ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ᠂ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠬᠠᠷᠢᠭᠤᠴᠠᠯᠭᠠᠲᠠᠨ ᠯᠢ ᠮᠧᠶ᠂ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠠᠯᠢᠭ | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ | ᠪᠣᠯᠤᠨ᠎ᠠ᠂ ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠢ | ᠴᠢᠬᠤᠯᠠ ᠨᠢᠭᠡ ᠵᠢᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠡᠨᠡ ᠵᠢᠯ ᠤᠨ ᠪᠦᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷ᠎ᠡ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠳᠤ | ᠦᠢᠯᠡᠴᠢᠯᠡᠬᠦ ᠠᠷᠠᠯ ᠤᠨ ᠨᠤᠮᠤᠬᠠᠨ ᠱᠠᠷ᠂ ᠰᠢᠨ᠎ᠡ ᠶᠢ ᠡᠭᠦᠳᠴᠦ ᠬᠦᠭᠵᠢᠬᠦᠯᠬᠦ ᠠᠳᠠᠷ ᠬᠠᠭᠠᠯᠪᠤᠷᠢᠯᠠᠬᠤ ᠦᠬᠡᠷ᠂ | ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠠᠷᠠᠯ ᠤᠨ ᠱᠠᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠴᠦᠰ ᠲᠤᠨᠢ | ᠲᠤᠯᠲᠠᠯ᠎ᠠ ᠪᠣᠯᠭᠤᠮᠵᠢᠯᠠᠬᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠬᠤ ᠬᠤᠷᠴᠠ ᠰᠡᠷᠭᠡᠭ ᠲᠠᠷᠢᠬᠢ | ᠲᠣᠯᠣᠭᠠᠶ ᠪᠠᠨ ᠡᠭᠦᠷᠢᠳᠡ ᠬᠠᠳᠠᠭᠠᠯᠠᠵᠤ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠷᠡᠰ ᠰᠢᠭᠤᠷᠬᠠᠶ ᠪᠠᠷ | ᠤᠷᠤᠭᠰᠢᠯᠠᠨ ᠲᠠᠪᠰᠢᠬᠤ ᠲᠡᠮᠡᠴᠡᠯ ᠤᠨ ᠬᠠᠳᠠᠨ ᠵᠣᠷᠢᠭ ᠢᠶᠠᠨ ᠡᠭᠦᠷᠢᠳᠡ ᠬᠠᠳᠠᠭᠠᠯᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠢᠶᠠᠷ ᠡᠷᠡᠯᠬᠡᠭᠯᠡᠨ | ᠤᠷᠤᠭᠰᠢᠯᠠᠬᠤ ᠬᠡᠷᠡᠭᠲᠡᠶ᠃ ︽ᠠᠷᠠᠳ ᠲᠦᠮᠡᠨ ᠳᠤ ᠦᠢᠯᠡᠴᠢᠯᠡᠬᠦ︾ ᠪᠣᠯ ᠠᠷᠠᠯ ᠤᠨ ᠨᠤᠮᠤᠬᠠᠨ ᠱᠠᠷ᠂ ᠠᠷᠠᠳ ᠤᠨ | ᠰᠢᠳᠤᠷᠭᠤ ᠵᠠᠷᠤᠴᠠ ᠶᠢᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠᠶᠢᠵᠤ᠂ ᠳᠤᠮᠳᠠᠳᠤ ᠤᠯᠤᠰ ᠤᠨ | ᠡᠪ ᠬᠠᠮᠲᠤᠴᠤᠳ ᠤᠨ ᠲᠤᠷᠠᠳᠠᠶᠢᠶ᠎ᠠ ᠠᠷᠠᠳ ᠲᠦᠮᠡᠨ ᠤ ᠲᠥᠯᠥᠭᠡ ᠵᠢᠳᠬᠦᠬᠦ ᠤᠭ ᠰᠠᠨᠠᠭ᠎ᠠ᠂ ᠠᠷᠢᠭᠤᠨ ᠴᠠᠭᠠᠨ | ᠰᠡᠳᠬᠢᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃ ᠲᠡᠭᠡᠪᠡᠯ ᠮᠠᠨ ᠤ | ᠣᠷᠣᠨ ᠤ ᠲᠥᠪ ᠤᠨ ᠡᠳ᠋ ᠤᠨ ᠵᠠᠰᠠᠭ ᠨᠢ ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠳᠤᠮᠳᠠ ᠶᠠᠮᠠᠷ ᠶᠠᠮᠠᠷ | ᠰᠢᠨ᠎ᠡ ᠠᠬᠢᠴᠠ ᠪᠠ ᠰᠢᠨ᠎ᠡ ᠠᠮᠵᠢᠯᠲᠠ ᠣᠯᠤᠭᠰᠠᠨ ᠪᠤᠢ︖ ᠪᠠᠰᠠ ᠶᠠᠮᠠᠷ ᠶᠠᠮᠠᠷ ᠰᠢᠨ᠎ᠡ ᠠᠵᠢᠯ ᠤᠨ | ᠰᠡᠳᠬᠢᠴᠡ ᠲᠠᠢ ᠪᠣᠯᠤᠭᠰᠠᠨ ᠪᠤᠢ︖ | 3. ᠬᠥᠲᠥᠯᠥᠭᠴᠢ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠪᠣᠯᠤᠨ᠎ᠠ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢᠨ ᠴᠢᠬᠤᠯᠠ ᠶᠡᠭᠡ ᠴᠠᠭ ᠮᠥᠴᠡ ᠳᠤ᠂ ᠪᠦᠬᠦ | ᠨᠠᠮ ᠢᠶᠠᠷ ᠢᠶᠠᠨ ᠶᠠᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠨ᠎ᠠ᠃ ᠡᠨᠡ | ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ | ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ | ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ ᠢᠲᠡᠭᠡᠯ | ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠣᠷᠣᠯᠴᠠᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠥᠷᠭᠡᠨ ᠤᠯᠠᠨ ᠨᠠᠮ ᠤᠨ ᠭᠡᠰᠢᠭᠦᠨ ᠢ ᠤᠯᠠᠮ ᠨᠢᠭᠡ | ᠠᠯᠬᠤᠮ ᠬᠥᠮᠦᠵᠢᠭᠦᠯᠦᠨ ᠵᠢᠯᠣᠭᠤᠳᠴᠤ ᠪᠠᠶᠢᠭᠠᠳ ᠵᠣᠷᠢᠯᠲᠠ ᠶᠢᠨ ᠤᠬᠠᠮᠰᠠᠷ ᠢ ᠨᠢ ᠤᠯᠠᠮ ᠨᠢᠭᠡ ᠠᠯᠬᠤᠮ | ᠪᠠᠲᠤᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠦᠢᠯᠡᠳᠦᠯᠭᠡᠵᠢᠭᠦᠯᠵᠦ᠂ ᠤᠯᠠᠨ ᠲᠦᠮᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠢ ᠢᠯᠡᠭᠦᠬᠡᠨ ᠬᠢᠵᠦ ᠥᠭᠬᠦ ᠳᠤ | ᠠᠰᠢᠭᠲᠠᠢ ᠶᠤᠮ᠃ ᠲᠡᠭᠡᠪᠡᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠠᠴᠠ ᠲᠤᠰᠬᠠᠶ ᠲᠠᠪᠴᠠᠩ ᠭᠠᠷᠭᠠᠵᠤ ᠬᠠᠷᠢᠭᠤ ᠥᠭᠴᠦ᠂ ᠰᠢᠢᠳᠪᠦᠷᠢᠯᠡᠬᠦ ᠤᠤ︖ | 4. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ | ᠶᠡᠷᠦᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠯᠪᠠᠨ ᠵᠠᠷᠤᠴᠠ ᠶᠢᠨ ᠤᠬᠠᠮᠰᠠᠷ᠂ ᠠᠷᠠᠳ ᠤᠨ | ᠲᠥᠯᠥᠭᠡ ᠵᠢᠳᠬᠦᠬᠦ ᠰᠡᠳᠬᠢᠯᠭᠡ ᠪᠠᠨ ᠲᠠᠰᠤᠷᠠᠯᠲᠠ ᠦᠭᠡᠶ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠢᠯᠠᠩᠭᠤᠶ᠎ᠠ | ᠡᠨᠡ ᠵᠢᠯ ᠠᠴᠠ ᠨᠠᠰᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠬᠦᠯᠵᠦ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ | 12345︾ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤᠨ ᠤ ᠲᠠᠪᠴᠠᠩ ᠤᠨ ᠵᠠᠭᠠᠯᠳᠤᠯᠭ᠎ᠠ ᠶᠢ ᠬᠦᠯᠢᠶᠡᠨ | ᠠᠪᠤᠭᠰᠠᠨ ᠲᠠᠷᠤᠢ ᠬᠦᠢᠴᠡᠳᠭᠡᠬᠦ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠡᠷᠬᠢᠯᠲᠡ ᠶᠢᠨ ᠳᠠᠶᠢᠯᠠᠯᠳᠤᠭᠠᠨ︾ ᠢ ᠰᠠᠶᠢᠲᠤᠷ | ᠬᠢᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠦᠢᠯᠡᠴᠢᠯᠡᠬᠦ ᠬᠡᠷ ᠢ ᠪᠠᠶᠢᠭᠤᠯᠵᠤ᠂ | 2021 ᠣᠨ ᠤ 1 ᠳ᠋ᠤᠭᠡᠷ ᠰᠠᠷ᠎ᠠ ᠠᠴᠠ ᠡᠬᠢᠯᠡᠨ ᠵᠢᠩᠬᠢᠨᠢ ᠪᠠᠷ ᠠᠵᠢᠯᠯᠠᠭᠤᠯᠪᠠ᠃ | ᠮᠠᠨ ᠤ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠭᠡᠷ ᠢ ᠲᠤᠰᠬᠠᠶᠢᠯᠠᠨ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠶᠡᠭᠡ ᠲᠢᠩᠬᠢᠮ ᠳᠤ ᠲᠣᠬᠢᠷᠠᠭᠤᠯᠵᠤ᠂ ᠵᠥᠪᠯᠡᠯᠭᠡ ᠥᠭᠬᠦ᠂ | ᠦᠢᠯᠡᠴᠢᠯᠡᠭᠡ ᠬᠠᠩᠭᠠᠬᠤ᠂ ᠮᠡᠳᠡᠭᠡ ᠵᠠᠩᠭᠢ ᠴᠤᠭᠯᠠᠭᠤᠯᠬᠤ᠂ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠬᠦ ᠶᠢ | ᠨᠢᠭᠡ ᠴᠣᠭᠴᠠ ᠪᠣᠯᠭᠠᠨ᠂ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠭᠦᠢᠴᠡᠳᠬᠡᠬᠦ ᠵᠢᠯᠣᠭᠤᠳᠤᠨ | ᠲᠣᠬᠢᠷᠠᠭᠤᠯᠬᠤ ᠲᠥᠪ ᠤᠨ ᠬᠤᠪᠢᠶᠠᠷᠢᠯᠠᠨ ᠲᠣᠮᠢᠯᠠᠬᠤ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ ᠵᠥᠪᠯᠡᠯᠭᠡ᠂ ᠠᠷᠠᠳ ᠤᠨ | ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠵᠥᠪᠯᠡᠯᠭᠡ᠂ ᠨᠢᠭᠲᠠᠯᠠᠨ ᠪᠣᠳᠤᠭᠴᠢ ᠶᠢᠨ ᠰᠢᠯᠭᠠᠯᠲᠠ ᠶᠢᠨ ᠵᠥᠪᠯᠡᠯᠭᠡ ᠵᠡᠷᠭᠡ ᠶᠢ ᠬᠦᠨᠵᠡᠭᠡᠢ ᠥᠷᠨᠢᠬᠦᠯᠵᠦ᠂ ᠣᠯᠠᠨ | ᠲᠦᠮᠡᠨ ᠤ ᠠᠩᠬᠠᠷᠤᠯ ᠪᠣᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠪᠦᠲᠦᠮᠵᠢᠲᠡᠶ | ᠬᠠᠷᠢᠭᠤᠯᠲᠠ ᠥᠭᠬᠦ ᠶᠢ ᠪᠠᠷᠢᠮᠲᠠᠯᠠᠵᠤ᠂ ᠵᠠᠯᠭᠠᠨ ᠬᠦᠢᠴᠡᠳᠭᠡᠬᠦ᠂ ᠨᠠᠶᠢᠳᠠᠪᠤᠷᠢᠵᠢᠭᠤᠯᠬᠤ᠂ ᠰᠢᠮᠳᠠᠭᠤᠯᠤᠨ | ᠪᠠᠶᠢᠴᠠᠭᠠᠬᠤ᠂ ᠬᠠᠷᠢᠭᠤ ᠲᠤᠰᠬᠠᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠰᠤᠷᠲᠠᠯ ᠤᠨ | ᠬᠤᠪᠢᠷᠠᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ | ᠠᠵᠢᠯ ᠤᠨ ᠦᠷ᠎ᠡ ᠪᠦᠲᠦᠮᠵᠢ ᠶᠢ ᠪᠠᠲᠤᠯᠠᠨ᠂ ᠣᠷᠣᠨ ᠤ ᠲᠥᠪ ᠤᠨ ᠡᠳ᠋ ᠤᠨ ᠵᠠᠰᠠᠭ ᠤᠨ ᠦᠢᠯᠡᠴᠢᠯᠡᠭᠡᠨ ᠤ ᠬᠢᠷᠢ | ᠲᠦᠪᠰᠢᠨ ᠪᠠ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠦᠵᠡᠰᠬᠦᠯᠡᠩᠲᠦ ᠰᠠᠶᠢᠬᠠᠨ | ᠣᠷᠣᠨ ᠤ ᠲᠥᠪ ᠤᠨ ᠳᠦᠷᠢ ᠲᠥᠷᠬᠦ ᠶᠢ ᠪᠣᠶ ᠪᠣᠯᠭᠠᠪᠠ᠃ | 5. ᠬᠥᠲᠥᠯᠥᠭᠴᠢ | ᠦᠵᠡᠯ ᠰᠠᠨᠠᠭ᠎ᠠ ᠦᠢᠯᠡ ᠠᠵᠢᠯᠯᠠᠭ᠎ᠠ ᠶᠢ ᠬᠥᠲᠥᠯᠥᠨ ᠳᠠᠭᠠᠭᠤᠯᠵᠤ᠂ ᠲᠠᠨᠢᠯᠲᠠ ᠨᠢ ᠦᠢᠯᠡ ᠠᠵᠢᠯᠯᠠᠭ᠎ᠠ ᠶᠢ | ᠲᠣᠭᠲᠠᠭᠠᠨ᠎ᠠ ᠭᠡᠵᠦ ᠪᠢᠳᠡ ᠦᠷᠭᠦᠯᠵᠢ ᠬᠡᠯᠡᠳᠡᠭ᠃ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ᠠᠷᠠᠳ ᠲᠤ ᠦᠢᠯᠡᠴᠢᠯᠡᠬᠦ ᠬᠡᠷ ᠬᠢᠨ ᠠᠷᠠᠳ ᠲᠦᠮᠡᠨ ᠳᠤ ᠦᠢᠯᠡᠴᠢᠯᠡᠬᠦ ᠡᠨᠡ ᠬᠦ ᠠᠵᠢᠯ ᠢ ᠬᠡᠷᠬᠢᠨ ᠲᠠᠨᠢᠵᠤ | ᠥᠷᠨᠢᠭᠦᠯᠦᠭᠰᠡᠨ ᠪᠣᠢ︖ | 6. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ | | | | | | ᠠᠷᠠᠳ ᠲᠤ ᠦᠢᠯᠡᠴᠢᠯᠡᠬᠦ ᠬᠡᠷ ᠠᠵᠢᠯᠯᠠᠭᠰᠠᠨ ᠠᠴᠠ ᠨᠠᠭᠠᠰᠢ᠂ ᠮᠠᠨ ᠤ ᠦᠢᠯᠡᠴᠢᠯᠡᠭᠡᠨ ᠤ ᠪᠦᠯᠬᠦᠮ ᠤᠨ ᠬᠢᠨ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠢᠮᠠᠭᠲᠠ ᠪᠠᠷᠢᠮᠲᠠᠯᠠᠵᠤ᠂ ︽ᠠᠷᠠᠳ ᠲᠤ ᠦᠢᠯᠡᠴᠢᠯᠡᠬᠦ | ᠬᠡᠷ︾ ᠠᠵᠢᠯ ᠢ ᠰᠠᠶᠢᠲᠤᠷ ᠬᠢᠬᠦ ᠶᠢᠨ ᠲᠤᠯᠭᠠᠮ᠎ᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ︽ | ᠠᠷᠠᠳ ᠲᠤ ᠦᠢᠯᠡᠴᠢᠯᠡᠬᠦ ᠬᠡᠷ︾ ᠪᠣᠯ ᠮᠠᠨ ᠤ ᠲᠣᠪᠴᠢᠶ᠎ᠠ ᠪᠣᠯᠤᠨ ᠠᠵᠤ ᠠᠬᠤᠶᠢᠯᠠᠯ ᠤᠯᠠᠨ ᠲᠦᠮᠡᠨ ᠤ | ᠬᠤᠭᠤᠷᠣᠨᠳᠣᠬᠢ ᠬᠦᠭᠦᠷᠭᠡ ᠬᠤᠯᠪᠤᠭᠠᠰᠤ ᠮᠥᠨ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠬᠡᠮᠵᠢᠶ᠎ᠡ ᠶᠢ ᠰᠢᠯᠭᠠᠬᠤ ᠰᠢᠯᠭᠠᠭᠤᠷ ᠮᠥᠨ᠂ ᠠᠷᠠᠳ ᠲᠦᠮᠡᠨ ᠳᠤ ᠦᠢᠯᠡᠴᠢᠯᠡᠬᠦ ᠭᠡᠷ ᠤᠨ ᠡᠯ᠎ᠡ ᠵᠦᠢᠯ ᠤᠨ ᠠᠵᠢᠯ ᠢ | ᠰᠠᠶᠢᠲᠤᠷ ᠥᠷᠨᠢᠭᠦᠯᠬᠦ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ᠂ ᠠᠷᠠᠳ | ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠬᠠᠮᠤᠭ ᠠᠴᠠ ᠰᠢᠭᠤᠳ ᠢᠯᠡᠷᠡᠭᠦᠯᠵᠦ ᠴᠢᠳᠠᠬᠤ ᠶᠢ ᠪᠠᠲᠤ | ᠴᠡᠭᠡᠵᠢᠯᠡᠪᠡ᠃ | ᠮᠠᠨ ᠤ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠨ ᠬᠢᠵᠦ᠂ ᠠᠵᠢᠯ ᠢᠶᠠᠨ ᠴᠢᠩᠭ᠎ᠠ | ᠠᠳᠬᠤᠵᠤ᠂ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠬᠦ ᠶᠢ ᠪᠠᠷᠢᠮᠲᠠᠯᠠᠪᠠ᠃ ︽ᠠᠷᠠᠳ ᠤᠨ ᠬᠦᠰᠡᠯ | ᠱᠠᠭᠠᠷᠳᠠᠯᠭ᠎ᠠ ᠶᠢ ᠬᠦᠯᠢᠶᠡᠪᠡᠯ ᠪᠢᠳᠠ ᠬᠠᠷᠢᠭᠤ ᠥᠭᠴᠦ᠂ ᠴᠢᠮᠡᠭᠡ ᠶᠢ ᠨᠢ ᠰᠣᠨᠣᠰᠤᠮᠠᠭᠴᠠ ᠬᠥᠳᠡᠯᠦᠯᠴᠡᠵᠦ᠂ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠬᠦᠢᠴᠡᠳᠭᠡᠬᠦ︾ ᠱᠠᠭᠠᠷᠳᠠᠯᠭ᠎ᠠ ᠶᠣᠰᠣᠭᠠᠷ᠂ ᠴᠢᠩᠭ᠎ᠠ ᠬᠦᠴᠦᠲᠡᠢ | ᠤᠯᠤᠰ ᠲᠦᠷᠦ ᠶᠢᠨ ᠡᠭᠦᠷᠭᠡᠯᠡᠯ᠂ ᠠᠷᠠᠳ ᠤᠨ ᠲᠥᠯᠥᠭᠡ ᠵᠢᠳᠬᠦᠬᠦ ᠴᠢᠩ ᠦᠨᠡᠨᠴᠢ ᠰᠡᠳᠬᠢᠯᠭᠡ ᠪᠠᠷ ︽ | ᠠᠷᠠᠳ ᠲᠤ ᠦᠢᠯᠡᠴᠢᠯᠡᠬᠦ︾ ᠠᠵᠢᠯ ᠢ ᠭᠦᠨᠵᠡᠭᠡᠢ ᠠᠳᠬᠤᠵᠤ᠂ ᠪᠣᠳᠠᠲᠠᠢ ᠬᠢᠵᠦ᠂ ᠥᠨᠳᠥᠷ ᠲᠦᠪᠰᠢᠨ ᠳᠤ | ᠠᠬᠢᠭᠤᠯᠪᠠ᠃ ᠢᠯᠠᠩᠭᠤᠶ᠎ᠠ ᠡᠨᠡ ᠵᠢᠯ ᠤᠨ ᠪᠦᠬᠦ ᠨᠠᠮ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠶ ᠥᠷᠨᠢᠭᠦᠯᠵᠦ ᠪᠠᠶᠢᠭ᠎ᠠ ᠴᠢᠬᠤᠯᠠ ᠴᠠᠭ ᠦᠶ᠎ᠡ ᠳᠤ᠂ ᠪᠢᠳᠡ ᠨᠡᠩ ᠴᠤ ︽ᠠᠷᠠᠳ ᠲᠤ | ᠦᠢᠯᠡᠴᠢᠯᠡᠬᠦ ᠬᠡᠷ︾ ᠢ ᠣᠷᠣᠨ ᠤ ᠲᠥᠪ ᠤᠨ ᠡᠳ᠋ ᠤᠨ ᠵᠠᠰᠠᠭ ᠠᠴᠠ ᠣᠯᠠᠨ ᠲᠦᠮᠡᠨ ᠳᠤ ᠪᠣᠳᠠᠲᠠᠶ ᠠᠵᠢᠯ ᠬᠢᠵᠦ | ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠ ᠴᠣᠩᠬᠤ ᠪᠣᠯᠭᠠᠵᠤ᠂ ᠡᠨᠡᠬᠦ ᠲᠠᠪᠴᠠᠩ ᠢᠶᠠᠷ | ᠳᠠᠮᠵᠢᠭᠤᠯᠤᠨ ᠠᠵᠤ ᠠᠬᠤᠶᠢᠯᠠᠯ ᠣᠯᠠᠨ ᠲᠦᠮᠡᠨ ᠬᠦᠰᠡᠯ ᠱᠠᠭᠠᠷᠳᠠᠯᠭ᠎ᠠ ᠪᠠᠨ ᠦᠨᠡᠨ ᠬᠦ ᠲᠤᠰᠬᠠᠬᠤ ᠶᠢᠨ ᠬᠠᠮᠲᠤ | ᠪᠢᠳᠡᠨ ᠤ ᠴᠢᠷᠮᠠᠶᠢᠯᠭ᠎ᠠ ᠪᠠᠷ ᠳᠠᠮᠵᠢᠭᠤᠯᠤᠨ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠠᠶᠢᠲᠤᠷ | ᠰᠢᠢᠳᠪᠦᠷᠢᠯᠡᠵᠦ᠂ ᠨᠢᠭᠡ ᠶᠢ ᠲᠤᠰᠪᠠᠯ᠂ ᠨᠢᠭᠡ ᠶᠢ ᠬᠢᠵᠦ᠂ ᠨᠢᠭᠡ ᠶᠢ ᠪᠦᠲᠦᠭᠡᠵᠦ᠂ ᠠᠵᠤ ᠠᠬᠤᠶᠢᠯᠠᠯ ᠣᠯᠠᠨ | ᠲᠦᠮᠡᠨ ᠢ ᠣᠴᠢᠷ ᠶᠠᠪᠤᠳᠠᠯ ᠨᠢᠭᠡᠪᠦᠷᠢ ᠳᠤ ᠰᠡᠳᠬᠢᠯ ᠬᠠᠨᠤᠮᠵᠢᠲᠠᠶ ᠪᠣᠯᠭᠠᠬᠤ ᠶᠢ ᠬᠦᠰᠡᠵᠦ ᠪᠠᠶᠢᠨ᠎ᠠ᠃ ᠡᠭᠦᠨ ᠤ | ᠬᠠᠮᠲᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ ᠦᠢᠯᠡ | ᠠᠵᠢᠯᠯᠠᠭ᠎ᠠ ᠪᠠᠨ ᠵᠢᠷᠤᠮᠵᠢᠭᠤᠯᠤᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠭᠤᠷᠪᠠᠨ | ᠥᠯᠢᠭᠡᠷ ᠳᠠᠭᠤᠷᠢᠶᠠᠯ︾ ᠢ ᠪᠡᠶᠡᠯᠡᠭᠦᠯᠦᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠰᠠᠶᠢᠨ ᠰᠠᠶᠢᠬᠠᠨ ᠳᠦᠷᠢ | ᠲᠥᠷᠬᠦ ᠶᠢ ᠪᠣᠶ ᠪᠣᠯᠭᠠᠵᠤ᠂ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠶᠢᠨ | ᠲᠥᠯᠥᠭᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠᠰᠠ ︽ᠠᠷᠠᠳ ᠲᠤ ᠦᠢᠯᠡᠴᠢᠯᠡᠬᠦ ᠬᠡᠷ ᠤᠨ | ᠠᠵᠢᠯᠲᠠᠨ ᠤ ᠦᠢᠯᠡ ᠠᠵᠢᠯᠯᠠᠭᠠᠨ ᠤ ᠵᠢᠷᠤᠮᠵᠢᠯ︾ ᠢ ᠲᠤᠰᠬᠠᠶᠢᠯᠠᠨ ᠰᠤᠳᠤᠯᠤᠨ ᠲᠣᠭᠲᠠᠭᠠᠪᠠ᠃ | 7. ᠬᠥᠲᠥᠯᠥᠭᠴᠢ | ᠡᠨᠡ ᠬᠦ ᠦᠢᠯᠡ ᠠᠵᠢᠯᠯᠠᠭᠠᠨ ᠤ ᠵᠢᠷᠤᠮᠵᠢᠯ ᠨᠢ ᠠᠵᠢᠯᠲᠠᠨ ᠤ ᠦᠢᠯᠡᠴᠢᠯᠡᠭᠡᠨ ᠤ ᠶᠠᠪᠤᠴᠠ ᠳᠤ ᠪᠣᠳᠠᠲᠠᠶ | ᠶᠠᠮᠠᠷ ᠶᠠᠮᠠᠷ ᠱᠠᠭᠠᠷᠳᠠᠯᠭ᠎ᠠ ᠲᠠᠢ ᠪᠣᠶ︖ | 8. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ | ᠬᠠᠷᠢᠭᠤᠴᠠᠯᠭᠠᠲᠠᠨ ᠯᠢ ᠮᠧᠶ | | | | | | ᠠᠷᠠᠳ ᠲᠤ ᠦᠢᠯᠡᠴᠢᠯᠡᠬᠦ ᠬᠡᠷ ᠤᠨ ᠠᠵᠢᠯᠲᠠᠳ ᠤᠨ ᠠᠵᠢᠯᠯᠠᠭᠠᠨ ᠤ ᠵᠢᠷᠤᠮᠵᠢᠯ ᠨᠢ ᠮᠠᠨ ᠤ ᠦᠢᠯᠡᠴᠢᠯᠡᠭᠡᠨ ᠤ | ᠪᠦᠯᠬᠦᠮ ᠳᠤ ᠨᠡᠶᠢᠳᠡ 5 ᠲᠠᠯ᠎ᠠ ᠶᠢᠨ ᠱᠠᠭᠠᠷᠳᠠᠯᠭ᠎ᠠ ᠳᠤᠷᠠᠳᠪᠠ᠄ | ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢ ᠪᠣᠳᠣᠯᠬᠢᠯᠠᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠴᠢᠶᠡᠨ ᠴᠢᠷᠮᠠᠶᠢᠵᠤ ᠠᠵᠢᠯ ᠦᠢᠯᠡᠰ ᠢᠶᠠᠨ ᠳᠡᠭᠡᠳᠦᠯᠡᠵᠦ᠂ ᠡᠳ᠋ ᠤᠨ | ᠵᠠᠰᠠᠭ ᠤᠨ ᠡᠭᠦᠷᠭᠡ ᠴᠢᠳᠠᠪᠬᠢ ᠪᠠᠨ ᠴᠢᠷᠮᠠᠶᠢᠨ ᠪᠠᠳᠠᠷᠠᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ | ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠤᠶᠠᠨ ᠵᠢᠷᠭᠠᠯ ᠡᠳ᠋ᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ | ᠦᠢᠯᠡᠴᠢᠯᠡᠭᠡᠨ ᠤ ᠳᠤᠮᠳᠠ ᠬᠥᠮᠦᠨ ᠢ ᠬᠦᠨᠳᠦᠳᠬᠡᠬᠦ᠂ ᠬᠥᠮᠦᠨ ᠢ ᠬᠠᠯᠠᠮᠵᠢᠯᠠᠬᠤ᠂ ᠬᠥᠮᠦᠨ ᠳᠤ ᠲᠥᠬᠦᠮ | ᠦᠵᠡᠭᠦᠯᠬᠦ ᠣᠨᠣᠯᠵᠢᠬᠤᠨ ᠢ ᠭᠦᠢᠴᠡᠳ ᠢᠯᠡᠷᠡᠭᠦᠯᠵᠦ᠂ ᠰᠢᠯᠢᠳᠡᠭ ᠦᠢᠯᠡᠴᠢᠯᠡᠭᠡᠨ ᠤ ᠳᠠᠭᠤᠷᠢᠶᠠᠯ ᠪᠣᠯᠬᠤ ᠪᠠᠷ | ᠴᠢᠷᠮᠠᠶᠢᠵᠤ᠂ ᠵᠢᠱᠢᠶᠡᠴᠢ ᠨᠢᠭᠡᠴᠡ ᠪᠠᠶᠢᠭᠤᠯᠭ᠎ᠠ ᠶᠢ ᠴᠢᠷᠮᠠᠶᠢᠨ ᠡᠭᠦᠳᠬᠦ ᠬᠡᠷᠡᠭᠲᠡᠶ᠃ | ᠬᠤᠶᠠᠷ ᠲᠤ᠂ ᠬᠥᠮᠦᠨ ᠳᠤ ᠶᠣᠰᠣᠷᠬᠠᠭ᠂ ᠦᠨᠡᠨᠴᠢ ᠬᠠᠯᠠᠭᠤᠮᠰᠤᠭ ᠬᠠᠨᠳᠤᠬᠤ ᠬᠡᠷᠡᠭᠲᠡᠶ᠃ | ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠳᠤ᠂ ᠢᠷᠡᠬᠦ ᠳᠤ ᠨᠢ ᠤᠭᠳᠤᠵᠤ᠂ | ᠠᠰᠠᠭᠤᠬᠤ ᠳᠤ ᠨᠢ ᠬᠠᠷᠢᠭᠤᠯᠵᠤ᠂ ᠶᠠᠪᠤᠬᠤ ᠳᠤ ᠨᠢ ᠥᠳᠡᠬᠦ ᠶᠢ ᠪᠡᠶᠡᠯᠡᠭᠦᠯᠬᠦ ᠬᠡᠷᠡᠭᠲᠡᠶ᠃ ᠬᠦᠯᠢᠴᠡᠩᠭᠦᠶ ᠪᠠᠷ | ᠰᠣᠨᠣᠰᠴᠤ᠂ ᠨᠠᠷᠢᠨ ᠨᠢᠭᠲᠠ ᠲᠡᠮᠳᠡᠭᠯᠡᠵᠦ᠂ ᠢᠳᠡᠪᠬᠢᠲᠡᠶ ᠬᠠᠷᠢᠯᠴᠠᠵᠤ᠂ ᠲᠣᠬᠢᠲᠠᠶ ᠰᠢᠢᠳᠪᠦᠷᠢᠯᠡᠵᠦ᠂ ᠬᠢᠵᠦ | ᠳᠡᠶᠢᠯᠬᠦ ᠵᠦᠢᠯ ᠢ ᠳᠠᠷᠦ᠋ᠢᠬᠠᠨ ᠭᠦᠢᠴᠡᠳᠬᠡᠵᠦ᠂ ᠮᠡᠳᠡᠬᠦ ᠦᠭᠡᠢ ᠪᠤᠶᠤ ᠣᠶᠢᠯᠠᠭᠠᠬᠤ ᠦᠭᠡᠢ ᠠᠰᠠᠭᠤᠳᠠᠯ ᠢ | ᠲᠣᠳᠣᠷᠬᠠᠶ ᠠᠰᠠᠭᠤᠭᠰᠠᠨ ᠤ ᠳᠠᠷᠠᠭ᠎ᠠ ᠳᠠᠬᠢᠨ ᠬᠠᠷᠢᠭᠤᠯᠲᠠ ᠥᠭᠴᠦ᠂ ᠲᠤᠰᠢᠶᠠᠯ ᠬᠠᠷᠢᠭᠤᠴᠠᠯᠭ᠎ᠠ ᠶᠢᠨ ᠪᠤᠰᠤ | ᠬᠡᠪᠴᠢᠶᠡᠨ ᠳᠠᠬᠢ ᠱᠠᠭᠠᠷᠳᠠᠯᠭ᠎ᠠ ᠪᠠ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠵᠦᠢᠯ ᠢ ᠲᠠᠶᠢᠯᠪᠤᠷᠢᠯᠠᠬᠤ | ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠠᠵᠢᠯᠲᠠᠨ ᠤ ᠰᠠᠶᠢᠨ ᠰᠠᠶᠢᠬᠠᠨ ᠬᠡᠪ ᠪᠣᠯᠪᠠᠰᠤᠷᠠᠯ ᠪᠠ ᠤᠶᠤᠨ | ᠰᠠᠨᠠᠭᠠᠨ ᠤ ᠳᠦᠷᠰᠦ ᠪᠠᠶᠢᠳᠠᠯ ᠢ ᠴᠠᠭ ᠢᠮᠠᠭᠲᠠ ᠢᠯᠡᠷᠡᠭᠦᠯᠬᠦ ᠬᠡᠷᠡᠭᠲᠡᠶ᠃ | ᠭᠤᠷᠪᠠ ᠳᠤ ᠪᠣᠯᠪᠠᠰᠤᠨ ᠦᠭᠡ ᠬᠡᠯᠡᠯᠭᠡ ᠶᠢ ᠬᠡᠷᠡᠭᠯᠡᠵᠦ᠂ ᠡᠪᠲᠡᠢ ᠰᠠᠶᠢᠬᠠᠨ ᠢᠯᠡᠳᠬᠡᠬᠦ ᠬᠡᠷᠡᠭᠲᠡᠶ᠃ | ᠬᠥᠮᠦᠨ ᠲᠠᠢ ᠶᠠᠷᠢᠯᠴᠠᠬᠤ ᠳᠠᠭᠠᠨ ᠠᠬᠤᠶ ᠪᠠᠶᠢᠳᠠᠯ ᠢ ᠠᠩᠬᠠᠷᠴᠤ᠂ ᠡᠪᠲᠡᠢ ᠢᠯᠡᠳᠬᠡᠨ᠂ ᠪᠣᠯᠪᠠᠰᠤᠨ ᠶᠠᠷᠢᠬᠤ | ᠬᠡᠷᠡᠭᠲᠡᠶ᠃ | ᠳᠥᠷᠪᠡ ᠳᠤ᠂ ᠳᠦᠷᠢ ᠲᠥᠷᠬᠦ ᠴᠡᠪᠡᠷ ᠲᠡᠭᠰᠢ᠂ ᠬᠥᠳᠡᠯᠦᠯ ᠪᠠᠷᠢᠯ ᠨᠢ ᠠᠭᠤᠵᠢᠭᠤ ᠲᠠᠯᠪᠢᠭᠤ ᠪᠠᠶᠢᠬᠤ | ᠬᠡᠷᠡᠭᠲᠡᠶ᠃ ᠨᠠᠮ ᠤᠨ ᠭᠡᠰᠢᠭᠦᠨ ᠨᠠᠮ ᠤᠨ ᠰᠦᠯᠳᠡ ᠪᠠᠨ ᠵᠡᠭᠦᠨ᠎ᠡ᠃ | ᠲᠠᠪᠤ ᠳᠤ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠲᠥᠪ ᠭᠤᠣᠯᠴᠢ ᠪᠠᠶᠢᠬᠤ ᠬᠡᠷᠡᠭᠲᠡᠶ᠃ ᠡᠯ᠎ᠡ | ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠨᠢᠭᠤᠴᠠ ᠶᠢ ᠬᠠᠮᠠᠭᠠᠯᠠᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ | ᠰᠠᠬᠢᠵᠤ᠂ ᠵᠠᠷᠴᠢᠮ ᠢ ᠪᠠᠷᠢᠮᠲᠠᠯᠠᠨ ᠭᠤᠣᠯᠴᠢ ᠪᠠᠷ ᠠᠵᠢᠯᠯᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ | ᠪᠠᠶᠢᠬᠤ ᠶᠢ ᠪᠡᠶᠡᠯᠡᠭᠦᠯᠵᠦ᠂ ᠭᠠᠷ ᠲᠠᠬᠢ ᠡᠷᠬᠡ ᠪᠠᠨ ᠢᠯᠡ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠮᠠᠨ ᠤ ᠦᠢᠯᠡᠴᠢᠯᠡᠭᠡᠨ ᠤ ᠪᠦᠯᠬᠦᠮ ᠤᠨ ᠬᠢᠨ ᠡᠨᠡ ᠲᠠᠪᠤᠨ ᠵᠦᠢᠯ ᠤᠨ ᠱᠠᠭᠠᠷᠳᠠᠯᠭ᠎ᠠ ᠶᠢ ᠪᠠᠷᠢᠮᠲᠠᠯᠠᠨ | ᠪᠡᠶᠡᠯᠡᠭᠦᠯᠬᠦ ᠶᠢᠨ ᠬᠠᠮᠳᠤ᠂ ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠪᠠᠶᠢᠵᠤ᠂ | ᠬᠥᠮᠦᠨ ᠪᠦᠬᠦᠨ ᠣᠷᠣᠨ ᠤ ᠲᠥᠪ ᠤᠨ ᠳᠦᠷᠢ ᠲᠥᠷᠬᠦ ᠲᠠᠢ ᠬᠤᠯᠪᠣᠭᠳᠠᠨ᠎ᠠ︾ ᠭᠡᠬᠦ ᠣᠶᠢᠯᠠᠭᠠᠭᠳᠠᠬᠤᠨ ᠢ ᠪᠠᠲᠤ | ᠪᠣᠶ ᠪᠣᠯᠭᠠᠵᠤ᠂ ᠡᠳ᠋ ᠤᠨ ᠵᠠᠰᠠᠭ ᠤᠨ ᠵᠣᠷᠢᠭ ᠰᠠᠨᠠᠭ᠎ᠠ ᠶᠢ ᠢᠳᠡᠪᠬᠢᠲᠡᠶ ᠦᠢᠯᠡᠳᠦᠯᠭᠡᠵᠢᠭᠦᠯᠦᠨ᠂ ︽6646︾ | ᠦᠢᠯᠡᠴᠢᠯᠡᠭᠡᠨ ᠤ ᠵᠢᠷᠤᠮᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ᠂ ᠣᠯᠠᠨ | ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ᠂ ᠲᠥᠰᠦᠪ ᠤᠨ ᠨᠢᠭᠡᠴᠡ ᠳᠤ ᠦᠢᠯᠡᠴᠢᠯᠡᠬᠦ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠭᠡᠵᠦ᠂ ᠣᠷᠣᠨ ᠤ ᠲᠥᠪ ᠤᠨ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠴᠢᠷᠮᠠᠶᠢᠨ ᠳᠡᠭᠡᠭᠰᠢᠯᠡᠭᠦᠯᠦᠨ᠎ᠡ᠃ | 9. ᠬᠥᠲᠥᠯᠥᠭᠴᠢ | ᠲᠠ ︽6646︾ ᠭᠡᠰᠡᠨ ᠦᠭᠡ ᠶᠢ ᠳᠤᠷᠠᠳᠴᠠᠶ᠂ ᠡᠨᠡ ᠦᠭᠡ ᠶᠠᠮᠠᠷ ᠤᠳᠬ᠎ᠠ ᠶᠢ ᠲᠥᠯᠥᠭᠡᠯᠡᠵᠦ | ᠪᠠᠶᠢᠬᠤ ᠪᠤᠢ︖ | 10. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ | ᠬᠠᠷᠢᠭᠤᠴᠠᠯᠭᠠᠲᠠᠨ ᠯᠢ ᠮᠧᠶ ︽6646︾ ᠪᠣᠯ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ 2020 ᠣᠨ ᠤ ᠡᠬᠢ ᠪᠠᠷ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠳᠤ ᠳᠤᠷᠠᠳᠤᠭᠰᠠᠨ | ᠪᠥᠭᠡᠳ ᠰᠠᠨᠠᠭᠠᠴᠢᠯᠠᠭᠰᠠᠨ ᠨᠢᠭᠡ ᠵᠦᠢᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ ᠵᠢᠷᠤᠮᠵᠢᠯ ᠮᠥᠨ᠂ | ᠡᠨᠡ ᠨᠢ ᠵᠥᠪᠬᠡᠨ ᠠᠷᠠᠳ ᠲᠤ ᠦᠢᠯᠡᠴᠢᠯᠡᠬᠦ ᠬᠡᠷ ᠤᠨ ᠺᠠᠳ᠋ᠷᠴᠤᠳ ᠲᠤ ᠵᠣᠷᠢᠭᠤᠯᠤᠭᠰᠠᠨ ᠪᠢᠰᠢ ᠬᠠᠷᠢᠨ ᠪᠥᠬᠦ | ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠢ ᠪᠠᠭᠲᠠᠭᠠᠭᠰᠠᠨ ᠨᠢᠭᠡ ᠵᠦᠢᠯ ᠤᠨ ᠴᠢᠬᠤᠯᠠ ᠦᠢᠯᠡᠴᠢᠯᠡᠭᠡᠨ ᠤ | ᠦᠢᠯᠡ ᠠᠵᠢᠯᠯᠠᠭ᠎ᠠ ᠶᠢᠨ ᠱᠠᠭᠠᠷᠳᠠᠯᠭ᠎ᠠ ᠮᠥᠨ᠂ ᠲᠡᠭᠦᠨ ᠤ ᠮᠥᠨ ᠴᠢᠨᠠᠷ ᠨᠢ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠬᠦᠢᠴᠡᠳᠭᠡᠬᠦ ᠠᠵᠤ ᠠᠬᠤᠶᠢᠯᠠᠯ᠂ | ᠣᠯᠠᠨ ᠲᠦᠮᠡᠨ ᠳᠤ ᠨᠠᠩ ᠲᠥᠬᠦᠮ ᠦᠵᠡᠭᠦᠯᠵᠦ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠪᠣᠶ᠃ ᠨᠢᠭᠡᠳᠦᠭᠡᠷ ᠲᠣᠭᠠᠨ ᠤ ︽6︾ ᠨᠢ ︽ᠵᠢᠷᠭᠤᠭᠠᠨ ᠨᠢᠭᠡ︾ ᠶᠢ ᠵᠢᠭᠠᠵᠤ | ᠪᠠᠶᠢᠨ᠎ᠠ᠄ ᠨᠢᠭᠡ ᠨᠢᠭᠤᠷ ᠢᠨᠢᠶᠡᠮᠰᠦᠭᠯᠡᠨ ᠤᠭᠲᠤᠬᠤ᠂ ᠨᠢᠭᠡ ᠰᠠᠨᠳᠠᠯᠢ ᠢᠶᠠᠨ ᠤᠷᠤᠨ ᠵᠠᠶᠢᠯᠠᠵᠤ ᠥᠭᠬᠦ᠂ ᠨᠢᠭᠡ | ᠴᠣᠮᠣ ᠤᠰᠤ ᠪᠠᠷᠢᠵᠤ ᠬᠠᠯᠠᠮᠵᠢᠯᠠᠬᠤ᠂ ᠨᠢᠭᠡ ᠬᠠᠯᠠᠭᠤᠨ ᠰᠡᠳᠬᠢᠯ ᠢᠶᠠᠷ ᠤᠴᠢᠷ ᠶᠠᠪᠤᠳᠠᠯ ᠢ ᠪᠦᠲᠦᠭᠡᠬᠦ᠂ ᠨᠢᠭᠡ | ᠠᠰᠠᠭᠤᠪᠠᠯ ᠨᠢᠭᠡ ᠬᠠᠷᠢᠭᠤᠯᠲᠠ ᠥᠭᠬᠦ᠂ ᠪᠠᠶᠠᠷᠲᠠᠶ ᠭᠡᠬᠦ ᠨᠢᠭᠡ ᠥᠭᠡ ᠪᠠᠷ ᠦᠳᠡᠨ ᠮᠣᠷᠳᠠᠭᠤᠯᠬᠤ ᠶᠢ ᠵᠢᠭᠠᠵᠤ | ᠪᠠᠶᠢᠨ᠎ᠠ᠃ ᠬᠤᠶᠠᠳᠤᠭᠠᠷ ᠲᠤᠭ᠎ᠠ ︽6︾ ᠨᠢ ︽ᠵᠢᠷᠭᠤᠭᠠᠨ ᠰᠠᠶᠢᠨ︾ ᠢ ᠵᠢᠭᠠᠵᠤ ᠪᠠᠶᠢᠨ᠎ᠠ᠄ ᠦᠭᠡ ᠨᠢᠭᠡᠪᠦᠷᠢ ᠶᠢ | ᠰᠠᠶᠢᠲᠤᠷ ᠶᠠᠷᠢᠵᠤ᠂ ᠤᠲᠠᠰᠤ ᠨᠢᠭᠡᠪᠦᠷᠢ ᠶᠢ ᠰᠠᠶᠢᠲᠤᠷ ᠲᠤᠰᠴᠤ᠂ ᠦᠢᠯᠡᠴᠢᠯᠡᠬᠦ ᠡᠲᠡᠭᠡᠳ ᠨᠢᠭᠡᠪᠦᠷᠢ ᠶᠢ ᠰᠠᠶᠢᠲᠤᠷ | ᠬᠦᠯᠢᠶᠡᠨ ᠠᠪᠴᠤ᠂ ᠠᠯᠪᠠᠨ ᠪᠢᠴᠢᠭ ᠨᠢᠭᠡᠪᠦᠷᠢ ᠶᠢᠨ ᠠᠵᠢᠯ ᠢ ᠰᠠᠶᠢᠳᠤᠷ ᠬᠢᠵᠦ᠂ ᠤᠴᠢᠷ ᠶᠠᠪᠤᠳᠠᠯ ᠨᠢᠭᠡᠪᠦᠷᠢ ᠶᠢ | ᠰᠠᠶᠢᠲᠤᠷ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠨᠢᠭᠡᠪᠦᠷᠢ ᠶᠢ ᠬᠦᠯᠢᠴᠡᠩᠭᠦᠶ ᠪᠠᠷ ᠰᠠᠶᠢᠲᠤᠷ ᠲᠠᠶᠢᠯᠪᠤᠷᠢᠯᠠᠨ᠎ᠠ᠃ | ᠭᠤᠷᠪᠠᠳᠤᠭᠠᠷ ᠲᠤᠭ᠎ᠠ ︽4︾ ᠨᠢ ︽ᠲᠦᠷᠪᠡ ᠶᠢ ᠵᠢᠷᠤᠮᠵᠢᠭᠤᠯᠬᠤ︾ ᠶᠢ ᠵᠢᠭᠠᠵᠤ ᠪᠠᠶᠢᠨ᠎ᠠ᠄ ᠡᠳ᠋ ᠤᠨ | ᠵᠠᠰᠠᠭ ᠤᠨ ᠪᠡᠯᠡ ᠮᠥᠩᠭᠦ ᠶᠢ ᠬᠢᠨᠠᠨ ᠬᠠᠷᠭᠤᠭᠤᠯᠬᠤ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠲᠤᠬᠠᠶᠢᠯᠠᠭᠰᠠᠨ | ᠠᠵᠢᠯ ᠢ ᠭᠦᠢᠴᠡᠳᠬᠡᠬᠦ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠪᠠᠷᠢᠮᠵᠢᠶ᠎ᠠ ᠶᠢ | ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠶᠢᠭᠤᠯᠭ᠎ᠠ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ ᠳᠥᠷᠪᠡᠳᠦᠭᠡᠷ | ᠲᠤᠭ᠎ᠠ ︽6︾ ᠨᠢ ︽ᠵᠢᠷᠭᠤᠭ᠎ᠠ ᠶᠢ ᠦᠯᠦ ᠵᠥᠪᠰᠢᠶᠡᠷᠡᠬᠦ︾ ᠶᠢ ᠵᠢᠭᠠᠵᠤ ᠪᠠᠶᠢᠨ᠎ᠠ᠄ ᠦᠢᠯᠡᠴᠢᠯᠡᠬᠦ ᠡᠲᠡᠭᠡᠳ ᠢ | ᠮᠢᠨᠦ ᠠᠳᠡ ᠬᠦᠢᠳᠡᠮᠰᠦᠭ ᠣᠪᠤᠷ ᠲᠤ ᠤᠴᠠᠷᠠᠭᠤᠯᠬᠤ ᠦᠭᠡᠢ᠂ ᠠᠵᠢᠯ ᠤᠨ ᠤᠴᠢᠷ ᠶᠠᠪᠤᠳᠠᠯ ᠢ ᠮᠢᠨᠦ ᠠᠳᠡ | ᠵᠠᠶᠢᠯᠠᠭᠤᠯᠬᠤ ᠦᠭᠡᠢ᠂ ᠡᠯ᠎ᠡ ᠵᠦᠢᠯ ᠤᠨ ᠠᠯᠳᠠᠭ᠎ᠠ ᠪᠤᠷᠤᠭᠤ ᠶᠢ ᠮᠢᠨᠦ ᠠᠳᠡ ᠭᠠᠷᠭᠠᠬᠤ ᠦᠭᠡᠢ᠂ ᠡᠳ᠋ ᠤᠨ | ᠵᠠᠰᠠᠭ ᠤᠨ ᠦᠢᠯᠡᠴᠢᠯᠡᠭᠡ ᠶᠢᠨ ᠱᠠᠭᠠᠷᠳᠠᠯᠭ᠎ᠠ ᠶᠢ ᠮᠢᠨᠦ ᠠᠳᠡ ᠪᠠᠭᠤᠷᠠᠭᠤᠯᠬᠤ ᠦᠭᠡᠢ᠂ ᠢᠯᠵᠠᠷᠠᠯ ᠤᠨ ᠦᠢᠯᠡ | ᠠᠵᠢᠯᠯᠠᠭ᠎ᠠ ᠶᠢ ᠮᠢᠨᠦ ᠠᠳᠡ ᠭᠠᠷᠭᠠᠬᠤ ᠦᠭᠡᠢ᠂ ᠡᠳ᠋ ᠤᠨ ᠵᠠᠰᠠᠭ ᠤᠨ ᠨᠡᠷ᠎ᠡ ᠲᠦᠷᠥ ᠶᠢ ᠮᠢᠨᠦ ᠠᠳᠡ ᠭᠤᠲᠤᠭᠠᠬᠤ | ᠦᠭᠡᠢ ᠪᠠᠶᠢᠬᠤ ᠶᠢ ᠵᠢᠭᠠᠵᠤ ᠪᠠᠶᠢᠨ᠎ᠠ᠃ | 11. ᠬᠥᠲᠥᠯᠥᠭᠴᠢ | ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠣᠯᠠᠨ | ᠲᠦᠮᠡᠨ ᠲᠠᠢ ᠨᠢᠭᠲᠠ ᠬᠠᠷᠢᠯᠴᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ | ᠰᠢᠢᠳᠪᠦᠷᠢᠯᠡᠬᠦ ᠶᠢᠨ ᠲᠥᠯᠥᠭᠡ᠂ 2020 ᠣᠨ ᠳᠤ ᠬᠥᠬᠡᠬᠤᠲᠠ ᠶᠢᠨ ᠠᠷᠠᠳ ᠲᠤ ᠦᠢᠯᠡᠴᠢᠯᠡᠬᠦ ᠬᠠᠯᠠᠮᠰᠢᠯ | ᠤᠲᠠᠰᠤᠨ ᠤ ᠲᠠᠪᠴᠠᠩ ᠢ ᠪᠠᠶᠢᠭᠤᠯᠵᠤ᠂ ᠬᠤᠳᠠ ᠶᠢᠨ ᠲᠤᠰ ᠱᠠᠲᠤᠨ ᠳᠤ ᠬᠤᠳᠠ ᠶᠢᠨ 12345 | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠵᠢᠯᠣᠭᠤᠳᠤᠨ ᠲᠤᠬᠢᠷᠠᠭᠤᠯᠬᠤ ᠲᠥᠪ ᠢ ᠪᠠᠶᠢᠭᠤᠯᠵᠤ᠂ | ᠪᠦᠬᠦ ᠬᠤᠳᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠤᠢ | ᠪᠦᠬᠦᠢ ᠠᠰᠠᠭᠤᠳᠠᠯ ᠢ ᠬᠠᠷᠢᠭᠤᠴᠠᠬᠤ ᠬᠥᠮᠦᠨ ᠲᠠᠢ᠂ ᠤᠯᠠᠮᠵᠢᠯᠠᠬᠤ ᠬᠥᠮᠦᠨ ᠲᠠᠢ᠂ ᠰᠢᠢᠳᠪᠦᠷᠢᠯᠡᠬᠦ ᠬᠥᠮᠦᠨ ᠲᠠᠢ᠂ | ᠰᠢᠮᠳᠠᠭᠤᠯᠤᠨ ᠰᠢᠢᠳᠪᠦᠷᠢᠯᠡᠭᠦᠯᠬᠦ ᠬᠦᠮᠦᠨ ᠲᠠᠢ᠂ ᠬᠠᠷᠢᠭᠤ ᠲᠤᠰᠬᠠᠬᠤ ᠬᠦᠮᠦᠨ ᠲᠠᠢ ᠪᠠᠶᠢᠬᠤ ᠶᠢ ᠪᠡᠶᠡᠯᠡᠭᠦᠯᠵᠦ᠂ ︽ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠭᠡᠬᠦ︾ ᠠᠵᠢᠯ ᠢ ᠶᠠᠪᠤᠬᠤ ᠲᠤᠳᠤᠮ ᠰᠠᠶᠢᠨ ᠬᠢᠬᠦ ᠪᠣᠯᠪᠠ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠭᠡᠷ ᠤᠨ ᠭᠤᠣᠯ ᠡᠭᠦᠷᠭᠡ | ᠴᠢᠳᠠᠪᠤᠷᠢ ᠶᠢᠨ ᠨᠢᠭᠡ ᠨᠢ ᠪᠣᠯ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠲᠠᠷᠤᠢ ᠬᠦᠢᠴᠡᠳᠭᠡᠬᠦ | ᠵᠢᠯᠣᠭᠤᠳᠤᠨ ᠲᠣᠬᠢᠷᠠᠭᠤᠯᠬᠤ ᠲᠥᠪ ᠠᠴᠠ ᠬᠤᠪᠢᠶᠠᠷᠢᠯᠠᠨ ᠲᠣᠮᠢᠯᠠᠬᠤ ᠡᠯ᠎ᠡ ᠵᠦᠢᠯ ᠤᠨ ᠡᠭᠦᠷᠭᠡ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠲᠡᠭᠡᠪᠡᠯ ᠣᠳᠣᠬᠠᠨ ᠳᠤ ᠡᠨᠡᠬᠦ ᠠᠵᠢᠯ ᠢ ᠬᠢᠷᠢ ᠵᠡᠷᠭᠡ | ᠥᠷᠨᠢᠭᠦᠯᠵᠦ ᠪᠠᠶᠢᠭ᠎ᠠ ᠪᠤᠶ︖ | 12. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ | ᠬᠠᠷᠢᠭᠤᠴᠠᠯᠭᠠᠲᠠᠨ ᠯᠢ ᠮᠧᠶ | | | | | | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽12345︾ ᠠᠷᠠᠳ ᠲᠤ ᠦᠢᠯᠡᠴᠢᠯᠡᠬᠦ | ᠬᠠᠯᠠᠮᠰᠢᠯ ᠤᠲᠠᠰᠤᠨ ᠤ ᠲᠠᠪᠴᠠᠩ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ | ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠵᠢᠯᠣᠭᠤᠳᠤᠨ ᠲᠣᠬᠢᠷᠠᠭᠤᠯᠬᠤ | ᠲᠥᠪ ᠤᠨ ᠬᠤᠪᠢᠶᠠᠷᠢᠯᠠᠨ ᠲᠣᠮᠢᠯᠠᠬᠤ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ | ᠪᠢᠳᠡ ᠲᠤᠰᠬᠠᠶᠢᠯᠠᠨ ᠠᠷᠠᠳ ᠲᠤ ᠦᠢᠯᠡᠴᠢᠯᠡᠬᠦ ᠶᠢ ᠨᠢᠭᠡᠳᠦᠯᠲᠡᠶ ᠲᠥᠯᠥᠪᠯᠡᠬᠦ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠤᠰᠬᠠᠶ ᠠᠯᠪᠠᠨ ᠭᠡᠷ᠂ ᠵᠠᠷᠤᠳᠠᠯ ᠤᠨ ᠪᠠᠲᠤᠯᠠᠭ᠎ᠠ ᠶᠢᠨ ᠳᠤᠭᠤᠶᠢᠯᠠᠩ᠂ ᠠᠵᠢᠯᠲᠠᠨ ᠤ | ᠬᠠᠮᠢᠶᠠᠷᠤᠯᠲᠠ ᠶᠢᠨ ᠳᠤᠭᠤᠶᠢᠯᠠᠩ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠳᠤᠭᠤᠶᠢᠯᠠᠩ᠂ | ᠬᠦᠴᠢᠷᠳᠡᠯ ᠢ ᠰᠢᠢᠳᠪᠦᠷᠢᠯᠡᠵᠦ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠳᠤᠭᠤᠶᠢᠯᠠᠩ ᠵᠡᠷᠭᠡ 5 ᠠᠵᠢᠯᠯᠠᠬᠤ | ᠳᠤᠭᠤᠶᠢᠯᠠᠩ ᠢ ᠪᠠᠶᠢᠭᠤᠯᠵᠤ᠂ ᠠᠷᠠᠳ ᠲᠤ ᠦᠢᠯᠡᠴᠢᠯᠡᠬᠦ ᠬᠡᠷ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ | ᠳᠡᠭᠡᠳᠦ ᠳᠠᠪᠬᠤᠷᠭ᠎ᠠ ᠠᠴᠠ ︽ᠵᠠᠷᠭᠤ ᠶᠢ ᠬᠦᠯᠢᠶᠡᠨ ᠠᠪᠤᠭᠰᠠᠨ ᠳᠠᠷᠤᠶ ᠬᠦᠢᠴᠡᠳᠭᠡᠬᠦ︾ ᠠᠵᠢᠯ ᠤᠨ ᠬᠡᠷᠡᠭᠵᠢᠭᠦᠯᠬᠦ | ᠲᠥᠰᠦᠯ ᠢ ᠰᠦᠪᠡᠭᠴᠢᠯᠡᠨ ᠠᠬᠢᠭᠤᠯᠵᠤ᠂ ᠶᠠᠰᠤ ᠴᠢᠨᠠᠷ ᠢᠶᠠᠷ ᠲᠡᠷᠢᠭᠦᠨ ᠵᠡᠷᠭᠡ ᠶᠢᠨ᠂ ᠦᠢᠯᠡᠴᠢᠯᠡᠭᠡ ᠪᠠᠷ ᠥᠨᠳᠥᠷ | ᠦᠷ᠎ᠡ ᠪᠦᠲᠦᠮᠵᠢ ᠲᠠᠢ᠂ ᠣᠯᠠᠨ ᠲᠦᠮᠡᠨ ᠳᠤ ᠮᠡᠳᠡᠷᠡᠭᠳᠡᠭᠰᠡᠨ ᠣᠷᠣᠨ ᠤ ᠲᠥᠪ ᠤᠨ ᠡᠳ᠋ ᠤᠨ ᠵᠠᠰᠠᠭ ᠤᠨ | ᠠᠷᠠᠳ ᠲᠤ ᠦᠢᠯᠡᠴᠢᠯᠡᠬᠦ ᠬᠡᠷ ᠢ ᠰᠢᠰᠲ᠋ᠧᠮ ᠲᠠᠢ ᠪᠠᠶᠢᠭᠤᠯᠵᠤ᠂ ᠣᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ | ᠵᠠᠮ ᠢ ᠲᠠᠰᠤᠷᠠᠯᠲᠠ ᠥᠬᠡᠶ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ | ᠲᠤᠰᠠ ᠶᠢ ᠬᠠᠮᠠᠭᠠᠯᠠᠨ᠂ ︽12345᠂ ᠤᠴᠢᠷ ᠲᠠᠢ ᠪᠣᠯ ᠵᠠᠰᠠᠭ ᠤᠨ ᠣᠷᠳᠣᠨ ᠢ ᠡᠷᠢᠬᠦ︾ ᠦᠢᠯᠡᠴᠢᠯᠡᠭᠡᠨ ᠤ | ᠣᠨᠣᠯᠵᠢᠬᠤᠨ ᠢ ᠠᠷᠠᠳ ᠤᠨ ᠰᠡᠳᠬᠢᠯ ᠳᠤ ᠭᠦᠨᠵᠡᠭᠡᠶᠢᠷᠡᠭᠦᠯᠵᠦ᠂ ᠣᠷᠣᠨ ᠤ ᠲᠥᠪ ᠤᠨ ᠡᠳ᠋ ᠤᠨ ᠵᠠᠰᠠᠭ ᠤᠨ | ᠦᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠷᠣᠨ ᠤ ᠲᠥᠪ ᠤᠨ ᠡᠳ᠋ ᠤᠨ ᠵᠠᠰᠠᠭ ᠤᠨ ᠰᠢᠨ᠎ᠡ | ᠳᠦᠷᠢ ᠲᠥᠷᠬᠦ ᠶᠢ ᠪᠣᠶ ᠪᠣᠯᠭᠠᠪᠠ᠃ | ︽ᠠᠷᠠᠳ ᠲᠤ ᠦᠢᠯᠡᠴᠢᠯᠡᠬᠦ ᠭᠡᠷ︾ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠢᠳᠡ ᠬᠤᠲᠠ ᠶᠢᠨ | ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠬᠦᠢᠴᠡᠳᠭᠡᠬᠦ︾ ᠠᠵᠢᠯ ᠲᠠᠢ ᠵᠣᠯᠭᠠᠭᠤᠯᠬᠤ ᠲᠠᠪᠴᠠᠩ ᠢ | ᠪᠠᠶᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠢᠰᠲ᠋ᠧᠮ ᠪᠠ ᠬᠡᠰᠡᠭ ᠢ | ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠱᠠᠲᠤ ᠬᠤᠪᠢᠶᠠᠨ ᠬᠠᠷᠢᠭᠤᠴᠠᠬᠤ᠂ | ᠴᠠᠭ ᠲᠤᠬᠠᠶ ᠳᠤᠨᠢ ᠴᠤᠤᠷᠢᠶᠠᠳᠤᠨ ᠳᠠᠭᠠᠬᠤ᠂ ᠭᠦᠢᠴᠡᠳᠭᠡᠬᠦ᠂ ᠰᠢᠮᠳᠠᠭᠤᠯᠤᠨ ᠰᠢᠢᠳᠪᠦᠷᠢᠯᠡᠭᠦᠯᠵᠦ ᠬᠠᠷᠢᠭᠤ | ᠲᠤᠰᠬᠠᠬᠤ ᠠᠵᠢᠯ ᠤᠨ ᠲᠣᠭᠲᠠᠴᠠ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠨᠠᠷᠢᠨ | ᠲᠦᠷᠢᠮ ᠢ ᠲᠣᠭᠲᠠᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠵᠠᠷᠢᠮ ᠪᠣᠳᠠᠲᠠᠶ ᠠᠰᠠᠭᠤᠳᠠᠯ ᠢ ᠰᠢᠢᠳᠪᠦᠷᠢᠯᠡᠨ᠂ | ᠠᠵᠢᠯ ᠤᠨ ᠬᠠᠭᠤᠳᠠᠰᠤ ᠶᠢ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ | 13. ᠬᠥᠲᠥᠯᠥᠭᠴᠢ | ᠠᠵᠤ ᠠᠬᠤᠶᠢᠯᠠᠯ᠂ ᠣᠯᠠᠨ ᠲᠦᠮᠡᠨ ᠠᠷᠠᠳ ᠲᠤ ᠦᠢᠯᠡᠴᠢᠯᠡᠬᠦ ᠬᠡᠷ ᠲᠠᠢ ᠰᠢᠭᠤᠳ ᠬᠠᠷᠢᠯᠴᠠᠵᠤ | ᠠᠰᠠᠭᠤᠳᠠᠯ ᠢ ᠰᠢᠢᠳᠪᠦᠷᠢᠯᠡᠵᠦ ᠪᠣᠯᠤᠨ᠎ᠠ ᠤᠤ︖ | ᠠᠷᠠᠳ ᠲᠤ ᠦᠢᠯᠡᠴᠢᠯᠡᠬᠦ ᠬᠡᠷ ᠨᠢ ᠤᠯᠠᠨ ᠢ ᠬᠡᠷᠬᠢᠨ ᠬᠠᠪᠰᠤᠷᠬᠤ ᠪᠤᠢ︖ ᠡᠨᠡ ᠲᠤᠬᠠᠢ ᠰᠦᠯᠵᠢᠶᠡᠨ | ᠠᠨᠳᠠ ᠬᠠᠯᠠᠮᠵᠢᠯᠠᠵᠤ ᠪᠤᠢ᠃ | 14. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠠᠯᠢᠭ | | | | | | | ᠣᠲᠣ ᠪᠣᠯᠲᠠᠯ᠎ᠠ᠂ ᠠᠷᠠᠳ ᠲᠤ ᠦᠢᠯᠡᠴᠢᠯᠡᠬᠦ ᠬᠡᠷ ᠨᠢ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ | ᠳᠠᠷᠤᠶ ᠬᠦᠢᠴᠡᠳᠭᠡᠬᠦ ︵12345︶ ᠵᠢᠯᠣᠭᠤᠳᠤᠨ ᠳᠣᠭᠢᠷᠠᠭᠤᠯᠬᠤ ᠲᠥᠪ ᠤᠨ ᠲᠣᠮᠢᠯᠠᠭᠰᠠᠨ 26 ᠠᠵᠢᠯ ᠤᠨ | ᠬᠠᠭᠤᠳᠠᠰᠤ ᠶᠢ ᠬᠤᠷᠢᠶᠠᠨ ᠣᠯᠵᠠᠶ᠂ ᠡᠭᠦᠨ ᠳᠤ ᠡᠳ᠋ ᠤᠨ ᠵᠠᠰᠠᠭ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠤ ᠬᠠᠷᠢᠶᠠᠯᠠᠭᠳᠠᠬᠤ 14 ᠠᠵᠢᠯ ᠤᠨ ᠬᠠᠭᠤᠳᠠᠰᠤ ᠶᠢ ᠪᠢᠳᠡ ᠨᠢᠭᠡᠨᠲᠡ ᠪᠦᠬᠦᠨ ᠢ ᠬᠦᠢᠴᠡᠳᠭᠡᠵᠦ | ᠳᠠᠭᠤᠰᠬᠠᠪᠠ᠂ ᠡᠨᠡ ᠨᠢ ᠨᠢᠭᠲᠠᠯᠠᠨ ᠪᠤᠲᠤᠭᠴᠢ ᠶᠢᠨ ᠰᠢᠯᠭᠠᠯᠲᠠ ᠶᠢᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ | ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠰᠢᠲᠠᠮᠠᠬᠠᠶ ᠬᠡᠶ ᠶᠢᠨ ᠨᠥᠬᠦᠪᠥᠷᠢ᠂ ᠨᠡᠶᠢᠭᠡᠮ ᠤᠨ ᠳᠠᠭᠠᠳᠬᠠᠯ ᠤᠨ ᠪᠠᠯᠠ | ᠮᠥᠩᠭᠦ ᠲᠤᠰᠢᠶᠠᠬᠤ ᠵᠡᠷᠭᠡ ᠠᠭᠤᠯᠭ᠎ᠠ ᠲᠠᠢ ᠬᠤᠯᠪᠣᠭᠳᠠᠨ᠎ᠠ᠃ ᠳᠣᠣᠷ᠎ᠠ ᠪᠢ ᠬᠤᠶᠠᠷ ᠵᠢᠱᠢᠶ᠎ᠡ ᠲᠠᠲᠠᠵᠤ ᠮᠠᠨ ᠤ | ᠠᠵᠢᠯ ᠤᠨ ᠪᠠᠶᠢᠳᠠᠯ ᠢᠶᠠᠨ ᠲᠠᠨᠢᠯᠴᠠᠭᠤᠯᠤᠶ᠎ᠠ᠃ | ᠨᠢᠭᠡᠳᠦᠭᠡᠷ ᠲᠤ᠂ ᠨᠢᠭᠲᠠᠯᠠᠨ ᠪᠤᠳᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠣᠨᠳᠣᠤ ᠰᠠᠨᠠᠯ ᠲᠠᠢ | ᠪᠠᠶᠢᠬᠤ ᠲᠤᠬᠠᠶ ᠵᠢᠱᠢᠶ᠎ᠡ ᠪᠣᠯᠤᠨ᠎ᠠ᠂ ᠨᠢᠭᠡ ᠬᠤᠲᠠ ᠶᠢᠨ ᠠᠷᠠᠳ ︽12345︾ ᠪᠠᠷ ᠳᠡᠮᠵᠢᠨ ᠲᠣᠰ ᠬᠥᠮᠦᠨ ᠤ | ᠨᠢᠭᠲᠠᠯᠠᠨ ᠪᠤᠳᠤᠭᠴᠢ ᠶᠢᠨ ᠰᠢᠯᠭᠠᠯᠲᠠ ᠪᠠᠨ ᠲᠤᠰᠬᠠᠵᠤ᠂ ᠵᠢᠱᠢᠭᠰᠡᠨ ᠬᠤᠪᠢ ᠪᠠ ᠪᠣᠳᠠᠲᠠᠶ ᠬᠢᠷᠢ ᠪᠦᠲᠦᠮᠵᠢ ᠶᠢᠨ | ᠵᠥᠷᠢᠶ᠎ᠡ ᠨᠢ ᠮᠠᠰᠢ ᠶᠡᠭᠡ ᠪᠠᠶᠢᠵᠤ᠂ ᠨᠢᠭᠲᠠᠯᠠᠨ ᠪᠤᠳᠤᠭᠴᠢ ᠶᠢᠨ ᠬᠢᠷᠢ ᠪᠦᠲᠦᠮᠵᠢ ᠳᠤ ᠡᠷᠡᠭᠡᠯᠵᠡᠭᠡ ᠲᠠᠢ ᠪᠠᠶᠢᠪᠠ᠃ | ᠪᠢᠳᠡ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠭᠰᠠᠨ ᠳᠠᠷᠤᠶ ᠳᠤᠨᠢ ᠮᠠᠨ ᠤ ᠲᠣᠪᠴᠢᠶᠠᠨ ᠤ ᠨᠢᠭᠲᠠᠯᠠᠨ ᠪᠣᠳᠣᠬᠤ | ᠰᠠᠯᠠᠭ᠎ᠠ ᠳᠤ ᠮᠡᠳᠡᠭᠳᠡᠵᠦ᠂ ᠲᠣᠪᠴᠢᠶ᠎ᠠ ᠶᠢᠨ ᠨᠢᠭᠲᠠᠯᠠᠨ ᠪᠤᠳᠤᠬᠤ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ ᠬᠡᠮ ᠢ ᠦᠨᠡᠯᠡᠬᠦ ᠲᠥᠪ ᠲᠠᠢ ᠢᠳᠡᠪᠬᠢᠲᠡᠶ ᠵᠣᠯᠭᠠᠭᠤᠯᠪᠠ᠂ | ᠰᠢᠯᠭᠠᠭᠤᠯᠤᠭᠴᠢ ᠶᠢᠨ ᠭᠤᠷᠪᠠᠨ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠳᠤ ᠡᠷᠡᠭᠡᠯᠵᠡᠭᠡ ᠲᠠᠢ ᠪᠠᠶᠢᠬᠤ ᠪᠠᠨ | ᠬᠦᠴᠦᠳᠡᠢ ᠳᠤᠷᠠᠳᠬᠤ ᠶᠢᠨ ᠬᠠᠮᠲᠤ ᠳᠠᠬᠢᠨ ᠬᠢᠨᠠᠭᠤᠯᠬᠤ ᠪᠠᠷ ᠱᠠᠭᠠᠷᠳᠠᠭᠰᠠᠨ ᠱᠠᠭᠠᠷᠳᠠᠯᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠢᠭᠲᠠᠯᠠᠨ ᠪᠤᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ | ᠲᠥᠪ ᠠᠴᠠ ︽ᠰᠢᠯᠭᠠᠭᠤᠯᠤᠭᠴᠢ × × ᠶᠢᠨ ᠳᠤᠮᠳᠠ ᠵᠡᠷᠭᠡ ᠶᠢᠨ ᠰᠢᠯᠭᠠᠯᠲᠠ ᠶᠢᠨ ᠬᠢᠷᠢ ᠪᠦᠲᠦᠮᠵᠢ ᠳᠤ | ᠡᠷᠡᠭᠡᠯᠵᠡᠭᠡ ᠲᠠᠢ ᠵᠦᠢᠯ ᠢ ᠬᠠᠷᠭᠤᠭᠤᠯᠤᠨ ᠪᠠᠶᠢᠴᠠᠭᠠᠬᠤ ᠲᠤᠷᠠᠳᠤᠯᠭ᠎ᠠ ᠶᠢᠨ ᠲᠤᠬᠠᠶ ᠬᠠᠷᠢᠭᠤᠯᠲᠠ︾ ᠶᠢ | ᠳᠠᠷᠤᠮᠠᠯᠯᠠᠨ ᠲᠠᠷᠬᠠᠭᠠᠪᠠ᠂ ᠬᠠᠷᠢᠭᠤᠯᠲᠠ ᠳᠤ ᠵᠢᠭᠠᠵᠤ ᠭᠠᠷᠭᠠᠭᠰᠠᠨ ᠨᠢ᠂ ᠲᠤᠰᠬᠠᠶ ᠮᠡᠷᠭᠡᠵᠢᠯᠲᠡᠨ ᠤ ᠳᠤᠭᠤᠶᠢᠯᠠᠩ | ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠰᠢᠯᠭᠠᠯᠲᠠ ᠶᠢᠨ ᠬᠠᠭᠤᠳᠠᠰᠤ ᠶᠢ ᠬᠢᠨᠠᠬᠤ ᠴᠤᠪᠤᠷᠠᠯ ᠢ ᠴᠢᠩᠭ᠎ᠠ ᠵᠢᠷᠤᠮᠯᠠᠨ ᠰᠢᠯᠭᠠᠯᠲᠠ ᠶᠢᠨ ᠬᠠᠭᠤᠳᠠᠰᠤ ᠶᠢ ᠬᠢᠨᠠᠵᠤ᠂ | ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠠᠴᠠ ᠳᠠᠬᠢᠨ ᠬᠢᠨᠠᠭᠰᠠᠨ ᠳ᠋ᠦᠩᠨᠡᠯᠲᠡ ᠶᠢ ᠲᠠᠭᠯᠠᠨ ᠪᠢᠴᠢᠬᠦ ᠶᠢᠨ | ᠬᠠᠮᠲᠤ ᠭᠠᠷ ᠤᠨ ᠥᠰᠥᠭ ᠵᠢᠷᠤᠵᠤ ᠨᠤᠳᠠᠯᠠᠪᠠ᠃ ᠮᠠᠭᠠᠳᠯᠠᠨ ᠲᠣᠭᠲᠠᠭᠠᠬᠤ ᠪᠠᠷ ᠳᠠᠮᠵᠢᠭᠠᠳ ᠪᠤᠷᠤᠭᠤ ᠦᠨᠡᠯᠡᠭᠰᠡᠨ᠂ | ᠳᠤᠲᠠᠭᠤ ᠦᠨᠡᠯᠡᠭᠰᠡᠨ᠂ ᠬᠢᠨᠠᠨ ᠬᠠᠷᠭᠤᠭᠤᠯᠤᠭᠰᠠᠨ ᠨᠢ ᠪᠤᠷᠤᠭᠤᠳᠠᠭᠰᠠᠨ ᠵᠡᠷᠭᠡ ᠠᠰᠠᠭᠤᠳᠠᠯ ᠢ ᠣᠯᠵᠤ ᠮᠡᠳᠡᠭᠰᠡᠨ | ᠦᠭᠡᠢ᠃ ᠡᠨᠡᠬᠦ ᠬᠡᠷᠡᠭ ᠤᠨ ᠵᠢᠱᠢᠶ᠎ᠡ ᠶᠢᠨ ᠣᠨᠴᠠᠭᠠᠶ ᠴᠢᠨᠠᠷ ᠠᠴᠠ ᠪᠤᠯᠵᠤ᠂ ᠪᠢᠳᠡ ᠡᠳ᠋ ᠤᠨ ᠵᠠᠰᠠᠭ ᠤᠨ ᠶᠠᠮᠤᠨ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ ᠲᠥᠪ ᠲᠤ ᠱᠠᠳᠤ | ᠳᠠᠷᠠᠭᠠᠯᠠᠨ ᠳᠡᠭᠡᠭᠰᠢ ᠮᠡᠳᠡᠭᠦᠯᠬᠦ ᠴᠢᠬᠤᠯᠠᠲᠠᠶ ᠪᠥᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠢᠭᠲᠠᠯᠠᠨ ᠪᠣᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ ᠲᠥᠪ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ | ᠵᠣᠬᠢᠶᠠᠨ ᠪᠠᠶᠢᠭᠤᠯᠵᠤ ᠬᠤᠯᠪᠣᠭᠳᠠᠯ ᠪᠦᠬᠦᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠭᠠᠷᠭᠠᠬᠤ ᠳᠤ ᠴᠥᠮ | ᠵᠣᠬᠢᠬᠤ ᠴᠠᠭ ᠬᠡᠷᠡᠭᠰᠡᠨ᠎ᠡ᠃ ᠰᠠᠯᠠᠭ᠎ᠠ ᠲᠠᠰᠤᠭ ᠤᠨ ᠠᠵᠢᠯᠲᠠᠨ ᠢᠳᠡᠪᠬᠢᠲᠡᠶ ᠰᠠᠨᠠᠭᠠᠴᠢᠯᠠᠭ᠎ᠠ ᠲᠠᠢ ᠮᠥᠷᠲᠡᠭᠡᠨ | ᠡᠳᠦᠷ ᠪᠦᠷᠢ ᠳᠤᠭᠤᠶᠢᠯᠠᠩ ᠬᠤᠪᠢᠶᠠᠨ ᠤᠴᠢᠷ ᠶᠠᠪᠤᠳᠠᠯ ᠤᠨ ᠬᠥᠭᠵᠢᠯᠲᠡ ᠶᠢᠨ ᠠᠬᠢᠴᠠ ᠶᠢ ᠠᠰᠠᠭᠤᠨ ᠯᠠᠪᠯᠠᠵᠤ᠂ | ᠪᠢᠳᠡ ᠵᠥᠪᠬᠡᠨ 15 ᠡᠳᠦᠷ ᠤᠨ ᠴᠠᠭ ᠵᠠᠷᠤᠴᠠᠭᠤᠯᠵᠤ ᠪᠠᠶᠢᠭᠠᠳ ᠰᠢᠯᠭᠠᠭᠤᠯᠤᠭᠴᠢ ᠳᠤ ᠬᠠᠨᠤᠮᠵᠢᠲᠠᠶ ᠬᠠᠷᠢᠭᠤᠯᠲᠠ | ᠥᠭᠭᠦᠭᠰᠡᠨ ᠪᠠᠶᠢᠨ᠎ᠠ᠃ | ᠬᠤᠶᠠᠳᠤᠭᠠᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭ ᠤᠨ ᠵᠢᠱᠢᠶ᠎ᠡ ᠪᠣᠯᠤᠨ᠎ᠠ᠂ ᠨᠢᠭᠡ | ᠬᠤᠲᠠ ᠶᠢᠨ ᠠᠷᠠᠳ ︽12345︾ ᠪᠠᠷ ᠳᠠᠮᠵᠢᠭᠤᠯᠤᠨ ᠲᠤᠰᠬᠠᠭᠰᠠᠨ ᠨᠢ᠂ × ᠨᠢᠭᠡᠴᠡ ᠶᠢᠨ × ᠬᠤᠳᠠᠯᠳᠤᠨ | ᠠᠪᠬᠤ ᠵᠦᠢᠯ ᠪᠣᠯ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠵᠦᠢᠯ ᠮᠥᠨ᠂ ᠬᠤᠳᠠᠯᠳᠤᠨ ᠠᠪᠬᠤ ᠠᠷᠭ᠎ᠠ | ᠮᠠᠶ᠋ᠢᠭ ᠨᠢ ᠦᠨ᠎ᠡ ᠯᠠᠪᠯᠠᠬᠤ ᠵᠦᠢᠯ ᠮᠥᠨ᠂ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠤᠯᠬᠤ ᠶᠣᠰᠣᠲᠠᠶ᠂ | ᠭᠡᠪᠡᠴᠦ ᠡᠨᠡ ᠬᠦ ᠵᠦᠢᠯ ᠪᠣᠯ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠯᠤᠭᠰᠠᠨ ᠶᠠᠪᠤᠳᠠᠯ ᠪᠢᠰᠢ᠂ | ᠡᠨᠡ ᠬᠦ ᠵᠦᠢᠯ ᠢ ᠵᠠᠷᠢᠮ ᠬᠥᠮᠦᠨ ᠡᠵᠡᠮᠳᠡᠵᠦ ᠪᠠᠶᠢᠭ᠎ᠠ ᠪᠣᠯᠬᠤᠷ ᠭᠤᠣᠯᠴᠢ ᠶᠣᠰᠣ ᠶᠢ ᠠᠯᠳᠠᠵᠤ᠂ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠭᠰᠡᠨ ᠡᠰᠡᠬᠦ ᠶᠢ ᠬᠢᠨᠠᠨ ᠮᠠᠭᠠᠳᠯᠠᠬᠤ ᠬᠡᠷᠡᠭᠲᠡᠶ ᠭᠡᠵᠡᠶ᠃ ᠪᠢᠳᠡ ᠬᠦᠰᠡᠯ | ᠱᠠᠭᠠᠷᠳᠠᠯᠭ᠎ᠠ ᠶᠢ ᠬᠦᠯᠢᠶᠡᠨ ᠠᠪᠤᠭᠰᠠᠨ ᠳᠠᠷᠤᠢ ᠳᠠᠭᠠᠨ ᠮᠠᠨ ᠤ ᠲᠣᠪᠴᠢᠶ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠰᠠᠯᠠᠭ᠎ᠠ ᠳᠤ ᠮᠡᠳᠡᠭᠳᠡᠵᠦ᠂ ᠤᠳᠠᠯ ᠦᠭᠡᠢ ᠰᠠᠯᠠᠭ᠎ᠠ ᠲᠠᠰᠤᠭ ᠤᠨ ᠬᠠᠷᠢᠭᠤ ᠶᠢ ᠣᠯᠪᠠ᠂ ︽ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠪᠣᠯᠤᠨ | ︽ᠪᠦᠬᠦ ᠣᠷᠣᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ︵2020 ᠣᠨ ᠤ ᠬᠡᠪᠯᠡᠯ︶ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠭᠤᠷᠪᠠᠳᠤᠭᠠᠷ ᠵᠦᠢᠯ ᠳᠠᠬᠢ ᠲᠠᠷᠠᠬᠠᠶ | ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠵᠡᠷᠭᠡ ᠲᠣᠭᠲᠠᠭᠠᠯ ᠢ ᠦᠨᠳᠦᠰᠦᠯᠡᠪᠡᠯ᠂ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠨᠢ 80 | ᠲᠦᠮᠡᠨ ᠲᠥᠭᠦᠷᠢᠭ ᠠᠴᠠ ᠳᠣᠷᠣᠭᠰᠢᠬᠢ ᠵᠦᠢᠯᠡᠰ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ | ᠵᠢᠷᠤᠮᠵᠢᠯ ᠤᠨ ᠬᠡᠪᠴᠢᠶᠡᠨ ᠳᠤ ᠣᠷᠣᠭᠤᠯᠬᠤ ᠦᠭᠡᠢ᠂ ᠬᠤᠳᠠᠯᠳᠤᠨ ᠠᠪᠤᠭᠴᠢ ᠨᠢ ᠳᠣᠲᠣᠭᠠᠳᠤ ᠶᠢᠨ ᠡᠵᠡᠮᠳᠡᠯ ᠤᠨ | ᠲᠦᠷᠢᠮ ᠤᠨ ᠶᠣᠰᠣᠭᠠᠷ ᠬᠤᠳᠠᠯᠳᠤᠨ ᠠᠪᠤᠨ᠎ᠠ᠃ ᠬᠢᠨᠠᠨ ᠬᠠᠷᠭᠤᠭᠤᠯᠤᠭᠠᠳ᠂ ᠲᠣᠰ ᠲᠥᠷᠥᠯ ᠵᠦᠢᠯ ᠨᠢ ᠲᠠᠷᠠᠬᠠᠶ | ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠳᠤ ᠬᠦᠷᠦᠭᠰᠡᠨ ᠥᠬᠡᠶ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠵᠢᠷᠤᠮᠵᠢᠯ ᠤᠨ ᠠᠵᠢᠯᠯᠠᠭ᠎ᠠ ᠳᠤ ᠲᠣᠭᠠᠴᠠᠭᠳᠠᠬᠤ ᠥᠬᠡᠶ᠂ ᠨᠢᠭᠡᠴᠡ ᠶᠢᠨ ᠥᠪᠡᠰᠦᠪᠡᠨ ᠨᠠᠶᠢᠳᠠᠵᠤ | ᠬᠤᠳᠠᠯᠳᠤᠨ ᠠᠪᠬᠤ ᠠᠵᠢᠯᠯᠠᠭ᠎ᠠ ᠳᠤ ᠬᠠᠷᠢᠶᠠᠯᠠᠭᠳᠠᠨ᠎ᠠ᠃ ᠲᠤᠰ ᠵᠦᠢᠯ ᠢ ᠬᠤᠳᠠᠯᠳᠤᠨ ᠠᠪᠬᠤ ᠨᠢᠭᠡᠴᠡ ᠳᠤ | ᠰᠢᠯᠵᠢᠭᠦᠯᠦᠨ ᠥᠭᠴᠦ ᠬᠠᠷᠢᠭᠤᠯᠲᠠ ᠥᠭᠭᠦᠭᠦᠯᠬᠦ ᠪᠠᠷ ᠰᠠᠨᠠᠭᠤᠯᠪᠠ᠃ ᠡᠨᠡ ᠶᠠᠪᠤᠳᠠᠯ ᠢ ᠪᠢᠳᠠ ᠳᠠᠷᠤᠶ ᠲᠦᠷᠭᠡᠨ | ᠬᠦᠯᠢᠶᠡᠠ ᠠᠪᠴᠤ ᠲᠦᠷᠭᠡᠨ ᠰᠢᠢᠳᠪᠦᠷᠢᠯᠡᠭᠰᠡᠨ ᠶᠤᠮ᠃ | ᠶᠡᠷᠦᠩᠬᠡᠶᠢᠯᠡᠪᠡᠯ᠂ ᠣᠷᠣᠨ ᠤ ᠲᠥᠪ ᠤᠨ ᠡᠳ᠋ ᠤᠨ ᠵᠠᠰᠠᠭ ︽ᠬᠥᠭᠵᠢᠯᠲᠡ ᠳᠤ ᠦᠢᠯᠡᠴᠢᠯᠡᠵᠦ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠴᠤ ᠤᠬ ᠰᠠᠨᠠᠭ᠎ᠠ ᠪᠠᠨ | ᠪᠠᠷᠢᠮᠲᠠᠯᠠᠬᠤ︾ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠠᠷᠠᠳ ᠲᠦᠮᠡᠨ ᠢ ᠳᠡᠭᠡᠳᠦᠯᠡᠬᠦ︾ ᠡᠳ᠋ ᠤᠨ | ᠵᠠᠰᠠᠭ ᠤᠨ ᠵᠣᠷᠢᠭ ᠰᠠᠨᠠᠭ᠎ᠠ ᠪᠠᠷ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ ᠪᠤᠢ᠃ | 15. