11 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠸᠠᠩ ᠯᠢ ᠰᠢᠶᠠ ᠬᠥᠬᠡᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠬᠦ ᠳᠤ ᠪᠠᠨ᠂ ᠰᠡᠷᠭᠡᠶᠢᠯᠡᠨ ᠡᠵᠡᠮᠳᠡᠬᠦ | ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠴᠢᠩᠭᠠᠷᠠᠭᠤᠯᠵᠤ᠂ ᠬᠤᠪᠢᠶᠠᠷᠢᠯᠠᠨ ᠨᠢᠭᠡᠴᠢᠯᠡᠬᠦ᠂ ᠪᠥᠭᠡᠮ | ᠬᠦᠴᠢᠯ ᠤᠨ ᠪᠠᠶᠢᠴᠠᠭᠠᠯᠲᠠ ᠬᠢᠬᠦ᠂ ᠭᠡᠷ ᠲᠤ ᠨᠢ ᠲᠤᠰᠠᠭᠠᠷᠯᠠᠬᠤ᠂ ᠡᠳᠦᠷ ᠲᠤᠲᠤᠮ ᠤᠨ ᠪᠠᠲᠤᠯᠠᠭ᠎ᠠ ᠵᠡᠷᠭᠡ ᠠᠵᠢᠯ ᠢ | ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠠᠷᠢᠭᠤᠳᠬᠠᠨ ᠴᠡᠪᠡᠷᠯᠡᠬᠦ᠂ ᠬᠤᠳᠠᠯᠳᠤᠭ᠎ᠠ ᠬᠡᠳᠦ ᠳᠡᠯᠭᠡᠭᠦᠷ ᠢ ᠬᠠᠮᠢᠶᠠᠷᠤᠨ | ᠡᠵᠡᠮᠳᠡᠬᠦ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠡᠮᠬᠢ | ᠳᠢᠭᠯᠢᠮ ᠲᠠᠢ᠂ ᠬᠠᠩᠭᠠᠯᠭ᠎ᠠ ᠭᠦᠢᠴᠡᠳ᠂ ᠣᠷᠴᠢᠨ ᠲᠣᠭᠤᠷᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ | ᠨᠡᠩ ᠤᠯᠠᠨ ᠺᠠᠳ᠋ᠷ ᠢ ᠵᠣᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠠᠭᠤᠯᠭᠠᠨ᠂ | ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡ ᠣᠴᠢᠭᠤᠯᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠣᠶᠢᠯᠠᠭᠠᠬᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠ ᠤᠯᠠᠨ ᠢᠶᠠᠷ ᠢᠶᠠᠨ ᠠᠷᠭ᠎ᠠ | ᠤᠬᠠᠭᠠᠨ ᠭᠠᠷᠭᠠᠨ ᠬᠦᠴᠦᠨ ᠴᠢᠳᠠᠯ ᠢᠶᠠᠨ ᠰᠢᠪᠬᠠᠵᠤ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ ᠪᠠᠶᠢᠭᠠᠳ ᠨᠡᠩ | ᠤᠯᠠᠨ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠪᠠ ᠬᠢᠵᠢᠭ ᠦᠭᠡᠢ ᠠᠰᠠᠷ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ |