ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠤᠴᠢᠷ ᠶᠠᠪᠤᠳᠠᠯ ᠪᠦᠲᠦᠭᠡᠵᠦ ᠳᠡᠶᠢᠯᠬᠦ ᠥᠬᠡᠶ︾ ᠲᠤᠰᠬᠠᠯ ᠤᠨ ᠴᠣᠩᠬᠤ ᠨᠡᠮᠡᠪᠡ
ᠨᠡᠶᠢᠲᠡᠯᠡᠭᠰᠡᠨ ᠴᠠᠭ᠄
2021/5/6
     ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠶᠢᠲᠤ ᠶᠡᠭᠡ ᠲᠢᠩᠬᠢᠮ ᠪᠠ ᠡᠮᠦᠨ᠎ᠡ ᠶᠡᠭᠡ ᠲᠢᠩᠬᠢᠮ ᠨᠢ ᠤᠤᠯ ᠤᠨ ︽ᠲᠠᠨ ᠢ ᠬᠠᠪᠰᠤᠷᠤᠨ ᠭᠦᠢᠴᠡᠳᠭᠡᠬᠦ︾ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠤᠨ ᠰᠠᠭᠤᠷᠢᠨ ᠳᠡᠭᠡᠷ᠎ᠡ ︽ᠠᠵᠢᠯ ᠶᠠᠪᠤᠳᠠᠯ ᠪᠦᠲᠦᠭᠡᠵᠦ ᠳᠡᠶᠢᠯᠬᠦ ᠥᠬᠡᠶ︾ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠢ ᠰᠢᠨ᠎ᠡ ᠪᠠᠷ ᠪᠠᠶᠢᠭᠤᠯᠵᠤ᠂ ᠠᠵᠢᠯ ᠶᠠᠪᠤᠳᠠᠯ ᠰᠢᠢᠳᠪᠦᠷᠢᠯᠡᠬᠦ ᠳᠤ ᠰᠠᠭᠠᠳ ᠤᠴᠠᠷᠠᠭᠰᠠᠨ ᠠᠵᠤ ᠠᠬᠤᠶᠢᠯᠠᠯ ᠪᠠ ᠠᠷᠠᠳ ᠢᠷᠭᠡᠳ ᠲᠤ ᠨᠠᠩ ᠲᠦᠷᠭᠡᠨ ᠰᠢᠢᠳᠪᠦᠷᠢᠯᠡᠬᠦ ᠠᠷᠭ᠎ᠠ ᠵᠠᠮ ᠬᠠᠩᠭᠠᠭᠰᠠᠨ ᠪᠠᠶᠢᠨ᠎ᠠ᠃ ᠪᠦᠲᠦᠭᠡᠵᠦ ᠳᠡᠶᠢᠯᠬᠦ ᠥᠬᠡᠶ ᠶᠠᠪᠤᠳᠠᠯ ᠭᠡᠳᠡᠭ ᠨᠢ ᠠᠵᠢᠯ ᠶᠠᠪᠤᠳᠠᠯ ᠭᠦᠢᠴᠡᠳᠭᠡᠬᠦ ᠳᠤ ᠣᠯᠠᠨ ᠲᠦᠮᠡᠨ ᠭᠤᠶᠤᠴᠢᠯᠠᠯ ᠤᠨ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠲᠤᠰᠢᠶᠠᠭᠰᠠᠨ ᠤ ᠳᠠᠷᠠᠭ᠎ᠠ᠂ ᠠᠮᠵᠢᠯᠲᠠ ᠲᠠᠢ ᠪᠠᠷ ᠰᠢᠢᠳᠪᠦᠷᠢᠯᠡᠵᠦ ᠳᠡᠶᠢᠯᠦᠭᠰᠡᠨ ᠥᠬᠡᠶ᠂ ᠠᠮᠵᠢᠯᠲᠠ ᠲᠠᠢ ᠪᠠᠷ ᠬᠢᠨᠠᠨ ᠵᠥᠪᠰᠢᠶᠡᠷᠡᠵᠦ ᠳᠡᠶᠢᠯᠦᠭᠰᠡᠨ ᠥᠬᠡᠶ ᠪᠤᠶᠤ ᠣᠯᠠᠨ ᠲᠦᠮᠡᠨ ᠣᠯᠠᠨ ᠤᠳᠠᠭ᠎ᠠ ᠶᠡᠭᠡ ᠲᠢᠩᠬᠢᠮ ᠳᠤ ᠭᠦᠶᠦᠭᠰᠡᠨ ᠪᠠ ᠵᠠᠰᠠᠭ ᠤᠨ ᠣᠷᠳᠣᠨ ᠤ ᠪᠤᠰᠤᠳ ᠰᠠᠯᠠᠭ᠎ᠠ ᠮᠥᠴᠢᠷ ᠲᠤ ᠴᠥᠮ ᠰᠢᠢᠳᠪᠦᠷᠢᠯᠡᠵᠦ ᠳᠡᠶᠢᠯᠦᠭᠰᠡᠨ ᠥᠬᠡᠶ ᠠᠰᠠᠭᠤᠳᠠᠯ ᠢ ᠵᠢᠭᠠᠵᠤ ᠪᠣᠶ᠃ ᠡᠳᠡᠭᠡᠷ ᠶᠠᠪᠤᠳᠠᠯ ᠨᠢ ᠬᠠᠤᠯᠢ ᠴᠠᠭᠠᠵᠠ ᠶᠢᠨ ᠬᠢᠵᠠᠭᠠᠷᠯᠠᠯ ᠠᠴᠠ ᠪᠣᠯᠤᠭᠰᠠᠨ ᠪᠠᠶᠢᠵᠤ ᠮᠡᠳᠡᠨ᠎ᠡ᠂ ᠴᠣᠩᠬᠤᠨ ᠤ ᠦᠢᠯᠡᠴᠢᠯᠡᠭᠡ ᠪᠦᠷᠢᠨ ᠪᠤᠰᠤ ᠵᠡᠷᠭᠡ ᠠᠴᠠ ᠪᠣᠯᠤᠭᠰᠠᠨ ᠪᠠᠶᠢᠵᠤ ᠮᠡᠳᠡᠨ᠎ᠡ᠃ ᠬᠡᠷᠡᠭ ᠡᠷᠬᠢᠯᠡᠬᠦ ᠠᠵᠤ ᠠᠬᠤᠶᠢᠯᠠᠯ ᠪᠠ ᠤᠯᠠᠨ ᠲᠦᠮᠡᠨ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ ᠳᠡᠭᠡᠷ᠎ᠡ ᠡᠳᠡᠭᠡᠷ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠠᠰᠠᠭᠤᠳᠠᠯ ᠢ ᠲᠤᠰᠬᠠᠵᠤ᠂ ᠠᠵᠢᠯᠳᠠᠨ ᠠᠴᠠ ᠡᠨᠡ ᠬᠡᠰᠡᠭ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠤᠷᠢᠶᠠᠩᠭᠤᠶᠢᠯᠠᠬᠤ ᠶᠢᠨ ᠬᠠᠮᠲᠤ ᠨᠠᠷᠢᠨ ᠬᠢᠨᠠᠮᠠᠭᠠᠶ ᠡᠮᠬᠢᠯᠡᠨ ᠲᠢᠭᠯᠡᠵᠦ᠂ ᠰᠢᠯᠲᠠᠭᠠᠨ ᠢ ᠨᠢ ᠵᠠᠳᠠᠯᠵᠤ᠂ ᠵᠣᠬᠢᠴᠠᠭᠤᠯᠤᠨ  ᠰᠢᠢᠳᠪᠦᠷᠢᠯᠡᠵᠦ᠂ ᠡᠭᠦᠨ ᠤ ᠤᠯᠠᠮ ᠠᠴᠠ ᠬᠡᠷᠡᠭ ᠡᠷᠬᠢᠯᠡᠬᠦ ᠠᠵᠤ ᠠᠬᠤᠶᠢᠯᠠᠯ ᠪᠠ ᠤᠯᠠᠨ ᠲᠦᠮᠡᠨ ᠢ ︽ᠳᠤᠲᠠᠭᠤ ᠭᠦᠶᠦᠯᠭᠡᠵᠦ᠂ ᠤᠴᠢᠷ ᠶᠠᠪᠤᠳᠠᠯ ᠢ ᠪᠦᠲᠦᠭᠡᠬᠦ︾ ᠵᠣᠷᠢᠯᠭ᠎ᠠ ᠳᠤ ᠬᠦᠷᠦᠭᠦᠯᠬᠦ ᠬᠡᠷᠡᠭᠲᠡᠶ᠃
     ᠢᠦᠢ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠪᠢ ᠤᠯᠠᠨ ᠲᠦᠮᠡᠨ ᠤ ᠲᠥᠯᠥᠭᠡ ᠪᠣᠳᠠᠲᠠᠢ ᠠᠵᠢᠯᠯᠠᠭ᠎ᠠ ᠬᠢᠵᠦ᠂ ᠵᠣᠷᠢᠭ ᠰᠢᠭᠤᠳᠤᠨ ᠤᠯᠠᠨ ᠲᠦᠮᠡᠨ᠂ ᠠᠵᠤ ᠠᠬᠤᠶᠢᠯᠠᠯ ᠤᠨ ᠲᠤᠰᠬᠠᠭᠰᠠᠨ ︿ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ﹀ ᠠᠰᠠᠭᠤᠳᠠᠯ ᠢ ᠰᠢᠢᠳᠪᠦᠷᠢᠯᠡᠵᠦ᠂ ᠲᠡᠷᠢᠭᠦᠨ ᠤ ᠭᠠᠵᠠᠷ ᠣᠷᠣᠨ ᠤ ᠠᠷᠭ᠎ᠠ ᠬᠢᠳᠡᠯ ᠢᠶᠠᠷ ᠲᠤᠯᠢ ᠪᠣᠯᠭᠠᠵᠤ᠂ ᠢᠳᠡᠪᠬᠢᠲᠡᠢ ᠪᠠᠷ ᠠᠷᠭ᠎ᠠ ᠰᠦᠪᠡᠭᠴᠢᠯᠡᠵᠦ ᠪᠠᠶᠢᠭᠠᠳ ᠤᠯᠠᠨ ᠲᠦᠮᠡᠨ ᠢ ᠳᠤᠲᠠᠭᠤ ᠭᠦᠶᠦᠯᠭᠡᠵᠦ᠂ ᠤᠴᠢᠷ ᠶᠠᠪᠤᠳᠠᠯ ᠢ ᠪᠦᠲᠦᠭᠡᠵᠦ᠂ ᠦᠢᠯᠡᠴᠢᠯᠡᠭᠡᠨ ᠤ ᠠᠵᠤ ᠠᠬᠤᠶᠢᠯᠠᠯ ᠪᠣᠯᠤᠨ ᠤᠯᠠᠨ ᠲᠦᠮᠡᠨ ᠤ ︿ᠡᠴᠦᠰ ᠤᠨ ᠨᠢᠭᠡ ᠺᠢᠯᠣᠮᠧᠲᠷ﹀ ᠢ ᠦᠨᠡᠨᠬᠦ ᠰᠠᠶᠢᠲᠤᠷ ᠰᠢᠢᠳᠪᠦᠷᠢᠯᠡᠪᠡ᠃ ᠬᠤᠶᠢᠰᠢᠳᠠ᠂ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠳᠤ ᠬᠠᠪᠰᠤᠷᠤᠯᠭ᠎ᠠ ᠦᠵᠡᠭᠦᠯᠵᠦ᠂ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠶᠢ ᠬᠡᠷᠡᠭᠵᠢᠭᠦᠯᠦᠨ᠎ᠡ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠴᠠᠭ ᠤᠨ ᠬᠢᠵᠠᠭᠠᠷ ᠢ ᠴᠢᠩᠳᠠᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠪᠡᠶᠡᠴᠢᠯᠡᠨ ᠣᠶᠢᠯᠠᠭᠠᠬᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠴᠢᠷ ᠶᠠᠪᠤᠳᠠᠯ ᠪᠦᠲᠦᠭᠡᠬᠦ ᠳᠤ ᠬᠥᠮᠦᠨ ᠢ ᠬᠥᠭᠡᠭᠡᠴᠡᠯᠳᠦᠬᠦ ᠦᠭᠡᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃
 
ᠢᠷᠡᠯᠲᠡ᠄ ᠢᠦᠢ ᠴᠢᠦᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号