ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | | | ᠰᠠᠶ᠋ᠢᠬᠠᠨ ᠥᠩᠭᠡᠷᠡᠭᠰᠡᠨ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠃ | ᠨᠢᠭᠡ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠦᠢᠯ ᠤᠨ ᠨᠠᠷᠢᠨ ᠪᠤᠳᠤᠯᠢᠶᠠᠨᠲᠠᠶ ᠬᠦᠨᠳᠦ | ᠬᠡᠴᠡᠭᠦᠦ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠬᠦᠨᠳᠦ ᠨᠣᠴᠢᠲᠠᠶ ᠳᠠᠭᠠᠷᠢᠭᠳᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠬᠠᠷᠠᠯᠲᠠ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠭᠠᠳ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠦᠷᠭᠡᠨ | ᠳᠠᠪᠰᠢᠯᠲᠠ ᠲᠠᠢ ᠪᠣᠯᠪᠠ᠃ | | ︵ᠨᠢᠭᠡ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ | ᠴᠢᠬᠤᠯᠠ ᠶᠡᠭᠡ ᠦᠷ᠎ᠡ ᠪᠦᠲᠦᠭᠡᠯ ᠤᠯᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠢᠮᠠᠭᠲᠠ ᠪᠠᠷᠢᠮᠲᠠᠯᠠᠵᠤ᠂ ︽ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ᠂ ᠭᠠᠳᠠᠭᠠᠳᠤ ᠠᠴᠠ ᠢᠷᠡᠬᠦ ᠶᠢ | ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 7500 ᠭᠠᠷᠤᠶ ᠨᠠᠮ ᠤᠨ ᠭᠡᠰᠢᠭᠦᠨ ᠺᠠᠳ᠋ᠷ᠂ | ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠢᠵᠢᠭ ᠤᠨ ᠡᠮᠦᠨ᠎ᠡ ᠹᠷᠣᠨᠲ ᠲᠤ ᠠᠷᠠᠳ | ᠣᠯᠠᠨ ᠲᠠᠢ ᠮᠥᠷᠥ ᠵᠡᠷᠭᠡᠴᠡᠨ ᠪᠠᠶᠢᠯᠳᠤᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠦᠰ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠵᠢᠯ ᠢ | ᠥᠨᠳᠥᠷ ᠪᠦᠲᠦᠮᠵᠢᠲᠡᠢ ᠪᠠᠷ ᠥᠷᠨᠢᠭᠦᠯᠵᠦ᠂ ᠨᠢᠭᠲᠠ ᠤᠢᠢᠷᠠᠳᠤᠭᠰᠠᠳ ᠵᠢᠴᠢ ᠭᠤᠣᠯᠳᠠᠯᠭ᠎ᠠ ᠲᠠᠢ ᠭᠠᠵᠠᠷ | ᠣᠷᠣᠨ ᠠᠴᠠ ᠬᠥᠬᠡᠬᠤᠲᠠ ᠳᠤ ᠢᠷᠡᠭᠰᠡᠨ 767 ᠬᠥᠮᠦᠨ ᠢ ᠲᠥᠪᠯᠡᠷᠡᠭᠦᠯᠦᠨ ᠲᠤᠰᠠᠭᠠᠷᠯᠠᠨ ᠠᠵᠢᠭᠯᠠᠵᠤ᠂ | ᠤᠯᠤᠰ ᠤᠨ ᠬᠤᠭᠤᠷᠣᠨᠳᠣᠬᠢ ᠡᠭᠡᠯᠵᠢ ᠶᠢᠨ ᠨᠢᠰᠬᠡᠯ ᠤᠨ 3837 ᠬᠥᠮᠦᠨ ᠢ ᠰᠠᠯᠭᠠᠨ ᠲᠣᠬᠢᠷᠠᠭᠤᠯᠵᠤ᠂ ᠲᠤᠰ | ᠭᠠᠵᠠᠷ ᠣᠷᠣᠨ ᠤ ᠣᠨᠣᠰᠢᠯᠠᠭᠰᠠᠨ 3 ᠡᠪᠡᠳᠴᠢᠨ ᠤ ᠵᠢᠱᠢᠶ᠎ᠡ ᠶᠢ ᠲᠣᠬᠢᠲᠠᠢ ᠡᠮᠨᠡᠨ ᠵᠠᠰᠠᠵᠤ᠂ ᠡᠮᠴᠢ ᠰᠤᠪᠢᠯᠠᠭᠴᠢᠳ | ᠪᠠ ᠠᠵᠢᠯᠲᠠᠳ ᠲᠤ ᠬᠠᠯᠳᠠᠪᠤᠷᠢᠯᠠᠬᠤ ᠦᠭᠡᠢ ᠪᠠᠶᠢᠬᠤ ᠶᠢ ᠪᠡᠶᠡᠯᠡᠭᠦᠯᠪᠡ᠃ ᠨᠠᠮᠤᠷ ᠡᠪᠦᠯ ᠤᠨ ᠤᠯᠠᠷᠢᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠭᠲᠠ ᠪᠠᠶᠢᠷᠢᠯᠠᠭᠤᠯᠵᠤ᠂ ᠲᠠᠪᠤᠨ ᠲᠥᠷᠥᠯ ᠤᠨ | ᠠᠵᠤ ᠠᠬᠤᠶᠢᠯᠠᠯ᠂ ᠲᠤᠯᠤᠭᠠᠨ ᠲᠥᠷᠥᠯ ᠤᠨ ᠭᠤᠤᠯᠳᠠᠯᠭ᠎ᠠ ᠲᠠᠢ ᠬᠥᠮᠦᠰ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠴᠤᠪᠤᠷᠠᠭᠤᠯᠤᠨ ᠰᠢᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ᠂ ᠰᠢᠯᠵᠢᠮᠡᠯ ᠳᠥᠷᠪᠡᠯᠵᠢᠨ ᠥᠷᠥᠭᠡ ᠶᠢᠨ P C R ᠲᠤᠷᠰᠢᠯᠲᠠ ᠶᠢᠨ ᠲᠠᠰᠤᠭ ᠢ | ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠥᠷᠨᠢᠭᠦᠯᠦᠨ᠎ᠡ᠃ ᠤᠷᠢᠳ | ᠬᠤᠵᠢᠳ ᠪᠥᠬᠦ ᠬᠤᠲᠠ ᠶᠢᠨ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠲᠤᠬᠠᠶ ᠶᠢᠨ ᠲᠠᠯᠠᠪᠤᠷ ᠤᠨ | ᠬᠤᠷᠠᠯ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠢᠨ | ᠲᠠᠯᠠᠪᠤᠷ ᠤᠨ ᠬᠤᠷᠠᠯ ᠢ ᠳᠠᠭᠠᠭᠠᠨ ᠡᠷᠭᠢᠯᠡᠵᠦ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠲᠤᠷᠰᠢᠯᠭ᠎ᠠ ᠪᠠ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ ᠥᠭᠪᠡ᠃ 4 ᠡᠮᠴᠢ ᠰᠤᠪᠢᠯᠠᠭᠴᠢ | ᠦᠬᠠᠨ ᠳᠤ ᠲᠦᠷᠭᠡᠨ ᠲᠤᠰᠠᠯᠠᠵᠤ᠂ ᠢᠯᠠᠯᠲᠠ ᠲᠠᠢ ᠪᠠᠷ ᠪᠤᠴᠠᠵᠤ ᠢᠷᠡᠨ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠯᠢᠦ ᠳ᠋ᠧ ᠵᠢᠶᠠᠩ ᠨᠥᠬᠦᠷ ᠲᠤ ︽ | ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠭᠰᠡᠨ | ᠲᠡᠷᠢᠭᠦᠨ ᠤ ᠬᠤᠪᠢ ᠬᠥᠮᠦᠨ︾ ᠤ ᠴᠣᠯᠠ ᠣᠯᠭᠤᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠨᠡ | ᠤᠳᠠᠭᠠᠨ ᠤ ᠠᠷᠠᠳ ᠤᠨ ᠳᠠᠶᠢᠨ ᠤ ᠳᠤᠮᠳᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠡᠮ ᠡᠮᠨᠡᠯᠭᠡ ᠶᠢᠨ | ᠠᠵᠢᠯᠲᠠᠳ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠬᠦ᠂ ᠬᠠᠷᠠᠮ | ᠦᠭᠡᠢ ᠵᠣᠷᠢᠭᠤᠯᠬᠤ ᠤᠭ ᠰᠠᠨᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠥᠷᠭᠡᠨ ᠤᠯᠠᠨ | ᠠᠷᠠᠳ ᠲᠦᠮᠡᠨ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ ᠡᠷᠬᠢᠮ ᠳᠡᠭᠡᠳᠦ ᠵᠠᠩ ᠰᠤᠷᠲᠠᠯ ᠢ | ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠠᠮ ᠦᠭᠡᠢ ᠲᠤᠰᠠᠯᠠᠵᠤ᠂ ᠵᠣᠭᠤᠰ ᠮᠥᠩᠭᠦ ᠡᠳ᠋ ᠪᠣᠳᠠᠰ | ᠬᠠᠨᠳᠢᠪᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠡᠰᠡᠷᠭᠦᠴᠡᠬᠦ ︽ | ᠬᠠᠮᠤᠭ ᠤᠨ ᠶᠡᠭᠡ ᠢᠵᠢᠯ ᠲᠥᠪᠲᠦ ᠲᠣᠭᠤᠷᠢᠭ︾ ᠢ ᠵᠢᠷᠤᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠪᠡ᠃ | | | ︵ᠬᠤᠶᠠᠷ︶ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠪᠡ᠃ ᠤᠳᠤᠷᠢᠳᠤᠯᠭ᠎ᠠ | ᠡᠷᠦᠬᠡ ᠶᠢ ᠳᠠᠭᠠᠭᠠᠴᠢᠯᠠᠬᠤ᠂ ᠰᠠᠯᠠᠭ᠎ᠠ ᠮᠥᠴᠢᠷ ᠬᠠᠪᠰᠤᠷᠤᠨ ᠲᠡᠳᠬᠦᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ | ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ︽ᠬᠤᠶᠠᠷ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤ | ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠵᠢᠷᠭᠤᠭᠠᠨ ᠨᠠᠷᠢᠯᠢᠭ ᠣᠨᠣᠴᠠᠲᠠᠶ ᠪᠠᠶᠢᠬᠤ︾ ᠪᠠᠷ ᠴᠢᠷᠮᠠᠶᠢᠬᠤ ᠴᠢᠭᠯᠡᠯ ᠪᠣᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ 26 ᠡᠷᠦᠬᠡ 51 ᠬᠥᠮᠦᠨ ᠳᠤ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ᠂ ᠬᠥᠳᠡᠯᠦᠩᠭᠦᠶ ᠪᠠᠷ ᠬᠠᠮᠢᠶᠠᠷᠬᠤ᠂ ᠡᠷᠦᠬᠡ ᠶᠢᠨ | ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠲᠥᠷᠥᠯ ᠬᠤᠪᠢᠶᠠᠨ ᠵᠢᠯᠣᠭᠤᠳᠬᠤ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠪᠡ᠃ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠠᠭᠠᠷ ᠮᠠᠨᠳᠠᠯ᠂ | ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠶ ᠲᠦᠯᠬᠢᠨ ᠠᠬᠢᠭᠤᠯᠵᠤ᠂ | ᠲᠥᠪᠯᠡᠷᠡᠭᠦᠯᠦᠨ ᠢᠯᠴᠢ ᠬᠠᠩᠭᠠᠬᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ | ᠬᠡᠢ ᠪᠣᠯᠭᠠᠨ ᠥᠭᠡᠷᠡᠴᠢᠯᠡᠬᠦ︾ ᠶᠢ ᠤᠯᠠᠨ ᠲᠠᠯ᠎ᠠ ᠪᠠᠷ ᠵᠡᠷᠭᠡ ᠪᠠᠷ ᠬᠠᠮᠢᠶᠠᠷᠴᠤ᠂ 36 ᠲᠣᠰᠬᠤᠨ ︵ᠨᠡᠶᠢᠭᠡᠮ | ᠲᠣᠭᠤᠷᠢᠭ︶᠂ 1.7 ᠲᠦᠮᠡᠨ ᠡᠷᠦᠬᠡ ᠰᠠᠭᠤᠭᠠᠯᠢ ᠠᠷᠠᠳ ᠤᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ | ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠭᠤᠤᠯ ᠬᠤᠲᠠ ᠶᠢᠨ ᠲᠣᠭᠤᠷᠢᠭ ᠤᠨ 35 ᠲᠣᠨ | ᠠᠭᠤᠷᠰᠢᠭᠤᠯᠬᠤ ᠲᠤᠭ᠎ᠠ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠴᠡᠪᠡᠷᠯᠡᠬᠦ ᠶᠢ | ᠪᠡᠶᠡᠯᠡᠭᠦᠯᠵᠦ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤᠨ︾ ᠤ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠳᠠᠭᠠᠶ ᠡᠰᠢ ᠰᠦᠷᠡᠯ ᠢ ᠰᠢᠲᠠᠭᠠᠬᠤ ᠦᠢᠯᠡ ᠠᠵᠢᠯᠯᠠᠭ᠎ᠠ ᠶᠢ | ᠴᠢᠩᠭ᠎ᠠ ᠬᠢᠵᠠᠭᠠᠷᠯᠠᠵᠤ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ | ᠬᠦᠷᠦᠭᠦᠯᠦᠨ᠎ᠡ᠃ ᠭᠤᠤᠯ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠳᠠᠭᠠᠢ ᠭᠤᠤᠯ᠂ | ᠶᠡᠭᠡ ᠲᠦᠷᠭᠡᠨ ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ | ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠡᠬᠢ ᠡᠭᠦᠰᠦᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠥᠳᠡᠯᠦᠩᠭᠦᠶ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ ᠬᠦᠨᠳᠦ ᠶᠡᠭᠡ ᠠᠶᠤᠯ | ᠲᠦᠭᠰᠢᠭᠦᠷᠢ ᠶᠢ ᠡᠷᠴᠢᠮᠲᠡᠢ ᠰᠡᠷᠭᠡᠶᠢᠯᠡᠨ ᠡᠵᠡᠮᠳᠡᠪᠡ᠃ ᠡᠳ᠋ ᠤᠨ ᠵᠠᠰᠠᠭ ᠤᠨ ᠵᠠᠷᠤᠯᠭ᠎ᠠ ᠶᠢ ᠪᠠᠭᠠᠰᠬᠠᠬᠤ᠂ ᠭᠠᠵᠠᠷ | ᠰᠢᠷᠣᠶ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ᠂ ᠡᠳ᠋ ᠬᠥᠷᠥᠩᠭᠡ ᠶᠢ ᠰᠢᠢᠳᠪᠦᠷᠢᠯᠡᠵᠦ ᠡᠵᠡᠩᠨᠡᠬᠦ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠶᠢ 4.28 ᠳ᠋ᠦᠩᠰᠢᠭᠤᠷ | ᠲᠥᠭᠦᠷᠢᠭ ᠠᠷᠢᠯᠭᠠᠪᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠰᠠᠨᠠᠭᠠᠰᠢᠷᠠᠨ ᠵᠣᠪᠠᠨᠢᠬᠤ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢ ᠢᠮᠠᠭᠲᠠ ᠪᠠᠷᠢᠮᠲᠠᠯᠠᠵᠤ᠂ ᠤᠯᠤᠰ | ᠲᠦᠷᠦ᠂ ᠠᠵᠤ ᠠᠬᠤᠶ᠂ ᠨᠡᠶᠢᠭᠡᠮ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠯᠤᠰ ᠲᠦᠷᠦ ᠶᠢᠨ | ᠠᠮᠤᠷ ᠲᠦᠪᠰᠢᠨ᠂ ᠠᠵᠤ ᠠᠬᠤᠶ ᠶᠢᠨ ᠠᠮᠤᠷ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ ᠢ ᠦᠨᠡᠨ ᠬᠦ | ᠪᠠᠲᠤᠯᠠᠪᠠ᠃ | | | ︵ᠭᠤᠷᠪᠠ︶ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠲᠣᠭᠲᠠᠭᠤᠨ ᠪᠠᠶᠢᠬᠤ ᠶᠢᠨ ᠵᠡᠷᠭᠡ ᠳᠤ | ᠳᠡᠭᠡᠭᠰᠢᠯᠡᠯᠲᠡ ᠲᠠᠢ ᠪᠣᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠭᠤᠨ ᠢᠶᠠᠷ | ᠠᠬᠢᠭᠤᠯᠵᠠᠢ᠃ ᠪᠡᠯᠡᠳᠭᠡᠮᠵᠢᠳᠤ ᠲᠠᠷᠢᠶᠠᠯᠠᠩ ᠲᠦᠷᠭᠡᠨ ᠬᠥᠭᠵᠢᠵᠦ᠂ ᠵᠡᠭᠦᠨ ᠵᠢᠶᠠ ᠯᠠᠨ ᠤ ᠤᠳᠤ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠤᠯᠠᠭᠠᠨᠪᠠᠲᠤ ᠵᠡᠷᠭᠡ 4 ᠪᠡᠯᠡᠳᠭᠡᠮᠵᠢᠳᠤ ᠲᠠᠷᠢᠶᠠᠯᠠᠩ ᠤᠨ | ᠰᠠᠭᠤᠷᠢᠨ ᠭᠠᠵᠠᠷ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ ᠲᠠᠷᠢᠮᠠᠯ ᠤᠨ | ᠪᠦᠲᠦᠴᠡ ᠳᠤ ᠢᠳᠡᠪᠬᠢᠲᠡᠶ ᠪᠠᠷ ᠲᠣᠬᠢᠷᠠᠭᠤᠯᠤᠯᠲᠠ ᠬᠢᠵᠦ᠂ ᠨᠣᠭᠤᠭᠠᠨ ᠳᠠᠷᠤᠰᠢ᠂ ᠯᠠᠵᠤᠤ᠂ ᠠᠯᠲᠠ ᠮᠥᠩᠭᠦᠨ | ᠴᠡᠴᠡᠭ 5000 ᠭᠠᠷᠤᠶ ᠮᠥ ᠵᠠᠬᠢᠶᠠᠯᠠᠭ᠎ᠠ ᠶᠢᠨ ᠬᠡᠯᠪᠡᠷᠢ ᠪᠠᠷ ᠳᠠᠷᠢᠪᠠ᠃ ᠢ ᠰᠢᠶᠠᠩ ᠶᠤᠸᠠᠨ᠂ ᠾᠧ ᠢᠦᠢ ︽ | ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠭᠡᠷᠡᠴᠢᠯᠡᠯ ᠢ | ᠬᠦᠷᠳᠡᠵᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠬᠡᠷᠡᠭᠵᠢᠭᠦᠯᠵᠦ᠂ 4294 ᠡᠷᠦᠬᠡ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢ ᠪᠡᠶᠡᠯᠡᠭᠦᠯᠪᠡ᠃ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ | ᠣᠯᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ | ᠵᠢᠴᠢ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠭᠡᠷ ᠪᠠᠶᠢᠰᠢᠩ ᠭᠠᠵᠠᠷ ᠰᠢᠷᠣᠶ ᠶᠢ ᠨᠢᠭᠡ | ᠴᠤᠭᠴᠠᠵᠢᠭᠤᠯᠬᠤ︾ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠣᠯᠭᠤᠬᠤ ᠨᠤᠷᠮ᠎ᠠ ᠶᠢ 90% ᠠᠴᠠ ᠳᠡᠭᠡᠭᠰᠢ ᠳᠤ | ᠬᠦᠷᠭᠡᠨ᠎ᠡ᠃ ᠠᠵᠤ ᠦᠢᠯᠡᠳᠪᠦᠷᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 19. | 2% ᠢᠶᠠᠷ ᠨᠡᠮᠡᠭᠳᠡᠵᠦ᠂ ᠰᠢᠨ ᠶᠣᠣ ᠴᠠᠬᠢᠯᠭᠠᠨ ᠳᠡᠭᠡᠰᠦ᠂ ᠱᠢ ᠴᠢ ᠪᠣᠯᠪᠠᠰᠤᠷᠠᠭᠤᠯᠬᠤ ᠬᠢᠮᠢ ᠶᠢᠨ ᠠᠵᠤ | ᠦᠢᠯᠡᠳᠪᠦᠷᠢ ᠵᠡᠷᠭᠡ ᠬᠡᠪᠴᠢᠶᠡᠵᠢᠯ ᠠᠴᠠ ᠳᠡᠭᠡᠭᠰᠢᠬᠢ 9 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ ᠲᠠᠯ᠎ᠠ | ᠨᠤᠲᠤᠭ ᠤᠨ ᠤᠯᠠᠭᠠᠨ ᠨᠠᠷᠠᠨ ᠢᠳᠡᠭᠡᠨ ᠤ ᠺᠣᠮᠫᠠᠨᠢ ᠵᠠᠬ᠎ᠠ ᠳᠡᠯᠭᠡᠭᠦᠷ ᠲᠤ ᠭᠠᠷᠬᠤ ᠶᠢ ᠡᠬᠢᠯᠡᠭᠦᠯᠵᠦ᠂ | ᠦᠢᠯᠡᠳᠪᠦᠷᠢᠯᠡᠯ ᠤᠨ ᠮᠡᠷᠭᠡᠵᠢᠯ ᠤᠨ ᠤᠶᠤᠨᠴᠢᠯᠠᠯᠳᠠ ᠶᠢᠨ ᠬᠡᠮᠵᠢᠶ᠎ᠡ ᠤᠯᠤᠰ ᠤᠨ ᠳᠣᠲᠣᠭᠠᠳᠤ ᠶᠢᠨ ᠲᠡᠷᠢᠭᠦᠨ ᠤ | ᠲᠦᠪᠰᠢᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢᠶᠠᠷ ᠦᠨᠡᠯᠡᠭᠳᠡᠪᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠨᠡᠮᠡᠭᠳᠡᠯ ᠡᠷᠴᠢᠮᠲᠡᠶ ᠪᠠᠶᠢᠨ᠎ᠠ᠃ | ᠬᠤᠸᠠ ᠷᠦᠨ ᠤ ᠸᠢᠶᠧᠨ᠋ᠲ᠋ᠢᠶᠠᠩ ᠬᠤᠳᠠ ᠳᠤ ᠭᠡᠷ᠎ᠡ ᠲᠣᠭᠲᠠᠨ ᠰᠠᠭᠤᠷᠢᠰᠢᠵᠤ᠂ ᠯᠢ ᠴᠧᠩ ᠤᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠬᠤᠳᠠᠯᠳᠤᠭᠠᠴᠢᠨ ᠤᠷᠢᠬᠤ ᠠᠵᠢᠯ ᠢ ᠡᠬᠢᠯᠡᠭᠦᠯᠵᠦ᠂ ᠭᠤᠣᠯ ᠪᠣᠯᠬᠤ ᠵᠢᠶᠠ ᠸᠧᠢ ᠶᠢᠨ | ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠡᠵᠡᠩᠨᠡᠯᠲᠡ ᠳᠤ ᠣᠷᠣᠵᠤ᠂ ᠺᠠᠶᠢᠳᠧ · ᠨᠡᠬᠡᠮᠡᠯ ᠪᠦᠬᠦ | ᠲᠠᠯ᠎ᠠ ᠪᠠᠷ ᠡᠵᠡᠩᠨᠡᠵᠦ᠂ ᠡᠷᠬᠢᠨ ᠲᠣᠭᠤᠷᠢᠨ ᠤ ᠠᠵᠤ ᠦᠢᠯᠡᠰ ᠤᠨ ᠲᠥᠪᠯᠡᠷᠡᠯ ᠤᠨ ᠦᠢᠯᠡᠴᠢᠯᠡᠭᠡ ᠪᠣᠯᠤᠨ ᠭᠤᠣᠯ | ᠣᠷᠣᠨ ᠪᠦᠰᠡ ᠶᠢᠨ ᠳᠠᠶᠢᠴᠢᠯᠠᠬᠤ ᠬᠦᠴᠦᠨ ᠢᠯᠡᠳᠲᠡ ᠳᠡᠭᠡᠭᠰᠢᠯᠡᠪᠡ᠃ ᠮᠧᠶ ᠲᠦᠩ ᠲᠥᠪ ᠤᠨ ᠪᠣᠬᠢᠷᠲᠤᠯ ᠥᠬᠡᠶ | ᠪᠠᠷᠠᠭᠠᠨ ᠤ ᠭᠦᠢᠯᠭᠡᠭᠡᠨ ᠤ ᠲᠥᠪ ᠤᠨ ᠠᠷᠠᠯᠵᠢᠶᠠᠨ ᠤ ᠲᠤᠭ᠎ᠠ 82.3 ᠳ᠋ᠦᠩᠰᠢᠭᠤᠷ ᠲᠥᠭᠦᠷᠢᠭ ᠲᠤ ᠬᠦᠷᠴᠦ᠂ | ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠨᠣᠷᠮ᠎ᠠ ᠪᠥᠬᠦ ᠬᠤᠲᠠ ᠶᠢᠨ | 80% ᠠᠴᠠ ᠳᠡᠭᠡᠭᠰᠢᠬᠢ ᠶᠢ ᠡᠵᠡᠯᠡᠪᠡ᠃ ᠢᠦᠶ ᠴᠢᠤᠸᠠᠨ ᠲᠣᠮᠣ ᠠᠰᠠᠷ ᠨᠢ ᠮᠠᠨ ᠤ ᠲᠤᠭᠤᠷᠢᠭ ᠤᠨ ︽ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ | ᠨᠡᠪᠴᠢᠭᠦᠯᠦᠭᠦᠷ ᠪᠣᠯᠵᠣ᠂ ᠼᠧ ᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ 71 ᠠᠵᠤ ᠠᠬᠤᠶᠢᠯᠠᠯ ᠤᠨ ᠡᠵᠡᠩᠨᠡᠯᠲᠡ | ᠰᠠᠶᠢᠨ ᠪᠠᠶᠢᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ | ᠲᠤᠰᠬᠠᠶ ᠠᠰᠢᠭ ᠭᠤᠶᠤᠴᠢᠯᠠᠭᠰᠠᠨ ᠠᠵᠤ ᠠᠬᠤᠶᠢᠯᠠᠯ 2᠂ ᠲᠤᠰᠬᠠᠶ ᠠᠰᠢᠭ ᠤᠨ ᠲᠤᠭ᠎ᠠ 7 ᠪᠠᠶᠢᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ | | | ︵ᠳᠥᠷᠪᠡ︶ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠳᠠᠪᠠᠭᠤᠯᠢᠭ ᠲᠣᠪᠤᠶᠢᠮ᠎ᠠ ᠪᠠᠶᠢᠨ᠎ᠠ᠃ | ᠤᠯᠤᠰ ᠤᠨ ᠲᠠᠰ ᠤᠨ ᠤᠨᠴᠠᠯᠢᠬᠳᠤ ᠶᠠᠪᠠᠭᠠᠨ ᠵᠡᠭᠡᠯᠢ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠶᠠᠪᠠᠭᠠᠨ ᠵᠡᠭᠡᠯᠢ ᠶᠢ ᠥᠪᠡᠷᠲᠡᠭᠡᠨ ᠵᠠᠰᠠᠬᠤ ᠣᠷᠣᠨ ᠤ | ᠲᠠᠰ ᠤᠨ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠲᠦᠷᠦᠭᠦᠤ ᠪᠦᠯᠦᠭ ᠤᠨ ᠲᠤᠷᠰᠢᠯᠲᠠ ᠶᠢᠨ ᠴᠡᠭ ᠲᠤ | ᠣᠷᠣᠭᠤᠯᠪᠠ᠃ ᠶᠡᠭᠡ ᠡᠮᠦᠨ᠎ᠡ ᠶᠡᠭᠡ ᠬᠤᠶᠢᠲᠤ ᠵᠡᠭᠡᠯᠢ ᠪᠠᠷ ᠵᠡᠭᠡᠯᠢ ᠭᠤᠳᠤᠮᠵᠢ ᠶᠢᠨ ᠦᠵᠡᠮᠵᠢ ᠶᠢᠨ ᠵᠦᠢᠯᠡᠰ᠂ | ᠬᠠᠭᠤᠴᠢᠨ ᠭᠡᠷᠡᠯ ᠵᠢᠷᠤᠭ ᠵᠡᠷᠭᠡ ᠰᠣᠶᠣᠯ ᠤᠨ ᠦᠵᠡᠮᠵᠢ ᠶᠢ ᠨᠠᠷᠢᠨ ᠨᠢᠮᠪᠠᠢ ᠴᠣᠭᠴᠠᠯᠠᠵᠤ᠂ ᠬᠠᠭᠤᠴᠢᠨ ᠬᠤᠳᠠ ᠶᠢᠨ | ᠳᠤᠷᠠᠰᠤᠮᠵᠢ ᠶᠢ ᠲᠠᠬᠢᠨ ᠢᠯᠡᠷᠡᠭᠦᠯᠵᠦ᠂ ᠰᠣᠶᠣᠯ ᠤᠨ ᠤᠷᠳᠤ ᠬᠤᠩᠬᠢᠯ ᠢ ᠲᠠᠬᠢᠨ ᠴᠣᠭᠴᠠᠯᠠᠨ᠎ᠠ᠃ ᠤᠬᠠᠭᠤᠯᠤᠨ | ᠳᠡᠯᠭᠡᠷᠡᠭᠦᠯᠬᠦ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠢᠭ᠋ ᠲᠤᠭ ᠴᠤᠤᠷᠢᠶ᠎ᠠ᠂ ᠪᠤᠱᠢᠭᠤ ᠭᠠᠷ᠂ | ᠰᠦᠯᠵᠢᠶ᠎ᠡ ᠪᠠᠷ ᠺᠠᠷᠲ ᠪᠦᠷᠢᠳᠬᠡᠭᠦᠯᠬᠦ ᠵᠡᠷᠭᠡ ᠪᠠᠷ ᠬᠠᠭᠤᠴᠢᠨ ᠬᠤᠳᠠ ᠶᠢᠨ ᠠᠵᠤ ᠠᠬᠤᠶ᠂ ᠰᠥᠨᠢ ᠶᠢᠨ ᠠᠵᠤ | ᠠᠬᠤᠶ ᠶᠢ ᠲᠦᠯᠬᠢᠨ ᠠᠬᠢᠭᠤᠯᠤᠨ᠎ᠠ᠃ ᠠᠩᠬᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠳᠠᠭᠤᠤ | ᠬᠥᠭᠵᠢᠮ ᠤᠨ ᠠᠮᠲᠠᠲᠤ ᠢᠳᠡᠭᠡᠨ ᠤ ᠤᠯᠠᠷᠢᠯ︾᠂ ︽ᠥᠪᠥᠷ ᠮᠣᠩᠭᠤᠯ ᠤᠨ ᠦᠨᠦᠷ ᠠᠮᠲᠠ︾ ᠵᠡᠷᠭᠡ | ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠬᠤᠸᠠᠷ ᠫᠤᠤᠵᠢᠩ ᠤᠨ ᠠᠭᠤᠷ︾ ᠪᠠᠶᠢᠬᠤ ᠮᠥᠷᠲᠡᠭᠡᠨ ᠪᠠᠰᠠ ︽ | ᠴᠠᠭ ᠤᠨ ᠥᠩᠭᠡ ᠶᠢᠨ ᠰᠠᠯᠬᠢ︾ ᠳᠡᠭᠳᠡᠵᠦ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠬᠡᠰᠡᠭ ᠨᠢ ᠬᠥᠬᠡᠬᠤᠲᠠ ᠶᠢᠨ | ᠰᠥᠨᠢ ᠶᠢᠨ ᠠᠵᠤ ᠠᠬᠤᠶ ᠶᠢᠨ ᠰᠢᠨ᠎ᠡ ᠪᠡᠯᠭᠡ ᠲᠡᠮᠳᠡᠭ ᠪᠣᠯᠪᠠ᠃ ᠬᠠᠭᠤᠴᠢ ᠰᠤᠳᠤᠯᠤᠯ ᠤᠨ ᠠᠵᠢᠯ ᠰᠢᠨ᠎ᠡ | ᠰᠢᠪᠲᠤᠯᠤᠯᠲᠠ ᠲᠠᠢ ᠪᠤᠯᠵᠤ᠂ ᠱᠠ ᠯᠢᠶᠠᠩ ᠽᠢ ᠲᠣᠰᠬᠤᠨ ᠳᠤ ᠪᠠᠷᠠᠭᠤᠨ ᠬᠠᠨ ᠤᠯᠤᠰ ᠤᠨ ᠦᠶ᠎ᠡ ᠶᠢᠨ ᠲᠤᠮᠤ | ᠬᠡᠯᠪᠡᠷᠢ ᠶᠢᠨ ᠠᠮᠤ ᠪᠤᠳᠠᠭᠠᠨ ᠤ ᠬᠥᠮᠥᠷᠭᠡ ᠶᠢᠨ ᠪᠠᠷᠢᠯᠭ᠎ᠠ ᠶᠢᠨ ᠰᠠᠭᠤᠷᠢ ᠶᠢ ᠢᠯᠡᠷᠡᠭᠦᠯᠪᠡ᠃ | | | ︵ᠲᠠᠪᠤ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠲᠠᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠠᠯᠠ | ᠳᠣᠭᠢᠷᠠᠭᠤᠯᠬᠤ᠂ ᠭᠠᠷᠳᠠᠮ ᠭᠦᠢᠴᠡᠳᠭᠡᠬᠦ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ 81 ᠠᠰᠠᠭᠤᠳᠠᠯ ᠢ | ᠰᠢᠢᠳᠪᠦᠷᠢᠯᠡᠵᠦ ᠥᠭᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠷᠪᠠᠨ ᠨᠢᠭᠡ︾᠂ ᠬᠢᠨᠠᠨ | ᠵᠥᠪᠰᠢᠶᠡᠷᠡᠬᠦ ᠦᠢᠯᠡᠴᠢᠯᠡᠭᠡᠨ ᠤ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ | ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠭᠤᠶᠤᠴᠢᠯᠠᠯ ᠢᠶᠠᠷ ᠭᠦᠢᠴᠡᠳᠭᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ 390 ᠵᠦᠢᠯᠡᠰ ᠲᠠᠨᠢᠵᠤ ᠠᠪᠤᠭᠠᠳ᠂ ᠵᠠᠰᠠᠭ ᠤᠨ ᠶᠠᠪᠤᠳᠠᠯ ᠤᠨ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠭᠡᠵᠦ ᠪᠣᠯᠬᠤ ᠨᠣᠷᠮ᠎ᠠ 96.9% ᠳᠤ ᠬᠦᠷᠴᠦ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ | ᠭᠦᠶᠦᠯᠭᠡᠬᠦ︾ ᠶᠢᠨ ᠡᠵᠡᠯᠡᠬᠦ ᠬᠠᠷᠢᠴᠠᠯ 89.7% ᠳᠤ ᠬᠦᠷᠴᠦ᠂ ᠴᠠᠭ ᠬᠤᠭᠤᠴᠠᠭ᠎ᠠ ᠶᠢ 63.5% ᠪᠠᠷ | ᠪᠠᠭᠠᠰᠬᠠᠪᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠲᠦᠷᠭᠡᠨ ᠴᠤᠤᠷᠢᠶᠠᠲᠤᠨ ᠲᠠᠭᠠᠬᠤ ᠲᠣᠭᠲᠠᠴᠠ ᠶᠢ ᠪᠠᠶᠢᠭᠤᠯᠵᠤ᠂ ᠠᠷᠠᠳ ᠲᠦᠮᠡᠨ ᠳᠤ | ᠦᠢᠯᠡᠴᠢᠯᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠪᠠ᠃ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠥᠪᠳᠡᠯᠴᠡᠭᠡᠨ ᠤ ᠠᠵᠢᠯᠯᠠᠭ᠎ᠠ ᠶᠢ 80 ᠰᠢᠬᠠᠮ ᠤᠳᠠᠭ᠎ᠠ ᠥᠷᠨᠢᠭᠦᠯᠵᠦ᠂ ᠵᠥᠩ ᠯᠢᠶᠠᠩ ᠵᠥᠩ | ᠳ᠋ᠦᠸᠧ · ᠱᠢ ᠭᠤᠸᠠᠩ ᠯᠢ᠂ ᠬᠤᠸᠠ ᠷᠦᠨ ᠲᠥᠪ ᠵᠡᠷᠭᠡ 16 ᠵᠦᠢᠯᠡᠰ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ | ᠪᠠᠯᠠ ᠣᠷᠣᠭᠤᠯᠤᠯᠲᠠ ᠶᠢᠨ ᠪᠥᠬᠦ ᠲᠤᠭ᠎ᠠ ᠨᠢ ᠪᠠᠷᠤᠭ 390 ᠳ᠋ᠦᠩᠰᠢᠭᠤᠷ ᠲᠥᠭᠦᠷᠢᠭ ᠲᠤ ᠬᠥᠷᠪᠡ᠃ | | | ︵ᠵᠢᠷᠭᠤᠭ᠎ᠠ︶ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠢᠯᠡᠳᠲᠡ ᠦᠷ᠎ᠡ ᠪᠦᠲᠦᠮᠵᠢ | ᠤᠯᠪᠠ᠃ ᠬᠤᠳᠠ ᠶᠢᠨ ᠡᠮᠨᠡᠯᠭᠡ ᠶᠢᠨ ᠬᠤᠷᠢᠶᠠᠨ ᠤ ᠡᠮᠦᠨ᠎ᠡ ᠲᠠᠯ᠎ᠠ᠂ ᠬᠤᠸᠠ ᠢᠦᠢ ᠨᠡᠶᠢᠭᠡᠮ ᠲᠣᠭᠤᠷᠢᠭ ᠵᠡᠷᠭᠡ 9 | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠲᠠᠲᠠᠪᠤᠷᠢᠯᠠᠨ ᠨᠤᠷᠠᠭᠠᠵᠤ ᠥᠭᠡᠷᠡᠴᠢᠯᠡᠬᠦ ᠠᠵᠢᠯ ᠢ | ᠲᠦᠷᠭᠡᠪᠴᠢᠯᠡᠨ ᠬᠡᠷᠡᠭᠵᠢᠭᠦᠯᠵᠦ᠂ ᠨᠡᠶᠢᠳᠡ 50 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠭᠡᠷ | ᠪᠠᠶᠢᠰᠢᠩ ᠢ ᠲᠠᠲᠠᠪᠤᠷᠢᠯᠠᠪᠠ᠃ ᠬᠤᠸᠠ ᠷᠦᠨ ᠤ ᠸᠢᠶᠧᠨ᠋ᠲ᠋ᠢᠶᠠᠩ ᠬᠤᠲᠠ ᠵᠡᠷᠭᠡ ᠴᠢᠨᠠᠷ ᠰᠠᠶᠢᠲᠠᠶ ᠠᠷᠠᠯᠵᠢᠶ᠎ᠠ | ᠬᠤᠳᠠᠯᠳᠤᠭᠠᠨ ᠤ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠬᠤᠲᠠ ᠶᠢᠨ | ᠲᠣᠭᠤᠷᠢᠭ ᠤᠨ ᠳᠦᠷᠰᠦ ᠪᠠᠶᠢᠳᠠᠯ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠦᠨ᠎ᠡ᠃ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠯᠡᠨ ᠳᠤᠮᠳᠠ | ᠵᠠᠮ ᠤᠨ ᠬᠤᠯᠪᠣᠬᠤ ᠱᠤᠭᠤᠮ᠂ ᠪᠠᠶᠠᠨ ᠵᠠᠮ ᠤᠨ ᠥᠨᠳᠥᠷ ᠵᠢᠶᠠᠰᠠᠳᠤ ᠬᠥᠭᠦᠷᠭᠡ᠂ ᠭᠤᠷᠪᠠᠳᠤᠭᠠᠷ ᠲᠣᠭᠤᠷᠢᠯ ᠵᠠᠮ᠂ | ᠭᠠᠵᠠᠷ ᠳᠣᠤᠷᠠᠬᠢ ᠲᠡᠮᠦᠷ ᠵᠠᠮ ᠤᠨ ᠬᠤᠶᠠᠳᠤᠭᠠᠷ ᠱᠤᠭᠤᠮ ᠤᠨ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠪᠡ᠃ | ᠬᠤᠲᠠ ᠶᠢᠨ ᠶᠠᠪᠤᠳᠠᠯ ᠤᠨ 4 ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠵᠠᠮ ᠤᠨ ᠪᠢᠴᠢᠯ ᠡᠷᠭᠢᠯᠲᠡ ᠶᠢ | ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ | ᠲᠦᠷᠦᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠬᠦᠴᠦᠲᠡᠶ ᠲᠦᠯᠬᠢᠨ ᠠᠬᠢᠭᠤᠯᠵᠤ᠂ 117 | ᠲᠦᠷᠦᠯ ᠵᠦᠢᠯ ᠤᠨ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ︽ᠵᠢᠶᠠ | ᠬᠤᠤ ᠠᠭᠤᠳᠠᠮ ᠲᠠᠯᠠᠪᠠᠢ︾᠂ ︽ᠯᠦᠩ ᠴᠧᠩ︾ ᠵᠡᠷᠭᠡ ᠤᠯᠠᠨ ᠲᠦᠮᠡᠨ ᠤ ᠠᠷᠪᠠ ᠭᠠᠷᠤᠶ ᠵᠢᠯ ᠤᠨ ︽ᠪᠤᠴᠠᠵᠤ | ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠪᠦᠬᠦ ᠲᠠᠯ᠎ᠠ ᠪᠠᠷ | ᠰᠢᠢᠳᠪᠦᠷᠢᠯᠡᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ︽ᠵᠢᠷᠭᠤᠭᠠᠨ ᠰᠠᠮᠠᠭᠤᠨ︾ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ | ᠭᠦᠨᠵᠡᠭᠡᠶᠢᠷᠡᠭᠦᠯᠦᠨ᠂ ᠪᠥᠬᠦ ᠲᠤᠭᠤᠷᠢᠭ ᠤᠨ 7000 ᠭᠠᠷᠤᠶ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ | ᠬᠠᠷᠢᠭᠤᠴᠠᠯᠭᠠᠲᠤ ᠨᠢᠭᠡᠴᠡ ᠳᠤ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠲᠤ ᠪᠠᠷ | ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠢᠯᠡ ᠠᠵᠢᠯᠯᠠᠭ᠎ᠠ ᠶᠢ | ᠵᠢᠷᠤᠮᠵᠢᠭᠤᠯᠪᠠ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ | ᠳᠡᠯᠭᠡᠵᠡᠢ᠃ ᠭᠡᠷ ᠤᠨ ᠭᠠᠳᠠᠨᠠᠬᠢ ᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠰᠠᠷ ᠤᠨ | ᠤᠷᠤᠢ ᠶᠢᠨ 139 ᠵᠠᠷ ᠢ ᠨᠤᠷᠠᠭᠠᠵᠤ᠂ ᠬᠤᠳᠠ ᠶᠢᠨ ᠦᠵᠡᠰᠬᠦᠯᠡᠩᠲᠦ ᠰᠠᠶᠢᠬᠠᠨ ᠲᠩᠷᠢ ᠶᠢᠨ ᠬᠠᠶᠠᠭ᠎ᠠ ᠶᠢ ᠳᠡᠯᠭᠡᠪᠡ᠃ | | ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠥᠬᠡᠶ ᠨᠡᠮᠡᠭᠳᠡᠪᠡ᠃ ︽ᠠᠷᠠᠳ | ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠰᠢᠨ᠎ᠡ ᠪᠠᠷ 26 ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ 3 ᠲᠦᠮᠡ ᠭᠠᠷᠤᠶ ᠰᠠᠭᠤᠭᠠᠯᠢ | ᠠᠷᠠᠳ ᠲᠤ ᠠᠰᠢᠭ ᠬᠦᠷᠲᠡᠭᠡᠪᠡ᠃ ᠡᠯ᠎ᠡ ᠲᠥᠷᠥᠯ ᠤᠨ ᠠᠪᠤᠷᠠᠨ ᠲᠤᠰᠠᠯᠠᠬᠤ ᠲᠤᠰᠠᠯᠠᠮᠵᠢ ᠶᠢᠨ ᠪᠠᠯᠠ ᠮᠥᠩᠭᠦ ᠶᠢ | 3167.2 ᠲᠦᠮᠡᠨ ᠲᠥᠭᠦᠷᠢᠭ ᠲᠠᠷᠬᠠᠭᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ 2.9 | ᠲᠦᠮᠡᠨ ᠠᠵᠢᠯ ᠤᠨ ᠪᠠᠶᠢᠷᠢ ᠬᠠᠩᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ᠠᠵᠢᠯᠴᠢᠨ ᠬᠡᠷᠡᠭᠯᠡᠬᠦ ᠭᠠᠴᠢᠭᠳᠠᠯ ᠢ ᠪᠦᠲᠦᠮᠵᠢᠲᠡᠶ ᠪᠠᠷ ᠨᠠᠮᠳᠠᠭᠤᠯᠪᠠ᠃ ᠰᠤᠷᠭᠠᠨ ᠬᠥᠮᠦᠵᠢᠯ ᠢ | ᠲᠡᠩᠴᠡᠭᠦᠷᠢᠰᠢᠭᠦᠯᠦᠨ ᠴᠢᠨᠠᠷᠵᠢᠭᠤᠯᠬᠤ ᠴᠢᠭᠯᠡᠯ ᠳᠠᠰᠢ ᠬᠥᠭᠵᠢᠭᠦᠯᠵᠦ᠂ ᠠᠷᠪᠠᠨ ᠬᠤᠶᠠᠳᠤᠭᠠᠷ ᠳᠤᠮᠳᠠᠳᠤ | ᠰᠤᠷᠭᠠᠭᠤᠯᠢ ᠬᠢᠭᠡᠳ ᠨᠢᠭᠡᠳᠦᠭᠡᠷ ᠳᠤᠮᠳᠠᠳᠤ ᠰᠤᠷᠭᠠᠭᠤᠯᠢ ᠣᠷᠣᠨ ᠪᠦᠰᠡ ᠠᠯᠤᠰᠯᠠᠨ ᠬᠠᠮᠲᠤᠷᠠᠵᠤ ᠰᠤᠷᠭᠠᠭᠤᠯᠢ | ᠡᠷᠭᠢᠯᠡᠬᠦ ᠶᠢ ᠪᠡᠶᠡᠯᠡᠭᠦᠯᠵᠦ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ | ᠰᠢᠨ᠎ᠡ ᠪᠠᠷ 8 ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠨᠡᠮᠡᠭᠳᠡᠭᠦᠯᠵᠦ᠂ ᠠᠯᠪᠠᠨ ᠠᠴᠠ ᠡᠷᠭᠢᠯᠡᠭᠰᠡᠨ | ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢᠨ ᠡᠵᠡᠯᠡᠬᠦ | ᠬᠠᠷᠢᠴᠠᠯ ᠨᠢ ᠲᠣᠰ ᠲᠣᠰ 52.2% ᠪᠠ 89.9% ᠳᠤ ᠬᠥᠷᠪᠡ᠃ ᠡᠮᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠬᠦᠨᠳᠦ ᠶᠡᠭᠡ ᠡᠪᠡᠳᠴᠢᠨ ᠡᠮᠭᠡᠭ ᠲᠠᠢ ᠶᠠᠳᠠᠭᠤ ᠬᠦᠴᠢᠷᠳᠡᠯᠲᠡᠶ | ᠡᠪᠡᠳᠴᠢᠲᠡᠨ ᠤ ᠡᠮᠨᠡᠯᠭᠡ ᠳᠤ ᠰᠠᠭᠤᠵᠤ ᠲᠠᠩᠰᠠ ᠲᠠᠶᠢᠯᠬᠤ ᠬᠠᠷᠢᠴᠠᠯ ᠢ 90% ᠳᠤ ᠬᠦᠷᠦᠭᠦᠯᠦᠨ᠎ᠡ᠃ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ 350 ᠲᠠᠯᠠᠪᠠᠢ ᠤᠷᠠᠨ ᠰᠠᠶᠢᠬᠠᠨ ᠤ ᠲᠣᠭᠯᠠᠯᠲᠠ | ᠥᠷᠨᠢᠭᠦᠯᠪᠡ᠃ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠰᠢ | ᠵᠦᠴᠦᠭᠡ ᠶᠢ ᠬᠥᠳᠡᠭᠡ ᠬᠦᠷᠭᠡᠬᠦ᠂ ᠺᠢᠨᠣ᠋ ᠶᠢ ᠦᠨᠳᠦᠰᠦᠨ ᠱᠠᠲᠤᠨ ᠳᠤ ᠬᠦᠷᠭᠡᠬᠦ ᠵᠡᠷᠭᠡ ᠠᠵᠢᠯᠯᠠᠭ᠎ᠠ ᠶᠢ 500 | ᠭᠠᠷᠤᠶ ᠲᠠᠯᠠᠪᠠᠢ ᠥᠷᠨᠢᠭᠦᠯᠪᠡ᠃ | | | ︵ᠨᠠᠢᠮᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠪᠠ᠃ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠠᠵᠢᠯ ᠢ ᠠᠬᠢᠭᠤᠯᠵᠤ᠂ ᠲᠤᠰᠬᠠᠶ ᠲᠤᠰᠢᠶᠠᠯᠲᠤ | ᠰᠦᠯᠵᠢᠶᠡᠨ ᠤ ᠠᠵᠢᠯᠲᠠᠨ 1024 ᠬᠥᠮᠦᠨ ᠢ ᠰᠣᠩᠭᠤᠨ ᠤᠷᠢᠵᠤ᠂ ᠰᠦᠯᠵᠢᠶᠡᠨ ᠤ ᠠᠵᠢᠯ ᠤᠨ ᠰᠠᠭᠤᠷᠢ ᠶᠢ | ᠨᠢᠭᠲᠠ ᠰᠦᠯᠵᠢᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠶᠢ ᠥᠷᠨᠢᠭᠦᠯᠵᠦ᠂ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠲᠠᠰᠤᠷᠠᠯᠳᠠ ᠦᠭᠡᠢ ᠴᠢᠩᠭᠠᠳᠬᠠᠵᠤ᠂ ᠬᠠᠷᠭᠢᠰ ᠬᠦᠴᠦᠨ ᠤ 13 | ᠡᠪᠰᠡᠯ ᠪᠦᠯᠦᠭ ᠢ ᠴᠣᠬᠢᠨ ᠤᠨᠠᠭᠠᠪᠠ᠃ ︽ᠤᠶᠤᠨᠲᠤ ᠢᠦᠢ ᠴᠢᠤᠸᠠᠨ︾ ︽ᠭᠡᠭᠡᠬᠡᠨ ᠲᠤᠩᠭᠠᠯᠠᠭ ᠢᠨᠵᠧᠨᠧᠷᠢᠩ︾ | ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠷᠡᠭᠦᠦ ᠶᠢᠨ ᠬᠡᠷᠡᠭ᠂ ᠠᠮᠤᠷ ᠲᠦᠪᠰᠢᠨ ᠤ ᠬᠡᠷᠡᠭ ᠤᠨ ᠠᠳᠠᠯᠢ | ᠬᠤᠭᠤᠴᠠᠭᠠᠨ ᠤ ᠬᠢ ᠠᠴᠠ ᠲᠤᠰ ᠲᠤᠰ 18% ᠪᠠ 21% ᠪᠠᠷ ᠪᠠᠭᠤᠷᠠᠪᠠ᠃ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ | ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ ᠶᠢ ᠭᠦᠨᠵᠡᠭᠡᠶ ᠲᠦᠯᠬᠢᠨ | ᠠᠬᠢᠭᠤᠯᠵᠤ᠂ ︽ᠭᠡᠷ ᠲᠤᠨᠢ ᠬᠦᠷᠴᠦ ᠰᠤᠷᠪᠤᠯᠵᠢᠯᠠᠬᠤ᠂ ᠭᠤᠣᠯᠳᠠᠯᠭ᠎ᠠ ᠲᠠᠢ ᠪᠣᠯᠵᠣᠵᠤ ᠰᠤᠷᠪᠤᠯᠵᠢᠯᠠᠬᠤ᠂ | ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠰᠤᠷᠪᠤᠯᠵᠢᠯᠠᠬᠤ︾ ᠪᠠ ᠤᠳᠤᠷᠢᠳᠬᠤ ᠺᠠᠳ᠋ᠷᠴᠤᠳ ᠬᠡᠷᠡᠭ ᠢ | ᠳᠠᠭᠠᠭᠠᠴᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡ ᠪᠦᠯᠦᠭ ᠨᠠᠷᠢᠨ ᠪᠤᠳᠤᠯᠢᠶᠠᠨᠲᠠᠶ᠂ ᠬᠦᠴᠢᠷ | ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠲᠦᠮᠵᠢᠲᠡᠶ ᠪᠠᠷ ᠰᠢᠢᠳᠪᠦᠷᠢᠯᠡᠪᠡ᠃ ᠠᠶᠤᠯᠭᠦᠢ | ᠦᠢᠯᠡᠳᠪᠦᠷᠢᠯᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠦᠢᠯᠡᠳᠪᠦᠷᠢᠯᠡᠯ ᠤᠨ ᠠᠶᠤᠯᠭᠦᠢ ᠶᠢᠨ ᠨᠡᠯᠢᠶᠡᠳ ᠶᠡᠭᠡ ᠠᠴᠠ ᠳᠡᠭᠡᠭᠰᠢᠬᠢ ᠠᠳᠡᠯ ᠭᠠᠷᠤᠭᠰᠠᠨ ᠥᠭᠡᠢ᠃ ᠪᠦᠬᠦ | ᠤᠯᠤᠰ ᠤᠨ ᠠᠩᠬᠠᠳᠠᠭᠴᠢ ︽5G+VR︾ ᠨᠠᠮ ᠪᠠ ᠤᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡᠨ ᠤ | ᠲᠥᠪ ᠢ ᠪᠠᠶᠢᠭᠤᠯᠵᠤ᠂ ᠭᠤᠷᠪᠠᠨ ᠱᠠᠲᠤᠨ ᠤ ᠨᠠᠮ ᠪᠠ ᠤᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡᠨ ᠤ | ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | | ᠲᠥᠯᠥᠭᠡᠯᠡᠭᠴᠢᠳ ᠡ︕ | ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ | ᠲᠤᠭᠤᠷᠢᠭ ᠤᠨ ᠬᠥᠭᠵᠢᠯᠲᠡ ᠶᠢᠨ ᠲᠡᠤᠬᠡᠨ ᠳᠠᠬᠢ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠬᠤ ᠪᠥᠭᠡᠳ ᠪᠠᠰᠠ | ᠴᠤ ᠬᠦᠨᠳᠦ ᠶᠡᠭᠡ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠠᠷᠭᠠᠴᠠᠨ᠂ ᠬᠠᠲᠠᠭᠤ ᠴᠢᠩᠭ᠎ᠠ ᠰᠢᠯᠭᠠᠯᠲᠠ ᠶᠢ | ᠳᠠᠭᠠᠭᠠᠵᠤ᠂ ᠬᠡᠷᠡᠯ ᠰᠠᠴᠤᠷᠠᠩᠭᠤᠶ ᠠᠮᠵᠢᠯᠲᠠ ᠣᠯᠤᠭᠰᠠᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ | ᠪᠢᠳᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠠᠵᠢᠯ ᠢ | ᠪᠦᠲᠦᠮᠵᠢᠲᠡᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠢᠨ᠎ᠡ ᠳᠠᠪᠠᠯᠲᠠ ᠶᠢ ᠪᠡᠶᠡᠯᠡᠭᠦᠯᠪᠡ᠃ | ᠥᠩᠭᠡᠷᠡᠭᠰᠡᠨ ᠲᠠᠪᠤᠨ ᠵᠢᠯ ᠪᠣᠯ ᠭᠤᠷᠪᠠᠨ ᠠᠵᠤ ᠦᠢᠯᠡᠰ ᠵᠣᠬᠢᠴᠠᠩᠭᠤᠶ ᠪᠠᠷ ᠬᠥᠭᠵᠢᠵᠦ᠂ ᠶᠡᠷᠦᠩᠬᠡᠶᠢᠯᠡᠭᠰᠡᠨ | ᠪᠣᠳᠠᠲᠤ ᠬᠦᠴᠦᠨ ᠲᠠᠰᠤᠷᠠᠯᠲᠠ ᠦᠭᠡᠶ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠪᠥᠬᠦ ᠲᠤᠭᠤᠷᠢᠭ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 324.5 ᠳ᠋ᠦᠩᠰᠢᠭᠤᠷ ᠲᠥᠭᠦᠷᠢᠭ ᠲᠤ ᠬᠦᠷᠴᠦ᠂ ︽ | ᠠᠷᠪᠠᠨ ᠬᠤᠶᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 27.7% ᠪᠠᠷ | ᠨᠡᠮᠡᠭᠳᠡᠪᠡ︔ ᠭᠤᠷᠪᠠᠨ ᠤᠳᠠᠭᠠᠨ ᠤ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ ᠨᠢ 1.0᠄ 33.3᠄ 65. | 7 ᠪᠤᠯᠵᠤ ᠬᠤᠪᠢᠷᠠᠪᠠ᠃ ᠣᠲᠣ ᠦᠶ᠎ᠡ ᠶᠢᠨ ᠲᠠᠷᠢᠶᠠᠯᠠᠩ ᠤᠨ ᠶᠡᠷᠦᠩᠬᠡᠶ ᠦᠷ᠎ᠡ ᠠᠰᠢᠭ ᠲᠠᠰᠤᠷᠠᠯᠲᠠ ᠥᠬᠡᠶ | ᠳᠡᠭᠡᠭᠰᠢᠯᠡᠵᠦ᠂ ᠲᠠᠷᠢᠮᠠᠯ ᠤᠨ ᠳᠠᠷᠢᠬᠤ ᠲᠠᠯᠠᠪᠠᠶ 9.32 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠶᠡᠷᠦᠩᠬᠡᠶ | ᠤᠨᠠᠯᠲᠠ 15.3 ᠲᠦᠮᠡᠨ ᠲᠣᠨ ᠳᠤ ᠬᠥᠷᠪᠡ᠃ ᠲᠣᠭᠤᠷᠢᠨ ᠦᠵᠡᠵᠦ ᠵᠤᠭᠠᠴᠠᠨ ᠲᠡᠭᠦᠬᠦ᠂ ᠰᠡᠯᠡᠭᠦᠴᠡᠨ | ᠠᠮᠠᠷᠠᠬᠤ ᠨᠢ ᠬᠥᠳᠡᠭᠡ ᠲᠣᠰᠬᠤᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠵᠠᠶ᠃ ᠵᠢᠶᠠᠩ ᠵᠢᠶᠠ ᠶᠢᠩ | ᠲᠣᠰᠬᠤᠨ ᠤᠯᠤᠰ ᠤᠨ ᠲᠡᠰ ᠤᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ | ᠦᠨᠡᠯᠡᠭᠳᠡᠵᠦ᠂ ᠰᠢ ᠳ᠋ᠢ ᠲᠣᠰᠬᠤᠨ ᠬᠤᠶᠠᠳᠤᠭᠠᠷ ᠪᠦᠯᠦᠭ ᠤᠨ ᠳᠤᠮᠳᠠᠳᠤ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠨᠴᠠᠯᠢᠭᠳᠤ ᠠᠶᠢᠯ ᠲᠣᠰᠬᠤᠨ ᠢ ᠬᠦᠷᠳᠡᠵᠡᠢ᠃ ᠠᠵᠤ ᠦᠢᠯᠡᠳᠪᠦᠷᠢ ᠶᠢᠨ ᠬᠡᠯᠪᠡᠷᠢ ᠪᠠᠨ | ᠬᠤᠪᠢᠷᠠᠭᠤᠯᠬᠤ ᠠᠯᠬᠤᠴᠠ ᠲᠦᠷᠭᠡᠳᠴᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠡᠯᠪᠡᠷᠢ ᠪᠠᠨ ᠬᠤᠪᠢᠷᠠᠭᠤᠯᠤᠭᠰᠠᠨ ᠬᠥᠰᠢᠮᠡᠯ ᠠᠵᠤ | ᠠᠬᠤᠶᠢᠯᠠᠯ ᠢ 16 ᠰᠤᠯᠠᠯᠠᠨ ᠭᠠᠷᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 25 ᠪᠣᠯᠭᠠᠵᠤ᠂ ᠨᠡᠮᠡᠭᠳᠡᠯ ᠥᠷᠲᠡᠭ ᠨᠢ ︽ᠠᠷᠪᠠᠨ ᠬᠤᠶᠠᠳᠤᠭᠠᠷ ᠲᠠᠪᠤᠨ ᠵᠢᠯ︾ ᠶᠢᠨ | ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 42.3% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ | ᠪᠦᠬᠦᠯᠢ ᠴᠣᠭᠴᠠ ᠶᠢᠨ ᠬᠡᠪᠴᠢᠶ᠎ᠡ ᠪᠠ ᠵᠡᠷᠭᠡ ᠳᠡᠰ ᠨᠢ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠠᠵᠤ ᠠᠬᠤᠶ ᠶᠢᠨ | ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠢᠯᠡᠳᠲᠡ ᠴᠢᠩᠭᠠᠷᠠᠪᠠ᠃ ᠰᠢᠯᠢ ᠶᠢᠨ ᠡᠮᠦᠨ᠎ᠡ ᠵᠠᠮ | ᠳᠠᠭᠠᠤ ᠶᠢᠨ ᠠᠵᠤ ᠦᠢᠯᠡᠰ ᠤᠨ ᠴᠤᠭᠯᠠᠷᠠᠯ ᠤᠨ ᠦᠢᠯᠡᠴᠢᠯᠡᠭᠡ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠲᠥᠪ | ᠬᠤᠲᠠ ᠶᠢᠨ ᠡᠮᠦᠨ᠎ᠡ ᠬᠡᠰᠡᠭ ᠤᠨ ᠬᠤᠳᠠᠯᠳᠤᠭᠠᠨ ᠤ ᠲᠣᠭᠤᠷᠢᠭ ᠦᠨᠳᠦᠰᠦᠨ ᠳᠡᠭᠡᠨ ᠪᠦᠷᠢᠯᠳᠦᠵᠦ᠂ 3 | ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠯ ᠤᠨ ᠲᠣᠭᠤᠷᠢᠭ ᠪᠠ | ᠬᠥᠬᠡᠬᠤᠲᠠ ᠶᠢᠨ ᠠᠩᠬᠠᠳᠠᠭᠴᠢ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ | ᠠᠮᠵᠢᠯᠲᠠ ᠲᠠᠢ ᠪᠠᠶᠢᠭᠤᠯᠪᠠ᠃ | ᠥᠩᠭᠡᠷᠡᠭᠰᠡᠨ ᠲᠠᠪᠤᠨ ᠵᠢᠯ ᠪᠣᠯ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠷ ᠬᠠᠮᠤᠭ ᠤᠨ ᠤᠯᠠᠨ᠂ | ᠬᠤᠳᠠ ᠬᠥᠳᠡᠭᠡ ᠶᠢᠨ ᠳᠦᠷᠰᠦ ᠪᠠᠶᠢᠳᠠᠯ ᠤᠨ ᠬᠤᠪᠢᠷᠠᠯᠲᠠ ᠪᠠᠷ ᠬᠠᠮᠤᠭ ᠤᠨ ᠶᠡᠭᠡ ᠲᠠᠪᠤᠨ ᠵᠢᠯ ᠪᠣᠯᠤᠨ᠎ᠠ᠃ | ᠨᠠᠷᠢᠯᠢᠭ ᠣᠨᠣᠴᠠᠲᠠᠶ ᠪᠠᠷ ᠲᠥᠯᠥᠪᠵᠢᠭᠦᠯᠬᠦ᠂ ᠨᠠᠷᠢᠯᠢᠭ ᠪᠥᠲᠥᠭᠡᠨ ᠪᠠᠶᠢᠭᠤᠯᠬᠤ᠂ ᠨᠠᠷᠢᠯᠢᠭ ᠬᠠᠮᠢᠶᠠᠷᠬᠤ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠬᠤᠲᠠ ᠶᠢᠨ ᠴᠢᠨᠠᠷ ᠲᠠᠰ ᠪᠠ ᠳᠦᠷᠢ ᠲᠥᠷᠬᠦ ᠶᠢ ᠢᠯᠡᠳᠲᠡ ᠳᠡᠭᠡᠭᠰᠢᠯᠡᠭᠦᠯᠵᠡᠢ᠃ 18 ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ︵ᠬᠤᠳᠠ ᠶᠢᠨ ᠳᠤᠮᠳᠠᠬᠢ ᠲᠣᠰᠬᠤᠨ︶ ᠵᠢᠴᠢ ᠬᠤᠳᠠ ᠶᠢᠨ ᠵᠠᠬ᠎ᠠ ᠶᠢᠨ ᠥᠯᠥ | ᠣᠨᠣᠭᠳᠠᠬᠤ ᠭᠠᠵᠠᠷ ᠢ ᠲᠠᠲᠠᠪᠤᠷᠢᠯᠠᠨ ᠨᠤᠷᠠᠭᠠᠵᠤ ᠥᠭᠡᠷᠡᠴᠢᠯᠡᠬᠦ ᠠᠵᠢᠯ ᠢ ᠬᠡᠷᠡᠭᠵᠢᠭᠦᠯᠵᠦ᠂ 17 ᠬᠤᠳᠠ ᠶᠢᠨ | ᠶᠠᠪᠤᠳᠠᠯ ᠤᠨ ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ 98 ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ | ᠪᠠᠶᠢᠭᠤᠯᠵᠤ᠂ 30 ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠣᠷᠣᠨ ᠰᠠᠭᠤᠴᠠ ᠶᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ 125 ᠬᠠᠭᠤᠴᠢᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ | ᠪᠠᠶᠢᠭᠤᠯᠤᠭᠰᠠᠨ ᠲᠣᠭᠤᠷᠢᠭ ᠤᠨ ᠲᠠᠯᠠᠪᠠᠢ ᠶᠢ 36 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ 48 ᠲᠡᠭᠰᠢ | ᠳᠥᠷᠪᠡᠯᠵᠢᠨ ᠺᠢᠯᠣᠮᠧᠲᠷ ᠪᠣᠯᠭᠠᠨ ᠥᠷᠭᠡᠳᠬᠡᠪᠡ᠃ 38 ᠵᠤᠭᠠᠴᠠᠯ ᠤᠨ ᠬᠦᠷᠢᠶᠡᠯᠡᠩ ᠤᠨ ᠨᠣᠭᠤᠭᠠᠷᠠᠭᠤᠯᠤᠭᠰᠠᠨ | ᠭᠠᠵᠠᠷ ᠢ ᠰᠢᠨ᠎ᠡ ᠪᠠᠷ ᠪᠠᠶᠢᠭᠤᠯᠵᠤ᠂ ᠡᠯ᠎ᠡ ᠲᠥᠷᠥᠯ ᠤᠨ ᠲᠤᠷᠤᠭ ᠪᠣᠳᠠ ᠮᠣᠳᠣ ᠶᠢ ᠨᠡᠶᠢᠲᠡ 700 ᠲᠦᠮᠡᠨ | ᠰᠠᠭᠤᠷᠢ ︵ᠪᠣᠳᠠ︶ ᠳᠠᠷᠢᠵᠤ᠂ ᠪᠠᠷᠤᠭ 235.2 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠭᠰᠠᠨ | ᠭᠠᠵᠠᠷ ᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 37. | 05% ᠳᠤ ᠬᠦᠷᠦᠭᠦᠯᠪᠡ᠃ ᠬᠤᠲᠠ ᠶᠢᠨ ᠬᠠᠮᠢᠶᠠᠷᠤᠯᠲᠠ ᠡᠳᠦᠷ ᠢᠷᠡᠬᠦᠶ᠎ᠡ ᠨᠠᠷᠢᠯᠢᠭ ᠪᠣᠯᠵᠣ᠂ ᠲᠣᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠨ᠂ ᠨᠡᠶᠢᠲᠡ ᠶᠢᠨ ᠲᠡᠷᠭᠡ | ᠵᠣᠭᠰᠣᠭᠠᠬᠤ ᠪᠠᠶᠢᠷᠢ ᠶᠢ 1.7 ᠲᠦᠮᠡ ᠰᠢᠨ᠎ᠡ ᠪᠠᠷ ᠨᠡᠮᠡᠭᠳᠡᠭᠦᠯᠵᠦ᠂ 33 ᠳᠠᠮᠵᠢᠭᠤᠯᠤᠨ ᠲᠡᠭᠡᠭᠡᠪᠦᠷᠢᠯᠡᠬᠦ | ᠥᠷᠲᠡᠭᠡ ᠶᠢ ᠰᠢᠨ᠎ᠡ ᠪᠠᠷ ᠪᠠᠶᠢᠭᠤᠯᠵᠤ᠂ 74 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠯᠠᠭᠠᠨ ᠤ ᠲᠡᠷᠭᠡ | ᠬᠥᠰᠬᠡ ᠬᠤᠳᠠᠯᠳᠤᠨ ᠠᠪᠴᠤ᠂ ᠵᠠᠮ ᠤᠨ ᠮᠠᠰᠢᠨ ᠤ ᠱᠦᠭᠦᠷᠳᠡᠯᠲᠡ ᠶᠢᠨ ᠨᠣᠷᠮ᠎ᠠ 91% ᠬᠦᠷᠴᠦ᠂ 556 | ᠬᠥᠬᠡᠬᠤᠲᠠ ᠶᠢᠨ ᠤᠯᠠᠭ᠎ᠠ ᠥᠷᠲᠡᠭᠡ᠂ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ | ᠪᠠᠶᠢᠭᠤᠯᠪᠠ᠃ | ᠥᠩᠭᠡᠷᠡᠭᠰᠡᠨ ᠲᠠᠪᠤᠨ ᠵᠢᠯ ᠪᠣᠯ ᠰᠣᠶᠣᠯ ᠤᠨ ᠵᠤᠭᠠᠴᠠᠯ ᠢ ᠭᠦᠨᠵᠡᠭᠡᠢ ᠠᠭᠤᠰᠤᠯᠴᠠᠭᠤᠯᠵᠤ᠂ ᠪᠦᠬᠦ ᠣᠷᠣᠨ | ᠪᠦᠰᠡ ᠶᠢᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠭᠰᠡᠨ ᠲᠠᠪᠤᠨ ᠵᠢᠯ ᠪᠣᠯᠤᠨ᠎ᠠ᠃ | ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ | ᠪᠠ ᠵᠢᠭᠤᠯᠴᠢᠯᠠᠯ ᠤᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠪᠠ᠃ ᠵᠣᠣ ᠵᠢᠶᠦ᠋ᠨ ᠮᠦᠽᠧᠶ ᠶᠢ | ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠲᠡᠤᠬᠡ ᠰᠣᠶᠣᠯ | ᠵᠢᠭᠤᠯᠴᠢᠯᠠᠯ ᠤᠨ ᠭᠤᠤᠯ ᠣᠷᠣᠨ ᠪᠦᠰᠡ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠨᠤᠭᠤ ᠭᠠᠵᠠᠷ ᠤᠨ ᠴᠡᠴᠡᠷᠯᠢᠭ ᠤᠨ ᠬᠤᠲᠠ ᠶᠢᠨ ᠬᠦᠴᠢᠯᠲᠥ᠋ᠷᠥᠭᠴᠢ ᠶᠢᠨ ᠬᠡᠪᠴᠢᠶ᠎ᠡ ᠶᠢ ᠠᠩᠬ᠎ᠠ ᠠᠯᠬᠤᠮ | ᠢᠯᠡᠷᠡᠭᠦᠯᠵᠦ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ ᠤᠨ ᠬᠤᠲᠠ ᠶᠢᠨ ᠲᠠᠯ᠎ᠠ ᠨᠤᠲᠤᠭ ᠤᠨ ᠥᠩᠭᠡ | ᠦᠵᠡᠮᠵᠢ ᠬᠢᠵᠠᠭᠠᠯᠠᠰᠢ ᠥᠬᠡᠶ ᠪᠠᠶᠢᠵᠤ᠂ ᠶᠡᠭᠡ ᠡᠮᠦᠨ᠎ᠡ ᠶᠡᠭᠡ ᠬᠤᠶᠢᠲᠤ ᠵᠡᠭᠡᠯᠢ ᠠᠴᠠ ᠵᠣᠣ ᠵᠢᠶᠦ᠋ᠨ ᠮᠦᠽᠧᠶ ᠶᠢᠨ | 12 ᠺᠢᠯᠣᠮᠧᠲᠷ ᠤᠨ ᠰᠢᠵᠢᠷ ᠠᠯᠲᠠᠨ ᠵᠢᠭᠤᠯᠴᠢᠯᠠᠯ ᠤᠨ ᠪᠦᠰᠡ ᠶᠢᠨ ᠠᠭᠤᠯᠤᠭᠳᠠᠬᠤᠨ ᠢ ᠨᠠᠩ ᠪᠠᠶᠠᠯᠢᠭᠵᠢᠭᠤᠯᠵᠠᠢ᠃ | ︽ᠲᠦᠩᠱᠦ᠋ᠨ ᠶᠡᠭᠡ ᠭᠤᠳᠤᠮᠵᠢ︾ ︽ᠪᠤᠭᠤᠮᠲᠠ ᠶᠢᠨ ᠬᠠᠭᠤᠴᠢᠨ ᠵᠡᠭᠡᠯᠢ︾ ︽ᠳᠤᠮᠳᠠᠳᠤ ᠤᠯᠤᠰ ᠤᠨ | ᠱᠤᠤᠮᠠᠢ ᠶᠢᠨ ᠠᠮᠲᠠᠲᠤ ᠢᠳᠡᠭᠡᠨ ᠤ ᠵᠡᠭᠡᠯᠢ︾ ᠵᠡᠷᠭᠡ ᠤᠨᠴᠠᠯᠢᠬᠳᠤ ᠵᠡᠭᠡᠯᠢ ᠲᠣᠭᠤᠷᠢᠭ ᠨᠢ ᠰᠦᠯᠵᠢᠶᠡᠨ ᠤ ᠰᠢᠨ᠎ᠡ | ᠴᠤᠭᠯᠠᠷᠠᠯ ᠤᠨ ᠭᠠᠵᠠᠷ ᠪᠣᠯᠤᠭᠰᠠᠨ ᠪᠠᠶᠢᠨ᠎ᠠ᠃ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠠᠮᠲᠠᠲᠤ ᠢᠳᠡᠭᠡᠨ ᠤ | ᠤᠯᠠᠷᠢᠯ︾ ︽ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠰᠣᠶᠣᠯ ᠤᠨ ᠰᠦᠮ᠎ᠡ ᠶᠢᠨ ᠴᠤᠭᠯᠠᠭᠠᠨ︾ ︽ᠱᠤᠤᠮᠠᠢ | ᠰᠣᠶᠣᠯ ᠤᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ︾ ︽ᠬᠤᠲᠠ ᠶᠢᠨ ᠴᠠᠭᠠᠰᠤᠨ ᠰᠢᠪᠠᠭᠤᠨ ᠤ | ᠤᠷᠢᠯᠭ᠎ᠠ ᠶᠢᠨ ᠤᠷᠤᠯᠳᠤᠭᠠᠨ︾ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠦᠢᠯ ᠤᠨ ᠶᠡᠭᠡ ᠨᠥᠯᠥᠭᠡᠯᠡᠬᠦ | ᠬᠦᠴᠦᠨ ᠪᠠ ᠲᠥᠯᠥᠭᠡᠯᠡᠬᠦ ᠴᠢᠨᠠᠷᠲᠠᠶ ᠨᠠᠷᠠᠲᠤ ᠲᠡᠮᠳᠡᠭ ᠤᠨ ᠠᠵᠢᠯᠯᠠᠭ᠎ᠠ ᠪᠣᠯᠤᠭᠰᠠᠨ ᠪᠠᠶᠢᠨ᠎ᠠ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠢᠭᠤᠯᠴᠢᠯᠠᠯ ᠤᠨ ᠬᠥᠮᠦᠨ ᠤ | ᠲᠤᠭ᠎ᠠ 4500 ᠲᠦᠮᠡᠨ ᠬᠥᠮᠦᠨ ᠤᠳᠠᠭ᠎ᠠ ᠶᠢ ᠳᠠᠪᠠᠪᠠ᠃ | ᠥᠩᠭᠡᠷᠡᠭᠰᠡᠨ ᠲᠠᠪᠤᠨ ᠵᠢᠯ ᠪᠣᠯ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠠᠷᠠᠳ ᠤᠯᠠᠨ ᠤ | ᠵᠣᠯ ᠵᠢᠷᠭᠠᠯ ᠤᠨ ᠲᠦᠷᠦᠭᠳᠡᠯ ᠲᠠᠰᠤᠷᠠᠯᠲᠠ ᠦᠭᠡᠢ ᠨᠡᠮᠡᠭᠳᠡᠭᠰᠡᠨ ᠲᠠᠪᠤᠨ ᠵᠢᠯ ᠪᠣᠯᠤᠨ᠎ᠠ᠃ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠳᠡ | 64.3 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 48643 ᠲᠥᠭᠦᠷᠢᠭ ᠪᠠ | 24575 ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ ᠬᠢ ᠠᠴᠠ ᠲᠤᠰ ᠲᠤᠰ 34.6% ᠪᠠ 51.1% ᠪᠠᠷ ᠨᠡᠮᠡᠭᠳᠡᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ ᠦᠭᠡᠢ | ᠨᠡᠮᠡᠭᠳᠡᠪᠡ᠃ 16 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ 1.7 ᠲᠦᠮᠡ ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠪᠡ᠃ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠶᠠᠮᠤᠨ ᠳᠤ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠣᠶᠤᠨᠴᠢ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠣᠷᠣᠨ ᠢᠶᠠᠷ ᠲᠣᠭᠳᠠᠭᠠᠭᠳᠠᠪᠠ᠃ | ᠢᠦᠶ ᠴᠢᠤᠸᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠥᠪ ᠪᠥᠬᠦ ᠤᠯᠤᠰ ᠤᠨ | ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ | ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠵᠢᠯ ᠳᠠᠷᠠᠭᠠᠯᠠᠨ ᠳᠡᠭᠡᠭᠰᠢᠯᠡᠪᠡ᠃ ︽ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ︾ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ | ᠬᠤᠳᠠ ᠪᠠᠯᠭᠠᠰᠤᠨ ᠤ 3.