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠦᠢᠯᠡᠴᠢᠯᠡᠬᠦ | ᠭᠡᠷ ᠤᠨ ᠤᠷᠠᠯᠢᠭ | ᠪᠢᠳᠡᠨ ᠤ ᠠᠵᠢᠯᠯᠠᠬᠤ ᠴᠠᠭ ᠪᠣᠯ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ | ᠡᠮᠦᠨᠡᠬᠢ 9᠄ 00 — 12᠄ 00᠂ ᠦᠳᠡ ᠶᠢᠨ ᠬᠤᠶᠢᠨᠠᠬᠢ 2᠄ 00 — 5᠄ 00᠂ ᠣᠯᠠᠨ ᠢᠶᠠᠷ ᠢᠶᠠᠨ | ᠶᠠᠮᠠᠷᠪᠠ ᠬᠦᠰᠡᠯ ᠱᠠᠭᠠᠷᠳᠠᠯᠭ᠎ᠠ ᠲᠠᠢ ᠪᠣᠯ ᠴᠥᠮ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠭᠤᠷᠪᠠᠳᠤᠭᠠᠷ | ᠳᠠᠪᠬᠤᠷᠯᠢᠭ ᠤᠨ ᠪᠠᠷᠠᠭᠤᠨ ᠲᠠᠯ᠎ᠠ ᠶᠢᠨ ︽ᠠᠷᠠᠳ ᠲᠤ ᠦᠢᠯᠡᠴᠢᠯᠡᠬᠦ ᠬᠡᠷ︾ ᠲᠤ ᠬᠦᠷᠴᠦ ᠲᠤᠬᠠᠶ ᠶᠢᠨ | ᠲᠠᠯᠠᠪᠤᠷ ᠲᠤ ᠠᠰᠠᠭᠤᠨ ᠯᠠᠪᠯᠠᠵᠤ ᠪᠣᠯᠤᠨ᠎ᠠ᠂ ᠪᠠᠰᠠ 6299777 ᠳᠤ ᠰᠢᠭᠤᠳ ᠤᠲᠠᠰᠤᠳᠠᠵᠤ ᠠᠰᠠᠭᠤᠨ | ᠯᠠᠪᠯᠠᠵᠤ ᠪᠣᠯᠤᠨ᠎ᠠ᠃ | ᠠᠰᠠᠠᠭᠤᠨ ᠯᠠᠪᠯᠠᠬᠤ ᠤᠳᠠᠰᠤ ᠶᠢ ᠲᠤᠰᠤᠭᠰᠠᠨ ᠦᠶ᠎ᠡ ᠳᠤ᠂ ᠠᠵᠢᠯᠲᠠᠨ ᠠᠰᠠᠭᠤᠨ ᠯᠠᠪᠯᠠᠭᠴᠢ ᠶᠢᠨ | ᠭᠤᠶᠤᠴᠢᠯᠠᠯ ᠢ ᠳᠡᠩᠰᠡᠯᠡᠵᠦ᠂ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠭᠰᠠᠨ ᠠᠭᠤᠯᠭ᠎ᠠ ᠶᠢ ᠦᠨᠳᠦᠰᠦᠯᠡᠨ | ᠲᠤᠬᠠᠶᠢᠯᠠᠭᠰᠠᠨ ᠠᠵᠢᠯ ᠤᠨ ᠬᠠᠷᠢᠶᠠᠯᠠᠯ ᠢ ᠤᠷᠢᠳ ᠢᠶᠠᠷ ᠲᠣᠭᠲᠠᠭᠠᠨ᠎ᠠ᠃ ᠠᠵᠢᠯᠲᠠᠳ ᠠᠰᠠᠭᠤᠨ ᠯᠠᠪᠯᠠᠬᠤ | ᠠᠭᠤᠯᠭ᠎ᠠ ᠶᠢ ᠰᠠᠶᠢᠨ ᠮᠡᠳᠡᠵᠦ ᠪᠠᠶᠢᠪᠠᠯ ᠰᠢᠭᠤᠳ ᠬᠠᠷᠢᠭᠤᠯᠲᠠ ᠥᠭᠬᠦ ᠶᠢᠨ ᠬᠠᠮᠲᠤ ᠲᠥᠬᠦᠮ ᠲᠡᠮᠳᠡᠭᠯᠡᠯ ᠬᠢᠵᠦ᠂ | ᠠᠵᠢᠯᠲᠠᠨ ᠠᠰᠠᠭᠤᠨ ᠯᠠᠪᠯᠠᠬᠤ ᠲᠤᠬᠠᠶᠢᠯᠠᠭᠰᠠᠨ ᠠᠵᠢᠯ ᠢ ᠰᠠᠶᠢᠨ ᠮᠡᠳᠡᠬᠦ ᠥᠬᠡᠶ ᠪᠠᠶᠢᠪᠠᠯ᠂ ᠴᠠᠭ ᠲᠤᠬᠠᠶ ᠳᠤᠨᠢ | ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ᠂ ᠨᠢᠭᠡᠴᠡ ᠲᠠᠢ ᠬᠠᠷᠢᠯᠴᠠᠵᠤ ᠬᠠᠷᠢᠭᠤᠯᠲᠠ | ᠥᠭᠭᠦᠨ᠎ᠡ᠃ ᠵᠢᠱᠢᠶᠡᠯᠡᠪᠡᠯ᠂ ᠤᠲᠠᠰᠤ ᠢᠷᠡᠭᠦᠯᠵᠦ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠠᠩᠬ᠎ᠠ᠂ | ᠳᠤᠮᠳᠠ ᠵᠡᠷᠭᠡ ᠶᠢᠨ ᠬᠢᠷᠢ ᠬᠡᠮ ᠤᠨ ᠦᠨᠡᠮᠯᠡᠯ ᠢ ᠬᠡᠷᠬᠢᠨ ᠤᠯᠬᠤ ᠪᠣᠶ︖ ᠶᠠᠮᠠᠷ ᠮᠠᠲ᠋ᠧᠷᠢᠶᠠᠯ ᠠᠪᠬᠤ ᠴᠢᠬᠤᠯᠠ ᠲᠠᠢ | ᠪᠤᠢ︖ ᠭᠡᠵᠦ ᠠᠰᠠᠭᠤᠨ ᠯᠠᠪᠯᠠᠬᠤ ᠳᠤ ᠪᠢᠳᠡ ᠤᠷᠢᠳ ᠢᠶᠠᠷ ᠬᠠᠷᠢᠶᠠᠯᠠᠭᠳᠠᠬᠤ ᠰᠠᠯᠠᠭ᠎ᠠ ᠲᠠᠰᠤᠭ ᠢ ᠨᠤᠲᠠᠯᠠᠨ | ᠲᠣᠭᠲᠠᠭᠠᠵᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠤ ᠮᠡᠳᠡᠭᠳᠡᠵᠦ᠂ ᠰᠠᠯᠠᠭ᠎ᠠ ᠲᠠᠰᠤᠭ ᠠᠴᠠ ᠬᠠᠷᠢᠭᠤ | ᠤᠲᠠᠰᠤ ᠢᠷᠡᠭᠦᠯᠵᠦ ᠪᠣᠳᠠᠲᠠᠶ ᠬᠠᠷᠢᠭᠤᠯᠲᠠ ᠥᠭᠭᠦᠨ᠎ᠡ᠃ ᠦᠨᠡᠨ ᠳᠡᠭᠡᠨ ᠡᠨᠡ ᠠᠰᠠᠭᠤᠳᠠᠯ ᠤᠨ ᠲᠤᠬᠠᠶ | ᠯᠠᠪᠯᠠᠯᠲᠠ ᠶᠢᠨ ᠬᠡᠮᠵᠢᠶ᠎ᠡ ᠮᠠᠰᠢ ᠶᠡᠭᠡ᠂ ᠪᠢ ᠠᠳᠡ ᠪᠠᠰᠠ ᠣᠯᠠᠨ ᠳᠤ ᠰᠢᠭᠤᠳ ᠬᠠᠷᠢᠭᠤᠯᠲᠠ ᠥᠭᠭᠦᠶ᠎ᠡ᠄ | ᠰᠢᠯᠭᠠᠭᠤᠯᠤᠭᠴᠢᠳ ᠡᠩ ᠲᠡᠷᠢᠭᠦᠨ ᠳᠤ ︽ᠥᠪᠥᠷ ᠮᠣᠩᠭᠤᠯ ᠤᠨ ᠨᠢᠭᠲᠠᠯᠠᠨ ᠪᠣᠳᠤᠭᠴᠢ ᠶᠢᠨ ᠰᠦᠯᠵᠢᠶ᠎ᠡ︾ ᠶᠢᠨ | ᠵᠢᠯ ᠪᠦᠷᠢ ᠶᠢᠨ ᠲᠤᠰᠬᠠᠶ ᠮᠡᠷᠭᠡᠵᠢᠯ ᠤᠨ ᠠᠩᠬ᠎ᠠ᠂ ᠳᠤᠮᠳᠠ ᠵᠡᠷᠭᠡ ᠶᠢᠨ ᠬᠢᠷᠢ ᠬᠡᠮ ᠤᠨ ᠦᠨᠡᠮᠯᠡᠯ ᠤᠨ ᠠᠷᠭ᠎ᠠ | ᠴᠠᠭ ᠢ ᠠᠩᠬᠠᠷᠪᠠᠯ ᠵᠣᠬᠢᠨ᠎ᠠ᠂ ᠬᠥᠬᠡᠬᠤᠲᠠ ᠶᠢᠨ ᠰᠢᠯᠭᠠᠯᠲᠠ ᠶᠢᠨ ᠲᠣᠭᠤᠷᠢᠭ ᠤᠨ ᠬᠢᠨ ᠰᠠᠶᠢᠬᠠᠨ ᠲᠣᠭᠤᠷᠢᠭ ᠤᠨ | ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ 18 ᠳ᠋ᠤᠭᠠᠷ ᠨᠣᠮᠧᠷ ᠤᠨ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠦᠨᠡᠮᠯᠡᠯ ᠠᠪᠤᠨ᠎ᠠ᠃ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠠᠩᠬ᠎ᠠ | ᠵᠡᠷᠭᠡ ᠶᠢᠨ ᠬᠢᠷᠢ ᠬᠡᠮ ᠤᠨ ᠰᠢᠯᠭᠠᠭᠤᠯᠤᠭᠴᠢ ᠥᠪᠡᠷ ᠤᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠪᠠ | ᠰᠢᠯᠭᠠᠯᠲᠠ ᠶᠢᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠬᠠᠭᠤᠳᠠᠰᠤ ᠪᠠᠨ ᠠᠪᠬᠤ ᠬᠡᠷᠡᠭᠲᠡᠶ᠃ ᠬᠢᠷᠢ | ᠪᠦᠲᠦᠮᠵᠢ ᠨᠢ ᠬᠢᠷᠢ ᠲᠡᠩᠴᠡᠭᠰᠡᠨ ᠳᠤᠮᠳᠠ ᠵᠡᠷᠭᠡ ᠶᠢᠨ ᠬᠢᠷᠢ ᠬᠡᠮ ᠤᠨ ᠰᠢᠯᠭᠠᠭᠤᠯᠤᠭᠴᠢ ᠥᠪᠡᠷ ᠤᠨ ᠪᠡᠶ᠎ᠡ ᠶᠢᠨ | ᠦᠨᠡᠮᠯᠡᠯ ᠤᠨ ᠣᠭ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠣᠭ | ᠮᠠᠲ᠋ᠧᠷᠢᠶᠠᠯ᠂ ᠰᠢᠯᠭᠠᠯᠲᠠ ᠶᠢᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠬᠠᠭᠤᠳᠠᠰᠤ᠂ ᠨᠢᠭᠡᠴᠡ ᠶᠢᠨ ᠠᠯᠪᠠᠨ | ᠲᠠᠮᠠᠭ᠎ᠠ ᠶᠢ ᠳᠠᠷᠤᠭᠰᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢᠨ | ᠬᠦᠰᠦᠨᠦᠭᠲᠦ ᠶᠢ ᠰᠢᠯᠭᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ | ᠦᠨᠡᠮᠯᠡᠯ ᠢᠶᠠᠨ ᠠᠪᠤᠨ᠎ᠠ᠃ ᠲᠣᠰ ᠰᠢᠯᠭᠠᠯᠲᠠ ᠶᠢᠨ ᠲᠣᠭᠤᠷᠢᠭ ᠤᠨ ᠪᠤᠰᠤ ᠰᠢᠯᠭᠠᠭᠤᠯᠤᠭᠴᠢ ᠳᠡᠭᠡᠷᠡᠬᠢ | ᠮᠠᠲ᠋ᠧᠷᠢᠶᠠᠯ ᠤᠳ ᠢ ᠡᠵᠡᠮᠰᠢᠬᠦ ᠠᠴᠠ ᠭᠠᠳᠠᠨ᠎ᠠ ᠪᠠᠰᠠ ᠲᠣᠰ ᠰᠢᠯᠭᠠᠯᠲᠠ ᠶᠢᠨ ᠲᠣᠭᠤᠷᠢᠭ ᠤᠨ ᠬᠦᠴᠦᠨ ᠪᠥᠬᠦᠶ | ᠣᠷᠣᠰᠢᠨ ᠰᠠᠭᠤᠬᠤ ᠦᠨᠡᠮᠯᠡᠯ ᠪᠤᠶᠤ ᠬᠡᠷ ᠬᠥᠷᠥᠩᠭᠡ ᠶᠢᠨ ᠦᠨᠡᠮᠯᠡᠯ ᠲᠠᠢ ᠪᠠᠶᠢᠬᠤ ᠬᠡᠷᠡᠭᠲᠡᠶ᠃ ᠬᠢᠷᠢ ᠲᠡᠩᠴᠡᠭᠰᠡᠨ | ᠦᠨᠡᠮᠯᠡᠯ ᠠᠪᠬᠤ ᠳᠤ ᠳᠠᠭᠤᠰᠬᠤ ᠬᠤᠭᠤᠴᠠᠭ᠎ᠠ ᠭᠡᠵᠦ ᠪᠠᠶᠢᠬᠤ ᠦᠭᠡᠢ᠂ ᠠᠩᠬ᠎ᠠ ᠵᠡᠷᠭᠡ ᠶᠢᠨ ᠪᠠ ᠳᠤᠮᠳᠠ | ᠵᠡᠷᠭᠡ ᠶᠢᠨ ᠨᠢᠭᠲᠠᠯᠠᠨ ᠪᠣᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠷᠢ ᠲᠡᠩᠴᠡᠭᠰᠡᠨ ᠦᠨᠡᠮᠯᠡᠯ ᠢ | ᠪᠤᠰᠤᠳ ᠬᠥᠮᠦᠨ ᠳᠤ ᠨᠠᠶᠢᠳᠠᠵᠤ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠦᠨᠡᠮᠯᠡᠯ ᠢ ᠠᠪᠴᠤ ᠬᠢᠨᠠᠨ | ᠬᠠᠷᠭᠤᠭᠤᠯᠬᠤ ᠶᠢᠨ ᠬᠠᠮᠲᠤ ᠠᠪᠴᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠰᠠᠶᠢᠬᠠᠨ ᠲᠣᠭᠤᠷᠢᠭ ᠤᠨ | ᠴᠡᠯᠡᠭᠡᠷ ᠲᠠᠯ᠎ᠠ ᠶᠡᠭᠡ ᠵᠡᠭᠡᠯᠢ ᠶᠢᠨ 19 ᠳ᠋ᠤᠭᠡᠷ ᠨᠣᠮᠧᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ ᠲᠥᠪ ᠲᠤ ᠬᠦᠷᠴᠦ ᠦᠨᠡᠮᠯᠡᠯ | ᠠᠪᠤᠭᠠᠷᠠᠶ᠃ ᠥᠪᠡᠷᠲᠡᠭᠡᠨ ᠵᠠᠰᠠᠬᠤ ᠣᠷᠣᠨ ᠤ ᠪᠤᠰᠤᠳ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠳᠤ ᠬᠢᠷᠢ | ᠲᠡᠩᠴᠡᠭᠰᠡᠨ ᠰᠢᠯᠭᠠᠭᠤᠯᠤᠭᠴᠢ ᠰᠢᠯᠭᠠᠯᠲᠠ ᠶᠢᠨ ᠲᠣᠭᠤᠷᠢᠭ ᠤᠨ ᠨᠢᠭᠲᠠᠯᠠᠨ ᠪᠤᠳᠤᠭᠴᠢ ᠶᠢᠨ ᠲᠤᠰᠬᠠᠶ | ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠷᠢᠯᠴᠠᠵᠤ ᠦᠨᠡᠮᠯᠡᠯ | ᠠᠪᠤᠭᠠᠷᠠᠶ᠃ ᠬᠠᠷᠢᠭᠤᠯᠲᠠ ᠥᠭᠭᠦᠭᠰᠡᠨ ᠤ ᠳᠠᠷᠠᠭ᠎ᠠ᠂ ᠰᠠᠯᠠᠭ᠎ᠠ ᠲᠠᠰᠤᠭ ᠤᠨ ᠠᠵᠢᠯᠲᠠᠨ ᠠᠷᠠᠳ ᠲᠤ ᠦᠢᠯᠡᠴᠢᠯᠡᠬᠦ | ᠭᠡᠷ ᠤᠨ ᠠᠵᠢᠯᠲᠠᠨ ᠳᠤ ᠨᠢᠭᠡᠨᠲᠡ ᠬᠠᠷᠢᠭᠤᠯᠲᠠ ᠥᠭᠴᠦ ᠳᠠᠭᠤᠰᠤᠭᠰᠠᠨ ᠢ ᠮᠡᠳᠡᠭᠳᠡᠨ᠎ᠡ᠃ ᠠᠷᠠᠳ ᠲᠤ | ᠦᠢᠯᠡᠴᠢᠯᠡᠬᠦ ᠭᠡᠷ ᠤᠨ ᠠᠵᠢᠯᠲᠠᠳ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠪᠠᠷ ᠢᠷᠡᠭᠰᠡᠨ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠶᠢ ᠠᠰᠠᠭᠤᠨ᠎ᠠ᠃ | ᠣᠯᠠᠨ ᠲᠦᠮᠡᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠦᠶ᠎ᠡ ᠳᠤ᠂ ᠵᠢᠱᠢᠶᠡᠯᠡᠪᠡᠯ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠬᠡᠷᠬᠢᠨ ᠭᠤᠶᠤᠴᠢᠯᠠᠬᠤ ᠶᠢ ᠠᠰᠠᠭᠤᠨ ᠯᠠᠪᠯᠠᠬᠤ ᠳᠤ ᠪᠢᠳᠡ ᠶᠠᠭᠤᠨ ᠤ ᠡᠮᠦᠨ᠎ᠡ | ᠡᠨᠡ ᠠᠰᠠᠭᠤᠯᠲᠠ ᠶᠢᠨ ᠬᠠᠷᠢᠶᠠᠯᠠᠭᠳᠠᠬᠤ ᠰᠠᠯᠠᠭ᠎ᠠ ᠲᠠᠰᠤᠭ ᠢ ᠨᠤᠲᠠᠯᠠᠨ ᠲᠣᠭᠲᠠᠭᠠᠵᠤ᠂ ᠲᠤᠬᠠᠶᠢᠯᠠᠭᠰᠠᠨ ᠠᠵᠢᠯ ᠤᠨ | ᠰᠠᠯᠠᠭ᠎ᠠ ᠲᠠᠰᠤᠭ ᠲᠤ ᠮᠡᠳᠡᠭᠳᠡᠵᠦ᠂ ᠰᠠᠯᠠᠭ᠎ᠠ ᠲᠠᠰᠤᠭ ᠠᠴᠠ ᠠᠷᠠᠳ ᠲᠤ ᠦᠢᠯᠡᠴᠢᠯᠡᠬᠦ ᠭᠡᠷ ᠲᠤ ᠬᠥᠮᠦᠨ ᠲᠣᠮᠢᠯᠠᠨ | ᠢᠷᠡᠭᠦᠯᠦᠭᠡᠳ ᠪᠣᠳᠠᠲᠠᠶ ᠬᠠᠷᠢᠭᠤᠯᠲᠠ ᠥᠭᠭᠦᠭᠦᠯᠦᠨᠡ᠃ ᠡᠨᠡ ᠠᠰᠠᠭᠤᠳᠠᠯ ᠳᠤ ᠴᠢᠭᠯᠡᠭᠦᠯᠦᠨ ᠪᠢ ᠪᠠᠰᠠ ᠡ᠊ᠨᠳᠡ | ᠤᠯᠠᠨ ᠳᠤ ᠬᠠᠷᠢᠭᠤᠯᠲᠠ ᠥᠭᠭᠦᠶ᠎ᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ | ᠬᠤᠶᠠᠷ ᠵᠦᠢᠯ ᠤᠨ ᠠᠷᠭ᠎ᠠ ᠵᠠᠮ ᠪᠠᠶᠢᠳᠠᠭ᠂ ᠨᠢᠭᠡᠳᠦᠭᠡᠷ ᠠᠷᠭ᠎ᠠ ᠵᠠᠮ ᠪᠣᠯ ᠰᠦᠯᠵᠢᠶᠡᠨ ᠳᠡᠭᠡᠷ᠎ᠡ ᠭᠤᠶᠤᠴᠢᠯᠠᠬᠤ | ᠶᠠᠪᠤᠳᠠᠯ ᠪᠣᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠭᠤᠶᠤᠴᠢᠯᠠᠬᠤ | ᠬᠦᠴᠢᠷᠳᠡᠯᠲᠡᠶ ᠣᠯᠠᠨ ᠲᠦᠮᠡᠨ ᠭᠠᠷ ᠤᠲᠠᠰᠤ ᠵᠡᠷᠭᠡ ᠰᠢᠯᠵᠢᠮᠡᠯ ᠦᠵᠦᠭᠦᠷᠯᠢᠭ ᠢᠶᠠᠷ ᠳᠠᠮᠵᠢᠭᠤᠯᠤᠨ ᠸᠢᠴᠠᠲ ᠲᠤ | ᠣᠷᠣᠵᠤ ︽ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ | ᠪᠢᠴᠢᠯ ᠲᠠᠪᠴᠠᠩ ᠤᠨ ᠫᠷᠤᠭ᠍ᠷᠠᠮ︾ ᠢ ᠡᠷᠢᠵᠦ ᠪᠣᠯᠤᠨ᠎ᠠ᠂ ᠫᠷᠤᠭ᠍ᠷᠠᠮ ᠳᠤ ᠤᠷᠤᠭᠰᠠᠨ ᠤ ᠳᠠᠷᠠᠭ᠎ᠠ ᠰᠦᠯᠵᠢᠶ᠎ᠡ ᠪᠠᠷ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠭᠤᠶᠤᠴᠢᠯᠠᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠪᠤᠷᠠᠨ ᠲᠤᠰᠠᠯᠠᠯᠲᠠ ᠣᠯᠭᠤᠨ᠎ᠠ᠃ ᠬᠤᠶᠠᠳᠤᠭᠠᠷ ᠵᠦᠢᠯ ᠤᠨ ᠠᠷᠭ᠎ᠠ ᠵᠠᠮ ᠪᠣᠯ ᠰᠦᠯᠵᠢᠶᠡᠨ ᠠᠴᠠ ᠭᠠᠳᠠᠨ᠎ᠠ | ᠭᠤᠶᠤᠴᠢᠯᠠᠬᠤ ᠶᠠᠪᠤᠳᠠᠯ ᠪᠣᠯᠤᠨ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠣᠯᠠᠨ ᠲᠦᠮᠡᠨ ᠡᠷᠦᠬᠡ | ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠪᠠᠶᠢᠭᠤᠯᠤᠭᠰᠠᠨ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡᠨ ᠤ ᠴᠣᠩᠬᠤᠨ ᠳᠤ ᠬᠦᠷᠴᠦ ᠪᠢᠴᠢᠭ ᠢᠶᠠᠷ ᠭᠤᠶᠤᠴᠢᠯᠠᠯ ᠳᠡᠪᠰᠢᠭᠦᠯᠵᠦ᠂ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ | ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ | ᠣᠯᠭᠤᠨ᠎ᠠ᠃ ᠭᠤᠶᠤᠴᠢᠯᠠᠭᠴᠢ ᠶᠢᠨ ᠨᠠᠶᠢᠳᠠᠯᠭ᠎ᠠ ᠪᠠᠷ᠂ ᠭᠠᠴᠠᠭᠠᠨ ᠤ ᠠᠷᠠᠳ ᠤᠨ ᠵᠥᠪᠯᠡᠯ ᠨᠢ ᠲᠡᠭᠦᠨ ᠢ ᠣᠷᠣᠯᠠᠨ | ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠢᠴᠢᠭ ᠤᠨ ᠭᠤᠶᠤᠴᠢᠯᠠᠯ | ᠵᠢᠴᠢ ᠬᠤᠯᠪᠤᠭᠳᠠᠯ ᠪᠦᠬᠦᠢ ᠮᠠᠲ᠋ᠧᠷᠢᠶᠠᠯ ᠢ ᠲᠤᠰᠢᠶᠠᠵᠤ ᠪᠣᠯᠤᠨ᠎ᠠ᠃ ᠬᠠᠷᠢᠭᠤᠯᠲᠠ ᠥᠭᠭᠦᠭᠰᠡᠨ ᠤ ᠳᠠᠷᠠᠭ᠎ᠠ᠂ | ᠰᠠᠯᠠᠭ᠎ᠠ ᠲᠠᠰᠤᠭ ᠤᠨ ᠠᠵᠢᠯᠲᠠᠨ ᠠᠷᠠᠳ ᠲᠤ ᠦᠢᠯᠡᠴᠢᠯᠡᠬᠦ ᠭᠡᠷ ᠤᠨ ᠠᠵᠢᠯᠲᠠᠨ ᠳᠤ ᠨᠢᠭᠡᠨᠲᠡ ᠬᠠᠷᠢᠭᠤᠯᠲᠠ | ᠥᠭᠴᠦ ᠳᠠᠭᠤᠰᠤᠭᠰᠠᠨ ᠢ ᠮᠡᠳᠡᠭᠳᠡᠨ᠎ᠡ᠃ ᠠᠷᠠᠳ ᠲᠤ ᠦᠢᠯᠡᠴᠢᠯᠡᠬᠦ ᠭᠡᠷ ᠤᠨ ᠠᠵᠢᠯᠳᠠᠨ ᠲᠤᠬᠠᠢ ᠶᠢᠨ ᠲᠠᠯᠠᠪᠠᠢ ᠳᠤ | ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠠᠰᠠᠭᠤᠨ᠎ᠠ᠃ | ᠳᠡᠭᠡᠷᠡᠬᠢ ᠯᠠᠪᠯᠠᠯᠲᠠ ᠶᠢᠨ ᠭᠤᠭᠴᠤᠭ᠎ᠠ ᠳᠤ ᠪᠢᠳᠡ ᠴᠥᠮ ᠬᠠᠷᠠᠭᠠᠯᠵᠠᠭᠰᠠᠨ ᠬᠦᠰᠦᠨᠦᠭᠲᠦ ᠲᠣᠭᠲᠠᠭᠠᠭᠰᠠᠨ | ᠪᠥᠭᠡᠳ ᠡᠯ᠎ᠡ ᠭᠤᠬᠴᠤᠭ᠎ᠠ ᠶᠢᠨ ᠬᠥᠮᠦᠰ ᠭᠠᠷ ᠤᠨ ᠦᠰᠦᠭ ᠵᠢᠷᠤᠵᠤ᠂ ᠠᠷᠠᠳ ᠲᠤ ᠦᠢᠯᠡᠴᠢᠯᠡᠬᠦ ᠭᠡᠷ ᠤᠨ ᠬᠢᠨ | ᠨᠢᠭᠡᠳᠦᠯᠲᠡᠶ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠨ᠎ᠠ᠃ | ᠡᠭᠦᠨ ᠠᠴᠠ ᠭᠠᠳᠠᠨ᠎ᠠ᠂ ᠠᠵᠤ ᠠᠬᠤᠶᠢᠯᠠᠯ᠂ ᠲᠥᠰᠦᠪ ᠤᠨ ᠨᠢᠭᠡᠴᠡ ᠪᠠᠰᠠ ᠤᠲᠠᠰᠤ ᠪᠠ ᠲᠤᠬᠠᠶ ᠶᠢᠨ | ᠲᠠᠯᠠᠪᠤᠷ ᠲᠤ ᠠᠰᠠᠭᠤᠨ ᠯᠠᠪᠯᠠᠬᠤ ᠪᠠᠷ ᠳᠠᠮᠵᠢᠭᠤᠯᠤᠨ ᠠᠯᠪᠠᠨ ᠪᠢᠴᠢᠭ ᠤᠨ ᠡᠷᠭᠢᠯᠲᠡ ᠰᠢᠢᠳᠪᠦᠷᠢᠯᠡᠯᠲᠡ ᠶᠢᠨ | ᠪᠠᠶᠢᠳᠠᠯ ᠢ ᠯᠠᠪᠯᠠᠵᠤ ᠪᠣᠯᠤᠨ᠎ᠠ᠂ ᠪᠢᠳᠡ ᠪᠠᠰᠠ ᠲᠤᠬᠠᠶ ᠶᠢᠨ ᠲᠠᠯᠠᠪᠤᠷ ᠤᠨ ᠵᠠᠭᠠᠯᠳᠤᠯᠭ᠎ᠠ ᠪᠠ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠨᠠᠷᠢᠨ ᠬᠢᠨᠠᠮᠠᠭᠠᠶ ᠭᠥᠯᠢᠶᠡᠨ ᠠᠪᠴᠤ᠂ ᠠᠵᠤ ᠠᠬᠤᠶᠢᠯᠠᠯ ᠣᠯᠠᠨ ᠲᠦᠮᠡᠨ ᠤ | ᠬᠠᠮᠤᠭ ᠤᠨ ᠪᠠᠴᠢᠮ ᠬᠠᠮᠤᠭ ᠤᠨ ᠵᠣᠪᠠᠭᠤᠷᠢ ᠲᠠᠢ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠦᠨᠡᠨ | ᠰᠡᠳᠬᠢᠯ ᠠᠴᠠ ᠪᠠᠨ ᠬᠦᠴᠦ ᠣᠷᠣᠭᠤᠯᠤᠨ ᠰᠢᠢᠳᠪᠦᠷᠢᠯᠡᠨ᠎ᠡ᠃ | ᠬᠡᠯᠡᠯᠭᠡᠨ ᠦᠭᠡᠢ᠂ ᠪᠢᠳᠡ ᠪᠠᠰᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠦᠢᠯᠡᠴᠢᠯᠡᠭᠡᠨ ᠤ ᠲᠦᠷᠦᠯ | ᠵᠦᠢᠯ ᠢᠶᠠᠨ ᠴᠠᠭ ᠲᠤᠬᠠᠶ ᠳᠤᠨᠢ ᠲᠣᠬᠢᠷᠠᠭᠤᠯᠬᠤ ᠪᠣᠯᠤᠨ᠎ᠠ᠂ ᠭᠡᠪᠡᠴᠦ ᠪᠢᠳᠡᠨ ᠤ ᠬᠤᠪᠢᠷᠠᠭᠤᠯᠬᠤ ᠦᠭᠡᠢ ᠵᠣᠷᠢᠯᠲᠠ | ᠪᠣᠯ ᠰᠢᠢᠳᠪᠦᠷᠢᠯᠡᠬᠦ ᠴᠠᠭ ᠢ ᠠᠯᠢ ᠴᠢᠳᠠᠬᠤ ᠪᠠᠷ ᠲᠦᠷᠭᠡᠨ ᠪᠣᠯᠭᠠᠵᠤ᠂ ᠤᠴᠢᠷ ᠶᠠᠪᠤᠳᠠᠯ ᠢ ᠰᠢᠢᠳᠪᠦᠷᠢᠯᠡᠬᠦ | ᠶᠠᠪᠤᠴᠠ ᠶᠢ ᠠᠯᠢ ᠴᠢᠳᠠᠬᠤ ᠪᠠᠷ ᠳᠥᠭᠦᠮ ᠳᠥᠲᠡ ᠪᠠᠶᠢᠯᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠠᠯᠢ | ᠴᠢᠳᠠᠬᠤ ᠪᠠᠷ ᠰᠢᠯᠢᠳᠡᠭ ᠪᠠᠶᠢᠯᠭᠠᠬᠤ ᠳᠤ ᠣᠷᠣᠰᠢᠨ᠎ᠠ᠃ | 16. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ᠂ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠠᠷᠠᠳ ᠲᠤ ᠦᠢᠯᠡᠴᠢᠯᠡᠭᠦᠷ ᠬᠡᠷ ᠤᠨ ᠬᠠᠷᠢᠭᠤᠴᠠᠯᠭᠠᠲᠠᠨ ᠯᠢ ᠮᠧᠶ᠂ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠯᠢᠭ ᠲᠤ ᠲᠠᠯᠠᠷᠬᠠᠵᠤ ᠪᠠᠶᠢᠨ᠎ᠠ᠂ | ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠪᠠ ᠣᠷᠣᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠶᠠᠷᠯᠠᠯ᠎ᠠ᠃ |