ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ 28 ᠤ ᠡᠳᠦᠷ ᠪᠡᠭᠡᠵᠢᠩ ᠳᠤ ᠢᠯᠡᠷᠬᠡᠶᠢᠯᠡᠬᠦ ᠳᠡᠭᠡᠨ᠄ 2011 ᠣᠨ ᠳᠤ ︽ | ᠰᠣᠭᠲᠣᠭᠤ ᠪᠠᠷ ᠲᠡᠷᠭᠡ ᠵᠢᠯᠤᠭᠤᠳᠬᠤ ᠶᠢ ᠡᠷᠡᠭᠦᠦ ᠰᠢᠢᠳᠭᠡᠯ ᠳᠤ ᠤᠷᠤᠭᠤᠯᠤᠬᠰᠠᠨ︾ ᠠᠴᠠ ᠨᠠᠰᠢ᠂ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠶᠢᠭᠤᠯᠤᠯᠭ᠎ᠠ ᠶᠢᠨ ᠬᠢᠨ ᠠᠵᠢᠯ ᠬᠤᠪᠢᠶᠠᠷᠢᠯᠠᠨ ᠬᠠᠮᠵᠢᠯᠴᠠᠵᠤ᠂ | ᠨᠢᠭᠲᠠ ᠬᠠᠮᠵᠢᠯᠴᠠᠨ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠬᠦᠯᠦᠨ ᠬᠠᠤᠯᠢ | ᠴᠠᠭᠠᠵᠠ ᠶᠢᠨ ᠠᠮᠢᠵᠢᠷᠠᠯ ᠤᠨ ᠬᠦᠴᠦᠨ ᠪᠠ ᠡᠷᠬᠡ ᠰᠦᠷ ᠢ ᠬᠠᠮᠠᠭᠠᠯᠠᠵᠤ᠂ ᠢᠯᠡᠳᠲᠡ ᠦᠷ᠎ᠡ ᠪᠦᠲᠦᠮᠵᠢ ᠤᠯᠪᠠ᠃ | ︽ᠠᠷᠢᠬᠢ ᠤᠤᠭᠤᠬᠰᠠᠨ ᠬᠤᠶᠢᠨ᠎ᠠ ᠲᠡᠷᠭᠡ ᠵᠢᠯᠤᠭᠤᠳᠬᠤ ᠦᠭᠡᠢ ᠪᠠᠶᠢᠬᠤ︾ ᠨᠢ ᠡᠳᠦᠷ ᠢᠷᠡᠬᠦᠶ᠎ᠡ ᠣᠯᠠᠨ | ᠲᠦᠮᠡᠨ ᠤ ᠤᠬᠠᠮᠰᠠᠷᠲᠤ ᠦᠢᠯᠡ ᠠᠵᠢᠯᠯᠠᠭ᠎ᠠ ᠪᠣᠯᠵᠤ᠂ ᠨᠡᠶᠢᠭᠡᠮ ᠤᠨ ᠨᠡᠶᠢᠳᠡᠮ ᠮᠡᠳᠡᠷᠡᠬᠦ ᠪᠠ ᠳᠡᠮᠵᠢᠬᠦ ᠪᠣᠯᠪᠠᠰᠤᠨ | ᠪᠠᠷᠢᠮᠵᠢᠶ᠎ᠠ ᠪᠠ ᠬᠠᠤᠯᠢ ᠪᠠᠷ ᠵᠠᠰᠠᠬᠤ ᠳᠦᠷᠢᠮ ᠪᠣᠯᠤᠭᠰᠠᠨ ᠪᠠᠶᠢᠨ᠎ᠠ᠃ 2020 ᠣᠨ ᠳᠤ ᠵᠢᠭᠰᠠᠭᠠᠨ | ᠪᠠᠶᠢᠴᠠᠭᠠᠬᠰᠠᠨ ᠵᠠᠭᠤᠨ ᠲᠡᠷᠭᠡ ᠪᠦᠷᠢ ᠶᠢᠨ ᠰᠣᠭᠲᠣᠭᠤ ᠪᠠᠷ ᠲᠡᠷᠭᠡ ᠵᠢᠯᠤᠭᠤᠳᠤᠬᠰᠠᠨ ᠬᠠᠷᠢᠴᠠᠯ ᠨᠢ ︽ | ᠰᠣᠭᠲᠣᠭᠤ ᠪᠠᠷ ᠲᠡᠷᠭᠡ ᠵᠢᠯᠤᠭᠤᠳᠬᠤ ᠶᠢ ᠡᠷᠡᠭᠦᠦ ᠰᠢᠢᠳᠭᠡᠯ ᠳᠤ ᠤᠷᠤᠭᠤᠯᠬᠤ︾ ᠠᠴᠠ ᠡᠮᠦᠨᠡᠬᠢ ᠠᠴᠠ ᠪᠠᠨ 70 | % ᠠᠴᠠ ᠳᠡᠭᠡᠭᠰᠢ ᠪᠠᠷ ᠪᠠᠭᠠᠰᠴᠠᠢ᠃ ᠮᠠᠰᠢᠨ ᠲᠡᠷᠭᠡ᠂ ᠵᠢᠯᠣᠭᠤᠴᠢ ᠶᠢᠨ ᠲᠤᠭ᠎ᠠ ᠵᠢᠯ ᠪᠦᠷᠢ ᠳᠤᠮᠳᠠᠴᠢ ᠪᠠᠷ | 1800 ᠲᠦᠮᠡ ᠪᠠ 2600 ᠲᠦᠮᠡᠨ ᠬᠥᠮᠦᠨ ᠤ ᠲᠦᠷᠭᠡᠨ ᠬᠤᠷᠳᠤᠴᠠ ᠪᠠᠷ ᠨᠡᠮᠡᠭᠳᠡᠬᠦ ᠶᠢ ᠪᠠᠲᠤᠯᠠᠭᠰᠠᠨ ᠪᠠᠶᠢᠳᠠᠯ | ᠳᠣᠣᠷ᠎ᠠ᠂ ᠠᠷᠪᠠᠨ ᠵᠢᠯ ᠤᠨ ᠲᠤᠷᠰᠢ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ | ᠲᠡᠷᠭᠡ ᠵᠢᠯᠣᠭᠤᠳᠤᠭᠰᠠᠨ ᠠᠴᠠ ᠪᠣᠯᠤᠭᠰᠠᠨ ᠦᠬᠦᠵᠦ ᠰᠢᠷᠬᠠᠳᠤᠬᠤ ᠠᠳᠡᠯ 2 ᠲᠦᠮᠡ ᠭᠠᠷᠤᠶ ᠪᠠᠭᠠᠰᠴᠤ᠂ ᠲᠦᠮᠡ | ᠭᠠᠷᠤᠶ ᠭᠡᠷ ᠪᠦᠯᠢ ᠶᠢ ᠳᠠᠬᠢᠨ ᠶᠠᠳᠠᠭᠤᠷᠠᠬᠤ ᠠᠴᠠ ᠬᠡᠯᠲᠦᠷᠢᠭᠦᠯᠪᠡ ᠬᠡᠵᠡᠢ᠃ ︵ᠰᠤᠷᠪᠤᠯᠵᠢᠯᠠᠭᠴᠢ ᠷᠧᠨ ᠴᠢᠨ ᠴᠢᠨ︶ | |