| | | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠳ᠋ᠦᠩ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ | ᠰᠠᠯᠠᠭᠠᠨ ᠤ ᠳᠠᠷᠤᠭ᠎ᠠ ᠸᠠᠩ ᠢ ᠰᠢᠶᠦ᠋ᠩ | | | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠶᠡᠷᠦᠩᠬᠡᠢ ᠱᠦᠵᠢ ᠰᠢ ᠶᠢᠨ ᠫᠢᠩ ᠵᠢᠭᠠᠭᠰᠠᠨ ᠨᠢ᠄ ︽ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ | ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ | ᠥᠨᠳᠥᠷ ᠬᠢᠷᠢ ᠲᠦᠪᠰᠢᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ︾᠃ ᠡᠨᠡ ᠵᠢᠯ᠂ ᠮᠠᠨ ᠤ ᠤᠯᠤᠰ ᠨᠢᠭᠡᠨᠲᠡ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠪᠠ ᠰᠤᠷᠭᠠᠨ ᠬᠥᠮᠦᠵᠢᠯ ᠤᠨ ᠬᠦᠴᠦᠨ ᠢ | ᠪᠤᠶᠢᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠲᠤᠯᠭᠠᠭᠤᠷᠢᠯᠠᠬᠤ ᠶᠢᠨ ᠬᠠᠮᠲᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠲᠠᠰᠤᠷᠠᠯᠲᠠ | ᠦᠭᠡᠢ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ | 3. ᠬᠥᠲᠥᠯᠥᠭᠴᠢ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠤᠨ ᠰᠤᠷᠭᠠᠨ | ᠬᠥᠮᠦᠵᠢᠯ ᠤᠨ ᠦᠢᠯᠡᠰ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ | ᠶᠡᠭᠡ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠪᠠ᠃ 2020 ᠣᠨ ᠳᠤ᠂ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ 53.71 ᠲᠦᠮᠡ ᠳᠤ ᠬᠦᠷᠴᠦ᠂ ᠰᠤᠷᠭᠠᠭᠤᠯᠢ ᠳᠤ ᠪᠠᠶᠢᠭ᠎ᠠ ᠰᠣᠷᠣᠭᠴᠢ 2.89 | ᠳ᠋ᠦᠩᠰᠢᠭᠤᠷ ᠲᠤ ᠬᠦᠷᠴᠡᠶ᠃ 2012 ᠣᠨ ᠠᠴᠠ 2020 ᠣᠨ ᠪᠣᠯᠲᠠᠯ᠎ᠠ᠂ ᠮᠠᠨ ᠤ ᠤᠯᠤᠰ ᠤᠨ ᠰᠤᠷᠭᠠᠨ | ᠬᠥᠮᠦᠵᠢᠯ ᠤᠨ ᠵᠠᠷᠤᠳᠠᠯ 28655 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 53014 ᠳ᠋ᠦᠩᠰᠢᠭᠤᠷ | ᠲᠥᠭᠦᠷᠢᠭ ᠪᠣᠯᠤᠨ ᠨᠡᠮᠡᠭᠳᠡᠵᠦ᠂ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠰᠤᠷᠭᠠᠨ ᠬᠥᠮᠦᠵᠢᠯ ᠤᠨ ᠵᠠᠷᠤᠳᠠᠯ | 23148 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 42891 ᠳ᠋ᠦᠩᠰᠢᠭᠤᠷ ᠲᠥᠭᠦᠷᠢᠭ ᠪᠣᠯᠤᠨ | ᠨᠡᠮᠡᠭᠳᠡᠵᠡᠶ᠃ ᠲᠡᠭᠡᠪᠡᠯ ᠣᠶᠢᠷ᠎ᠠ ᠶᠢᠨ ᠬᠤᠶᠠᠷ ᠵᠢᠯ ᠳᠤ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠤᠷᠭᠠᠨ | ᠬᠥᠮᠦᠵᠢᠯ ᠤᠨ ᠲᠠᠯ᠎ᠠ ᠳᠠᠬᠢ ᠣᠷᠣᠭᠤᠯᠤᠯᠲᠠ ᠶᠢᠨ ᠶᠡᠷᠦᠩᠬᠡᠶ ᠪᠠᠶᠢᠳᠠᠯ ᠶᠠᠮᠠᠷ ᠪᠣᠢ︖ | 4. ᠯᠢ ᠳ᠋ᠦᠩ | | | | | | ᠰᠤᠷᠭᠠᠨ ᠬᠥᠮᠦᠵᠢᠯ ᠤᠨ ᠣᠷᠣᠭᠤᠯᠤᠯᠲᠠ ᠪᠣᠯ ᠤᠯᠤᠰ ᠤᠨ ᠠᠯᠤᠰ ᠬᠡᠲᠦ ᠶᠢᠨ ᠬᠥᠭᠵᠢᠯᠲᠡ ᠶᠢ | ᠲᠤᠯᠭᠠᠭᠤᠷᠢᠯᠠᠬᠤ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠯᠠ ᠣᠷᠣᠭᠤᠯᠤᠯᠲᠠ ᠮᠥᠨ᠂ | ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠶᠢᠨ ᠴᠢᠬᠤᠯᠠ ᠪᠣᠳᠠᠰ ᠤᠨ ᠰᠠᠭᠤᠷᠢ ᠮᠥᠨ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢᠨ ᠭᠤᠤᠯᠳᠠᠯᠭ᠎ᠠ ᠮᠥᠨ᠃ ᠮᠠᠨ ᠤ ᠬᠤᠲᠠ ᠶᠢᠨ ᠡᠳ᠋ ᠤᠨ | ᠵᠠᠰᠠᠭ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ | ᠵᠢᠷᠤᠮᠯᠠᠨ᠂ ᠰᠤᠷᠭᠠᠨ ᠬᠥᠮᠦᠵᠢᠯ ᠢ ᠡᠳ᠋ ᠤᠨ ᠵᠠᠰᠠᠭ ᠤᠨ ᠵᠠᠷᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠪᠣᠯᠭᠠᠨ ᠡᠩ | ᠲᠡᠷᠢᠭᠦᠨ ᠳᠤ ᠪᠠᠲᠤᠯᠠᠵᠤ᠂ ᠣᠶᠢᠷ᠎ᠠ ᠶᠢᠨ ᠵᠢᠯ ᠤᠳ ᠲᠤ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ | ᠣᠷᠣᠭᠤᠯᠤᠯᠲᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠂ ᠠᠷᠠᠳ ᠣᠯᠠᠨ ᠤ ᠰᠤᠷᠭᠠᠨ ᠬᠥᠮᠦᠵᠢᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠣᠯᠠᠨ ᠳᠤ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ | ᠣᠷᠣᠭᠤᠯᠤᠯᠲᠠ ᠪᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠪᠡ᠃ | 2020 ᠣᠨ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ | ᠬᠥᠮᠦᠵᠢᠯ ᠤᠨ ᠵᠠᠷᠤᠳᠠᠯ 59.85 ᠳ᠋ᠦᠩᠰᠢᠭᠤᠷ ᠲᠥᠭᠦᠷᠢᠭ ︵ᠰᠤᠷᠭᠠᠨ ᠬᠥᠮᠦᠵᠢᠯ ᠤᠨ ᠠᠵᠢᠯ ᠦᠢᠯᠡᠰ ᠤᠨ | ᠵᠠᠷᠤᠳᠠᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠪᠠ ᠰᠤᠷᠭᠠᠨ ᠬᠥᠮᠦᠵᠢᠯ ᠤᠨ ᠵᠠᠷᠤᠳᠠᠯ ᠤᠨ | ᠨᠡᠮᠡᠯᠲᠡ ᠪᠠᠭᠲᠠᠨ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 11.93% ᠪᠠᠷ ᠨᠡᠮᠡᠭᠳᠡᠨ᠂ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 13.65% ᠶᠢ ᠡᠵᠡᠯᠡᠪᠡ᠃ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ | ᠵᠠᠷᠤᠳᠠᠯ ᠴᠤ 2019 ᠣᠨ ᠤ ᠬᠢ ᠠᠴᠠ ᠨᠡᠮᠡᠭᠳᠡᠵᠦ ᠪᠣᠶ᠃ | 2021 ᠣᠨ ᠳᠤ᠂ ᠮᠠᠨ ᠤ ᠬᠤᠲᠠ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠲᠥᠰᠦᠪ ᠲᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 12 ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠲᠦᠷᠦᠭᠦᠤ ᠵᠢᠯ ᠤᠨ ᠬᠢ ᠠᠴᠠ 30.9% ᠪᠠᠷ ᠨᠡᠮᠡᠭᠳᠡᠨ᠂ ᠰᠤᠷᠭᠠᠨ ᠬᠥᠮᠦᠵᠢᠯ ᠤᠨ | ᠵᠠᠷᠤᠳᠠᠯ ᠤᠨ ᠬᠠᠤᠯᠢ ᠪᠠᠷ ᠲᠣᠭᠲᠠᠭᠠᠭᠰᠠᠨ ᠨᠡᠮᠡᠭᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ | 5. ᠬᠥᠲᠥᠯᠥᠭᠴᠢ | ᠬᠤᠲᠠ ᠶᠢᠨ ᠡᠳ᠋ ᠤᠨ ᠵᠠᠰᠠᠭ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠪᠠᠨ ᠬᠡᠷᠬᠢᠨ ᠪᠠᠳᠠᠷᠠᠭᠤᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠪᠠᠲᠤᠯᠠᠭᠰᠠᠨ ᠪᠣᠶ︖ | 6. ᠯᠢ ᠳ᠋ᠦᠩ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠬᠤᠳᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠪᠡ᠃ ᠬᠤᠶᠠᠷ ᠲᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠵᠠᠩᠭᠢᠯᠠᠭ᠎ᠠ ᠶᠢ ᠰᠠᠶᠢᠵᠢᠷᠠᠭᠤᠯᠵᠤ᠂ ᠴᠢᠳᠠᠪᠤᠷᠢ ᠶᠢ | ᠳᠡᠭᠡᠭᠰᠢᠯᠡᠭᠦᠯᠪᠡ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠯ᠎ᠠ ᠪᠠᠷ᠄ ᠨᠢᠭᠡ ᠳᠤ ᠰᠤᠷᠤᠭᠴᠢ ᠪᠦᠷᠢ ᠶᠢᠨ | ᠡᠯ᠎ᠡ ᠵᠦᠢᠯ ᠤᠨ ᠨᠥᠬᠦᠪᠥᠷᠢ ᠶᠢ ᠨᠠᠶᠢᠳᠠᠪᠤᠷᠢᠵᠢᠭᠤᠯᠪᠠ᠃ ᠬᠤᠶᠠᠷ ᠲᠤ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠪᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠲᠦᠯᠬᠢᠨ ᠠᠬᠢᠭᠤᠯᠪᠠ᠃ ᠬᠤᠶᠠᠷ ᠲᠤ | ᠤᠳᠤ ᠦᠶ᠎ᠡ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠯ᠎ᠠ ᠪᠠᠷ᠄ ᠨᠢᠭᠡ ᠳᠤ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢ ᠪᠦᠷᠢ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠪᠡ᠃ ᠬᠤᠶᠠᠷ ᠲᠤ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠠᠬᠢ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ | 7. ᠬᠥᠲᠥᠯᠥᠭᠴᠢ | ᠮᠠᠨ ᠤ ᠬᠤᠲᠠ ᠶᠢᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠠᠯ᠎ᠠ ᠪᠠᠷ ᠬᠢ ᠶᠡᠷᠦᠩᠬᠡᠶ ᠪᠠᠶᠢᠳᠠᠯ | ᠶᠠᠮᠠᠷ ᠪᠠᠶᠢᠭ᠎ᠠ ᠶᠢ ᠰᠦᠯᠵᠢᠶᠡᠨ ᠨᠠᠶᠢᠵᠠ ᠨᠠᠷ ᠠᠩᠬᠠᠷᠴᠤ ᠪᠠᠶᠢᠨ᠎ᠠ᠃ | 8. ᠸᠠᠩ ᠢ ᠰᠢᠶᠦ᠋ᠩ | | | | | 2019 ᠣᠨ ᠠᠴᠠ ᠡᠬᠢᠯᠡᠨ᠂ ᠪᠥᠬᠦ ᠬᠤᠲᠠ ᠶᠢᠨ ᠠᠩᠭᠢ ᠶᠢᠨ ᠡᠷᠬᠢᠯᠡᠭᠴᠢ ᠶᠢᠨ ᠨᠥᠬᠦᠪᠥᠷᠢ ᠶᠢ ᠪᠠᠭ᠎ᠠ | ᠰᠤᠷᠭᠠᠭᠤᠯᠢ ᠬᠥᠮᠦᠨ ᠪᠦᠷᠢ ᠰᠠᠷ᠎ᠠ ᠳᠤ 800 ᠲᠥᠭᠦᠷᠢᠭ᠂ ᠳᠤᠮᠳᠠᠳᠤ ᠰᠤᠷᠭᠠᠭᠤᠯᠢ ᠬᠥᠮᠦᠨ ᠪᠦᠷᠢ ᠰᠠᠷ᠎ᠠ ᠳᠤ | 1200 ᠲᠥᠭᠦᠷᠢᠭ ᠪᠣᠯᠭᠠᠨ ᠨᠡᠮᠡᠪᠡ︔ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ | ᠭᠠᠵᠠᠷ ᠠᠴᠠ ᠭᠠᠳᠠᠨᠠᠬᠢ ᠬᠥᠳᠡᠭᠡ ᠲᠣᠰᠬᠤᠨ ᠤ ᠠᠯᠪᠠᠨ ᠠᠴᠠ ᠡᠷᠭᠢᠯᠡᠭᠰᠡᠨ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠨᠢᠭᠡᠪᠦᠷᠢ ᠳᠤ ᠵᠢᠯ ᠤᠨ 1 ᠲᠦᠮᠡᠨ ᠲᠥᠭᠦᠷᠢᠭ ᠤᠨ | ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠣᠯᠭᠤᠪᠠ︔ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠨᠠᠷ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠢᠯ ᠳᠤ | ᠬᠥᠮᠦᠨ ᠳᠤᠮᠳᠠᠴᠢ ᠪᠠᠷ 3600 ᠲᠥᠭᠦᠷᠢᠭ ᠪᠣᠯᠭᠠᠪᠠ︔ ᠡᠭᠦᠨ ᠤ ᠬᠠᠮᠲᠤ᠂ ᠮᠠᠨ ᠤ ᠬᠤᠲᠠ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠬᠠᠷᠠᠭᠠᠯᠵᠠᠯ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠪᠣᠯᠤᠨ ᠠᠯᠪᠠᠲᠠᠨ ᠤ ᠬᠠᠷᠠᠭᠠᠯᠵᠠᠯ ᠢ ᠵᠡᠷᠭᠡᠪᠡᠷ ᠳᠡᠭᠡᠭᠰᠢᠯᠡᠭᠦᠯᠬᠦ | ᠲᠣᠭᠲᠠᠴᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠪᠣᠯᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠬᠠᠷᠠᠭᠠᠯᠵᠠᠯ ᠢ ᠵᠡᠷᠭᠡᠪᠡᠷ ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠪᠠ᠃ ᠪᠠᠭᠰᠢ ᠶᠢᠨ | ᠴᠠᠯᠢᠩ ᠤᠨ ᠬᠡᠪ ᠤᠨ ᠥᠰᠥᠯᠲᠡ ᠶᠢᠨ ᠲᠣᠭᠲᠠᠴᠠ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠳᠤ ᠬᠡᠷᠡᠭᠯᠡᠬᠦ ᠵᠠᠷᠤᠳᠠᠯ ᠢ ᠤᠷᠢᠳᠠᠪᠠᠷ ᠪᠠᠲᠤᠯᠠᠵᠤ᠂ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠬᠢᠨᠠᠨ ᠵᠥᠪᠰᠢᠶᠡᠷᠡᠭᠰᠡᠨ ᠪᠠᠶᠢᠳᠠᠯ ᠢ ᠴᠢᠩᠭ᠎ᠠ ᠵᠢᠷᠤᠮᠯᠠᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ | ᠪᠠᠭᠤᠯᠭᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠬᠥᠳᠡᠯᠦᠩᠭᠦᠶ ᠪᠠᠷ | ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ 2020 ᠣᠨ ᠳᠤ ᠬᠤᠲᠠ ᠶᠢᠨ ᠰᠢᠭᠤᠳ ᠬᠠᠷᠢᠶ᠎ᠠ | ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠬᠥᠮᠦᠨ ᠪᠦᠷᠢ ᠳᠤ ᠵᠢᠯ ᠪᠦᠷᠢ | 2436 ᠲᠥᠭᠦᠷᠢᠭ ᠤᠨ ᠠᠵᠢᠯ ᠤᠨ ᠪᠦᠲᠦᠮᠵᠢ ᠶᠢᠨ ᠴᠠᠯᠢᠩ ᠨᠡᠮᠡᠵᠦ᠂ ᠬᠤᠲᠠ ᠶᠢᠨ ᠰᠢᠭᠤᠳ ᠬᠠᠷᠢᠶ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠵᠢᠴᠢ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠡᠷᠲᠡ ᠣᠷᠣᠶ ᠶᠢᠨ ᠳᠠᠪᠲᠠᠯᠭ᠎ᠠ ᠶᠢᠨ ᠠᠵᠢᠯ ᠤᠨ ᠪᠦᠲᠦᠮᠵᠢ ᠶᠢᠨ ᠴᠠᠯᠢᠩ ᠢ 369 ᠲᠦᠮᠡᠨ | ᠲᠥᠭᠦᠷᠢᠭ ᠨᠡᠮᠡᠵᠦ᠂ ᠪᠠᠭᠰᠢ ᠶᠢᠨ ᠴᠠᠯᠢᠩ ᠣᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠶᠢᠨ | ᠠᠵᠢᠯ ᠤᠨ ᠢᠳᠡᠪᠬᠢᠵᠢᠯ ᠢ ᠳᠠᠶᠢᠴᠢᠯᠠᠪᠠ᠃ | 9. ᠬᠥᠲᠥᠯᠥᠭᠴᠢ | ᠮᠠᠨ ᠤ ᠬᠤᠲᠠ ᠶᠢᠨ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠢᠭᠠᠵᠤ | ᠭᠠᠷᠭᠠᠭᠰᠠᠨ ᠨᠢ᠂ 2020 ᠣᠨ ᠳᠤ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠳᠠᠩᠰᠠᠯᠠᠭᠤᠯᠤᠭᠰᠠᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠣᠷᠣᠨ ᠵᠠᠶ 3᠂ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 7᠂ ᠥᠪᠡᠷᠲᠡᠭᠡᠨ | ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 2᠂ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠵᠢᠯᠯᠠᠪᠠ︔ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ | ᠬᠦᠷᠢᠶᠡᠯᠡᠩ ᠭᠠᠵᠠᠷ ᠲᠠᠢ 72 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠵᠦᠢᠯᠡᠰ ᠢ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ | ᠴᠢᠩᠭᠠᠳᠬᠠᠪᠠ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠠᠴᠠ ᠮᠠᠨ ᠤ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠬᠡᠷᠬᠢᠨ ᠪᠠᠲᠤᠯᠠᠭᠰᠠᠨ ᠪᠣᠢ︖ ᠡᠨᠡ ᠨᠢ ᠮᠥᠨ ᠴᠦ ᠰᠦᠯᠵᠢᠶᠡᠨ ᠤ | ᠨᠠᠶᠢᠵᠠ ᠨᠠᠷ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠᠶᠢᠨ᠎ᠠ᠃ | 10. ᠸᠠᠩ ᠢ ᠰᠢᠶᠦ᠋ᠩ | ᠣᠶᠢᠷ᠎ᠠ ᠶᠢᠨ ᠵᠢᠯ ᠳᠤ᠂ ᠮᠠᠨ ᠤ ᠬᠤᠲᠠ ᠤᠯᠤᠰ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠳᠬᠡᠨ᠂ ᠰᠢᠨᠵᠢᠯᠡᠬᠦ | ᠤᠬᠠᠭᠠᠨ ᠮᠡᠷᠭᠡᠵᠢᠯ ᠢ ᠵᠠᠷᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠳᠤ ᠲᠦᠰᠢᠭᠯᠡᠨ ᠠᠵᠤ ᠠᠬᠤᠶ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ | ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠪᠡ᠃ | 11. ᠬᠥᠲᠥᠯᠥᠭᠴᠢ | ᠬᠥᠬᠡᠬᠤᠲᠠ ᠶᠢᠨ ᠡᠳ᠋ ᠤᠨ ᠵᠠᠰᠠᠭ ᠬᠡᠷᠬᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠪᠡᠯᠡ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ | ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠭᠰᠡᠨ ᠪᠣᠢ︖ | 12. ᠸᠠᠩ ᠢ ᠰᠢᠶᠦ᠋ᠩ | ᠮᠠᠨ ᠤ ᠬᠤᠲᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠠᠪᠴᠠᠶ᠃ | ᠨᠢᠭᠡ ᠳᠤ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠭᠤᠣᠯᠳᠠᠯᠭ᠎ᠠ ᠶᠢ ᠳᠡᠮᠵᠢᠪᠡ᠃ | ᠬᠤᠶᠠᠷ ᠲᠤ ᠪᠡᠯᠡ ᠣᠷᠣᠭᠤᠯᠤᠯᠲᠠ ᠶᠢᠨ ᠬᠡᠯᠪᠡᠷᠢ ᠳᠡᠭᠡᠨ ᠰᠢᠨ᠎ᠡ ᠶᠢ ᠡᠭᠦᠳᠪᠡ᠃ | ᠭᠤᠷᠪᠠ ᠳᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠪᠠ᠃ | ᠣᠳᠣ ᠪᠣᠯᠬᠤ ᠳᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠵᠣᠬᠢᠬᠤ | ᠦᠷ᠎ᠡ ᠠᠰᠢᠭ ᠣᠯᠪᠠ᠃ | ᠨᠢᠭᠡ ᠳᠤ᠂ 2018 ᠣᠨ ᠠᠴᠠ ᠨᠠᠭᠠᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ | ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠮᠡᠷᠭᠡᠵᠢᠯ᠂ ᠡᠯᠧᠺᠲᠷᠤᠨ ᠮᠡᠳᠡᠭᠡ ᠵᠠᠩᠭᠢ ᠵᠡᠷᠭᠡ ᠠᠵᠤ | ᠦᠢᠯᠡᠰ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠪᠦᠬᠦ ᠬᠤᠳᠠ ᠳᠤ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ ᠢ 160 | ᠲᠤᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ 1.27 ᠳ᠋ᠦᠩᠰᠢᠭᠤᠷ ᠲᠥᠭᠦᠷᠢᠭ | ᠣᠷᠣᠭᠤᠯᠵᠤ᠂ 9.2 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠪᠠ᠃ ᠪᠥᠬᠦ | ᠬᠤᠲᠠ ᠳᠤ ᠬᠤᠲᠠ ᠶᠢᠨ ᠲᠣᠰ ᠱᠠᠲᠤᠨ ᠤ ᠬᠥᠳᠡᠭᠡ ᠲᠣᠰᠬᠤᠨ ᠤ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ 94 ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠯᠡ ᠮᠥᠩᠭᠦ 0.4 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠡᠶᠢᠭᠡᠮ ᠤᠨ ᠣᠷᠣᠭᠤᠯᠤᠯᠲᠠ ᠶᠢ 2.4 | ᠳ᠋ᠦᠩᠰᠢᠭᠤᠷ ᠲᠥᠭᠦᠷᠢᠭ ᠳᠠᠶᠢᠴᠢᠯᠠᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ | ᠬᠥᠭᠵᠢᠭᠦᠯᠬᠦ︾ ᠠᠵᠢᠯᠯᠠᠭ᠎ᠠ ᠪᠠᠷ ᠬᠤᠶᠠᠷ ᠲᠣᠭᠤᠷᠢᠭ᠂ ᠬᠤᠶᠠᠷ ᠲᠥᠪ ᠤᠨ ᠪᠥᠲᠥᠭᠡᠨ ᠪᠠᠶᠢᠭᠤᠯᠤᠯᠲᠠ ᠶᠢ ᠪᠣᠳᠠᠲᠤ | ᠡᠵᠡᠩᠨᠡᠯᠲᠡ ᠶᠢᠨ ᠱᠠᠲᠤᠨ ᠳᠤ ᠣᠷᠣᠭᠤᠯᠵᠤ᠂ ᠨᠡᠶᠢᠭᠡᠮ ᠤᠨ ᠣᠷᠣᠭᠤᠯᠤᠯᠲᠠ ᠶᠢ 5 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠠᠶᠢᠴᠢᠯᠠᠵᠤ᠂ ᠰᠢᠨ᠎ᠡ ᠦᠢᠯᠡᠳᠪᠦᠷᠢᠯᠡᠯ ᠤᠨ ᠮᠡᠷᠭᠡᠵᠢᠯ᠂ ᠰᠢᠨ᠎ᠡ ᠮᠡᠷᠭᠡᠵᠢᠯ ᠢ 30 ᠵᠦᠢᠯ ᠠᠴᠠ ᠳᠡᠭᠡᠭᠰᠢ᠂ | ᠰᠢᠨ᠎ᠡ ᠦᠢᠯᠡᠳᠬᠦᠨ ᠢ 40 ᠵᠦᠢᠯ ᠠᠴᠠ ᠳᠡᠭᠡᠭᠰᠢ᠂ ᠲᠤᠰᠬᠠᠶ ᠠᠰᠢᠭ ᠢ 30 ᠵᠦᠢᠯ ᠠᠴᠠ ᠳᠡᠭᠡᠭᠰᠢ᠂ ᠵᠥᠭᠡᠯᠡᠨ | ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠶᠢ 90 ᠵᠦᠢᠯ ᠠᠴᠠ ᠳᠡᠭᠡᠭᠰᠢ ᠪᠣᠶ ᠪᠣᠯᠭᠠᠵᠤ᠂ ᠵᠢᠱᠢᠯᠲᠡ ᠪᠠᠷ 40 | ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠲᠡᠭ ᠢ ᠪᠡᠶᠡᠯᠡᠭᠦᠯᠬᠦ ᠪᠣᠯᠤᠨ᠎ᠠ᠃ | ᠬᠤᠶᠠᠷ ᠲᠤ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠲᠤᠷᠠᠯᠴᠠᠭ᠎ᠠ ᠦᠷ᠎ᠡ ᠪᠦᠲᠦᠮᠵᠢ ᠤᠯᠪᠠ᠃ ᠠᠵᠤ ᠠᠬᠤᠶᠢᠯᠠᠯ ᠠᠴᠠ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠢᠴᠢ ᠱᠠᠩᠬᠠᠶ ᠶᠢᠨ ᠵᠠᠮ ᠬᠠᠷᠢᠯᠴᠠᠭᠠᠨ ᠤ | ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠯᠤᠭ᠎ᠠ ᠠᠵᠤ | ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠵᠤ᠂ ᠲᠡᠷᠢᠭᠦᠨ ᠤ ᠭᠠᠵᠠᠷ ᠣᠷᠣᠨ ᠤ | ᠴᠢᠳᠠᠪᠤᠷᠢᠲᠠᠨ᠂ ᠡᠬᠢ ᠪᠠᠶᠠᠯᠢᠭ᠂ ᠮᠡᠷᠭᠡᠵᠢᠯ ᠵᠡᠷᠭᠡ ᠳᠠᠪᠠᠭᠤᠯᠢᠭ ᠢ ᠤᠯᠠᠮ ᠨᠢᠭᠡ ᠠᠯᠬᠤᠮ ᠠᠰᠢᠭᠯᠠᠨ᠂ ᠬᠠᠮᠲᠤᠷᠠᠨ | ᠰᠤᠳᠤᠯᠤᠨ ᠨᠡᠭᠡᠭᠡᠬᠦ ᠰᠢᠪᠲᠤᠯᠤᠯᠲᠠ ᠥᠷᠨᠢᠭᠦᠯᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ 52 ᠲᠥᠷᠥᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠢ ᠳᠠᠶᠢᠴᠢᠯᠠᠨ ᠰᠤᠳᠤᠯᠤᠨ | ᠨᠡᠭᠡᠭᠡᠬᠦ ᠳᠤ 2.24 ᠳ᠋ᠦᠩᠰᠢᠭᠤᠷ ᠲᠥᠭᠦᠷᠢᠭ ᠣᠷᠣᠭᠤᠯᠪᠠ᠃ 43 ᠵᠦᠢᠯ ᠤᠨ ᠰᠢᠨ᠎ᠡ ᠲᠣᠨᠣᠭᠯᠠᠯ᠂ ᠰᠢᠨ᠎ᠡ | ᠦᠢᠯᠡᠳᠬᠦᠨ᠂ ᠰᠢᠨ᠎ᠡ ᠮᠡᠷᠭᠡᠵᠢᠯ ᠢ ᠰᠤᠳᠤᠯᠤᠨ ᠨᠡᠭᠡᠭᠡᠵᠦ᠂ 11 ᠵᠦᠢᠯ ᠤᠨ ᠣᠯᠠᠨ ᠨᠡᠶᠢᠲᠡ ᠳᠤ ᠬᠥᠨᠥᠭᠡᠯ ᠦᠭᠡᠢ | ᠭᠡᠷᠡᠴᠢᠯᠡᠯ ᠢ ᠬᠦᠷᠲᠡᠵᠦ᠂ 28 ᠵᠦᠢᠯ ᠤᠨ ᠮᠡᠷᠭᠡᠵᠢᠯ ᠤᠨ ᠵᠢᠷᠤᠮ ᠢ ᠲᠣᠭᠲᠠᠭᠠᠵᠤ᠂ 6 ᠦᠢᠯᠡᠳᠪᠦᠷᠢᠯᠡᠯ ᠤᠨ | ᠱᠤᠭᠤᠮ ᠢ ᠪᠠᠶᠢᠭᠤᠯᠵᠤ᠂ 15 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠤ ᠠᠬᠤᠶᠢᠯᠠᠯ ᠤᠨ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠲᠦᠢᠯ ᠤᠨ | ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ | ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠪᠠ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠦᠷ᠎ᠡ ᠪᠦᠲᠦᠮᠵᠢ | ᠤᠯᠪᠠ᠃ ᠪᠥᠬᠦ ᠬᠤᠲᠠ ᠳᠤ ᠨᠡᠶᠢᠲᠡ 504 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ 9 | ᠬᠤᠰᠢᠭᠤ ᠰᠢᠶᠠᠨ ᠲᠣᠭᠤᠷᠢᠭ ᠤᠨ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ᠂ ᠬᠥᠳᠡᠭᠡ ᠲᠣᠰᠬᠤᠨ ᠳᠤ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠥᠷᠨᠢᠭᠦᠯᠵᠦ᠂ ᠦᠢᠯᠡᠴᠢᠯᠡᠭᠰᠡᠨ | ᠲᠠᠷᠢᠶᠠᠯᠠᠩ ᠤᠨ ᠬᠦᠷᠢᠶᠡᠯᠡᠩ ᠲᠣᠭᠤᠷᠢᠭ ᠂ ᠰᠠᠭᠤᠷᠢᠨ ᠭᠠᠵᠠᠷ 378 ᠬᠦᠷᠴᠦ᠂ 15092 ᠲᠥᠬᠦᠭᠡᠷᠦᠮᠵᠢ ᠶᠢ | ᠬᠠᠮᠤᠷᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢᠶᠠᠷ ᠳᠠᠮᠵᠢᠭᠤᠯᠤᠨ ᠵᠢᠵᠢᠭ | ᠬᠡᠯᠪᠡᠷᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠨᠡᠶᠢᠳᠡ 13758 | ᠤᠳᠠᠭ᠎ᠠ ᠵᠣᠬᠢᠶᠠᠨ ᠪᠠᠶᠢᠭᠤᠯᠵᠤ᠂ ᠲᠠᠷᠢᠶᠠᠴᠢᠳ ᠢ 9 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ᠬᠥᠳᠡᠭᠡ | ᠲᠣᠰᠬᠤᠨ ᠤ 1390 ᠮᠡᠷᠭᠡᠵᠢᠯ ᠤᠨ ᠠᠵᠢᠯᠳᠠᠨ ᠢ ᠬᠥᠮᠦᠵᠢᠭᠦᠯᠵᠦ᠂ 32651 ᠬᠥᠮᠦᠨ ᠤ ᠠᠵᠢᠯ ᠣᠯᠭᠤᠯᠲᠠ ᠶᠢ | ᠳᠠᠶᠢᠴᠢᠯᠠᠪᠠ︔ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠯᠳᠡᠷ ᠢ 668 ᠣᠷᠣᠭᠤᠯᠤᠨ ᠠᠪᠴᠢᠷᠠᠬᠤ ᠪᠠ | ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠰᠢᠨ᠎ᠡ ᠮᠡᠷᠭᠡᠵᠢᠯ ᠢ 850 | ᠣᠷᠣᠭᠤᠯᠤᠨ ᠳᠡᠯᠭᠡᠷᠡᠭᠦᠯᠪᠡ︔ ᠣᠨᠴᠠ ᠲᠣᠮᠢᠯᠠᠭᠳᠠᠭᠰᠠᠳ ᠬᠥᠮᠦᠨ ᠳᠤᠮᠳᠠᠴᠢ ᠶᠢᠨ ᠦᠢᠯᠡᠴᠢᠯᠡᠭᠡᠨ ᠤ | ᠦᠢᠯᠡᠳᠪᠦᠷᠢᠯᠡᠯ ᠤᠨ ᠥᠷᠲᠡᠭ ᠢ 216 ᠲᠦᠮᠡᠨ ᠲᠥᠭᠦᠷᠢᠭ ᠪᠡᠶᠡᠯᠡᠭᠦᠯᠵᠦ᠂ ᠡᠷᠬᠢᠨ ᠲᠣᠭᠤᠷᠢᠨ ᠤ ᠲᠠᠷᠢᠶᠠᠴᠢᠨ | ᠡᠷᠦᠬᠡ ᠶᠢ ᠳᠠᠶᠢᠴᠢᠯᠠᠨ ᠵᠢᠯ ᠳᠤᠮᠳᠠᠴᠢ ᠶᠢᠨ ᠣᠷᠣᠯᠭ᠎ᠠ ᠶᠢ 5000 ᠲᠥᠭᠦᠷᠢᠭ ᠨᠡᠮᠡᠭᠳᠡᠭᠦᠯᠵᠦ᠂ ᠬᠥᠬᠡᠬᠤᠲᠠ ᠶᠢᠨ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠤᠨ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠤᠷᠤᠭᠰᠢᠲᠠᠶ ᠬᠡᠷᠡᠭᠵᠢᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ | 13. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠳ᠋ᠦᠩ᠂ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠤᠨ | ᠰᠠᠯᠠᠭᠠᠨ ᠤ ᠳᠠᠷᠤᠭ᠎ᠠ ᠸᠠᠩ ᠢ ᠰᠢᠶᠦ᠋ᠩ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ | ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠦᠷᠯᠡᠯ᠎ᠡ᠂ ᠪᠠᠶᠠᠷᠯᠠᠯ᠎ᠠ᠃ |