ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ | ᠬᠤᠯᠪᠤᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠳᠤ ᠨᠢ ︿ᠴᠡᠭ ᠠᠴᠠ | ᠴᠡᠭ ᠲᠤ ᠬᠦᠷᠬᠦ﹀ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ | ᠪᠥᠬᠦ ᠣᠷᠣᠨ ᠤ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠪᠠᠷ ᠪᠠᠶᠢᠭ᠎ᠠ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠪᠠᠲᠤᠯᠠᠭ᠎ᠠ ᠬᠠᠩᠭᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠣᠶᠢᠯᠠᠭᠠᠭᠰᠠᠨ ᠢᠶᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ︽ᠴᠡᠭ ᠠᠴᠠ ᠴᠡᠭ ᠲᠤ ᠬᠦᠷᠬᠦ︾ ᠬᠡᠯᠪᠡᠷᠢ ᠪᠠᠷ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ | ᠨᠤᠲᠤᠭ ᠲᠤ ᠪᠠᠨ ᠪᠤᠴᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠶᠠᠪᠤᠵᠤ ᠰᠠᠭᠤᠬᠤ ᠬᠥᠮᠥᠨ ᠤ ᠲᠤᠭ᠎ᠠ᠂ | ᠴᠠᠭ᠂ ᠭᠠᠵᠠᠷ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠪᠠ ᠲᠥᠷᠥᠯ ᠬᠤᠪᠢᠶᠠᠨ ᠬᠤᠷᠢᠶᠠᠩᠭᠤᠶᠢᠯᠠᠵᠤ᠂ ᠶᠠᠪᠤᠵᠤ | ᠰᠠᠭᠤᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢ ᠪᠣᠶ ᠪᠣᠯᠭᠠᠨ᠎ᠠ︔ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠶᠠᠪᠤᠵᠤ ᠰᠠᠭᠤᠬᠤ ᠠᠴᠠ | ᠡᠮᠦᠨᠡᠬᠢ ᠬᠢᠵᠢᠭ ᠢ ᠰᠡᠷᠭᠡᠶᠢᠯᠡᠬᠦ ᠬᠥᠮᠦᠵᠢᠯ᠂ ᠶᠠᠪᠤᠵᠤ ᠰᠠᠭᠤᠬᠤ ᠠᠴᠠ ᠡᠮᠦᠨᠡᠬᠢ ᠪᠥᠭᠡᠮ ᠬᠦᠴᠢᠯ ᠤᠨ ᠪᠠᠶᠢᠴᠠᠭᠠᠯᠲᠠ | ᠪᠣᠯᠣᠨ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ ᠢ ᠴᠠᠭ | ᠲᠤᠬᠠᠢ ᠳᠤ ᠨᠢ ᠰᠢᠢᠳᠪᠦᠷᠢᠯᠡᠨ᠎ᠡ︔ ᠵᠠᠮ ᠬᠠᠷᠢᠯᠴᠠᠭ᠎ᠠ ᠲᠡᠭᠡᠭᠡᠪᠦᠷᠢ ᠪᠠ ᠲᠡᠮᠦᠷ ᠵᠠᠮ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠶᠠᠪᠤᠵᠤ ᠰᠠᠭᠤᠬᠤ ᠨᠠᠷᠢᠨ ᠲᠠᠩᠰᠠ ᠶᠢ ᠦᠨᠳᠦᠰᠦᠯᠡᠨ᠂ ᠲᠤᠰᠬᠠᠶᠢᠯᠠᠨ | ᠲᠡᠭᠡᠭᠡᠪᠦᠷᠢ ᠶᠢᠨ ᠲᠥᠰᠥᠯ ᠲᠣᠭᠲᠠᠭᠠᠨ᠎ᠠ︔ ᠭᠥᠯᠢᠶᠡᠨ ᠠᠪᠬᠤ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠮᠢᠯᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠷᠢᠭᠰᠠᠨ ᠭᠠᠵᠠᠷ ᠲᠤ ᠨᠢ ᠲᠤᠰᠴᠤ ᠬᠦᠷᠭᠡᠬᠦ ᠶᠢᠨ ᠬᠠᠮᠲᠤ | ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠰᠠᠶᠢᠲᠤᠷ ᠭᠦᠢᠴᠡᠳᠬᠡᠨ᠎ᠡ᠃ | ᠡᠭᠦᠨ ᠤ ᠬᠠᠮᠲᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠨᠤᠲᠤᠭ ᠲᠤ ᠪᠠᠨ ᠪᠤᠴᠠᠵᠤ ᠠᠵᠢᠯ ᠣᠯᠬᠤ | ᠦᠢᠯᠡᠴᠢᠯᠡᠭᠡ ᠥᠷᠨᠢᠭᠦᠯᠵᠦ᠂ ᠠᠵᠢᠯ ᠣᠯᠬᠤ ᠱᠠᠭᠠᠷᠳᠠᠯᠭ᠎ᠠ ᠲᠠᠢ ᠬᠥᠮᠥᠰ ᠲᠤ ᠴᠠᠭ ᠲᠤᠬᠠᠢ ᠳᠤ ᠨᠢ ᠲᠣᠬᠢᠷᠠᠮᠵᠢᠲᠠᠢ | ᠠᠵᠢᠯ ᠤᠨ ᠪᠠᠶᠢᠷᠢ ᠬᠠᠩᠭᠠᠨ᠎ᠠ᠃ ᠠᠳᠠᠯ ᠦᠢᠯᠡᠰ ᠴᠣᠭᠴᠠᠯᠠᠬᠤ ᠬᠦᠰᠡᠯ ᠲᠠᠢ ᠪᠠᠶᠢᠪᠠᠯ᠂ ᠲᠥᠷᠥᠯ ᠵᠦᠢᠯ ᠢ | ᠲᠠᠨᠢᠯᠴᠠᠭᠤᠯᠬᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠬᠠᠩᠭᠠᠬᠤ ᠵᠡᠷᠭᠡ ᠦᠢᠯᠡᠴᠢᠯᠡᠭᠡ ᠶᠢ ᠢᠳᠡᠪᠬᠢᠲᠡᠢ ᠪᠠᠷ | ᠬᠠᠩᠭᠠᠬᠤ ᠬᠡᠷᠡᠭᠲᠡᠢ᠃ ᠠᠵᠢᠯ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠪᠣᠯ ᠬᠠᠨᠳᠤᠯᠭᠠᠲᠤ | ᠴᠢᠨᠠᠷᠲᠠᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠨ᠎ᠠ᠃ ᠬᠥᠳᠡᠯᠮᠦᠷᠢ ᠶᠢᠨ | ᠪᠠᠲᠤᠯᠠᠭ᠎ᠠ ᠶᠢᠨ ᠡᠷᠬᠡ ᠠᠰᠢᠭ ᠤᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠲᠡᠳᠡᠨ ᠢ ᠬᠠᠮᠵᠢᠨ ᠤᠤᠯ ᠤᠨ ᠠᠵᠢᠯ | ᠬᠢᠵᠦ ᠪᠠᠶᠢᠭᠰᠠᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠠᠢ ᠬᠠᠷᠢᠯᠴᠠᠵᠤ ᠰᠢᠢᠳᠪᠦᠷᠢᠯᠡᠨ᠎ᠡ᠃ |