠᠨ ᠨᠣᠮᠧᠷ ᠢ ᠨᠢᠭᠡᠳᠬᠡᠬᠦ ᠳᠥᠭᠦᠮ ᠳᠥᠲᠡ ᠴᠢᠳᠠᠪᠬᠢ ᠶᠢ ᠬᠠᠩᠭᠠᠭᠰᠠᠨ ᠪᠠᠶᠢᠨ᠎ᠠ᠃ ᠢᠷᠡᠭᠡᠳᠦᠶ ᠳᠤ᠂ ︽ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠨᠢ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠤᠶᠣ ᠦᠵᠡᠮᠵᠢ ᠶᠢᠨ ᠤᠳᠠᠭᠠᠨ ᠰᠢᠭᠤᠳ ᠨᠡᠪᠲᠡᠷᠡᠭᠦᠯᠭᠡ ᠪᠠ 720 ᠭᠷᠠᠳᠦ᠋ᠰ ᠤᠨ ᠪᠥᠬᠦ ᠦᠵᠡᠮᠵᠢ ᠶᠢᠨ ᠵᠢᠭᠤᠯᠴᠢᠯᠠᠯ + VR ᠬᠡᠶᠢᠰᠪᠦᠷᠢ ᠵᠢᠭᠤᠯᠴᠢᠯᠠᠯ ᠢ ᠰᠦᠯᠵᠢᠶᠡᠨ ᠳᠤ ᠬᠤᠯᠪᠣᠬᠤ ᠪᠠ ᠨᠡᠪᠲᠡᠷᠡᠭᠦᠯᠬᠦ ᠶᠢ ᠵᠠᠯᠭᠠᠪᠡᠷ ᠳᠥᠯᠭᠢᠨ ᠠᠬᠢᠭᠤᠯᠬᠤ ᠪᠣᠯᠤᠨ᠎ᠠ᠃ ᠥᠷᠭᠡᠨ ᠤᠯᠠᠨ ᠬᠤᠳᠠ ᠶᠢᠨ ᠠᠷᠠᠳ ᠪᠣᠯᠤᠨ ᠵᠤᠭᠠᠴᠠᠭᠰᠠᠳ ᠤᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠨᠠᠷᠢᠨ ᠬᠢᠨᠠᠮᠠᠭᠠᠢ ᠬᠦᠯᠢᠶᠡᠨ ᠠᠪᠴᠤ᠂ ᠳᠠᠰᠤᠷᠠᠯᠳᠠ ᠦᠭᠡᠢ ᠬᠠᠯᠠᠨ ᠰᠠᠶᠢᠵᠢᠷᠠᠭᠤᠯᠵᠤ᠂ ᠤᠯᠠᠨ ᠲᠦᠮᠡᠨ ᠤ ᠵᠤᠭᠠᠴᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃      10. ᠬᠥᠲᠥᠯᠥᠭᠴᠢ      ︽ᠠᠶ ᠴᠢᠩ ᠴᠧᠩ︾ APP ᠶᠢᠨ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠦᠨᠡᠨ ᠨᠡᠷ᠎ᠡ ᠪᠠᠷ ᠢᠶᠠᠨ ᠭᠡᠷᠡᠴᠢᠯᠡᠬᠦ ᠵᠡᠷᠭᠡ ᠠᠵᠢᠯᠯᠠᠭ᠎ᠠ ᠶᠢ ᠬᠢᠬᠦ ᠴᠢᠬᠤᠯᠠᠲᠠᠶ᠂ ᠪᠢᠳᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖      11. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ      ᠬᠡᠷᠡᠭᠯᠡᠭᠴᠢ ᠶᠢᠨ ᠬᠤᠪᠢ ᠬᠥᠮᠦᠨ ᠤ ᠨᠢᠭᠤᠴᠠ ᠮᠡᠳᠡᠭᠡ ᠵᠠᠩᠭᠢ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ᠂ ᠪᠢᠳᠡ ᠭᠤᠤᠯᠳᠠᠭᠤ ᠳᠣᠤᠷᠠᠬᠢ ᠬᠡᠳᠦᠨ ᠵᠦᠢᠯ ᠤᠨ ᠠᠷᠭ᠎ᠠ ᠬᠡᠮᠵᠢᠶ᠎ᠡ ᠶᠢ ᠠᠪᠤᠪᠠ᠄ ᠮᠡᠷᠭᠡᠵᠢᠯ ᠤᠨ ᠲᠠᠯ᠎ᠠ ᠪᠠᠷ᠂ APP ᠶᠢᠨ ᠬᠤᠪᠢ ᠬᠥᠮᠦᠨ ᠤ ᠲᠠᠩᠰᠠᠨ ᠨᠣᠮᠧᠷ ᠵᠡᠷᠭᠡ ᠮᠡᠳᠡᠭᠡ ᠵᠠᠩᠭᠢ ᠵᠢᠴᠢ APP ᠶᠢᠨ ᠬᠡᠷᠡᠭᠯᠡᠭᠡᠨ ᠤ ᠦᠢᠯᠡᠴᠢᠯᠡᠭᠦᠷ ᠤᠨ ᠠᠮᠤᠷ ᠲᠦᠪᠰᠢᠨ ᠤ ᠲᠠᠯ᠎ᠠ ᠪᠠᠷ᠂ ᠪᠣᠶ ᠪᠥᠬᠦᠶ ᠬᠡᠷᠡᠭᠯᠡᠭᠡ ᠶᠢ ᠴᠥᠮ ᠵᠡᠷᠭᠡ ᠳᠡᠰ ᠤᠨ ᠬᠠᠮᠠᠭᠠᠯᠠᠯᠲᠠ ᠶᠢᠨ ᠭᠤᠷᠪᠠᠳᠤᠭᠠᠷ ᠳᠡᠰ ᠤᠨ ᠣᠷᠴᠢᠨ ᠳᠤ ᠪᠠᠶᠢᠷᠢᠯᠠᠭᠤᠯᠬᠤ ᠶᠢᠨ ᠬᠠᠮᠲᠤ ᠪᠣᠶ ᠪᠥᠬᠦᠶ ᠰᠦᠯᠵᠢᠶᠡᠨ ᠳᠡᠭᠡᠷᠡᠬᠢ ᠦᠢᠯᠡᠴᠢᠯᠡᠭᠦᠷ ᠢ ᠴᠥᠮ ᠨᠢᠭᠤᠴᠠ ᠲᠦᠯᠬᠢᠭᠦᠷ ᠢᠶᠠᠷ ᠭᠠᠷᠬᠤ ᠮᠥᠷᠲᠡᠭᠡᠨ ᠦᠢᠯᠡᠴᠢᠯᠡᠭᠡᠨ ᠤ ᠦᠵᠦᠭᠦᠷᠯᠢᠭ ᠲᠤ ᠣᠷᠣ ᠮᠦᠷ ᠥᠯᠥ ᠦᠯᠡᠳᠡᠭᠡᠬᠦ ᠠᠷᠭ᠎ᠠ ᠮᠠᠶ᠋ᠢᠭ ᠢᠶᠠᠷ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠵᠣᠯᠭᠠᠭᠤᠯᠬᠤ ᠰᠢᠰᠲ᠋ᠧᠮ ᠳᠤ ᠬᠠᠩᠭᠠᠭᠰᠠᠨ ᠬᠤᠪᠢ ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠵᠡᠷᠭᠡ ᠬᠡᠷᠡᠭᠯᠡᠭᠴᠢ ᠶᠢᠨ ᠵᠠᠩᠭᠢᠯᠠᠭ᠎ᠠ ᠶᠢᠨ ᠲᠤᠭ᠎ᠠ ᠪᠠᠷᠢᠮᠲᠠ ᠳᠤ᠂ ᠪᠢᠳᠡ ᠵᠥᠪᠬᠡᠨ ᠬᠡᠷᠡᠭᠯᠡᠬᠦ ᠠᠴᠠ ᠪᠢᠰᠢ ᠦᠯᠡᠳᠡᠭᠡᠨ ᠬᠠᠳᠠᠭᠠᠯᠠᠬᠤ ᠥᠬᠡᠶ ᠪᠠᠶᠢᠬᠤ ᠵᠠᠷᠴᠢᠮ ᠢ ᠵᠢᠷᠤᠮᠯᠠᠨ᠂ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠳᠠᠮᠵᠢᠭᠤᠯᠬᠤ ᠳᠠᠪᠬᠤᠷᠭ᠎ᠠ ᠳᠤ᠂ ᠲᠤᠭ᠎ᠠ ᠪᠠᠷᠢᠮᠲᠠ ᠶᠢᠨ ᠬᠠᠷᠰᠢᠮᠠᠲᠠᠭᠠᠶ ᠶᠢ ᠲᠠᠶᠢᠯᠬᠤ᠂ ᠨᠢᠭᠤᠴᠠᠯᠠᠨ ᠳᠠᠮᠵᠢᠭᠤᠯᠬᠤ᠂ ᠬᠡᠪ ᠤᠨ ᠪᠤᠰᠤ ᠶᠢ ᠴᠠᠭ ᠲᠤᠬᠠᠶ ᠳᠤᠨᠢ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠥᠬᠦ ᠲᠠᠯ᠎ᠠ ᠪᠠᠷ᠂ ᠪᠥᠬᠦ ᠡᠳᠦᠷ ᠢᠶᠠᠷ ᠢᠶᠠᠨ ᠪᠠᠲᠤᠯᠠᠨ᠎ᠠ᠃ ᠬᠠᠮᠢᠶᠠᠷᠤᠯᠲᠠ ᠶᠢᠨ ᠲᠠᠯ᠎ᠠ ᠪᠠᠷ᠂ ᠪᠢᠳᠡ ᠬᠡᠷᠡᠭᠯᠡᠭᠡᠨ ᠤ ᠵᠠᠯᠭᠠᠯᠲᠠ ᠶᠢᠨ ᠵᠢᠷᠤᠮᠵᠢᠯ᠂ ᠲᠤᠭ᠎ᠠ ᠪᠠᠷᠢᠮᠲᠠ ᠶᠢᠨ ᠵᠠᠯᠭᠠᠯᠲᠠ ᠶᠢᠨ ᠵᠢᠷᠤᠮᠵᠢᠯ᠂ ᠲᠤᠭ᠎ᠠ ᠪᠠᠷᠢᠮᠲᠠ ᠶᠢᠨ ᠳᠠᠮᠵᠢᠭᠤᠯᠭ᠎ᠠ ᠶᠢᠨ ᠵᠢᠷᠤᠮᠵᠢᠯ᠂ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠵᠢᠷᠤᠮᠵᠢᠯ᠂ ᠨᠢᠭᠤᠴᠠ ᠶᠢ ᠬᠠᠮᠠᠭᠠᠯᠠᠬᠤ ᠵᠢᠷᠤᠮᠵᠢᠯ ᠵᠡᠷᠭᠡ ᠵᠢᠷᠤᠮᠵᠢᠯ ᠤᠨ ᠲᠦᠷᠢᠮ ᠢ ᠨᠠᠶᠢᠷᠠᠭᠤᠯᠤᠨ ᠵᠣᠬᠢᠶᠠᠪᠠ᠂ ᠵᠢᠱᠢᠶᠡᠯᠡᠪᠡᠯ ᠨᠡᠭᠡᠭᠡᠨ ᠬᠥᠭᠵᠢᠭᠦᠯᠬᠦ ᠺᠣᠮᠫᠠᠨᠢ ᠲᠠᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠣᠭᠲᠠᠬᠤ ᠶᠢᠨ ᠬᠠᠮᠲᠤ᠂ ᠰᠢᠰᠲ᠋ᠧᠮ ᠤᠨ ᠨᠡᠭᠡᠭᠡᠨ ᠬᠥᠭᠵᠢᠭᠦᠯᠦᠯᠲᠡ ᠵᠢᠴᠢ ᠠᠵᠢᠯᠯᠠᠭᠤᠯᠵᠤ ᠬᠠᠮᠠᠭᠠᠯᠠᠬᠤ ᠳᠤ ᠣᠷᠣᠯᠴᠠᠭᠰᠠᠨ ᠪᠣᠶ ᠪᠥᠬᠦᠶ ᠮᠡᠷᠭᠡᠵᠢᠯ ᠤᠨ ᠠᠵᠢᠯᠲᠠᠨ ᠢ ᠴᠥᠮ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ ᠲᠣᠭᠲᠠᠬᠤ ᠶᠢ ᠱᠠᠭᠠᠷᠳᠠᠪᠠ︔ ᠲᠤᠭ᠎ᠠ ᠪᠠᠷᠢᠮᠲᠠ ᠳᠤ ᠬᠤᠯᠪᠣᠭᠳᠠᠭᠰᠠᠨ ᠳᠠᠮᠵᠢᠭᠤᠯᠬᠤ ᠰᠣᠯᠢᠯᠴᠠᠭ᠎ᠠ ᠶᠢ ᠡᠷᠬᠡᠪᠰᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ ᠶᠠᠪᠤᠭᠳᠠᠭᠤᠯᠵᠤ᠂ ᠢᠨᠲ᠋ᠧᠷ ᠰᠦᠯᠵᠢᠶᠡᠨ ᠤ ᠣᠷᠴᠢᠨ ᠲᠣᠭᠤᠷᠢᠨ ᠤ ᠳᠠᠮᠵᠢᠭᠤᠯᠬᠤ ᠲᠤᠭ᠎ᠠ ᠪᠠᠷᠢᠮᠲᠠ ᠳᠤ ᠣᠷᠣᠰᠢᠵᠤ ᠪᠠᠶᠢᠭ᠎ᠠ ᠯᠡᠪᠡᠷᠡᠬᠦ ᠲᠦᠭᠰᠢᠭᠦᠷᠢ ᠵᠡᠷᠭᠡ ᠶᠢ ᠲᠠᠰᠤ ᠬᠤᠷᠢᠭᠯᠠᠵᠤ᠂ ᠵᠣᠯᠭᠠᠭᠤᠯᠬᠤ ᠲᠤᠭ᠎ᠠ ᠪᠠᠷᠢᠮᠲᠠ ᠶᠢᠨ ᠡᠬᠢ ᠰᠤᠷᠪᠤᠯᠵᠢ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃      12. ᠬᠥᠲᠥᠯᠥᠭᠴᠢ      ᠣᠳᠣᠬᠠᠨ ᠳᠤ᠂ ᠮᠠᠨ ᠤ ︽ᠠᠶ ᠴᠢᠩ ᠴᠧᠩ︾ APP ᠶᠢ ᠨᠢᠭᠡᠨᠲᠡ ᠵᠢᠩᠬᠢᠨᠢ ᠪᠠᠷ ᠰᠦᠯᠵᠢᠶᠡᠨ ᠳᠤ ᠨᠡᠶᠢᠲᠡᠯᠡᠵᠦ ᠪᠠᠶᠢᠨ᠎ᠠ᠂ ᠤᠬᠠᠭᠤᠯᠤᠨ ᠳᠡᠯᠭᠡᠷᠡᠭᠦᠯᠬᠦ ᠲᠠᠯ᠎ᠠ ᠪᠠᠷ ᠶᠠᠮᠠᠷ ᠲᠥᠯᠥᠪᠯᠡᠭᠡ ᠲᠣᠬᠢᠷᠠᠭᠤᠯᠤᠯᠲᠠ ᠲᠠᠢ ᠪᠣᠶ︖      13. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ ᠬᠥᠬᠡᠬᠤᠲᠠ ᠶᠢᠨ ᠠᠩᠬᠠᠳᠠᠭᠴᠢ ᠬᠤᠲᠠ ᠶᠢᠨ ᠲᠠᠰ ᠤᠨ APP ᠪᠣᠯᠤᠭᠰᠠᠨ ᠤ ᠬᠤᠪᠢ ᠳᠤ᠂ ᠬᠡᠷᠬᠢᠨ ᠨᠠᠩ ᠣᠯᠠᠨ ᠬᠤᠲᠠ ᠶᠢᠨ ᠠᠷᠠᠳ ᠲᠤ ᠤᠬᠠᠭᠤᠯᠭ᠎ᠠ ᠬᠢᠵᠦ᠂ ᠦᠢᠯᠡᠴᠢᠯᠡᠭᠡ ᠬᠠᠩᠭᠠᠵᠤ᠂ ᠰᠠᠶᠢᠨ ᠦᠨᠡᠯᠡᠯᠲᠡ ᠶᠢ ᠬᠥᠷᠲᠡᠬᠦ ᠪᠣᠯ ᠮᠠᠨ ᠤ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠮᠥᠨ᠃ ᠡᠶᠢᠮᠦ ᠠᠴᠠ ᠪᠢᠳᠡ ᠭᠤᠷᠪᠠᠨ ᠲᠠᠯ᠎ᠠ ᠪᠠᠷ ᠠᠵᠢᠯ ᠢᠶᠠᠨ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃      ᠨᠢᠭᠡ ᠨᠢ ᠤᠬᠠᠭᠤᠯᠭ᠎ᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠶᠢᠨ ᠰᠦᠯᠵᠢᠶᠡᠨ ᠳᠤ ᠭᠠᠷᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠭᠤᠴᠢᠯᠠᠭᠤᠷ ᠤᠨ ᠬᠦᠴᠦᠨ ᠢ ᠠᠰᠢᠭᠯᠠᠨ᠂ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ ᠤᠬᠠᠭᠤᠯᠤᠨ ᠮᠡᠳᠡᠭᠡᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ︽ᠠᠶ ᠴᠢᠩ ᠴᠧᠩ︾ APP ᠨᠢ ᠶᠠᠭᠤ ᠪᠣᠯᠬᠤ᠂ ᠶᠠᠮᠠᠷ ᠲᠥᠬᠦᠮ ᠨᠥᠬᠦᠴᠡᠯ ᠠᠪᠴᠢᠷᠠᠵᠤ ᠳᠡᠶᠢᠯᠬᠦ᠂ ᠬᠡᠷᠬᠢᠨ ᠪᠠᠭᠤᠯᠭᠠᠵᠤ ᠠᠪᠬᠤ ᠶᠢ ᠬᠦᠬᠡᠬᠤᠲᠠ ᠶᠢᠨ ᠠᠷᠠᠳ ᠲᠤ ᠲᠦᠷᠭᠡᠨ ᠣᠶᠢᠯᠠᠭᠠᠭᠤᠯᠵᠤ᠂ ᠨᠠᠩ ᠣᠯᠠᠨ ᠬᠤᠲᠠ ᠶᠢᠨ ᠠᠷᠠᠳ ᠲᠤ ︽ᠠᠶ ᠴᠢᠩ ᠴᠧᠩ︾ APP ᠶᠢ ᠲᠠᠨᠢᠭᠤᠯᠵᠤ ᠲᠡᠳᠡᠨ ᠲᠠᠢ ᠣᠶᠢᠷᠠᠲᠤᠭᠤᠯᠤᠨ᠎ᠠ᠃      ᠬᠤᠶᠠᠷ ᠲᠤ ᠬᠡᠷᠡᠭᠯᠡᠭᠡᠨ ᠤ ᠲᠠᠯ᠎ᠠ ᠪᠠᠷ᠃ ᠪᠢᠳᠡ ᠨᠢᠭᠡ ᠪᠦᠯᠦᠭ ᠥᠨᠳᠥᠷ ᠲᠠᠪᠳᠠᠮᠵᠢᠳᠤ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ ᠰᠦᠯᠵᠢᠶᠡᠨ ᠳᠤ ᠵᠠᠯᠭᠠᠬᠤ ᠶᠢ ᠲᠦᠷᠭᠡᠳᠬᠡᠨ᠎ᠡ᠂ ᠵᠢᠱᠢᠶᠡᠯᠡᠪᠡᠯ᠄ ᠰᠢᠯᠭᠠᠯᠲᠠ ᠳᠤ ᠨᠡᠷ᠎ᠡ ᠮᠡᠳᠡᠭᠦᠯᠬᠦ᠂ ᠤᠷᠤᠯᠳᠤᠭᠠᠨ ᠤ ᠶᠠᠪᠤᠳᠠᠯ ᠳᠤ ᠨᠡᠷ᠎ᠡ ᠮᠡᠳᠡᠭᠦᠯᠬᠦ᠂ ᠬᠢᠷᠢ ᠪᠦᠲᠦᠮᠵᠢ ᠶᠢ ᠯᠠᠪᠯᠠᠬᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠯᠠᠪᠯᠠᠬᠤ ᠵᠡᠷᠭᠡ︔ ᠪᠠᠰᠠ ᠡᠯ᠎ᠡ ᠬᠤᠯᠪᠣᠭᠳᠠᠯ ᠪᠥᠬᠦᠶ ᠨᠢᠭᠡᠴᠡ᠂ ᠰᠠᠯᠠᠭ᠎ᠠ ᠮᠥᠴᠢᠷ ᠲᠠᠢ ᠬᠠᠮᠵᠢᠯᠴᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠢᠭᠡ ᠪᠦᠯᠦᠭ ᠬᠠᠯᠠᠮᠰᠢᠯ ᠠᠵᠢᠯᠯᠠᠭ᠎ᠠ ᠶᠢ ᠰᠦᠯᠵᠢᠶᠡᠨ ᠳᠤ ᠭᠠᠷᠭᠠᠨ᠎ᠠ᠂ ᠵᠢᠱᠢᠶᠡᠯᠡᠪᠡᠯ᠄ ᠬᠡᠷᠡᠯ ᠵᠢᠷᠤᠭ ᠤᠨ ᠤᠷᠤᠯᠳᠤᠭᠠᠨ᠂ ᠡᠬᠡ ᠪᠢᠴᠢᠭ ᠡᠯᠰᠡᠬᠦ ᠤᠷᠤᠯᠳᠤᠭᠠᠨ ᠵᠡᠷᠭᠡ᠂ ᠡᠲᠡᠭᠡᠷ ᠥᠨᠳᠥᠷ ᠳᠠᠪᠲᠠᠮᠵᠢ ᠶᠢᠨ ᠬᠡᠷᠡᠭᠯᠡᠭᠡ ᠪᠠ ᠬᠠᠯᠠᠮᠰᠢᠯ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠤ᠂ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠥᠷᠭᠡᠨ ᠣᠯᠠᠨ ᠬᠤᠲᠠ ᠶᠢᠨ ᠠᠷᠠᠳ ᠤᠨ ︽ᠠᠮᠠ ᠪᠠᠷ ᠤᠯᠠᠮᠵᠢᠯᠠᠬᠤ︾ ᠬᠦᠴᠦᠷᠬᠡᠭ ᠶᠡᠭᠡ ᠤᠬᠠᠭᠤᠯᠭ᠎ᠠ ᠶᠢᠨ ᠬᠦᠴᠦᠨ ᠳᠤ ᠲᠦᠰᠢᠭᠯᠡᠨ᠂ ᠬᠡᠷᠡᠭᠯᠡᠭᠴᠢ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃      ᠭᠤᠷᠪᠠ ᠳᠤ ᠲᠣᠭᠲᠠᠴᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠳᠤ ᠲᠤᠰᠬᠠᠶᠢᠯᠠᠨ ︽ᠦ ᠡᠷᠢᠬᠦ ᠲᠣᠭᠲᠠᠴᠠ︾ ᠭᠠᠷᠭᠠᠵᠤ᠂ ᠥᠷᠭᠡᠨ ᠣᠯᠠᠨ ᠪᠠᠭᠤᠯᠭᠠᠨ ᠠᠪᠬᠤ ᠶᠢ ᠪᠡᠶᠡᠴᠢᠯᠡᠨ ᠣᠶᠢᠯᠠᠭᠠᠬᠤ ᠬᠡᠷᠡᠭᠯᠡᠭᠴᠢᠳ ᠲᠤ ᠬᠠᠷᠢᠭᠤ ᠲᠤᠰᠬᠠᠬᠤ ᠠᠷᠭ᠎ᠠ ᠵᠠᠮ ᠨᠡᠭᠡᠭᠡᠨ ᠥᠭᠴᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠴᠤᠭᠯᠠᠭᠤᠯᠵᠤ᠂ ᠰᠠᠨᠠᠯ ᠢ ᠦᠨᠳᠦᠰᠦᠯᠡᠨ ᠲᠠᠰᠤᠷᠠᠯᠲᠠ ᠥᠬᠡᠶ ᠰᠢᠨᠡᠳᠬᠡᠵᠦ᠂ APP ᠶᠢᠨ ᠴᠢᠳᠠᠪᠬᠢ ᠶᠢ ᠲᠠᠰᠤᠷᠠᠯᠲᠠ ᠥᠬᠡᠶ ᠪᠠᠶᠠᠯᠢᠭᠵᠢᠭᠤᠯᠬᠤ ᠶᠢᠨ ᠤᠯᠠᠮ ᠠᠴᠠ ᠦᠢᠯᠡᠴᠢᠯᠡᠭᠡᠨ ᠤ ᠶᠠᠪᠤᠴᠠ ᠶᠢ ᠨᠠᠩ ᠰᠠᠶᠢᠨ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠲᠦᠮᠡᠨ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠥᠨᠳᠥᠷ ᠦᠷ᠎ᠡ ᠪᠦᠲᠦᠮᠵᠢ᠂ ᠤᠶᠤᠨᠴᠢᠯᠠᠯᠲᠠ ᠪᠠ ᠳᠥᠭᠦᠮ ᠳᠥᠲᠡᠴᠢᠯᠡᠯᠲᠡ ᠶᠢ ᠦᠨᠡᠨ ᠬᠦ ᠮᠡᠳᠡᠷᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠯᠤᠭ᠎ᠠ ᠶᠢᠨ ︽ᠰᠠᠶᠢᠨ ᠦᠢᠯᠡᠳᠦᠯᠴᠡᠯ︾ ᠢ ᠪᠣᠶ ᠪᠣᠯᠭᠠᠵᠤ᠂ ᠬᠥᠬᠡᠬᠤᠲᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      14. ᠬᠠᠮᠢᠶᠠᠷᠤᠭᠴᠢ      ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ ᠤᠶᠤᠨᠲᠤ ᠬᠥᠬᠡ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠹᠠᠨ ᡁᠢ ᠮᠢᠨ ᠶᠡᠷᠦᠩᠬᠡᠶ ᠳᠠᠭᠠᠭᠠᠮᠠᠯ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠪᠠ ᠣᠷᠣᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号