ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠡᠨᠡ | ᠵᠢᠯ ᠠᠴᠠ ᠨᠠᠭᠠᠰᠢ᠂ ᠬᠥᠬᠡᠬᠤᠲᠠ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ︽ᠥᠷᠭᠡᠨ ᠪᠦᠰᠡᠲᠦ ᠬᠥᠬᠡᠬᠤᠲᠠ︾ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠪᠡ᠂ ᠣᠳᠣᠬᠠᠨ ᠳᠤ᠂ | ᠬᠥᠬᠡᠬᠤᠲᠠ ᠶᠢᠨ 4G ᠶᠢᠨ ᠰᠦᠯᠵᠢᠶᠡᠨ ᠤ ᠪᠦᠷᠬᠦᠴᠡ ᠶᠢᠨ ᠨᠣᠷᠮ᠎ᠠ 98% ᠳᠤ ᠬᠦᠷᠴᠦ᠂ 5G ᠶᠢᠨ ᠰᠠᠭᠤᠷᠢ | ᠥᠷᠲᠡᠭᠡ ᠶᠢ 3214 ᠪᠠᠶᠢᠭᠤᠯᠵᠤ᠂ ᠬᠤᠲᠠ ᠶᠢᠨ ᠲᠣᠭᠤᠷᠢᠭ ᠤᠨ ᠭᠤᠤᠯᠳᠠᠯᠭᠠᠳᠤ ᠴᠢᠳᠠᠪᠬᠢᠲᠦ ᠣᠷᠣᠨ ᠳᠤ | ᠰᠦᠯᠵᠢᠶ᠎ᠡ ᠶᠢ ᠦᠨᠳᠦᠰᠦᠨ ᠳᠡᠭᠡᠨ ᠨᠡᠶᠢᠳᠡᠮ ᠪᠦᠷᠬᠦᠭᠦᠯᠪᠡ᠃ | ᠣᠶᠢᠯᠠᠭᠠᠭᠰᠠᠨ ᠢᠶᠠᠷ᠂ ᠬᠥᠬᠡᠬᠤᠲᠠ ᠤᠷᠢᠳ ᠬᠤᠵᠢᠳ ︽ᠥᠷᠭᠡᠨ ᠪᠦᠰᠡᠲᠦ ᠳᠤᠮᠳᠠᠳᠤ ᠤᠯᠤᠰ︾ ᠤᠨ | ᠵᠢᠱᠢᠶ᠎ᠡ ᠦᠵᠡᠭᠦᠯᠬᠦ ᠬᠤᠲᠠ᠂ ᠤᠯᠤᠰ ᠤᠨ ᠲᠦᠷᠦᠭᠦᠤ ᠪᠦᠯᠦᠭ ᠤᠨ ᠬᠤᠳᠠᠯᠳᠤᠭᠠᠨ ᠳᠤ ᠬᠡᠷᠡᠭᠯᠡᠬᠦ 5G ᠶᠢᠨ | ᠬᠤᠲᠠ ᠪᠠᠷ ᠵᠢᠭᠰᠠᠭᠠᠭᠳᠠᠵᠤ᠂ ᠨᠢᠭᠡᠨᠲᠡ ᠪᠥᠬᠦ ᠤᠯᠤᠰ ᠤᠨ 18 ᠰᠢᠭᠤᠳ ᠬᠠᠷᠢᠶ᠎ᠠ ᠬᠤᠲᠠ ᠪᠠ ᠮᠤᠵᠢ ᠶᠢᠨ | ᠲᠥᠪ ᠬᠤᠲᠠ ᠳᠤ ᠰᠢᠭᠤᠳ ᠬᠥᠷᠬᠦ ᠰᠦᠯᠵᠢᠶᠡᠨ ᠵᠠᠮ ᠲᠠᠢ ᠪᠣᠯᠵᠣ᠂ ᠪᠡᠭᠡᠵᠢᠩ ᠳᠤ ᠰᠢᠭᠤᠳ ᠨᠡᠪᠲᠡᠷᠡᠬᠦ ᠭᠡᠷᠡᠯ | ᠲᠠᠲᠠᠯᠭ᠎ᠠ ᠶᠢ ᠨᠢᠭᠡᠨᠲᠡ 4 ᠶᠢ ᠪᠠᠶᠢᠭᠤᠯᠵᠤ᠂ ᠪᠡᠭᠡᠵᠢᠩ ᠲᠠᠢ ᠬᠠᠷᠢᠯᠴᠠᠨ ᠰᠦᠯᠵᠢᠶ᠎ᠡ ᠪᠠᠷ ᠵᠠᠯᠭᠠᠨ ᠰᠣᠷᠪᠤᠯᠵᠢᠯᠠᠬᠤ | ᠬᠤᠭᠤᠴᠠᠭᠠᠨ ᠬᠤᠶᠢᠰᠢᠯᠠᠯ ᠵᠦᠪᠬᠡᠨ 10 ᠮᠢᠯᠢᠰᠧᠺᠦ᠋ᠨ᠋ᠳ᠋ ᠪᠠᠶᠢᠵᠤ᠂ ᠳᠣᠲᠣᠭᠠᠳᠤ ᠳᠠᠭᠠᠨ ᠪᠥᠬᠦ ᠤᠯᠤᠰ ᠲᠤ | ᠨᠡᠪᠲᠡᠷᠡᠬᠦ᠂ ᠭᠠᠳᠠᠭᠠᠳᠤ ᠳᠠᠭᠠᠨ ᠣᠷᠣᠰ ᠮᠣᠩᠭᠤᠯ ᠧᠦ᠋ᠷᠣᠫᠠ ᠲᠠᠢ ᠨᠡᠪᠲᠡᠷᠡᠬᠦ ᠰᠦᠯᠵᠢᠶᠡᠨ ᠤ ᠰᠢᠰᠲ᠋ᠧᠮ ᠢ | ᠪᠦᠷᠢᠯᠳᠦᠭᠦᠯᠦᠭᠰᠡᠨ ᠪᠠᠶᠢᠨ᠎ᠠ᠃ ᠡᠨᠡ ᠵᠢᠯ᠂ ᠬᠥᠬᠡᠬᠤᠲᠠ ᠶᠢᠨ ᠤᠯᠤᠰ ᠤᠨ ᠲᠠᠰ ᠤᠨ ᠢᠨᠲ᠋ᠧᠷ ᠰᠦᠯᠵᠢᠶᠡᠨ ᠤ | ᠭᠤᠤᠯᠯᠠᠭᠴᠢ ᠰᠢᠭᠤᠳ ᠬᠤᠯᠪᠣᠯᠲᠠ ᠶᠢᠨ ᠴᠡᠭ ᠢ ᠴᠦ ᠪᠠᠶᠢᠭᠤᠯᠵᠤ ᠳᠠᠭᠤᠰᠬᠠᠨ᠂ ᠪᠥᠬᠦ ᠤᠯᠤᠰ ᠤᠨ ᠣᠲᠣ | ᠪᠠᠶᠢᠭ᠎ᠠ ᠪᠠᠶᠢᠭᠤᠯᠵᠤ ᠳᠠᠭᠤᠰᠬᠤ ᠦᠶ᠎ᠡ ᠳᠤ ᠨᠡᠪᠲᠡᠷᠡᠭᠦᠯᠦᠭᠰᠡᠨ ᠥᠷᠭᠡᠨ ᠪᠦᠰᠡ ᠪᠠᠷ ᠬᠠᠮᠤᠭ ᠤᠨ ᠶᠡᠭᠡ ᠰᠢᠭᠤᠳ | ᠬᠤᠯᠪᠣᠯᠲᠠ ᠶᠢᠨ ᠴᠡᠭ ᠪᠣᠯᠵᠠᠢ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ 5G᠂ ᠲᠤᠭ᠎ᠠ ᠪᠠᠷᠢᠮᠲᠠ ᠶᠢᠨ ᠲᠥᠪ᠂ ᠪᠤᠳᠠᠰ ᠤᠨ | ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠲᠣᠭᠠᠴᠢᠯᠠᠭᠰᠠᠨ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠡᠨᠡ ᠵᠢᠯ 5G ᠶᠢᠨ ᠰᠠᠭᠤᠷᠢ | ᠥᠷᠲᠡᠭᠡ ᠶᠢ 1300 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠣᠷᠣᠨ ᠪᠦᠰᠡ ᠶᠢᠨ ᠰᠦᠯᠵᠢᠶᠡᠨ ᠤ ᠴᠢᠬᠤᠯᠠ | ᠬᠦᠢᠰᠦ ᠶᠢ ᠴᠣᠭᠴᠠᠯᠠᠬᠤ ᠪᠤᠯᠤᠨ᠎ᠠ᠃ ︵ᠯᠢ ᠬᠠᠶ ᠵᠧᠨ︶ |