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ︽ᠠᠵᠢᠯᠴᠢᠨ ᠨᠠᠶᠢᠵᠠ ᠶᠢᠨ ᠬᠡᠷ︾ ᠢ ᠪᠠᠶᠢᠭᠤᠯᠵᠤ᠂ ᠨᠡᠶᠢᠲᠡ 4.2 ᠲᠦᠮᠡᠨ ᠬᠥᠮᠦᠨ | ᠤᠳᠠᠭ᠎ᠠ ᠠᠵᠢᠯᠴᠢᠨ ᠬᠡᠷᠡᠭᠯᠡᠪᠡ᠃ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠴᠡᠷᠢᠭ ᠠᠩᠭᠢ ᠶᠢ | ᠳᠠᠭᠠᠭᠰᠠᠨ ᠬᠡᠷ ᠪᠦᠯᠢ ᠶᠢᠨ 75 ᠬᠥᠮᠦᠨ ᠢ ᠲᠥᠪᠬᠢᠨᠡᠭᠦᠯᠵᠦ᠂ ᠶᠢᠰᠦᠨ ᠵᠢᠯ ᠳᠠᠷᠠᠭᠠᠯᠠᠨ ᠥᠪᠡᠷᠲᠡᠭᠡᠨ ᠵᠠᠰᠠᠬᠤ | ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠶᠢᠨ ᠲᠣᠭᠤᠷᠢᠭ ᠤᠨ ᠢᠷᠠᠭᠤ ᠠᠯᠳᠠᠷ ᠢ ᠭᠥᠷᠳᠡᠪᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠵᠦ᠂ ᠡᠷᠡᠭᠦᠯ ᠡᠩᠭᠡ ᠢᠦᠢ ᠴᠢᠤᠸᠠᠨ ᠤ | ᠪᠦᠳᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ | ᠲᠥᠯᠥᠭᠡᠯᠡᠭᠴᠢᠳ ᠡ᠂ ᠡᠨᠡ ᠲᠠᠪᠤᠨ ᠵᠢᠯ ᠢ ᠡᠷᠭᠢᠴᠡᠭᠦᠯᠪᠡᠯ᠂ ᠪᠢᠳᠡ ᠬᠠᠷᠰᠢ ᠰᠠᠭᠠᠳ ᠢ ᠢᠯᠠᠨ ᠳᠠᠪᠠᠵᠤ᠂ | ᠡᠷᠡᠮᠡᠬᠡᠶᠢᠯᠡᠨ ᠲᠠᠪᠰᠢᠵᠤ᠂ ᠣᠯᠤᠭᠰᠠᠨ ᠠᠮᠵᠢᠯᠲᠠ ᠪᠦᠲᠦᠮᠵᠢ ᠨᠢ ᠬᠥᠮᠦᠰ ᠤᠨ ᠠᠩᠬᠠᠷᠤᠯ ᠢ ᠲᠠᠲᠠᠵᠠᠢ᠃ ᠢᠦᠢ | ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ | ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠵᠤ᠂ ᠬᠥᠭᠵᠢᠯᠲᠡ ᠶᠢᠨ ᠰᠡᠳᠬᠢᠴᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ︔ ᠡᠷᠬᠡᠪᠰᠢ ᠶᠡᠭᠡ ᠲᠠᠯ᠎ᠠ ᠳᠤ ᠦᠢᠯᠡᠴᠢᠯᠡᠬᠦ ᠪᠠ | ᠬᠥᠭᠵᠢᠯᠲᠡ ᠶᠢ ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠭᠡ ᠶᠠᠪᠤᠳᠠᠯ ᠢ ᠲᠥᠯᠥᠪᠯᠡᠬᠦ ᠳᠤ | ᠦᠨᠳᠦᠰᠦᠨ ᠵᠦᠢᠯ ᠢ ᠠᠳᠬᠤᠨ ᠰᠠᠭᠤᠷᠢ ᠶᠢ ᠲᠠᠯᠪᠢᠵᠤ᠂ ᠰᠠᠭᠤᠷᠢ ᠪᠦᠲᠦᠭᠡᠨ ᠪᠠᠶᠢᠭᠤᠯᠤᠯᠲᠠ ᠪᠠ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ︔ ᠡᠷᠬᠡᠪᠰᠢ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠬᠤ ᠬᠡᠷᠡᠭᠲᠡᠢ︔ ᠡᠷᠬᠡᠪᠰᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠶ᠃ ᠡᠳᠡᠭᠡᠷ ᠨᠢ ᠴᠥᠮ ᠮᠠᠨ ᠤ | ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠭᠰᠠᠨ ᠡᠷᠬᠢᠮ ᠨᠠᠨᠳᠢᠨ ᠲᠤᠷᠰᠢᠯᠭ᠎ᠠ ᠪᠠ ᠪᠦᠬᠦ ᠲᠤᠭᠤᠷᠢᠭ ᠤᠨ | ᠠᠷᠠᠳ ᠲᠦᠮᠡᠨ ᠤ ᠤᠶᠤᠨ ᠤᠬᠠᠭᠠᠨ ᠤ ᠤᠬᠢ ᠪᠦᠲᠦᠭᠡᠯ ᠪᠣᠯᠬᠤ ᠤᠴᠢᠷ ᠠᠴᠠ ᠪᠢᠳᠡᠨ ᠢ ᠵᠣᠷᠢᠭᠵᠢᠭᠤᠯᠤᠨ | ᠴᠢᠷᠮᠠᠶᠢᠯᠭᠠᠵᠤ᠂ ᠡᠷᠡᠯᠬᠡᠭᠯᠡᠨ ᠤᠷᠤᠭᠰᠢᠯᠠᠭᠤᠯᠬᠤ ᠨᠢ ᠯᠠᠪᠲᠠᠢ ᠶᠤᠮ︕ ᠠᠳᠡ᠂ ᠪᠢ ᠲᠤᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠤᠭᠤᠷᠢᠭ ᠤᠨ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ | ᠥᠷᠭᠡᠨ ᠤᠯᠠᠨ ᠺᠠᠳ᠋ᠷ ᠤᠯᠠᠨ ᠲᠦᠮᠡᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ ᠢᠦᠢ ᠴᠢᠤᠸᠠᠨ ᠲᠣᠭᠤᠷᠢᠭ ᠤᠨ | ᠬᠥᠭᠵᠢᠯᠲᠡ ᠶᠢ ᠬᠠᠯᠠᠮᠵᠢᠯᠠᠵᠤ ᠪᠠᠶᠢᠭ᠎ᠠ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ ᠪᠠᠭᠤᠵᠤ | ᠠᠮᠠᠷᠠᠭᠰᠠᠨ ᠠᠬᠠᠮᠠᠳ ᠺᠠᠳ᠋ᠷᠴᠤᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ | ᠪᠣᠯᠤᠨ ᠠᠷᠠᠳ ᠤᠨ ᠪᠦᠯᠬᠦᠮ ᠳᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ | ᠳᠠᠷᠤᠭ᠎ᠠ ᠪᠠᠶᠢᠯᠳᠤᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠢᠦᠢ ᠴᠢᠤᠸᠠᠨ | ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠣᠳᠣᠬᠠᠨ ᠳᠤ ᠲᠤᠯᠭᠠᠷᠠᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠬᠤ ᠬᠡᠷᠡᠭᠲᠡᠶ᠄ ᠨᠢᠭᠡ ᠳᠤ ᠠᠵᠤ ᠠᠬᠤᠶ ᠶᠢᠨ ᠶᠡᠷᠦᠩᠬᠡᠶ ᠬᠡᠮᠵᠢᠶ᠎ᠡ | ᠪᠠᠭ᠎ᠠ ᠰᠢᠭ᠋᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠬᠥᠭᠵᠢᠯᠲᠡ ᠲᠡᠩᠴᠡᠭᠦᠷᠢ ᠦᠭᠡᠢ ᠭᠦᠢᠴᠡᠳ | ᠦᠭᠡᠢ ᠪᠠᠶᠢᠬᠤ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠬᠤ︔ ᠬᠤᠶᠠᠷ ᠲᠤ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠴᠢᠬᠤᠯᠠᠲᠠᠶ ᠪᠠᠶᠢᠵᠤ᠂ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠪᠦᠲᠦᠮᠵᠢᠲᠡᠶ ᠲᠤᠯᠭᠠᠭᠤᠷᠢᠯᠠᠯ ᠬᠠᠷᠠᠬᠠᠨ ᠪᠦᠷᠢᠯᠳᠦᠭᠡᠳᠦᠶ᠂ ᠴᠢᠨᠠᠷ | ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠯᠤᠭ᠎ᠠ ᠪᠠᠰᠠ ᠵᠥᠷᠢᠶ᠎ᠡ ᠲᠠᠢ ᠪᠠᠶᠢᠭᠰᠠᠭᠠᠷ︔ ᠭᠤᠷᠪᠠ ᠳᠤ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠮᠵᠢᠶ᠎ᠡ ᠬᠦᠷᠦᠯᠴᠡᠬᠦ ᠦᠭᠡᠢ ᠪᠠᠶᠢᠵᠤ᠂ ᠬᠤᠳᠠ ᠶᠢᠨ ᠪᠦᠳᠦᠭᠡᠨ | ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ | ᠡᠭᠦᠷᠭᠡ ᠮᠥᠨ ᠯᠡ ᠬᠦᠨᠳᠦ ᠨᠦᠰᠡᠷ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠠᠰᠠ ᠳᠤᠲᠠᠭᠤᠳᠠᠯ | ᠣᠷᠣᠰᠢᠵᠤ ᠪᠠᠶᠢᠨ᠎ᠠ︔ ᠲᠦᠷᠪᠡ ᠳᠤ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠠᠰᠠ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠺᠠᠳ᠋ᠷ ᠤᠨ ᠡᠩᠨᠡᠭᠡᠨ ᠤ | ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ | ᠪᠠᠰᠠ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠪᠣᠯᠤᠨ᠎ᠠ᠃ | | | | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠭᠤᠣᠯ ᠡᠭᠦᠷᠭᠡ | | | ᠰᠢᠨ᠎ᠡ ᠴᠠᠭ ᠦᠶ᠎ᠡ ᠳᠤ ᠠᠯᠬᠤᠨ ᠣᠷᠣᠵᠤ᠂ ᠰᠢᠨ᠎ᠡ ᠬᠦᠰᠡᠯ ᠡᠷᠡᠮᠡᠯᠵᠡᠯ ᠢ ᠬᠠᠮᠲᠤᠪᠠᠷ ᠵᠢᠷᠤᠭᠯᠠᠵᠤ᠂ ᠰᠢᠨ᠎ᠡ | ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ ᠲᠡᠰᠢ ᠤᠷᠤᠭᠰᠢᠯᠠᠨ᠎ᠠ᠃ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠰᠢᠨ᠎ᠡ ᠬᠥᠭᠵᠢᠯᠲᠡ ᠶᠢᠨ ᠱᠠᠳᠤ ᠦᠶ᠎ᠡ ᠪᠣᠯᠤᠨ᠎ᠠ᠂ ᠮᠥᠨᠴᠦ ᠮᠠᠨ ᠤ ᠲᠤᠭᠤᠷᠢᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠭᠡ ᠦᠢᠯᠡᠰ ᠢ ᠪᠦᠲᠦᠭᠡᠵᠦ ᠪᠣᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯᠳᠤ ᠬᠤᠭᠤᠴᠠᠭ᠎ᠠ ᠪᠣᠯᠤᠨ᠎ᠠ᠄ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠤᠯᠤᠰ ᠠᠴᠠ | ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ | ᠪᠣᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠢ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠠᠵᠤ ᠠᠬᠤᠢ ᠶᠢᠨ | ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠶᠠᠭ ᠲᠦᠷᠭᠡᠨ ᠪᠦᠷᠢᠯᠳᠦᠵᠦ ᠪᠠᠶᠢᠨ᠎ᠠ︔ ᠥᠪᠡᠷᠲᠡᠭᠡᠨ ᠵᠠᠰᠠᠬᠤ | ᠣᠷᠣᠨ ᠤ ᠬᠥᠭᠵᠢᠯᠲᠡ ᠠᠴᠠ ᠦᠵᠡᠪᠡᠯ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠥᠭᠵᠢᠭᠦᠯᠬᠦ︾ ᠶᠢ ᠭᠦᠨᠵᠡᠭᠡᠶ ᠬᠡᠷᠡᠭᠵᠢᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ | ᠬᠥᠭᠵᠢᠬᠦ ᠶᠢ ᠢᠳᠡᠪᠬᠢᠲᠡᠶ ᠠᠬᠢᠭᠤᠯᠤᠨ᠂ ᠠᠵᠤ ᠠᠬᠤᠶ ᠶᠢᠨ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠪᠠ | ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠵᠤ᠂ ᠬᠥᠭᠵᠢᠯᠲᠡ ᠶᠢᠨ ᠣᠷᠣᠨ ᠵᠠᠶ ᠶᠢ ᠤᠯᠠᠮ ᠨᠢᠭᠡ | ᠠᠯᠬᠤᠮ ᠥᠷᠭᠡᠳᠬᠡᠨ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠠᠩ ᠭᠦᠢᠴᠡᠳ | ᠪᠣᠯᠭᠠᠨ᠎ᠠ︔ ᠮᠠᠨ ᠤ ᠬᠤᠲᠠ ᠶᠢᠨ ᠬᠥᠭᠵᠢᠯᠲᠡ ᠠᠴᠠ ᠦᠵᠡᠪᠡᠯ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠪᠠ ᠬᠥᠬᠡᠬᠤᠲᠠ ᠪᠤᠭᠤᠲᠤ ᠢᠷᠭᠠᠶ ᠲᠡᠮᠡᠭᠡᠲᠦ ᠬᠤᠲᠠ ᠶᠢᠨ ᠪᠥᠭᠡᠮᠨᠡᠷᠡᠯ ᠤᠨ ᠴᠢᠬᠤᠯᠠ | ᠵᠠᠩᠭᠢᠯᠠᠭ᠎ᠠ ᠶᠢᠨ ᠴᠡᠭ ᠤᠨ ᠬᠤᠲᠠ ᠪᠣᠯᠤᠭᠰᠠᠨ ᠤ ᠬᠤᠪᠢ ᠳᠤ᠂ ᠣᠲᠣ ᠶᠠᠭ ᠣᠳᠣᠬᠢᠴᠢᠯᠠᠭᠰᠠᠨ ᠣᠷᠣᠨ | ᠪᠦᠰᠡ ᠶᠢᠨ ᠴᠢᠨᠠᠷᠲᠠᠶ ᠲᠥᠪ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠴᠢᠬᠤᠯᠠ ᠬᠦᠴᠦᠨ | ᠵᠦᠢᠯ ᠤᠨ ᠴᠤᠭᠯᠠᠷᠠᠯ ᠢ ᠬᠥᠲᠥᠯᠦᠨ ᠵᠢᠯᠣᠭᠤᠳᠬᠤ ᠳᠠᠪᠠᠭᠤᠯᠢᠭ ᠪᠠ ᠴᠢᠳᠠᠪᠤᠷᠢ ᠢᠯᠡᠳᠲᠡ ᠴᠢᠩᠭᠠᠷᠠᠵᠤ᠂ ᠴᠢᠨᠠᠷ | ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠪᠠᠶᠢᠨ᠎ᠠ︔ ᠮᠠᠨ ᠤ | ᠲᠤᠭᠤᠷᠢᠭ ᠤᠨ ᠪᠠᠶᠢᠳᠠᠯ ᠠᠴᠠ ᠦᠵᠡᠪᠡᠯ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ | ᠲᠠᠰᠤᠷᠠᠯᠲᠠ ᠥᠬᠡᠶ ᠲᠦᠷᠭᠡᠳᠬᠦ ᠶᠢ ᠳᠠᠭᠠᠯᠳᠤᠨ᠂ ᠬᠤᠲᠠ ᠶᠢᠨ ᠲᠣᠭᠤᠷᠢᠭ ᠤᠨ ᠴᠢᠳᠠᠮᠵᠢ ᠲᠠᠰᠤᠷᠠᠯᠲᠠ ᠥᠬᠡᠶ | ᠲᠡᠭᠦᠯᠳᠡᠷᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ | ᠰᠢᠨ᠎ᠡ ᠶᠡᠷᠦᠩᠬᠡᠶᠢᠯᠡᠭᠰᠡᠨ ᠥᠷᠢᠰᠥᠯᠳᠦᠭᠡᠨ ᠤ ᠳᠠᠪᠠᠭᠤᠯᠢᠭ ᠶᠠᠭ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃ | ᠢᠯᠠᠩᠭᠤᠶ᠎ᠠ ᠲᠦᠷᠭᠡᠨ ᠤ ᠲᠡᠮᠦᠷ ᠵᠠᠮ ᠤᠨ ᠠᠵᠤ ᠠᠬᠤᠢ ᠶᠢᠨ ᠬᠦᠷᠴᠦ ᠢᠷᠡᠬᠦ ᠪᠠ ᠲᠥᠪ ᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠠᠭᠠᠯᠳᠤᠨ᠂ ᠣᠷᠣᠨ ᠪᠠᠶᠢᠷᠢ ᠶᠢᠨ ᠳᠠᠪᠠᠭᠤᠯᠢᠭ᠂ ᠣᠷᠣᠨ | ᠵᠠᠢ ᠶᠢᠨ ᠳᠠᠪᠠᠭᠤᠯᠢᠭ ᠡᠳᠦᠷ ᠢᠷᠡᠬᠦᠶ᠎ᠡ ᠳᠤᠪᠤᠶᠢᠮ᠎ᠠ ᠪᠤᠯᠵᠤ᠂ ᠬᠤᠷᠠᠮᠳᠤᠭᠤᠯᠤᠭᠰᠠᠨ ᠬᠥᠭᠵᠢᠯᠲᠡ ᠶᠢᠨ ᠬᠥᠳᠡᠯᠭᠡᠬᠦ | ᠬᠦᠴᠦᠨ ᠠᠯᠬᠤᠮ ᠠᠯᠬᠤᠮ ᠢᠶᠠᠷ ᠢᠯᠡᠷᠡᠵᠦ᠂ ᠣᠯᠳᠠᠬᠤᠶ᠎ᠠ ᠪᠡᠷᠬᠡ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ | ᠤᠭᠲᠤᠨ ᠠᠪᠴᠢᠷᠠᠬᠤ ᠪᠣᠯᠤᠨ᠎ᠠ᠃ ᠡᠶᠢᠮᠦ ᠠᠴᠠ᠂ ᠪᠢᠳᠠ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ | ᠪᠣᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠠᠴᠠ ᠪᠣᠯᠤᠭᠰᠠᠨ ᠰᠢᠨ᠎ᠡ ᠠᠵᠠ ᠲᠣᠬᠢᠶᠠᠯ ᠰᠢᠨ᠎ᠡ ᠡᠭᠦᠷᠭᠡ ᠶᠢ ᠭᠦᠨᠵᠡᠭᠡᠢ ᠲᠠᠨᠢᠵᠤ᠂ | ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠵᠤ᠂ | ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠴᠠᠭ ᠦᠶ᠎ᠡ ᠶᠢᠨ ᠢᠦᠢ ᠴᠢᠤᠸᠠᠨ ᠲᠣᠭᠤᠷᠢᠭ ᠤᠨ | ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ︕ | | ᠬᠤᠶᠢᠰᠢᠳᠠ ᠶᠢᠨ ᠲᠠᠪᠤᠨ ᠵᠢᠯ ᠤᠨ ᠮᠠᠨ ᠤ ᠭᠤᠣᠯ ᠡᠭᠦᠷᠭᠡ ᠪᠣᠯ᠄ | — ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠲᠤᠭᠤᠷᠢᠭ ᠢ | ᠪᠦᠲᠦᠭᠡᠨ ᠪᠠᠶᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ | ᠰᠢᠵᠢᠮ ᠪᠣᠯᠭᠠᠵᠤ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠲᠦᠭᠵᠢᠷᠡᠯ ᠢ | ᠨᠡᠪᠲᠡᠷᠡᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ | ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ | ᠬᠡᠯᠪᠡᠷᠢ ᠶᠢᠨ ᠠᠵᠤ ᠦᠢᠯᠡᠰ ᠢ ᠪᠤᠶᠢᠵᠢᠭᠤᠯᠬᠤ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ | ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ ᠳᠣᠭᠢᠷᠠᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠣᠷᠣᠨ ᠪᠦᠰᠡ ᠶᠢᠨ ᠡᠬᠢ | ᠪᠠᠶᠠᠯᠢᠭ ᠤᠨ ᠲᠥᠷᠥᠯᠬᠢ ᠠᠪᠢᠶᠠᠰ᠂ ᠠᠵᠤ ᠦᠢᠯᠡᠰ ᠤᠨ ᠰᠠᠭᠤᠷᠢ ᠪᠠ ᠣᠷᠴᠢᠨ ᠲᠣᠭᠤᠷᠢᠨ ᠤ ᠳᠠᠭᠠᠭᠠᠴᠠ ᠶᠢᠨ | ᠴᠢᠳᠠᠪᠤᠷᠢ ᠳᠤ ᠰᠠᠭᠤᠷᠢᠯᠠᠨ᠂ ᠵᠢᠨᠴᠤᠸᠠᠨ ᠤ ᠡᠮᠦᠨ᠎ᠡ ᠲᠣᠭᠤᠷᠢᠭ ᠤᠨ ᠠᠵᠤ ᠦᠢᠯᠡᠳᠪᠦᠷᠢ ᠶᠢᠨ | ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠡᠬᠢ ᠪᠠᠶᠠᠯᠢᠭ ᠤᠨ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠬᠥᠮᠦᠨ ᠤ | ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠭᠰᠠᠨ 3 — 5 ᠲᠥᠷᠥᠯ ᠵᠦᠢᠯ ᠢ | ᠣᠷᠣᠭᠤᠯᠤᠨ ᠠᠪᠴᠢᠷᠠᠨ᠎ᠠ᠃ ᠲᠠᠯ᠎ᠠ ᠨᠤᠲᠤᠭ ᠤᠨ ᠤᠯᠠᠭᠠᠨ ᠨᠡᠷᠡᠨ᠂ ᠹᠦ᠋ ᠹᠧᠩ ᠠᠮᠢᠳᠤ ᠪᠣᠳᠠᠰ ᠵᠡᠷᠭᠡ ᠠᠵᠤ | ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ ᠪᠦᠲᠦᠭᠡᠭᠳᠡᠬᠦᠨ ᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠡᠷᠭᠡᠵᠢᠯ᠂ ᠨᠠᠷᠠᠲᠤ ᠲᠥᠷᠥᠯ ᠲᠡᠮᠳᠡᠭᠲᠦ ᠶᠢᠨ | ᠥᠨᠳᠦᠷᠯᠢᠭ ᠢ ᠵᠠᠪᠳᠤᠨ ᠡᠵᠡᠯᠡᠵᠦ᠂ ᠠᠵᠤ ᠦᠢᠯᠡᠰ ᠤᠨ ᠴᠢᠨᠠᠷ ᠰᠠᠶᠢᠲᠠᠶ᠂ ᠥᠨᠳᠥᠷ ᠨᠡᠮᠡᠯᠲᠡ ᠥᠷᠲᠡᠭ ᠳᠠᠰᠢ | ᠬᠥᠭᠵᠢᠬᠦ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠪᠠᠷ ᠵᠢᠯᠣᠭᠤᠳᠣᠯᠭ᠎ᠠ ᠪᠣᠯᠭᠠᠵᠤ᠂ ᠢᠦᠶ ᠴᠢᠤᠸᠠᠨ ᠲᠣᠮᠣ | ᠠᠰᠠᠷ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠨᠠᠩ ᠣᠯᠠᠨ ᠢᠨᠲ᠋ᠧᠷ | ᠰᠦᠯᠵᠢᠶᠡᠨ ᠤ ᠠᠵᠤ ᠠᠬᠤᠶᠢᠯᠠᠯ ᠤᠨ ᠮᠠᠨ ᠲᠤᠭᠤᠷᠢᠭ ᠲᠤ ᠨᠤᠲᠤᠭᠰᠢᠬᠤ ᠶᠢ ᠲᠡᠳᠡᠨ ᠠᠪᠴᠢᠷᠠᠵᠤ᠂ 5G᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠬᠢᠮᠡᠯ ᠣᠶᠤᠨᠴᠢ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ | ᠵᠡᠷᠭᠡ ᠰᠢᠨ᠎ᠡ ᠬᠡᠯᠪᠡᠷᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠢᠳᠡᠪᠬᠢᠲᠡᠶ | ᠠᠬᠢᠭᠤᠯᠵᠤ᠂ ᠠᠮᠢ ᠠᠬᠤᠶ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠵᠠᠩᠭᠢᠯᠠᠭ᠎ᠠ ᠶᠢᠨ ᠠᠵᠤ ᠠᠬᠤᠶ᠂ | ᠰᠢᠨ᠎ᠡ ᠶᠢ ᠡᠭᠦᠳᠬᠦ ᠠᠵᠤ ᠠᠬᠤᠶ ᠪᠠ ᠶᠡᠷᠦᠩᠬᠡᠶ ᠬᠡᠯᠲᠡᠰ ᠤᠨ ᠠᠵᠤ ᠠᠬᠤᠶ ᠶᠢ ᠬᠦᠴᠦᠯᠡᠨ ᠬᠥᠭᠵᠢᠭᠦᠯᠦᠨ᠎ᠡ᠃ | — ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠤᠭᠤᠷᠢᠭ ᠢ ᠪᠦᠲᠦᠭᠡᠨ | ᠪᠠᠶᠢᠭᠤᠯᠤᠨ᠎ᠠ᠃ ᠬᠤᠪᠢᠰᠬᠠᠯ ᠤᠨ ᠰᠣᠶᠣᠯ ᠢ ᠭᠦᠨ ᠠᠭᠤᠳᠠᠯᠵᠤ᠂ ᠵᠤᠭᠠᠴᠠᠯ ᠤᠨ ᠦᠵᠡᠮᠵᠢ ᠶᠢᠨ ᠣᠷᠣᠨ ᠪᠣᠯᠤᠨ | ᠬᠤᠪᠢᠰᠬᠠᠯ ᠤᠨ ᠦᠯᠡᠳᠡᠭᠳᠡᠯ ᠢ ᠤᠶᠠᠯᠳᠤᠭᠤᠯᠤᠭᠰᠠᠨ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠲᠦᠷᠦᠯ | ᠵᠦᠢᠯ ᠢ ᠢᠳᠡᠪᠬᠢᠲᠡᠢ ᠡᠭᠦᠳᠴᠦ᠂ ᠰᠦᠢᠶᠤᠸᠠᠨ ᠥᠪᠥᠷ ᠮᠣᠩᠭᠤᠯ ᠤᠨ ᠶᠠᠫᠣᠨ ᠢ ᠡᠰᠡᠷᠭᠦᠴᠡᠵᠦ ᠤᠯᠤᠰ ᠢᠶᠠᠨ | ᠠᠪᠤᠷᠠᠬᠤ ᠬᠤᠷᠠᠯ ᠤᠨ ᠬᠠᠭᠤᠴᠢᠨ ᠪᠠᠭᠤᠷᠢ ᠶᠢᠨ ᠳᠤᠷᠠᠰᠬᠠᠯ ᠤᠨ ᠣᠷᠳᠣᠨ᠂ ᠲᠦᠮᠡᠳ ᠤᠨ ᠰᠦᠮ᠎ᠡ ᠵᠡᠷᠭᠡ | ᠬᠤᠪᠢᠰᠬᠠᠯ ᠤᠨ ᠲᠡᠦᠬᠡ ᠶᠢᠨ ᠦᠯᠡᠳᠡᠭᠳᠡᠯ ᠤᠨ ᠲᠣᠭᠤᠷᠢᠨ ᠳᠤ᠂ ᠬᠤᠪᠢᠰᠬᠠᠯ ᠤᠨ ᠰᠣᠶᠣᠯ ᠤᠨ ᠮᠦᠽᠧᠢ ᠶᠢ | ᠪᠠᠶᠢᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠦᠯᠢᠭᠡᠷ ᠢ ᠰᠠᠶᠢᠲᠤᠷ | ᠶᠠᠷᠢᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ | ᠪᠠᠳᠠᠷᠠᠭᠤᠯᠤᠨ᠎ᠠ᠃ ᠵᠣᠣ ᠵᠢᠶᠦ᠋ᠨ ᠰᠣᠶᠣᠯ ᠢ ᠭᠦᠨᠵᠡᠭᠡᠶ ᠠᠭᠤᠳᠠᠯᠵᠤ᠂ ᠵᠣᠣ ᠵᠢᠶᠦ᠋ᠨ ᠮᠦᠽᠧᠶ ᠶᠢᠨ ᠲᠣᠭᠤᠷᠢᠨ ᠳᠤ | ᠦᠨᠳᠦᠰᠦᠲᠡᠨ ᠤ ᠠᠭᠤᠰᠤᠯᠴᠠᠯ᠂ ᠦᠨᠳᠦᠰᠦᠲᠡᠨ ᠤ ᠪᠦᠯᠬᠦᠮᠳᠡᠯ ᠢ ᠬᠠᠷᠠᠭᠤᠯᠤᠭᠰᠠᠨ ᠰᠣᠶᠣᠯ ᠵᠢᠭᠤᠯᠴᠢᠯᠠᠯ ᠤᠨ | ᠦᠵᠡᠮᠵᠢ ᠶᠢᠨ ᠣᠷᠣᠨ ᠢ ᠭᠤᠤᠯᠳᠠᠯᠭ᠎ᠠ ᠲᠠᠢ ᠪᠣᠶ ᠪᠣᠯᠭᠠᠵᠤ᠂ ᠣᠳᠣᠨ ᠲᠠᠰ ᠤᠨ ᠬᠠᠯᠠᠭᠤᠨ ᠷᠠᠰᠢᠶᠠᠨ ᠤ ᠪᠠᠭᠤᠳᠠᠯ᠂ | ᠤᠨᠴᠠᠯᠢᠬᠳᠤ ᠠᠷᠠᠳ ᠤᠨ ᠪᠠᠭᠤᠳᠠᠯ᠂ ᠤᠨᠴᠠᠯᠢᠬᠳᠤ ᠬᠤᠳᠠᠯᠳᠤᠭᠠᠨ ᠤ ᠵᠡᠭᠡᠯᠢ᠂ ᠲᠣᠭᠯᠠᠯᠲᠠ ᠶᠢᠨ ᠵᠦᠴᠦᠭᠡ ᠶᠢᠨ | ᠲᠠᠯᠠᠪᠠᠶ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠵᠣᠣ ᠵᠢᠶᠦ᠋ᠨ ᠰᠣᠶᠣᠯ ᠤᠨ ᠲᠣᠭᠤᠷᠢᠨ ᠳᠤ ᠲᠣᠮᠣ | ᠬᠡᠯᠪᠡᠷᠢ ᠶᠢᠨ ᠪᠣᠳᠠᠲᠤ ᠦᠵᠡᠮᠵᠢ ᠶᠢᠨ ᠵᠦᠴᠦᠭᠡ ᠶᠢ ᠨᠠᠶᠢᠷᠠᠭᠤᠯᠤᠨ ᠲᠣᠭᠯᠠᠵᠤ᠂ ᠵᠣᠣ ᠵᠢᠶᠦ᠋ᠨ ᠰᠣᠶᠣᠯ ᠤᠨ | ᠶᠠᠷᠢᠯᠴᠠᠭᠠᠨ ᠤ ᠲᠠᠪᠴᠠᠩ ᠢ ᠡᠷᠭᠢᠯᠡᠨ᠂ ᠵᠣᠣ ᠵᠢᠶᠦ᠋ᠨ ᠲᠡᠮᠳᠡᠭ ᠢ ᠳᠣᠪᠤᠶᠢᠯᠭᠠᠭᠰᠠᠨ ᠨᠢᠭᠡ ᠪᠦᠯᠦᠭ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠵᠣᠣ ᠵᠢᠶᠦ᠋ᠨ ᠨᠠᠷᠠᠲᠤ ᠲᠡᠮᠳᠡᠭ ᠤᠨ ᠨᠥᠯᠥᠭᠡᠯᠡᠬᠦ | ᠬᠦᠴᠦᠨ ᠢ ᠥᠷᠭᠡᠳᠬᠡᠨ᠎ᠡ᠃ ᠬᠠᠭᠤᠴᠢᠨ ᠬᠤᠳᠠ ᠶᠢᠨ ᠰᠣᠶᠣᠯ ᠢ ᠭᠦᠨ ᠠᠭᠤᠳᠠᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠢ | ᠴᠢᠩᠭᠠᠳᠬᠠᠨ᠎ᠠ᠃ ᠬᠠᠭᠤᠴᠢᠨ ᠬᠤᠲᠠ ᠶᠢᠨ ᠬᠤᠲᠠ ᠶᠢᠨ ᠳᠤᠷᠠᠳᠬᠠᠯ᠂ ᠬᠤᠲᠠ ᠶᠢᠨ ᠠᠮᠢᠳᠤᠷᠠᠯ ᠤᠨ | ᠲᠣᠭᠤᠷᠢᠨ ᠳᠤ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠬᠢᠵᠦ᠂ ᠬᠥᠬᠡᠬᠤᠲᠠ ᠶᠢᠨ ᠲᠠᠯ᠎ᠠ ᠨᠤᠲᠤᠭ ᠤᠨ | ᠰᠣᠶᠣᠯ ᠤᠨ ᠵᠣᠴᠢᠯᠠᠬᠤ ᠲᠢᠩᠬᠢᠮ ᠢ ᠪᠣᠶ ᠪᠣᠯᠭᠠᠨ᠎ᠠ᠃ ᠶᠡᠭᠡ ᠡᠮᠦᠨ᠎ᠡ ᠶᠡᠭᠡ ᠬᠤᠶᠢᠲᠤ ᠵᠡᠭᠡᠯᠢ᠂ ᠠᠷᠤ ᠭᠠᠵᠠᠷ ᠤᠨ | ᠬᠠᠭᠤᠴᠢᠨ ᠵᠡᠭᠡᠯᠢ ᠪᠣᠯᠤᠨ ᠳ᠋ᠠ ᠱᠧᠩ ᠺᠦᠢ ᠬᠤᠳᠠᠯᠳᠤᠭᠠᠨ ᠤ ᠵᠡᠭᠡᠯᠢ ᠪᠠᠷ ᠭᠤᠣᠯᠳᠠᠯᠭ᠎ᠠ ᠪᠣᠯᠭᠠᠵᠤ᠂ ᠡᠷᠭᠢᠨ | ᠲᠣᠭᠤᠷᠢᠨ ᠤ ᠳᠠᠪᠠᠭᠤᠯᠢᠭ ᠵᠢᠭᠤᠯᠴᠢᠯᠠᠯ ᠤᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ | ᠢᠷᠭᠡᠨᠰᠢᠯ ᠤᠨ ᠲᠡᠦᠬᠡ ᠬᠤᠳᠠᠯᠳᠤᠭᠠᠨ ᠤ ᠣᠨᠴᠠᠯᠢᠭ ᠢ ᠳᠣᠪᠤᠶᠢᠯᠭᠠᠵᠤ᠂ ᠠᠷᠤ ᠭᠠᠵᠠᠷ ᠤᠨ ᠬᠠᠭᠤᠴᠢᠨ ᠵᠡᠭᠡᠯᠢ ᠶᠢ | ᠤᠯᠤᠰ ᠤᠨ ᠳᠡᠰ ᠤᠨ ᠤᠨᠴᠠᠯᠢᠭᠳᠤ ᠬᠤᠳᠠᠯᠳᠤᠭᠠᠨ ᠤ ᠶᠠᠪᠠᠭᠠᠨ ᠵᠡᠭᠡᠯᠢ ᠪᠣᠯᠭᠠᠨ ᠪᠠᠶᠢᠭᠤᠯᠵᠤ᠂ ᠶᠡᠭᠡ ᠡᠮᠦᠨ᠎ᠡ ᠶᠡᠭᠡ | ᠬᠤᠶᠢᠲᠤ ᠵᠡᠭᠡᠯᠢ ᠶᠢ ᠬᠠᠭᠤᠴᠢᠨ ᠬᠤᠳᠠ ᠶᠢᠨ ᠰᠣᠶᠣᠯ ᠢ ᠲᠤᠪᠤᠶᠢᠯᠭᠠᠭᠰᠠᠨ ᠲᠡᠦᠬᠡ ᠰᠣᠶᠣᠯ ᠤᠨ ᠤᠷᠳᠤ ᠬᠤᠩᠬᠢᠯ | ᠪᠠ ᠤᠨᠴᠠᠯᠢᠬᠳᠤ ᠬᠤᠳᠠᠯᠳᠤᠭᠠᠨ ᠤ ᠵᠡᠭᠡᠯᠢ ᠪᠣᠯᠭᠠᠨ ᠪᠦᠳᠦᠭᠡᠨ ᠪᠠᠶᠢᠭᠤᠯᠤᠨ᠎ᠠ᠃ 2025 ᠣᠨ ᠳᠤ | ᠵᠤᠭᠠᠴᠠᠭᠰᠠᠳ ᠤᠨ ᠲᠤᠭ᠎ᠠ ᠶᠢ 2000 ᠲᠦᠮᠡᠨ ᠬᠥᠮᠦᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠵᠤ᠂ | ᠵᠤᠭᠠᠴᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 50 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | — ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠲᠥᠪᠯᠡᠷᠡᠭᠰᠡᠨ ᠲᠤᠭᠤᠷᠢᠭ ᠢ | ᠪᠦᠲᠦᠭᠡᠨ ᠪᠠᠶᠢᠭᠤᠯᠤᠨ᠎ᠠ᠃ 209 ᠤᠯᠤᠰ ᠤᠨ ᠵᠠᠰᠠᠮᠠᠯ ᠵᠠᠮ᠂ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ | ᠱᠤᠭᠤᠮ᠂ ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠳᠠᠪᠬᠢᠬᠤ ᠵᠠᠰᠠᠮᠠᠯ ᠵᠠᠮ ᠢᠶᠠᠷ ᠲᠦᠰᠢᠭ ᠪᠣᠯᠭᠠᠵᠤ᠂ | ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠳᠡᠭᠡᠳᠦ ᠲᠠᠰ ᠤᠨ ᠠᠷᠠᠯᠵᠢᠶ᠎ᠠ ᠬᠤᠳᠠᠯᠳᠤᠭ᠎ᠠ᠂ ᠭᠠᠷᠠᠮ | ᠳᠠᠭᠠᠤ ᠬᠤᠳᠠᠯᠳᠤᠭᠠᠨ ᠤ ᠶᠠᠪᠤᠳᠠᠯ ᠵᠡᠷᠭᠡ ᠭᠤᠷᠪᠠᠨ ᠲᠣᠮᠣ ᠬᠡᠰᠡᠭ ᠢ ᠪᠣᠶ ᠪᠣᠯᠭᠠᠨ᠎ᠠ᠃ 209 ᠤᠯᠤᠰ ᠤᠨ ᠵᠠᠮ | ᠳᠠᠭᠠᠤ ᠵᠠᠮ ᠬᠠᠷᠢᠯᠴᠠᠭᠠᠨ ᠤ ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ ᠪᠦᠲᠦᠮᠵᠢᠲᠡᠢ | ᠳᠠᠪᠬᠤᠴᠠᠭᠤᠯᠵᠤ᠂ ᠬᠤᠳᠠ ᠶᠢᠨ ᠠᠮᠢᠳᠤᠷᠠᠯ ᠳᠤ ᠦᠢᠯᠡᠴᠢᠯᠡᠬᠦ ᠪᠠᠷ ᠭᠤᠣᠯ ᠪᠣᠯᠭᠠᠭᠰᠠᠨ ᠬᠥᠮᠥᠷᠭᠡᠯᠡᠨ ᠬᠠᠳᠠᠭᠠᠯᠠᠬᠤ | ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠬᠥᠭᠵᠢᠭᠦᠯᠵᠦ᠂ ᠰᠢᠩ ᠱᠧᠩ ᠡᠳ᠋ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠢ ᠳᠡᠭᠡᠳᠦ ᠤᠶᠤᠨᠴᠢᠯᠠᠭᠰᠠᠨ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠡᠳ᠋ ᠪᠠᠷᠠᠭᠠᠨ ᠤ | ᠭᠦᠢᠯᠭᠡᠭᠡᠨ ᠤ ᠲᠥᠪ ᠪᠣᠯᠭᠠᠨ ᠪᠦᠳᠦᠬᠡᠨ ᠪᠠᠶᠢᠭᠤᠯᠤᠨ᠎ᠠ᠃ ᠰᠢᠯᠢ ᠶᠢᠨ ᠡᠮᠦᠨ᠎ᠡ ᠵᠠᠮ ᠳᠠᠭᠠᠤ ᠭᠠᠵᠠᠷ ᠳᠣᠣᠷᠠᠬᠢ | ᠲᠡᠮᠦᠷ ᠵᠠᠮ ᠤᠨ ᠠᠵᠤ ᠠᠬᠤᠢ ᠪᠠ ᠠᠰᠠᠷ ᠲᠠᠭᠲᠤ ᠶᠢᠨ ᠠᠵᠤ ᠠᠬᠤᠢ ᠶᠢ ᠪᠦᠲᠦᠮᠵᠢᠲᠡᠢ ᠳᠠᠪᠬᠤᠴᠠᠭᠤᠯᠵᠤ᠂ | ᠺᠠᠶᠢᠳᠧ · ᠨᠡᠬᠡᠮᠡᠯ᠂ ᠸᠧᠨᠳᠦ᠋ ᠶᠢᠨ ᠳᠡᠯᠡᠬᠡᠢ ᠶᠢᠨ ᠬᠤᠳᠠ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ | ᠲᠡᠰ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ᠬᠤᠸᠠ ᠷᠦᠨ ᠤ ᠸᠢᠶᠧᠨ᠋ᠲ᠋ᠢᠶᠠᠩ ᠬᠤᠳᠠ᠂ ᠸᠠᠨᠳᠠ | ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠲᠡᠰ ᠤᠨ ᠠᠷᠠᠯᠵᠢᠶ᠎ᠠ | ᠬᠤᠳᠠᠯᠳᠤᠭᠠᠨ ᠤ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠬᠤᠳᠠ ᠶᠢᠨ ᠡᠮᠦᠨᠡᠬᠢ ᠲᠥᠪ ᠬᠤᠳᠠᠯᠳᠤᠭᠠᠨ ᠤ | ᠲᠣᠭᠤᠷᠢᠭ ᠢ ᠪᠠᠶᠢᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠬᠤᠷᠳᠤᠴᠠ ᠪᠠᠷ ᠶᠡᠷᠦᠩᠬᠡᠢ | ᠬᠡᠯᠲᠡᠰ ᠤᠨ ᠠᠵᠤ ᠠᠬᠤᠢ ᠪᠣᠯᠤᠨ ᠭᠠᠷᠠᠮ ᠳᠠᠭᠠᠤ ᠶᠢᠨ ᠠᠵᠤ ᠠᠬᠤᠢ ᠶᠢ ᠪᠦᠲᠦᠮᠵᠢᠲᠡᠢ ᠳᠠᠪᠬᠤᠴᠠᠭᠤᠯᠵᠤ᠂ | ᠤᠳᠤᠨ ᠲᠡᠰ ᠤᠨ ᠪᠠᠭᠤᠳᠠᠯ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠪ᠂ ᠶᠡᠷᠦᠩᠬᠡᠢ ᠬᠡᠯᠲᠡᠰ ᠤᠨ ᠠᠷᠠᠯᠵᠢᠶ᠎ᠠ᠂ | ᠬᠤᠷᠠᠯ ᠦᠵᠡᠰᠬᠦᠯᠡᠩ ᠤᠨ ᠲᠥᠪ ᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠤᠨ | ᠬᠥᠭᠵᠢᠭᠦᠯᠬᠦ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠵᠤ᠂ ᠲᠦᠪ ᠬᠤᠲᠠ ᠠᠴᠠ | ᠡᠮᠦᠨᠡᠰᠢ ᠥᠷᠭᠡᠳᠬᠡᠬᠦ ᠳᠡᠯᠡᠬᠡᠶᠢᠵᠢᠯᠲᠡ ᠶᠢᠨ ᠡᠭᠦᠳᠡ ᠡᠷᠦᠭᠡ ᠪᠣᠯᠭᠠᠨ᠎ᠠ᠃ | — ᠴᠢᠨᠠᠷ ᠰᠠᠶᠢᠲᠠᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠯᠢᠭᠡᠷ | ᠳᠠᠭᠤᠷᠢᠶᠠᠯ ᠤᠨ ᠲᠤᠭᠤᠷᠢᠭ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠲᠥᠯᠥᠪᠵᠢᠭᠦᠯᠭᠡ᠂ ᠪᠥᠲᠥᠭᠡᠨ | ᠪᠠᠶᠢᠭᠤᠯᠤᠯᠲᠠ᠂ ᠬᠠᠮᠢᠶᠠᠷᠤᠯᠲᠠ ᠭᠤᠷᠪᠠ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠵᠤ᠂ ᠬᠤᠲᠠ ᠶᠢᠨ | ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠤᠲᠠ ᠶᠢᠨ ᠴᠢᠨᠠᠷ ᠴᠢᠨᠰᠠᠭ᠎ᠠ ᠪᠠ ᠶᠡᠷᠦᠩᠬᠡᠶᠢᠯᠡᠭᠰᠡᠨ ᠳᠠᠭᠠᠭᠠᠬᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠨᠢᠨ ᠳᠡᠭᠡᠷ᠎ᠡ ᠨᠢ ᠲᠥᠯᠥᠪᠵᠢᠭᠦᠯᠬᠦ ᠶᠢ ᠲᠤᠪᠤᠶᠢᠯᠭᠠᠵᠦ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠣᠯᠤᠨ ᠡᠯ᠎ᠡ ᠲᠦᠷᠦᠯ ᠤᠨ ᠲᠤᠰᠬᠠᠢ | ᠲᠥᠯᠥᠪᠵᠢᠭᠦᠯᠭᠡ ᠶᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ ᠤᠯᠠᠨ ᠲᠥᠯᠥᠪᠵᠢᠭᠦᠯᠭᠡ ᠶᠢ | ᠨᠢᠭᠡᠳᠬᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ | ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠬᠦᠳᠦᠯᠦᠨ | ᠳᠠᠭᠠᠭᠤᠯᠵᠤ ᠬᠠᠮᠢᠶᠠᠷᠤᠨ ᠡᠵᠡᠮᠳᠡᠬᠦ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠨᠠᠷᠢᠯᠢᠭ ᠪᠦᠳᠦᠬᠡᠨ ᠪᠠᠶᠢᠭᠤᠯᠬᠤ ᠶᠢ | ᠪᠠᠷᠢᠮᠲᠠᠯᠠᠵᠤ᠂ ᠶᠡᠭᠡ ᠲᠦᠷᠭᠡᠨ ᠭᠤᠣᠯ ᠠᠴᠠ ᠤᠮᠠᠷᠠᠰᠢᠬᠢ ᠬᠤᠳᠠ ᠶᠢᠨ ᠲᠣᠭᠤᠷᠢᠭ ᠤᠨ ᠬᠡᠪᠴᠢᠶᠡᠨ ᠳᠠᠬᠢ ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠤᠳᠠ ᠶᠢᠨ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠬᠤᠳᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠮ ᠤᠨ ᠲᠣᠣᠷ ᠤᠨ | ᠰᠢᠰᠲ᠋ᠧᠮ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ᠶᠡᠭᠡ ᠲᠦᠷᠭᠡᠨ ᠭᠤᠤᠯ᠂ ᠪᠠᠭ᠎ᠠ ᠲᠦᠷᠭᠡᠨ ᠭᠤᠤᠯ᠂ ᠵᠠᠳᠠᠭᠠᠶ ᠭᠤᠤᠯ᠂ | ᠤᠰᠤᠲᠤ ᠭᠤᠤᠯ ᠢ ᠣᠯᠠᠨ ᠲᠦᠮᠡᠨ ᠤ ᠬᠤᠲᠠ ᠶᠢᠨ ᠰᠡᠯᠡᠭᠦᠴᠡᠯ ᠤᠨ ᠠᠮᠢᠳᠤᠷᠠᠯ ᠤᠨ ᠠᠮᠢᠵᠢᠷᠠᠯ ᠤᠨ ᠬᠦᠴᠦᠨ ᠢ | ᠬᠠᠩᠭᠠᠬᠤ ᠤᠰᠤᠨ ᠡᠷᠭᠢ ᠪᠣᠯᠭᠠᠨ ᠪᠥᠲᠥᠭᠡᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 40% ᠳᠤ ᠬᠦᠷᠦᠭᠦᠯᠦᠨ᠎ᠡ᠃ ᠨᠠᠷᠢᠯᠢᠭ ᠬᠠᠮᠢᠶᠠᠷᠤᠯᠲᠠ ᠶᠢ | ᠴᠢᠩᠭᠠᠳᠬᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ | ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ | ᠬᠤᠳᠠ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ | ᠠᠰᠠᠭᠤᠳᠠᠯ ᠤᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠭᠤᠭᠴᠤᠭ᠎ᠠ ᠶᠢ ᠳᠡᠭᠡᠭᠰᠢᠯᠡᠭᠦᠯᠵᠦ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠡᠮᠬᠢ ᠳᠢᠭᠯᠢᠮ ᠲᠠᠢ᠂ ᠴᠡᠪᠡᠷ ᠲᠡᠭᠰᠢ᠂ ᠪᠣᠯᠪᠠᠰᠤᠨ | ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | — ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠤᠷᠢᠳᠴᠢᠯᠠᠬᠤ ᠲᠤᠭᠤᠷᠢᠭ ᠢ ᠪᠦᠲᠦᠭᠡᠨ | ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ︽ᠲᠦᠬᠦᠭᠡᠷᠦᠮᠵᠢᠲᠦ ᠲᠠᠷᠢᠶᠠᠯᠠᠩ ᠢ ᠣᠨᠴᠠᠯᠢᠬᠵᠢᠭᠤᠯᠬᠤ᠂ ᠠᠵᠤ ᠦᠢᠯᠡᠰ ᠤᠨ ᠲᠠᠷᠢᠮᠠᠯ ᠢ | ᠡᠷᠴᠢᠮᠵᠢᠭᠦᠯᠬᠦ᠂ ᠦᠵᠡᠮᠦᠷᠢ ᠶᠢᠨ ᠲᠠᠷᠢᠶᠠᠯᠠᠩ ᠢ ᠰᠣᠳᠣᠨ ᠪᠣᠯᠭᠠᠬᠤ︾ ᠬᠥᠭᠵᠢᠯᠲᠡ ᠶᠢᠨ ᠪᠠᠶᠢᠷᠢ ᠲᠣᠭᠲᠠᠭᠠᠯᠲᠠ | ᠶᠣᠰᠣᠭᠠᠷ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ᠤᠳᠤ ᠦᠶ᠎ᠡ ᠶᠢᠨ | ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ | ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠨ᠎ᠠ᠃ 2 ᠲᠦᠮᠡᠨ | ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ | ︽ᠬᠤᠷᠰᠢᠶ᠎ᠠ + ᠺᠣᠮᠫᠠᠨᠢ + ᠲᠠᠷᠢᠶᠠᠴᠢᠨ ᠡᠷᠦᠬᠡ︾ ᠶᠢᠨ ᠠᠵᠤ ᠦᠶᠢᠯᠡᠰᠵᠢᠯᠲᠡ ᠶᠢᠨ ᠵᠠᠭᠪᠤᠷ ᠢ ᠪᠥᠬᠦ | ᠬᠦᠴᠦᠨ ᠢᠶᠠᠷ ᠳᠥᠯᠭᠢᠨ ᠠᠬᠢᠭᠤᠯᠵᠤ᠂ ᠲᠠᠷᠢᠶᠠᠯᠠᠩ ᠤᠨ ᠬᠡᠪᠴᠢᠶᠡᠵᠢᠭᠦᠯᠦᠨ ᠳᠠᠷᠢᠬᠤ ᠶᠢ ᠦᠷᠭᠦᠯᠵᠢᠯᠡᠨ | ᠠᠬᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ︽ᠨᠢᠭᠡ ᠲᠣᠰᠬᠤᠨ ᠨᠢᠭᠡ ᠦᠢᠯᠡᠳᠬᠦᠨ︾ ᠤ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ | ᠶᠣᠰᠣᠭᠠᠷ᠂ ᠤᠨᠴᠠᠯᠢᠬᠳᠤ ᠲᠠᠷᠢᠶᠠᠯᠠᠩ᠂ ᠦᠵᠡᠭᠦᠯᠦᠯᠭᠡ ᠶᠢᠨ ᠲᠠᠷᠢᠶᠠᠯᠠᠩ ᠢ ᠬᠥᠭᠵᠢᠭᠦᠯᠵᠦ᠂ 1 ᠲᠦᠮᠡᠨ ᠮᠥ | ᠭᠠᠵᠠᠷ ᠡᠵᠡᠯᠡᠬᠦ ᠵᠢᠮᠢᠰ ᠢᠳᠡᠰᠢᠨ ᠨᠣᠭᠤᠭ᠎ᠠ ᠶᠢᠨ ᠲᠣᠮᠣ ᠫᠧᠩ ᠢ ᠰᠢᠨ᠎ᠡ ᠪᠠᠷ ᠪᠠᠶᠢᠭᠤᠯᠵᠤ᠂ ᠵᠢᠯ ᠳᠤ 2.5 ᠲᠦᠮᠡᠨ | ᠲᠣᠨ ᠵᠢᠮᠢᠰ ᠨᠣᠭᠤᠭ᠎ᠠ ᠦᠢᠯᠡᠳᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ︽ᠵᠣᠣ ᠵᠢᠶᠦ᠋ᠨ ᠭᠦᠵᠡᠯᠵᠡᠭᠡᠨ᠎ᠡ︾ ︽ᠢᠦᠶ ᠴᠢᠤᠸᠠᠨ ᠲᠥᠪᠡᠳ | ᠬᠠᠰᠢ︾ ᠶᠢ ᠪᠥᠬᠦ ᠤᠯᠤᠰ ᠲᠤ ᠨᠠᠷᠠᠲᠠᠶ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠪᠣᠯᠭᠠᠨ᠎ᠠ᠃ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ | ᠲᠦᠷᠭᠡᠪᠴᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | — ᠲᠥᠪ ᠬᠤᠲᠠ ᠶᠢᠨ ᠠᠮᠤᠷ ᠠᠮᠤᠭᠤᠯᠠᠩ ᠡᠶ᠎ᠡ ᠵᠣᠬᠢᠴᠠᠩᠭᠤᠢ ᠵᠣᠯ ᠵᠢᠷᠭᠠᠯᠲᠤ ᠲᠤᠭᠤᠷᠢᠭ ᠢ | ᠴᠣᠭᠴᠠᠯᠠᠨ ᠪᠠᠶᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠠᠬᠢᠭᠤᠯᠤᠨ᠎ᠠ᠃ ᠴᠢᠳᠠᠪᠤᠷᠢᠲᠠᠨ ᠢ ᠲᠠᠲᠠᠬᠤ ᠰᠤᠷᠭᠠᠨ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠰᠤᠷᠭᠠᠨ | ᠬᠥᠮᠦᠵᠢᠯ ᠢᠶᠠᠷ ᠲᠤᠭᠤᠶᠢᠷᠭ ᠢᠶᠠᠨ ᠬᠦᠴᠦᠷᠬᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠦᠨ᠂ ᠳᠣᠲᠣᠭᠠᠳᠤ ᠶᠢᠨ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠳᠡᠭᠡᠭᠰᠢᠯᠡᠭᠦᠯᠬᠦ᠂ | ᠳᠡᠭᠡᠳᠦ ᠰᠤᠷᠭᠠᠭᠤᠯᠢ ᠶᠢᠨ ᠡᠷᠭᠢᠯᠡᠭᠰᠡᠨ ᠪᠠ ᠳᠠᠭᠠᠯᠲᠠ ᠳᠤᠮᠳᠠ ᠵᠡᠷᠭᠡ ᠶᠢᠨ ᠬᠡᠯᠪᠡᠷᠢ ᠶᠢ ᠠᠪᠴᠤ᠂ 21 ᠳᠤᠮᠳᠠᠳᠤ | ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠨᠠᠷᠠᠲᠤ ᠰᠤᠷᠭᠠᠨ ᠬᠥᠮᠦᠵᠢᠯ ᠤᠨ ᠪᠦᠯᠦᠭᠯᠡᠯ ᠲᠠᠢ ᠵᠣᠯᠭᠠᠭᠤᠯᠵᠤ᠂ ᠳᠡᠭᠡᠳᠦ ᠲᠠᠰ ᠤᠨ ᠨᠠᠷᠠᠲᠤ | ᠲᠥᠷᠥᠯ ᠲᠡᠮᠳᠡᠭᠲᠦ ᠣᠯᠠᠨ ᠤᠯᠤᠰ ᠤᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠠᠷᠠᠳ ᠣᠯᠠᠨ ᠤ ᠴᠢᠨᠠᠷ | ᠰᠠᠶᠢᠲᠠᠶ ᠰᠤᠷᠭᠠᠨ ᠬᠥᠮᠦᠵᠢᠯ ᠢ ᠰᠣᠩᠭᠤᠬᠤ ᠬᠡᠷᠡᠭᠴᠡᠭᠡ ᠶᠢ ᠬᠠᠩᠭᠠᠨ᠎ᠠ᠃ ᠬᠤᠳᠠ ᠬᠥᠳᠡᠭᠡ ᠶᠢ ᠬᠠᠮᠤᠷᠤᠭᠰᠠᠨ᠂ | ᠣᠷᠣᠨ ᠪᠦᠰᠡ ᠶᠢ ᠲᠡᠩᠴᠡᠭᠦᠷᠢᠲᠡᠶ ᠪᠣᠯᠭᠠᠭᠰᠠᠨ᠂ ᠪᠦᠬᠦ ᠠᠷᠠᠳ ᠢᠶᠠᠷ ᠢᠶᠠᠨ ᠬᠠᠮᠲᠤ ᠪᠠᠷ ᠡᠳ᠋ᠯᠡᠭᠰᠡᠨ ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠡᠷᠡᠭᠦᠯ ᠮᠡᠨᠳᠦ ᠶᠢ | ᠠᠬᠢᠭᠤᠯᠬᠤ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ | ᠳᠤᠲᠠᠭᠤᠳᠠᠯ ᠢ ᠨᠥᠬᠦᠪᠥᠷᠢᠯᠡᠵᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠲᠤᠰᠬᠠᠶ ᠦᠢᠯᠡᠴᠢᠯᠡᠭᠡᠨ ᠤ | ᠪᠠᠶᠢᠭᠤᠯᠤᠮᠵᠢ ᠪᠠ ᠤᠨᠴᠠᠯᠢᠬᠳᠤ ᠲᠤᠰᠬᠠᠶ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠥᠮᠦᠨ ᠠᠮᠠ ᠶᠢᠨ ᠨᠠᠰᠤᠵᠢᠯᠲᠠ ᠶᠢᠨ ᠬᠠᠨᠳᠤᠰᠢ ᠶᠢ ᠢᠳᠡᠪᠬᠢᠲᠡᠶ ᠪᠠᠷ ᠠᠷᠭᠠᠴᠠᠵᠤ᠂ ᠡᠮᠨᠡᠬᠦ ᠰᠤᠪᠢᠯᠠᠬᠤ | ᠡᠷᠡᠭᠦᠯᠵᠢᠭᠦᠯᠬᠦ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠪᠠ ᠬᠠᠷᠢᠯᠴᠠᠨ ᠬᠠᠪᠰᠤᠷᠤᠯᠴᠠᠵᠤ | ᠨᠠᠰᠤᠵᠢᠯ ᠤᠨ ᠠᠰᠠᠷᠠᠮᠵᠢ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠰᠢᠨ᠎ᠡ | ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ 5 ᠪᠡᠶ᠎ᠡ ᠶᠢᠨ ᠲᠠᠮᠢᠷ ᠤᠨ ᠤᠨᠴᠠᠯᠢᠭᠳᠤ | ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠬᠢᠮᠡᠯ ᠤᠶᠤᠨᠲᠤ ᠶᠢ ᠬᠡᠷᠡᠭᠯᠡᠨ᠂ ᠨᠡᠶᠢᠭᠡᠮ ᠤᠨ ᠵᠠᠰᠠᠯᠲᠠ᠂ ᠬᠤᠲᠠ ᠶᠢᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠤᠶᠤᠨᠴᠢᠯᠠᠯᠲᠠ᠂ ᠣᠳᠣᠬᠢᠴᠢᠯᠠᠯᠲᠠ ᠶᠢ ᠪᠡᠶᠡᠯᠡᠭᠦᠯᠦᠨ᠎ᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ | ᠪᠣᠯᠤᠨ᠎ᠠ᠃ | | | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | | | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ | ᠤᠯᠤᠰ ᠲᠥᠷᠥ ᠶᠢᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠠᠮᠢ ᠠᠬᠤᠶ ᠶᠢᠨ ᠰᠠᠶᠢᠵᠢᠷᠠᠯᠲᠠ᠂ | ᠨᠡᠶᠢᠭᠡᠮ ᠤᠨ ᠲᠣᠭᠲᠠᠭᠤᠨ ᠪᠠᠶᠢᠳᠠᠯ ᠤᠨ ︽ᠳᠥᠷᠪᠡᠨ ᠠᠮᠢᠨ ᠰᠤᠳᠠᠰᠤ︾ ᠶᠢ ᠡᠷᠡᠰ ᠰᠠᠬᠢᠵᠤ᠂ ᠰᠢᠰᠲ᠋ᠧᠮᠲᠦ | ᠦᠵᠡᠯᠲᠡ ᠪᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠶᠢᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠯᠪᠡᠷᠢ ᠪᠠᠨ | ᠬᠤᠪᠢᠷᠠᠭᠤᠯᠬᠤ ᠲᠤᠭᠤᠷᠢᠭ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ | ᠲᠤᠭᠤᠷᠢᠭ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪᠯᠡᠷᠡᠭᠰᠡᠨ | ᠲᠤᠭᠤᠷᠢᠭ᠂ ᠴᠢᠨᠠᠷ ᠰᠠᠶᠢᠲᠠᠶ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠥᠯᠢᠭᠡᠷ ᠳᠠᠭᠤᠷᠢᠶᠠᠯ ᠤᠨ | ᠲᠤᠭᠤᠷᠢᠭ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠤᠷᠢᠳᠴᠢᠯᠠᠬᠤ ᠲᠤᠭᠤᠷᠢᠭ᠂ | ᠲᠥᠪ ᠬᠤᠲᠠ ᠶᠢᠨ ᠠᠮᠤᠷ ᠠᠮᠤᠭᠤᠯᠠᠩ ᠡᠶ᠎ᠡ ᠵᠣᠬᠢᠴᠠᠩᠭᠤᠢ ᠵᠣᠯ ᠵᠢᠷᠭᠠᠯᠲᠤ ᠲᠤᠭᠤᠷᠢᠭ︾ ᠢ ᠴᠢᠷᠮᠠᠶᠢᠨ ᠪᠣᠶ | ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨᠬᠦ | ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃ | | ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7.5% ᠣᠷᠴᠢᠮ ᠢᠶᠠᠷ | ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠢᠶᠠᠷ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 7% ᠣᠷᠴᠢᠮ ᠢᠶᠠᠷ | ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠢᠶᠠᠷ | ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠴᠥᠮ 6% ᠣᠷᠴᠢᠮ ᠢᠶᠠᠷ ᠨᠡᠮᠡᠭᠳᠡᠭᠦᠯᠦᠨ᠎ᠡ᠃ | | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ | ᠠᠵᠢᠯ ᠢ ᠬᠦᠴᠦᠯᠡᠨ ᠰᠠᠶᠢᠲᠤᠷ ᠠᠳᠬᠤᠨ᠎ᠠ᠄ | | | ︵ᠨᠢᠭᠡ︶ ᠪᠣᠳᠠᠲᠤ ᠴᠣᠭᠴᠠ ᠶᠢᠨ ᠠᠵᠤ ᠠᠬᠤᠶ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ | ᠠᠵᠤ ᠦᠢᠯᠡᠰ ᠢ ᠪᠤᠶᠢᠵᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠦᠨ᠎ᠡ᠃ | ᠣᠲᠣ ᠦᠶ᠎ᠡ ᠶᠢᠨ ᠲᠠᠷᠢᠶᠠᠯᠠᠩ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠾᠧ ᠢᠦᠶ ᠶᠢᠨ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠤᠯᠠᠭᠠᠨᠪᠠᠲᠤ ᠶᠢᠨ ᠣᠲᠣ ᠦᠶ᠎ᠡ ᠶᠢᠨ ᠲᠠᠷᠢᠶᠠᠯᠠᠩ ᠤᠨ | ᠬᠦᠷᠢᠶᠡᠯᠡᠩ ᠢᠶᠠᠷ ᠰᠠᠭᠤᠷᠢ ᠪᠣᠯᠭᠠᠵᠤ᠂ ︽ᠵᠣᠣ ᠵᠢᠶᠦ᠋ᠨ ᠭᠦᠵᠡᠯᠵᠡᠭᠡᠨ᠎ᠡ︾ ︽ᠢᠦᠶ ᠴᠢᠤᠸᠠᠨ ᠲᠥᠪᠡᠳ ᠬᠠᠰᠢ︾ | ᠵᠡᠷᠭᠡ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠺᠧᠤ ᠵᠢᠶᠠ ᠶᠢᠩ᠂ | ᠪᠤᠱᠤᠭ᠎ᠠ ᠶᠢᠨ 5000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠤᠯᠤᠰᠤᠨ ᠰᠦᠶ᠎ᠡ᠂ ᠠᠯᠲᠠ ᠮᠥᠩᠭᠦᠨ ᠴᠡᠴᠡᠭ ᠵᠡᠷᠭᠡ ᠠᠵᠤ ᠠᠬᠤᠶ ᠶᠢᠨ ᠲᠠᠷᠢᠮᠠᠯ | ᠳᠠᠷᠢᠬᠤ ᠬᠡᠪᠴᠢᠶ᠎ᠡ ᠶᠢ ᠥᠷᠭᠡᠳᠬᠡᠨ᠂ ᠢᠨᠲ᠋ᠧᠷ ᠰᠦᠯᠵᠢᠶ᠎ᠡ ᠪᠠᠷ ᠰᠢᠭᠤᠳ ᠨᠡᠪᠲᠡᠷᠡᠭᠦᠯᠵᠦ ᠪᠠᠷᠠᠭ᠎ᠠ ᠠᠪᠴᠤ ᠶᠠᠪᠤᠬᠤ | ᠵᠡᠷᠭᠡ ᠵᠠᠭᠪᠤᠷ ᠲᠤ ᠲᠦᠰᠢᠭᠯᠡᠨ᠂ ︽ᠳᠠᠷᠢᠬᠤ — ᠡᠳ᠋ᠰᠢᠭᠦᠯᠬᠦ — ᠪᠠᠷᠠᠭᠠᠨ ᠤ ᠭᠦᠢᠯᠭᠡᠭᠡ — | ᠪᠣᠷᠣᠯᠠᠭᠤᠯᠭ᠎ᠠ︾ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠵᠦ᠂ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠦᠷᠭᠦᠯᠵᠢᠯᠡᠨ ᠬᠠᠪᠰᠤᠷᠤᠨ | ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠤᠤᠭᠤᠬᠤ ᠤᠰᠤ᠂ ᠴᠠᠬᠢᠯᠭᠠᠨ ᠬᠦᠴᠦ᠂ ᠵᠠᠮ᠂ ᠢᠯᠴᠢ ᠬᠠᠩᠭᠠᠬᠤ | ᠵᠡᠷᠭᠡ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠲᠦᠷᠭᠡᠳᠬᠡᠵᠦ᠂ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠵᠡᠷᠭᠡ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ᠂ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠤᠷᠮ᠎ᠠ ᠶᠢ 100% ᠳᠤ ᠬᠦᠷᠦᠭᠦᠯᠦᠨ᠎ᠡ᠃ | ᠲᠠᠷᠢᠶᠠᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠶᠡᠭᠡ ᠪᠠᠷ ᠥᠷᠨᠢᠭᠦᠯᠵᠦ᠂ | ᠨᠢᠭᠡ ᠪᠦᠯᠦᠭ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠯᠠᠭᠴᠢ ᠳᠠᠭᠠᠭᠤᠯᠤᠭᠴᠢ ᠶᠢ | ᠬᠥᠮᠦᠵᠢᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠯᠪᠠᠰᠤᠨ ᠨᠤᠲᠤᠭ ᠤᠨ ᠰᠤᠷᠲᠠᠯ᠂ ᠪᠣᠷᠣᠭᠵᠢᠭᠤᠨ | ᠠᠷᠠᠳ ᠤᠨ ᠰᠤᠷᠲᠠᠯ ᠢ ᠪᠣᠢ ᠪᠣᠯᠭᠠᠬᠤ ᠶᠢ ᠳᠠᠶᠢᠴᠢᠯᠠᠨ᠎ᠠ᠃ | ᠤᠳᠤ ᠦᠶ᠎ᠡ ᠶᠢᠨ ᠠᠵᠤ ᠦᠢᠯᠡᠳᠪᠦᠷᠢ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠪᠣᠳᠠᠲᠤ | ᠴᠣᠭᠴᠠ ᠶᠢᠨ ᠠᠵᠤ ᠠᠬᠤᠶ ᠶᠢ ᠪᠣᠳᠠᠲᠠᠶᠢᠵᠢᠭᠤᠯᠤᠨ ᠰᠢᠯᠢᠳᠡᠭᠵᠢᠭᠦᠯᠬᠦ ᠶᠢ ᠦᠷᠭᠦᠯᠵᠢᠯᠡᠨ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠠᠵᠤ ᠦᠢᠯᠡᠰ ᠤᠨ | ᠲᠥᠪᠯᠡᠷᠡᠯ ᠢ ᠴᠢᠩᠭᠠᠷᠠᠭᠤᠯᠵᠤ᠂ ᠣᠬᠢ ᠰᠢᠯᠢᠳᠡᠭ ᠢᠮᠠᠭᠠᠨ ᠨᠣᠯᠤᠤᠷ᠂ ᠶᠢᠨ ᠶᠤᠸᠠᠨ ᠺᠠᠩ ᠵᠡᠷᠭᠡ ᠠᠵᠤ | ᠠᠬᠤᠶᠢᠯᠠᠯ ᠢᠶᠠᠷ ᠲᠥᠯᠥᠭᠡᠯᠡᠭᠦᠯᠦᠭᠰᠡᠨ ᠢᠮᠠᠭᠠᠨ ᠨᠣᠯᠤᠤᠷ ᠤᠨ ᠨᠡᠬᠡᠮᠡᠯ᠂ ᠠᠮᠢᠳᠤ ᠪᠣᠳᠠᠰ ᠤᠨ ᠡᠮ ᠦᠢᠯᠡᠳᠬᠦ ᠵᠡᠷᠭᠡ | ᠳᠠᠪᠠᠭᠤᠯᠢᠭ ᠣᠨᠴᠠᠯᠢᠠᠠᠳᠦ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠬᠦᠴᠦᠷᠬᠡᠭᠵᠢᠭᠦᠯᠦᠨ᠎ᠡ᠃ ᠦᠢᠯᠡᠳᠬᠦ | ᠦᠢᠯᠡᠰ ᠤᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠶᠤᠨᠴᠢ ᠦᠢᠯᠡᠳᠬᠦ | ᠨᠢᠭᠡᠴᠢ᠂ ᠣᠶᠤᠨᠴᠢ ᠦᠢᠯᠡᠳᠪᠦᠷᠢᠯᠡᠯ ᠤᠨ ᠱᠤᠭᠤᠮ᠂ ᠣᠶᠤᠨᠴᠢ ᠦᠢᠯᠡᠳᠪᠦᠷᠢ ᠶᠢᠨ ᠲᠠᠰᠤᠭ᠂ ᠣᠶᠤᠨᠴᠢ | ᠦᠢᠯᠡᠳᠪᠦᠷᠢ ᠶᠢ ᠪᠠᠶᠢᠭᠤᠯᠵᠤ᠂ ᠠᠵᠤ ᠠᠬᠤᠶᠢᠯᠠᠯ ᠤᠨ ᠲᠣᠭᠠᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠤᠶᠤᠨᠴᠢᠯᠠᠯᠳᠠ ᠶᠢᠨ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠹᠦ᠋ ᠹᠧᠩ ᠠᠮᠢᠳᠤ ᠪᠣᠳᠠᠰ᠂ ᠴᠢ ᠯᠦ ᠶᠢᠨ ᠡᠮ ᠦᠢᠯᠡᠳᠬᠦ ᠮᠡᠷᠭᠡᠵᠢᠯ ᠤᠨ ᠰᠢᠨ᠎ᠡ ᠶᠢ ᠡᠭᠦᠳᠬᠦ ᠪᠠ | ᠲᠡᠰ ᠳᠡᠪᠰᠢᠭᠦᠯᠵᠦ ᠥᠭᠡᠷᠡᠴᠢᠯᠡᠬᠦ ᠶᠢ ᠲᠦᠷᠭᠡᠳᠬᠡᠨ᠎ᠡ᠃ ᠲᠠᠯ᠎ᠠ ᠨᠤᠲᠤᠭ ᠤᠨ ᠤᠯᠠᠭᠠᠨ ᠨᠠᠷᠠᠨ ᠺᠣᠮᠫᠠᠨᠢ ᠶᠢᠨ ᠵᠠᠬ᠎ᠠ | ᠳᠡᠯᠭᠡᠭᠦᠷ ᠲᠤ ᠭᠠᠷᠬᠤ ᠶᠢ ᠢᠳᠡᠪᠬᠢᠲᠡᠶ ᠪᠠᠷ ᠲᠡᠳᠬᠦᠵᠦ᠂ ᠺᠦᠨᠮᠢᠩ ᠤᠨ ᠲᠠᠮᠠᠬᠢ ᠣᠷᠢᠶᠠᠬᠤ ᠦᠢᠯᠡᠳᠪᠦᠷᠢ ᠶᠢᠨ | ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ | ᠪᠥᠭᠡᠮᠨᠡᠷᠡᠯ ᠢ ᠬᠡᠯᠬᠢᠶᠡᠵᠢᠭᠦᠯᠬᠦ᠂ ᠤᠷᠲᠤᠳᠬᠠᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠵᠦᠩ ᠾᠧ | ᠨᠣᠯᠤᠤᠷ᠂ ᠳ᠋ᠠ ᠹᠧᠩ ᠶᠤᠸᠠᠨ ᠬᠦᠩᠭᠡᠨ ᠠᠵᠤ ᠦᠢᠯᠡᠳᠪᠦᠷᠢ ᠶᠢᠨ ᠮᠠᠰᠢᠨ ᠵᠡᠷᠭᠡ ᠠᠵᠤ ᠠᠬᠤᠶᠢᠯᠠᠯ ᠢ | ᠭᠤᠣᠯᠳᠠᠯᠭ᠎ᠠ ᠲᠠᠢ ᠪᠠᠷ ᠪᠤᠶᠢᠵᠢᠭᠤᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠨ᠎ᠠ᠃ | ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠶᠢ ᠬᠦᠴᠦᠯᠡᠨ ᠬᠦᠭᠵᠢᠭᠦᠯᠦᠨ᠎ᠡ᠃ | ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠳᠤ ᠲᠦᠰᠢᠭᠯᠡᠨ᠂ ᠬᠥᠮᠦᠨ ᠤ ᠤᠷᠤᠰᠬᠠᠯ᠂ ᠪᠠᠷᠠᠭᠠᠨ ᠤ | ᠭᠦᠢᠯᠭᠡᠭᠡᠨ ᠤ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠣᠲᠣ ᠦᠶ᠎ᠡ ᠶᠢᠨ ᠬᠤᠳᠠᠯᠳᠤᠭᠠᠨ ᠤ ᠵᠠᠭᠪᠤᠷ ᠢ | ᠣᠷᠣᠭᠤᠯᠤᠨ ᠠᠪᠴᠢᠷᠠᠵᠤ᠂ ᠬᠤᠸᠠ ᠷᠦᠨ ᠸᠢᠶᠧᠨ᠋ᠲ᠋ᠢᠶᠠᠩ ᠬᠤᠲᠠ᠂ ᠺᠠᠶᠢᠳᠧ · ᠨᠡᠬᠡᠮᠡᠯ᠂ ᠸᠠᠨ ᠳ᠋ᠠ ᠠᠭᠤᠳᠠᠮ | ᠲᠠᠯᠠᠪᠠᠶ ᠶᠢᠨ ᠬᠤᠳᠠᠯᠳᠤᠭᠠᠨ ᠤ ᠪᠦᠰᠡ ᠶᠢ ᠬᠦᠴᠦᠯᠡᠨ ᠪᠣᠶ ᠪᠣᠯᠭᠠᠵᠤ᠂ ᠬᠤᠲᠠ ᠶᠢᠨ ᠡᠮᠦᠨᠡᠬᠢ ᠬᠤᠳᠠᠯᠳᠤᠭᠠᠨ ᠤ | ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠡᠷᠡᠭᠦᠯᠵᠢᠯ ᠰᠤᠪᠢᠯᠠᠯᠲᠠ᠂ ᠵᠢᠭᠤᠯᠴᠢᠯᠠᠯ᠂ | ᠰᠤᠷᠭᠠᠨ ᠬᠥᠮᠦᠵᠢᠯ︾ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠷᠢᠯᠴᠠᠨ ᠬᠥᠳᠡᠯᠦᠯᠴᠡᠭᠰᠡᠨ ᠰᠢᠨ᠎ᠡ ᠪᠠᠷ ᠬᠥᠭᠵᠢᠭᠰᠡᠨ | ᠬᠡᠷᠡᠭᠯᠡᠭᠡ ᠶᠢ ᠥᠷᠭᠡᠳᠬᠡᠨ᠎ᠡ᠃ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠰᠢᠩ ᠱᠧᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠂ ᠤᠶᠤᠨᠴᠢᠯᠠᠭᠰᠠᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠲᠥᠪ ᠬᠤᠲᠠ ᠶᠢᠨ | ᠡᠮᠦᠨᠡᠬᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠥᠪ ᠢ ᠠᠯᠬᠤᠮ ᠠᠯᠬᠤᠮ ᠢᠶᠠᠷ ᠪᠤᠢ ᠪᠤᠯᠭᠠᠨ᠎ᠠ᠃ | ᠲᠡᠤᠬᠡ ᠰᠣᠶᠣᠯ ᠤᠨ ᠭᠤᠤᠯᠯᠠᠭᠴᠢ ᠲᠤᠭᠤᠷᠢᠭ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ | ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠤᠨᠴᠠᠯᠢᠬᠳᠤ ᠳᠠᠪᠠᠭᠤᠯᠢᠭ ᠢ ᠪᠠᠳᠠᠷᠠᠭᠤᠯᠵᠤ᠂ | ᠬᠤᠪᠢᠰᠬᠠᠯ ᠤᠨ ᠰᠣᠶᠣᠯ᠂ ᠵᠣᠣ ᠵᠢᠶᠦ᠋ᠨ ᠰᠣᠶᠣᠯ᠂ ᠬᠠᠭᠤᠴᠢᠨ ᠬᠤᠲᠠ ᠶᠢᠨ ᠰᠣᠶᠣᠯ ᠵᠡᠷᠭᠡ ᠡᠯᠪᠡᠭ ᠪᠠᠶᠠᠯᠢᠭ | ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ | ᠦᠵᠦᠭᠦᠷᠴᠢᠯᠡᠬᠦ᠂ ᠣᠨᠴᠠᠯᠢᠬᠵᠢᠭᠤᠯᠬᠤ᠂ ᠤᠶᠤᠨᠴᠢᠯᠠᠬᠤ ᠬᠠᠷᠠᠯᠲᠠ ᠳᠠᠰᠢ ᠲᠠᠰᠤᠷᠠᠯᠲᠠ ᠥᠬᠡᠶ ᠤᠷᠤᠭᠰᠢᠯᠠᠬᠤ ᠶᠢ | ᠠᠬᠢᠭᠤᠯᠤᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠨ | ᠠᠰᠢᠭᠯᠠᠵᠤ᠂ ᠬᠤᠪᠢᠰᠬᠠᠯ ᠤᠨ ᠰᠣᠶᠣᠯ ᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ | ᠪᠣᠯᠭᠠᠨ᠎ᠠ᠃ ᠵᠤᠤ ᠵᠢᠶᠦ᠋ᠨ ᠤ ᠰᠣᠶᠣᠯ ᠤᠨ ᠶᠠᠷᠢᠶᠠᠨ ᠤ ᠲᠠᠪᠴᠠᠩ ᠢ ᠡᠷᠬᠢᠯᠡᠵᠦ᠂ ᠦᠨᠳᠦᠰᠦᠲᠡᠨ ᠤ | ᠠᠭᠤᠰᠤᠯᠴᠠᠯ ᠤᠨ ᠠᠭᠤᠯᠤᠭᠳᠠᠬᠤᠨ ᠢ ᠠᠭᠤᠳᠠᠯᠵᠤ᠂ ᠵᠤᠤ ᠵᠢᠶᠦ᠋ᠨ ᠤ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢ ᠰᠤᠳᠤᠯᠤᠨ ᠨᠡᠭᠡᠭᠡᠨ᠎ᠡ᠃ ᠣᠲᠣ ᠶᠢᠨ ᠪᠠᠶᠢᠭ᠎ᠠ ᠰᠣᠶᠣᠯ ᠤᠨ ᠬᠡᠷᠡᠭᠯᠡᠬᠦ ᠭᠠᠵᠠᠷ ᠰᠢᠷᠣᠶ ᠶᠢ | ᠠᠰᠢᠭᠯᠠᠨ᠂ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠤᠬᠢᠶᠠᠯᠭ᠎ᠠ ᠶᠢᠨ ᠡᠳ᠋ ᠤᠨ | ᠦᠢᠯᠡᠳᠪᠦᠷᠢ ᠶᠢᠨ ᠰᠣᠶᠣᠯ ᠡᠭᠦᠳᠦᠯᠲᠡ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠮᠣᠩᠭᠤᠯ ᠤᠨ ᠵᠠᠩ ᠦᠢᠯᠡ ᠶᠢᠨ | ᠬᠦᠷᠢᠶᠡᠯᠡᠩ ᠳᠤ ᠲᠦᠰᠢᠭᠯᠡᠨ᠂ ᠪᠠᠶᠢᠭᠠᠯᠢ ᠶᠢᠨ ᠠᠮᠢ ᠠᠬᠤᠶ ᠶᠢᠨ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ | ᠬᠥᠭᠵᠢᠭᠦᠯᠦᠨ᠎ᠡ᠃ ᠪᠣᠭᠤᠮᠲᠠ ᠶᠢᠨ ᠬᠠᠭᠤᠴᠢᠨ ᠵᠡᠭᠡᠯᠢ ᠶᠢᠨ ᠤᠯᠤᠰ ᠤᠨ ᠲᠠᠰ ᠤᠨ ᠣᠨᠴᠠᠯᠢᠭ ᠲᠠᠢ ᠶᠠᠪᠠᠭᠠᠨ | ᠵᠡᠭᠡᠯᠢ ᠶᠢ ᠡᠭᠦᠳᠦᠨ ᠪᠠᠶᠢᠭᠤᠯᠵᠤ᠂ ᠬᠠᠭᠤᠴᠢᠨ ᠬᠤᠲᠠ ᠶᠢᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠨ᠎ᠡ᠃ | ︽ᠬᠥᠬᠡᠬᠤᠲᠠ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ︾ ︽ᠥᠪᠥᠷ | ᠮᠣᠩᠭᠤᠯ ᠤᠨ ᠦᠨᠦᠷ ᠠᠮᠲᠠ︾ ᠵᠡᠷᠭᠡ ᠰᠣᠶᠣᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠭᠤᠴᠢᠨ | ᠬᠤᠲᠠ ᠶᠢᠨ ᠬᠤᠸᠠᠷ ᠫᠤᠤᠵᠢᠩ ᠤᠨ ᠠᠭᠤᠷ ᠠᠮᠢᠰᠬᠤᠯ ᠢ ᠨᠡᠮᠡᠭᠳᠡᠭᠦᠯᠦᠨ᠂ ︽ᠡᠷᠲᠡᠨ ᠤ ᠠᠶᠠᠯᠭᠤᠲᠤ ᠬᠥᠬᠡᠬᠤᠲᠠ · | ᠪᠤᠶᠠᠨᠲᠤ ᠢᠦᠶ ᠴᠢᠤᠸᠠᠨ︾ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠦᠷᠬᠦᠯᠵᠢᠯᠡᠨ ᠦᠷᠭᠡᠳᠬᠡᠨ᠎ᠡ᠃ | | | ︵ᠬᠤᠶᠠᠷ︶ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠬᠥᠳᠡᠯᠭᠡᠭᠴᠢ | ᠡᠨᠧᠷᠭᠢ ᠶᠢ ᠪᠠᠳᠠᠷᠠᠭᠤᠯᠤᠨ᠎ᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠡᠪᠴᠢᠶ᠎ᠡ ᠶᠢ ᠥᠷᠭᠡᠳᠬᠡᠨ᠂ | ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ︽ᠨᠢᠭᠡ ᠴᠣᠩᠬᠤ ᠪᠠᠷ ᠭᠦᠢᠴᠡᠳᠭᠡᠬᠦ᠂ ᠨᠢᠭᠡ | ᠰᠦᠯᠵᠢᠶ᠎ᠡ ᠪᠠᠷ ᠭᠦᠢᠴᠡᠳᠭᠡᠬᠦ᠂ ᠳᠥᠭᠦᠮᠴᠢᠯᠡᠨ ᠭᠦᠢᠴᠡᠳᠭᠡᠬᠦ᠂ ᠳᠠᠷᠦ᠋ᠢᠬᠠᠨ ᠭᠦᠢᠴᠡᠳᠭᠡᠬᠦ︾ ᠶᠢ ᠪᠥᠬᠦ ᠲᠠᠯ᠎ᠠ ᠪᠠᠷ | ᠬᠡᠷᠡᠭᠵᠢᠭᠦᠯᠦᠨ᠂ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠨ᠂ | ᠵᠠᠷᠤᠳᠠᠯ ᠢ ᠪᠠᠭᠠᠰᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ | ᠴᠣᠭᠴᠠᠯᠠᠬᠤ ᠶᠢᠨ ᠡᠪᠡᠷᠰᠢᠶᠡᠯ ᠲᠠᠢ ᠭᠠᠵᠠᠷ᠂ ᠬᠦᠴᠢᠷ ᠠᠰᠠᠭᠤᠳᠠᠯ᠂ ᠲᠦᠭᠵᠢᠷᠡᠯ ᠲᠠᠢ ᠭᠠᠵᠠᠷ ᠤᠨ ᠠᠰᠠᠭᠤᠳᠠᠯ ᠢ | ᠰᠢᠢᠳᠪᠦᠷᠢᠯᠡᠨ᠎ᠡ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ | ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠬᠥᠮᠦᠨ ᠲᠤᠰᠬᠠᠶ ᠠᠩᠭᠢ ᠶᠢ ᠵᠣᠬᠢᠶᠠᠨ ᠪᠠᠶᠢᠭᠤᠯᠤᠨ᠂ ᠠᠰᠠᠷᠠᠭᠴᠢ | ᠮᠠᠶ᠋ᠢᠭ ᠤᠨ᠂ ᠲᠣᠪᠶᠤᠭ ᠤᠨ ᠮᠠᠶ᠋ᠢᠭ ᠤᠨ ᠦᠢᠯᠡᠴᠢᠯᠡᠭᠡᠨ ᠢ ᠬᠡᠷᠡᠭᠵᠢᠭᠦᠯᠦᠨ᠎ᠡ᠃ ᠪᠠᠩᠬᠢ ᠪᠠ ᠠᠵᠤ ᠠᠬᠤᠶᠢᠯᠠᠯ ᠢ | ᠵᠣᠯᠭᠠᠭᠤᠯᠬᠤ ᠦᠢᠯᠡᠴᠢᠯᠡᠭᠡᠨ ᠤ ᠲᠣᠭᠲᠠᠴᠠ ᠶᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ | ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠵᠠᠰᠠᠭ ᠤᠨ ᠣᠷᠳᠣᠨ ᠪᠠ ᠬᠤᠳᠠᠯᠳᠤᠭᠠᠨ ᠤ ᠬᠠᠷᠢᠯᠴᠠᠭᠠᠨ ᠤ ᠵᠥᠪ ᠲᠠᠯ᠎ᠠ ᠪᠠ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢ ᠲᠣᠭᠲᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠷᠢᠭᠤ ᠲᠤᠰᠬᠠᠬᠤ | ᠠᠰᠠᠭᠤᠳᠠᠯ ᠳᠤ ᠲᠤᠰᠬᠠᠶ ᠰᠢᠪᠠᠳᠠᠨ ᠰᠢᠢᠳᠪᠦᠷᠢᠯᠡᠭᠦᠯᠬᠦ ᠶᠢ ᠬᠡᠷᠡᠭᠵᠢᠭᠦᠯᠦᠨ᠂ ︽ᠳᠣᠲᠣᠨᠣ︾ ᠮᠥᠷᠲᠡᠭᠡᠨ | ᠬᠡᠮᠵᠢᠶ᠎ᠡ ᠲᠠᠢ᠂ ︽ᠴᠡᠪᠡᠷ︾ ᠮᠥᠷᠲᠡᠭᠡᠨ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠵᠦ᠂ ᠲᠣᠭᠲᠠᠭᠤᠨ᠂ ᠲᠥᠪ | ᠭᠤᠣᠯᠴᠢ᠂ ᠢᠯᠡ ᠲᠣᠳᠣ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠰᠢᠨ᠎ᠡ ᠶᠢ ᠡᠭᠦᠳᠬᠦ ᠲᠠᠪᠴᠠᠩ ᠢ ᠲᠦᠷᠭᠡᠪᠴᠢᠯᠡᠨ ᠪᠤᠢ ᠪᠣᠯᠭᠠᠨ᠎ᠠ᠃ ᠰᠢᠨ᠎ᠡ ᠶᠢ ᠡᠭᠦᠳᠬᠦ ᠡᠬᠢ ᠪᠠᠶᠠᠯᠢᠭ ᠢ | ᠤᠯᠠᠮ ᠨᠢᠭᠡ ᠠᠯᠬᠤᠮ ᠲᠥᠪᠯᠡᠷᠡᠭᠦᠯᠦᠨ᠂ ᠰᠢᠨ᠎ᠡ ᠶᠢ ᠡᠭᠦᠳᠬᠦ ᠬᠦᠴᠦᠨ ᠵᠦᠢᠯ ᠢ ᠬᠥᠭᠵᠢᠭᠡᠵᠦ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠦᠢᠯᠡᠳᠦᠯ ᠢ | ᠪᠠᠳᠠᠷᠠᠭᠤᠯᠤᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ᠂ ᠠᠵᠤ ᠦᠢᠯᠡᠰ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠣᠷᠣᠭᠤᠯᠵᠤ ᠠᠪᠴᠢᠷᠠᠬᠤ | ᠶᠢ ᠲᠦᠷᠭᠡᠳᠬᠡᠵᠦ᠂ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠲᠥᠪ᠂ | ᠠᠺᠠᠳᠧᠮᠢᠴᠢ ᠶᠢᠨ ᠠᠵᠢᠯ ᠤᠨ ᠦᠷᠳᠡᠭᠡ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠤᠨ᠎ᠠ᠃ ᠥᠪᠥᠷ | ᠮᠣᠩᠭᠤᠯ ᠤᠨ ᠶᠡᠭᠡ ᠰᠤᠷᠭᠠᠭᠤᠯᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠲᠣᠭᠤᠷᠢᠭ ᠲᠤ | ᠰᠠᠭᠤᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠤᠰᠬᠠᠶ ᠣᠷᠣᠨ ᠰᠤᠷᠭᠠᠭᠤᠯᠢ᠂ ᠰᠤᠷᠭᠠᠭᠤᠯᠢ ᠠᠵᠤ ᠠᠬᠤᠶᠢᠯᠠᠯ ᠤᠨ ᠨᠢᠭᠲᠠ | ᠬᠠᠮᠲᠤᠷᠠᠯᠴᠠᠭᠰᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠣᠶ ᠪᠣᠯᠭᠠᠨ᠎ᠠ᠃ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠵᠤ᠂ ᠴᠢᠳᠠᠪᠤᠷᠢᠲᠠᠨ ᠢ ᠰᠠᠶᠢᠲᠤᠷ ᠣᠷᠣᠭᠤᠯᠤᠨ ᠠᠪᠴᠢᠷᠠᠬᠤ ᠶᠢ ᠰᠠᠶᠢᠲᠤᠷ ᠬᠡᠷᠡᠭᠯᠡᠵᠦ᠂ | ᠣᠷᠣᠨ ᠨᠤᠲᠤᠭ ᠤᠨ ᠴᠢᠳᠠᠪᠤᠷᠢᠲᠠᠨ ᠳᠤ ᠰᠠᠶᠢᠲᠤᠷ ᠬᠠᠨᠳᠤᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠠᠮᠲᠤᠪᠠᠷ ᠬᠦᠴᠦ ᠨᠡᠮᠡᠷᠢᠯᠡᠨ᠎ᠡ᠃ | | | ︵ᠭᠤᠷᠪᠠ︶ ᠣᠷᠣᠰᠢᠨ ᠰᠠᠭᠤᠬᠤ ᠳᠤ ᠳᠣᠭᠢᠷᠠᠬᠤ ᠶᠢ ᠳᠣᠪᠤᠶᠢᠯᠭᠠᠵᠤ᠂ ᠴᠢᠨᠠᠷ ᠰᠠᠶᠢᠲᠠᠶ ᠬᠤᠲᠠ ᠶᠢᠨ | ᠲᠣᠭᠤᠷᠢᠭ ᠢ ᠪᠥᠲᠥᠭᠡᠨ ᠪᠠᠶᠢᠭᠤᠯᠤᠨ᠎ᠠ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠎ᠡ᠃ ᠪᠠᠷᠠᠭᠤᠨ ᠡᠮᠦᠨᠡᠲᠦ | ᠣᠷᠣᠨ ᠤ ᠬᠡᠰᠡᠭ ᠲᠣᠭᠤᠷᠢᠭ ᠤᠨ ᠬᠤᠳᠠ ᠶᠢᠨ ᠵᠢᠷᠤᠭ ᠲᠥᠯᠥᠪᠯᠡᠭᠡ ᠶᠢ ᠥᠨᠳᠥᠷ ᠡᠬᠢᠯᠡᠯᠲᠡ ᠲᠠᠢ ᠪᠠᠷ | ᠲᠥᠯᠥᠪᠵᠢᠭᠦᠯᠵᠦ᠂ ᠭᠠᠵᠠᠷ ᠰᠢᠷᠣᠶ ᠶᠢ ᠡᠮᠬᠢᠯᠡᠨ ᠴᠡᠭᠴᠡᠯᠡᠬᠦ᠂ ᠨᠡᠭᠡᠭᠡᠨ ᠠᠰᠢᠭᠯᠠᠬᠤ ᠡᠷᠴᠢᠮ ᠢ ᠬᠢᠵᠠᠭᠠᠷᠯᠠᠬᠤ ᠶᠢ | ᠲᠦᠷᠭᠡᠳᠬᠡᠵᠦ᠂ ᠬᠤᠳᠠ ᠶᠢᠨ ᠰᠢᠨᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ᠂ ᠪᠤᠳᠢ ᠰᠤᠪᠤᠷᠭ᠎ᠠ ᠶᠢᠨ ᠵᠡᠭᠦᠨ ᠲᠠᠯ᠎ᠠ ᠵᠡᠷᠭᠡ 5 ᠭᠠᠵᠠᠷ ᠢ ᠪᠤᠴᠠᠭᠠᠨ | ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ | ᠸᠢᠶᠧᠨ᠋ᠲ᠋ᠢᠶᠠᠩ ᠤᠨ ᠲᠩᠷᠢ ᠭᠠᠵᠠᠷ ᠤᠨ ᠪᠠᠷᠠᠭᠤᠨ ᠵᠠᠮ ᠵᠡᠷᠭᠡ ᠬᠤᠳᠠ ᠶᠢᠨ ᠶᠠᠪᠤᠳᠠᠯ ᠤᠨ 3 ᠵᠤᠷᠪᠤᠰ ᠵᠠᠮ ᠢ | ᠰᠢᠨ᠎ᠡ ᠪᠠᠷ ᠪᠠᠶᠢᠭᠤᠯᠵᠤ᠂ ᠡᠷᠡᠨ ᠵᠠᠭᠤᠨ ᠤ ᠲᠠᠪᠤᠳᠤᠭᠠᠷ ᠵᠠᠮ ᠵᠡᠷᠭᠡ 4 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ | ᠶᠢᠩ ᠴᠦᠨ ᠭᠤᠳᠤᠮᠵᠢ ᠵᠡᠷᠭᠡ 10 ᠵᠤᠷᠪᠤᠰ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ᠎ᠡ᠃ 34 ᠬᠠᠭᠤᠴᠢᠨ | ᠣᠷᠣᠨ ᠰᠠᠭᠤᠴᠠ ᠶᠢᠨ ᠵᠢᠵᠢᠭ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠪᠠᠭ᠎ᠠ ᠲᠦᠷᠭᠡᠨ ᠭᠤᠤᠯ ᠤᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ 18 ᠵᠤᠭᠠᠴᠠᠯ ᠤᠨ ᠬᠦᠷᠢᠶᠡᠯᠡᠩ ᠤᠨ | ᠨᠣᠭᠤᠭᠠᠨ ᠭᠠᠵᠠᠷ ᠢ ᠰᠢᠨ᠎ᠡ ᠪᠠᠷ ᠪᠠᠶᠢᠭᠤᠯᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠵᠠᠰᠠᠵᠤ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢ ᠨᠣᠭᠤᠭᠠᠷᠠᠭᠤᠯᠵᠤ᠂ 1000 ᠭᠠᠷᠤᠶ ᠮᠦ | ᠨᠣᠭᠤᠭᠠᠨ ᠭᠠᠵᠠᠷ ᠤᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠪᠡ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠶᠤᠨᠲᠤ ᠬᠤᠲᠠ ᠶᠢᠨ | ᠬᠠᠮᠢᠶᠠᠷᠤᠯᠲᠠ ᠶᠢ ᠪᠣᠶ ᠪᠣᠯᠭᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠤᠷᠪᠠᠨ ᠵᠢᠯ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠦᠬᠦ ᠲᠤᠭᠤᠷᠢᠭ ᠤᠨ ᠬᠦᠴᠦᠨ ᠢ ᠲᠠᠶᠢᠴᠢᠯᠠᠵᠦ᠂ 14 | ᠲᠠᠯ᠎ᠠ ᠶᠢᠨ᠂ 53 ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠪᠦᠬᠦ ᠤᠯᠤᠰ ᠤᠨ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ︽ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ︾ ᠤ ᠢᠯᠠᠯᠲᠠ ᠶᠢ ᠵᠠᠪᠠᠯ ᠤᠯᠬᠤ | ᠬᠡᠷᠡᠭᠲᠡᠢ᠃ ︽ᠳᠥᠷᠪᠡᠨ ᠱᠠᠲᠤ︾ ᠶᠢᠨ ᠰᠦᠯᠵᠢᠶᠡᠨ ᠤ ᠬᠠᠮᠢᠶᠠᠷᠤᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠶ ᠲᠥᠯᠥᠪᠯᠡᠵᠦ᠂ ᠬᠤᠲᠠ ᠶᠢᠨ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ | ᠠᠮᠢᠳᠤᠷᠠᠯ ᠤᠨ ᠬᠤᠭ ᠨᠣᠪᠰᠢ ᠶᠢ ᠢᠯᠭᠠᠨ ᠲᠡᠭᠡᠭᠡᠪᠦᠷᠢᠯᠡᠵᠦ ᠰᠢᠢᠳᠪᠦᠷᠢᠯᠡᠬᠦ ᠲᠥᠪ ᠪᠠ 3 ᠲᠣᠭᠤᠭᠠᠨ ᠬᠡᠷ ᠤᠨ | ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠬᠡᠷ ᠤᠨ ᠭᠠᠳᠠᠨᠠᠬᠢ ᠵᠠᠷ ᠮᠡᠳᠡᠭᠡ᠂ | ᠳᠡᠯᠭᠡᠭᠦᠷ ᠤᠨ ᠫᠠᠶᠢᠰᠠ ᠢᠯᠡᠷᠬᠡᠶᠢᠯᠡᠯ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠳᠠᠭᠠᠨ ᠶᠠᠪᠤᠬᠤ ᠰᠢᠰᠲ᠋ᠧᠮ ᠪᠠ ᠲᠡᠷᠭᠡ ᠵᠣᠭᠰᠣᠬᠤ ᠪᠠᠶᠢᠷᠢ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠶᠡᠬᠡᠳᠬᠡᠨ᠎ᠡ᠃ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ | ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠳᠠᠭᠠᠢ ᠭᠤᠤᠯ᠂ | ᠶᠡᠭᠡ ᠲᠦᠷᠭᠡᠨ ᠭᠤᠤᠯ ᠢ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠵᠦ᠂ ᠭᠤᠤᠯ ᠤᠨ ᠵᠠᠮ ᠤᠨ ᠠᠮᠢ | ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠨᠢᠭᠡᠳᠦᠭᠡᠷ ᠳᠡᠰ ᠤᠨ | ᠬᠠᠮᠠᠭᠠᠯᠠᠯᠲᠠ ᠶᠢᠨ ᠲᠤᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢ ᠲᠦᠷᠦᠯ ᠬᠤᠪᠢᠶᠠᠨ ᠵᠠᠰᠠᠨ᠎ᠠ᠃ ︽ | ᠨᠡᠭᠦᠷᠡᠰᠦ ᠶᠢ ᠰᠢᠲᠠᠮᠠᠬᠠᠶ ᠬᠡᠢ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠵᠡᠷᠭᠡ ᠠᠷᠭ᠎ᠠ ᠮᠠᠶ᠋ᠢᠭ ᠢ ᠠᠪᠴᠤ᠂ ᠦᠯᠡᠳᠡᠭᠰᠡᠨ 20 ᠲᠣᠰᠬᠤᠨ ︵ᠨᠡᠶᠢᠭᠡᠮ ᠲᠣᠭᠤᠷᠢᠭ︶᠂ 1.9 ᠲᠦᠮᠡᠨ | ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠪᠡᠶᠡᠯᠡᠭᠦᠯᠦᠨ᠎ᠡ᠃ | ᠲᠣᠭᠤᠰᠣ ᠳᠡᠭᠳᠡᠬᠦ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ᠂ ᠬᠤᠸᠠᠷ ᠫᠤᠤᠵᠢᠩ᠂ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ | ᠬᠥᠳᠡᠭᠡ ᠲᠣᠰᠬᠤᠨ ᠤ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠠᠭᠠᠰᠬᠠᠨ᠎ᠠ᠃ | | | ︵ᠲᠦᠷᠪᠡ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠦᠨ᠎ᠡ | ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠲᠤᠰᠠᠯᠠᠮᠵᠢ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠬᠤᠳᠠ ᠪᠠᠯᠭᠠᠰᠤᠨ ᠤ 8000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠡᠯ᠎ᠡ ᠵᠦᠢᠯ ᠤᠨ ᠨᠡᠶᠢᠭᠡᠮ ᠤᠨ | ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠦᠬᠦ ᠤᠯᠤᠰ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠤᠨ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠦᠭᠵᠢᠭᠦᠯᠬᠦ | ᠲᠤᠷᠰᠢᠯᠲᠠ ᠶᠢᠨ ᠴᠡᠭ ᠤᠨ ᠠᠵᠢᠯ ᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠵᠦ᠂ ︽ᠡᠦ ᠾᠧ ᠰᠢᠶᠠᠩ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠤᠨ ᠬᠠᠤᠯᠢ︾ ᠶᠢ | ᠳᠡᠯᠭᠡᠷᠡᠭᠦᠯᠵᠦ᠂ ᠰᠠᠭᠤᠭᠠᠯᠢ ᠠᠷᠠᠳ ᠤᠨ ᠰᠡᠳᠬᠢᠯ ᠢ ᠮᠡᠳᠡᠭᠴᠢ ᠪᠣᠯᠤᠨ᠎ᠠ᠃ ᠨᠡᠶᠢᠭᠡᠮ ᠤᠨ ᠠᠵᠢᠯ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠦᠯᠡᠰᠦᠩᠭᠦᠶ᠂ ᠵᠡᠮᠳᠡᠭᠴᠦᠳ᠂ | ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 25᠂ ᠬᠠᠯᠠᠭᠤᠨ ᠳᠤᠯᠠᠭᠠᠨ ᠭᠡᠷ ᠣᠷᠣᠨ ᠢ 2᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠢ 1 ᠶᠢ ᠰᠢᠨ᠎ᠡ ᠪᠠᠷ ᠪᠠᠶᠢᠭᠤᠯᠪᠠ᠃ | ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠬᠡᠤᠬᠡᠳ ᠤᠨ ᠴᠡᠴᠡᠷᠯᠢᠭ ᠤᠨ ᠬᠡᠪᠴᠢᠶ᠎ᠡ ᠵᠢᠴᠢ ᠬᠠᠮᠤᠷᠬᠤ ᠬᠡᠪᠴᠢᠶ᠎ᠡ ᠶᠢ ᠥᠷᠭᠡᠳᠬᠡᠨ᠂ ᠤᠰᠤᠨ ᠬᠡᠯᠡᠨ ᠤ | ᠬᠥᠬᠡᠬᠤᠲᠠ᠂ ᠳᠤᠯᠤᠭᠠᠨ ᠲᠦᠮᠡᠳ᠂ ᠰᠢ ᠱᠦᠶ ᠮᠥᠸᠧ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ | ᠪᠤᠶᠤ ᠦᠷᠭᠦᠯᠵᠢᠯᠡᠨ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠨᠠᠷᠠᠲᠤ ᠰᠤᠷᠭᠠᠭᠤᠯᠢ ᠲᠠᠢ ᠬᠠᠮᠲᠤᠷᠠᠨ | ᠰᠤᠷᠭᠠᠭᠤᠯᠢ ᠡᠷᠭᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠬᠠᠷᠢᠶᠠᠲᠤ ᠪᠠᠭ᠎ᠠ ᠰᠤᠷᠭᠠᠭᠤᠯᠢ ᠶᠢᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠵᠤ᠂ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ | ᠬᠤᠪᠢᠶᠠᠷᠢ ᠰᠤᠷᠭᠠᠭᠤᠯᠢ ᠶᠢ 9 ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ | ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ︵ᠠᠷᠪᠠᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠲᠣᠭᠤᠷᠢᠭ︶ ᠶᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠪᠠᠷᠠᠭᠤᠨ ᠡᠮᠦᠨᠡᠲᠦ ᠶᠢᠨ | ᠬᠡᠰᠡᠭ ᠲᠣᠭᠤᠷᠢᠭ ᠤᠨ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠨ᠎ᠡ᠃ ︽ᠢᠯᠡ ᠪᠠᠷ ᠠᠩᠭᠢ | ᠬᠤᠪᠢᠶᠠᠬᠤ︾ ᠶᠢ ᠬᠡᠷᠡᠭᠵᠢᠭᠦᠯᠵᠦ᠂ ︽ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ | ᠳᠡᠪᠰᠢᠬᠦ︾ ᠶᠢ 100% ᠪᠠᠷ ᠣᠷᠣᠨ ᠲᠣᠮᠢᠯᠠᠵᠤ ᠡᠯᠰᠡᠬᠦ ᠶᠢ ᠴᠢᠩᠭ᠎ᠠ ᠬᠡᠷᠡᠭᠵᠢᠭᠦᠯᠦᠨ᠎ᠡ᠃ ᠰᠤᠷᠭᠠᠭᠤᠯᠢ ᠶᠢᠨ | ᠬᠦᠷᠢᠶᠡᠨ ᠤ ᠬᠤᠭᠤᠯᠠ ᠲᠦᠭᠡᠭᠡᠬᠦ ᠠᠵᠤ ᠠᠬᠤᠶᠢᠯᠠᠯ ᠪᠠ ᠵᠢᠵᠢᠭ ᠬᠤᠭᠤᠯᠠᠨ ᠰᠢᠷᠡᠭᠡᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠢᠴᠢᠶᠡᠯ ᠤᠨ ᠳᠠᠷᠠᠭᠠᠬᠢ ᠴᠠᠭ ᠢ ᠤᠷᠲᠤᠳᠬᠠᠬᠤ | ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠨᠡᠶᠢᠭᠡᠮ ᠤᠨ ᠬᠦᠴᠦᠨ ᠤ ᠠᠷᠠᠳ ᠠᠴᠠ ᠡᠷᠭᠢᠯᠡᠭᠰᠡᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠭᠢᠯᠡᠬᠦ ᠶᠢ ᠵᠣᠷᠢᠭᠵᠢᠭᠤᠯᠵᠤ᠂ ︽ᠣᠶᠤᠨᠴᠢ ᠰᠤᠷᠭᠠᠨ ᠬᠥᠮᠦᠵᠢᠯ︾ ᠢ | ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠬᠤᠲᠠ ᠬᠥᠳᠡᠭᠡ ᠶᠢᠨ ᠬᠠᠷᠢᠯᠴᠠᠨ ᠬᠥᠳᠡᠯᠦᠯᠴᠡᠵᠦ᠂ ᠵᠡᠷᠭᠡ ᠪᠠᠷ | ᠲᠡᠩᠴᠡᠭᠦᠷᠢᠲᠡᠶ ᠬᠥᠭᠵᠢᠬᠦ ᠶᠢ ᠪᠡᠶᠡᠯᠡᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠯᠠᠭᠠᠨ ᠵᠠᠭᠠᠯᠮᠠᠶᠢᠲᠠᠨ ᠤ | ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠢ ᠪᠠᠶᠢᠭᠤᠯᠤᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠮᠣᠩᠭᠤᠯ ᠬᠢᠲᠠᠳ | ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠨᠠᠷᠠᠲᠤ ᠡᠮᠨᠡᠯᠭᠡ ᠶᠢᠨ ᠬᠤᠷᠢᠶ᠎ᠠ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠦᠢᠯᠡᠴᠢᠯᠡᠭᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠦᠨᠳᠦ ᠶᠡᠭᠡ ᠬᠠᠯᠳᠠᠪᠤᠷᠢᠲᠤ ᠡᠪᠡᠳᠴᠢᠨ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠵᠡᠷᠭᠡ ᠶᠢ ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠣᠷᠣᠨᠴᠢ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠶᠡᠬᠡᠪᠡᠷ | ᠲᠦᠭᠡᠮᠡᠯᠵᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠪᠦᠬᠦ | ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ | ᠪᠥᠬᠦ ᠰᠢᠰᠲ᠋ᠧᠮ ᠢᠶᠠᠷ ᠢᠶᠠᠨ ᠬᠤᠯᠪᠣᠭᠠᠯᠠᠨ ᠬᠥᠳᠡᠯᠦᠯᠴᠡᠬᠦ᠂ ᠪᠥᠬᠦ ᠱᠠᠲᠤᠯᠵᠢᠨ ᠡᠩᠨᠡᠭᠡ ᠪᠠᠷ ᠢᠶᠠᠨ ᠴᠢᠳᠠᠪᠤᠷᠢ | ᠣᠯᠭᠤᠬᠤ᠂ ᠪᠥᠬᠦ ᠬᠦᠷᠢᠶ᠎ᠡ ᠴᠠᠷᠠᠭ᠎ᠠ ᠪᠠᠷ ᠢᠶᠠᠨ ᠵᠣᠬᠢᠴᠠᠭᠤᠯᠬᠤ᠂ ᠪᠥᠬᠦ ᠦᠶᠡᠯᠡᠯ ᠤᠨ ᠬᠤᠭᠤᠴᠠᠭᠠᠨ ᠳᠤ | ᠬᠠᠮᠢᠶᠠᠷᠬᠤ᠂ ᠪᠥᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ︾ ᠪᠥᠬᠦ ᠬᠦᠴᠦᠨ ᠵᠦᠢᠯ ᠤᠨ ᠵᠠᠰᠠᠯᠲᠠ ᠶᠢᠨ | ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠰᠢᠢᠳᠪᠦᠷᠢᠡᠯᠬᠦ︾ | ᠲᠠᠪᠴᠠᠩ ᠢ ᠦᠳᠲᠡᠷ ᠲᠦᠷᠭᠡᠨ ᠴᠤᠤᠷᠢᠶᠠᠲᠤᠨ ᠲᠠᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ | ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠪᠢᠳᠡ ᠬᠠᠷᠢᠭᠤ ᠳᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠡᠯ᠎ᠡ | ᠲᠦᠷᠦᠯ ᠤᠨ ᠲᠣᠭᠲᠠᠭᠤᠨ ᠪᠤᠰᠤ ᠬᠦᠴᠦᠨ ᠵᠦᠢᠯ ᠪᠠ ᠬᠠᠮᠲᠤᠯᠢᠭ ᠤᠨ ᠴᠢᠨᠠᠷᠲᠠᠶ ᠬᠡᠷᠡᠭ ᠶᠠᠪᠤᠳᠠᠯ ᠤᠨ | ᠴᠤᠬᠤᠶᠢᠯᠲᠠ ᠶᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠡᠯᠵᠦ᠂ ᠦᠨᠳᠦᠰᠦᠨ ᠱᠠᠲᠤᠨ ᠳᠤᠨᠢ ᠨᠠᠮᠳᠠᠭᠤᠯᠤᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ᠂ ᠨᠡᠶᠢᠭᠡᠮ ᠤᠨ ᠰᠠᠶᠢᠨ ᠰᠠᠶᠢᠬᠠᠨ ᠡᠮᠬᠢ | ᠳᠢᠭᠯᠢᠮ ᠢ ᠬᠠᠮᠠᠭᠠᠯᠠᠪᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠢ | ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠶᠤᠯ ᠶᠡᠬᠡᠲᠡᠢ ᠠᠵᠢᠯ ᠲᠦᠷᠦᠯ ᠤᠨ ᠬᠦᠷᠢᠶᠡᠨ ᠳᠠᠬᠢ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠲᠤᠪᠤᠶᠢᠮ᠎ᠠ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ᠂ ᠦᠢᠯᠡᠳᠬᠦᠨ ᠤ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︽ᠥᠷᠢ ᠰᠢᠷᠢ ᠶᠢ ᠵᠠᠰᠠᠵᠤ ᠵᠠᠷᠤᠯᠭ᠎ᠠ ᠶᠢ | ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠯᠥᠰᠥᠨ ᠠᠵᠢᠯᠴᠢᠨ ᠤ ᠴᠠᠯᠢᠩ ᠢᠶᠠᠨ ᠴᠠᠭ | ᠲᠤᠬᠠᠶ ᠳᠤᠨᠢ ᠲᠤᠭ᠎ᠠ ᠶᠣᠰᠣᠭᠠᠷ ᠤᠯᠬᠤ ᠶᠢ ᠦᠨᠡᠨ ᠬᠦ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠢᠨ᠎ᠡ ᠪᠠᠶᠢᠳᠠᠯ ᠤᠨ | ᠳᠣᠣᠷᠠᠬᠢ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠵᠠᠷ ᠬᠥᠳᠡᠯᠦᠯᠲᠡ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | | | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | | ᠴᠢᠩᠭ᠎ᠠ ᠲᠦᠷᠦ ᠪᠠᠷᠢᠬᠤ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠰᠢᠷᠢᠰ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ | ᠮᠡᠳᠡᠭᠦᠯᠦᠯᠲᠡ ᠬᠢᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ | ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠦᠨᠡᠨ ᠪᠣᠳᠠᠲᠠᠢ | ᠠᠵᠢᠯᠯᠠᠭ᠎ᠠ ᠪᠠ ᠦᠷ᠎ᠡ ᠪᠦᠲᠦᠮᠵᠢ ᠪᠠᠷ ᠦᠨᠡᠨᠴᠢ ᠰᠢᠳᠤᠷᠭᠤ ᠤᠭ ᠴᠢᠨᠠᠷ ᠢᠶᠠᠨ ᠲᠠᠶᠢᠯᠪᠤᠷᠢᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠨ᠎ᠠ᠃ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠭᠤᠷᠪᠠᠨ ᠴᠢᠬᠤᠯᠠ ᠨᠢᠭᠡ | ᠶᠡᠭᠡ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠲᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠭᠲᠠᠭᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠠᠬᠢᠭᠤᠯᠤᠨ᠎ᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠰᠢᠢᠳᠪᠦᠷᠢ ᠪᠠ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ | ᠢᠯᠡ ᠪᠠᠷ ᠬᠡᠷᠡᠭᠵᠢᠭᠦᠯᠦᠨ᠎ᠡ᠃ | ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠶᠢ ᠴᠠᠯᠠᠭᠠᠶᠢᠷᠠᠬᠤ ᠦᠭᠡᠢ ᠪᠠᠶᠢᠬᠤ ᠶᠢ ᠪᠠᠷᠢᠮᠲᠠᠯᠠᠪᠠ᠃ ︽ | ᠢᠦᠢ ᠴᠢᠤᠸᠠᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ | ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ | ᠦᠢᠯᠡᠳᠦᠯᠭᠡᠵᠢᠭᠦᠯᠵᠦ᠂ ᠶᠠᠷᠢᠪᠠᠯ ᠪᠣᠯᠴᠢᠨ᠎ᠠ᠂ ᠲᠣᠭᠲᠠᠪᠠᠯ ᠬᠢᠵᠦ᠂ ᠳᠠᠷᠤᠢ ᠳᠤᠨᠢ ᠭᠦᠢᠴᠡᠳᠬᠡᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠵᠡᠷᠭᠡ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠢᠯᠡᠭᠦᠦ ᠬᠡᠷᠡᠭᠯᠡᠨ᠎ᠡ᠃ | ᠤᠷᠮᠠᠰᠢᠭᠤᠯᠤᠨ ᠵᠣᠷᠢᠭᠵᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠤᠭ ᠲᠡᠮᠳᠡᠭ ᠲᠣᠳᠣᠷᠬᠠᠶ ᠪᠠᠷ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ | ᠬᠠᠷᠢᠭᠤᠴᠠᠯᠭᠠᠲᠠᠨ ᠳᠤ ᠲᠦᠰᠢᠭ ᠪᠤᠯᠵᠤ᠂ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ | ᠣᠷᠭᠢᠯᠤᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠶ᠃ ᠰᠢᠪᠠᠳᠠᠨ ᠪᠠᠶᠢᠴᠠᠭᠠᠵᠤ ᠰᠢᠪᠠᠳᠠᠨ | ᠰᠢᠢᠳᠪᠦᠷᠢᠯᠡᠭᠦᠯᠬᠦ ᠪᠠ ᠨᠠᠵᠠᠭᠠᠶ ᠲᠠᠯ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠠᠵᠢᠯ ᠬᠢᠬᠦ ᠦᠭᠡᠢ᠂ | ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠠᠰᠠᠭᠤᠳᠠᠯ ᠢ ᠡᠷᠡᠰ ᠴᠡᠭᠴᠡᠯᠡᠵᠦ᠂ ᠵᠠᠰᠠᠭ ᠤᠨ ᠣᠷᠳᠣᠨ ᠤ ᠭᠦᠢᠴᠡᠳᠬᠡᠬᠦ | ᠬᠦᠴᠦᠨ ᠪᠠ ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠦᠨ᠎ᠡ᠃ | ᠲᠥᠪ ᠭᠤᠣᠯᠴᠢ ᠠᠷᠢᠭᠤᠨ ᠴᠢᠬᠡᠴᠢ ᠪᠠᠷ ᠱᠤᠭᠤᠮ ᠠᠴᠠ ᠳᠠᠪᠠᠭ᠋ᠤ ᠦᠭᠡᠢ ᠪᠠᠶᠢᠬᠤ ᠶᠢ ᠪᠠᠷᠢᠮᠲᠠᠯᠠᠨ᠎ᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠲᠥᠪ | ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ | ᠬᠦ ᠬᠥᠩᠭᠡᠷᠡᠭᠦᠯᠦᠨ᠎ᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ | ᠣᠷᠳᠣᠨ ᠤ ᠬᠤᠳᠠᠯᠳᠤᠨ ᠠᠪᠠᠨ᠋ᠥ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠮᠠᠯ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠴᠢᠬᠡᠴᠢ᠂ ᠠᠷᠢᠭᠤᠨ ᠴᠢᠬᠡᠴᠢ ᠪᠠᠶᠢᠬᠤ ᠶᠢ | ᠵᠠᠰᠠᠭ ᠤᠨ ᠣᠷᠳᠣᠨ ᠤ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠶ᠃ | ᠲᠥᠯᠥᠭᠡᠯᠡᠭᠴᠢᠳ ᠡ᠂ ᠠᠤᠭ᠎ᠠ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠡᠷᠡᠮᠡᠬᠡᠶᠢᠯᠡᠨ ᠲᠠᠪᠰᠢᠬᠤ ᠴᠠᠭ | ᠦᠶ᠎ᠡ ᠪᠣᠯᠪᠠ᠃ ᠪᠢᠳᠡ ᠴᠠᠭ ᠦᠶ᠎ᠡ ᠶᠢᠨ ᠪᠠᠴᠢᠮ ᠲᠤᠯᠭᠠᠮ᠎ᠠ ᠰᠡᠳᠬᠢᠯᠭᠡ ᠪᠣᠯᠤᠨ ᠲᠡᠦᠬᠡ ᠶᠢᠨ ᠬᠠᠷᠢᠭᠤᠴᠠᠯᠭᠠᠲᠤ | ᠰᠡᠳᠬᠢᠯᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠯᠥᠭᠡ | ᠦᠳᠡᠰᠢ ᠶᠢ ᠲᠡᠮᠡᠴᠡᠵᠦ᠂ ᠵᠠᠯᠠᠭᠤ ᠨᠠᠰᠤ ᠪᠠᠨ ᠦᠯᠦ ᠬᠥᠰᠡᠷᠳᠡᠭᠦᠯᠵᠦ᠂ ᠬᠦᠴᠦ ᠬᠥᠯᠥᠰᠥ ᠪᠠᠨ ᠰᠢᠪᠬᠠᠨ | ᠬᠤᠷᠢᠶᠠᠯᠲᠠ ᠪᠠᠨ ᠤᠰᠤᠯᠠᠵᠤ᠂ ᠪᠣᠳᠠᠲᠠᠢ ᠠᠵᠢᠯᠯᠠᠵᠤ ᠵᠣᠷᠢᠭᠲᠠᠢ ᠪᠠᠷ ᠤᠷᠤᠭᠰᠢᠯᠠᠵᠤ᠂ ᠰᠢᠨ᠎ᠡ ᠴᠠᠭ ᠦᠶ᠎ᠡ ᠶᠢᠨ | ᠢᠦᠢ ᠴᠢᠤᠸᠠᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ | ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠤᠭᠲᠤᠶ᠎ᠠ︕ | | | | |