ᠸᠠᠩ ᠯᠢ ᠰᠢᠶᠠ᠄ ᠡᠯ᠎ᠡ ᠱᠠᠲᠤᠨ ᠤ ᠺᠠᠳ᠋ᠷᠴᠤᠳ ︽ᠭᠤᠷᠪᠠ ᠳᠤ ᠣᠷᠣᠬᠤ︾ ᠶᠢ ᠡᠷᠡᠰ ᠪᠡᠶᠡᠯᠡᠭᠦᠯᠵᠦ ︽ᠬᠤᠶᠠᠷ ᠠᠰᠠᠭᠤᠯᠲᠠ︾ ᠶᠢ ᠰᠠᠶᠢᠲᠤᠷ ᠬᠠᠷᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/11/17
     11 ᠳ᠋ᠦ᠋ᠭᠡᠷ ᠰᠠᠷ᠎ᠠ ᠶᠢᠨ 15 ᠤ ᠣᠷᠣᠢ᠂ ᠸᠠᠩ ᠯᠢ ᠰᠢᠶᠠ ᠬᠥᠬᠡᠬᠤᠲᠠ ᠶᠢᠨ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠺᠠᠳ᠋ᠷ ᠢ ᠲᠣᠮᠢᠯᠠᠴᠢᠬᠠᠭᠰᠠᠭᠠᠷ ᠳᠠᠷᠤᠢ ᠡᠭᠦᠷᠭᠡ ᠪᠠᠨ ᠪᠡᠶᠡᠯᠡᠭᠦᠯᠴᠢᠬᠡᠭᠰᠡᠨ ᠶᠠᠪᠤᠳᠠᠯ ᠪᠢᠰᠢ᠃ ᠡᠯ᠎ᠡ ᠱᠠᠲᠤᠨ ᠤ ᠺᠠᠳ᠋ᠷᠴᠤᠳ ᠡᠷᠬᠡᠪᠰᠢ ᠣᠯᠠᠨ ᠲᠦᠮᠡᠨ ᠤ ᠵᠣᠭᠰᠣᠴᠠ ᠳᠤ ᠵᠣᠭᠰᠣᠨ᠂ ᠰᠠᠭᠤᠭᠠᠯᠢ ᠠᠷᠠᠳ ᠤᠨ ᠲᠣᠭᠤᠷᠢᠭ ᠲᠤ ᠣᠷᠣᠬᠤ᠂ ᠸᠢᠴᠠᠲ ᠤᠨ ᠴᠤᠭᠯᠠᠷᠠᠯ ᠳᠤ ᠣᠷᠣᠬᠤ᠂ ᠭᠤᠣᠯᠳᠠᠯᠭ᠎ᠠ ᠲᠠᠢ ᠲᠠᠯᠠᠪᠤᠷ ᠲᠤ ᠣᠷᠣᠬᠤ ᠶᠢ ᠡᠷᠡᠰ ᠪᠡᠶᠡᠯᠡᠭᠦᠯᠵᠦ᠂ ᠶᠠᠮᠠᠷ ᠠᠰᠠᠭᠤᠳᠠᠯ ᠢ ᠢᠯᠡᠷᠡᠭᠦᠯᠦᠭᠰᠡᠨ᠂ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠢᠶᠠᠨ ᠨᠠᠷᠢᠨ ᠬᠢᠨᠠᠮᠠᠭᠠᠢ ᠬᠠᠷᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠯᠠᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠦᠢᠯᠡᠴᠢᠯᠡᠭᠡ ᠬᠦᠷᠲᠡᠬᠦ ᠶᠢ ᠪᠠᠲᠤᠯᠠᠬᠤ ᠬᠡᠷᠡᠭᠲᠡᠢ᠃ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠺᠠᠳ᠋ᠷᠴᠤᠳ ᠤᠨ ᠴᠡᠭ ᠲᠤ ᠰᠠᠭᠤᠵᠤ ᠳᠠᠭᠠᠭᠠᠴᠢᠯᠠᠨ ᠬᠠᠷᠢᠯᠴᠠᠬᠤ ᠰᠠᠭᠤᠭᠠᠯᠢ ᠠᠷᠠᠳ ᠤᠨ ᠲᠣᠭᠤᠷᠢᠭ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠦᠢᠯᠡᠴᠢᠯᠡᠵᠦ ᠪᠠᠶᠢᠭᠠᠳ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠣᠨ ᠡᠮ ᠬᠡᠷᠡᠭᠯᠡᠬᠦ ᠬᠡᠷᠡᠭᠴᠡᠭᠡ ᠶᠢ ᠰᠠᠶᠢᠲᠤᠷ ᠪᠠᠲᠤᠯᠠᠵᠤ᠂ ᠤᠯᠠᠨ ᠲᠦᠮᠡᠨ ᠢ ᠢᠲᠡᠭᠡᠬᠦ᠂ ᠤᠯᠠᠨ ᠲᠦᠮᠡᠨ ᠳᠤ ᠲᠦᠰᠢᠭᠯᠡᠬᠦ ᠪᠠ ᠤᠯᠠᠨ ᠲᠦᠮᠡᠨ ᠢ ᠲᠠᠶᠢᠴᠢᠯᠠᠵᠤ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ ᠬᠥᠬᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号