10 ᠰᠠᠷ᠎ᠠ ᠶᠢᠨ 31 ᠤ ᠡᠳᠦᠷ ᠬᠤᠷᠠᠯᠳᠤᠭᠤᠯᠤᠭᠰᠠᠨ ᠬᠥᠬᠡᠬᠤᠲᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ | ᠨᠡᠶᠢᠲᠡᠯᠡᠭᠰᠡᠨ ᠢᠶᠠᠷ᠂ ᠬᠦᠬᠡᠬᠤᠳᠡ ᠶᠢᠨ ᠬᠢᠨ ᠣᠶᠢᠷ᠎ᠠ ᠶᠢᠨ ᠬᠤᠭᠤᠴᠡᠭᠠᠠ ᠳᠤ ︽ᠦᠲᠦᠭᠡᠭᠴᠢ ᠶᠢᠨ | ᠪᠠᠶᠢᠴᠠᠭᠠᠯᠲᠠ + ᠪᠥᠭᠡᠮ ᠬᠦᠴᠢᠯ ᠤᠨ ᠪᠠᠶᠢᠴᠠᠭᠠᠯᠲᠠ︾ ᠶᠢᠨ ᠬᠠᠮ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢ | ᠬᠡᠷᠡᠭᠯᠡᠪᠡ᠃ | ᠬᠡᠷᠪᠡ ᠦᠳᠦᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠡᠷ ᠢᠯᠡᠷᠡᠪᠡᠯ ᠳᠣᠤᠷᠠᠬᠢ | ᠭᠤᠷᠪᠠᠨ ᠠᠯᠬᠤᠮ ᠢᠶᠠᠷ ᠬᠢᠭᠡᠷᠡᠢ᠄ | ᠨᠢᠭᠡ ᠳᠤ᠂ ᠠᠮᠠᠪᠴᠢ ᠪᠠᠨ ᠳᠠᠷᠤᠢ ᠳᠤᠨᠢ ᠵᠡᠭᠦᠵᠦ᠂ ᠬᠠᠮᠲᠤ ᠰᠠᠭᠤᠭ᠎ᠠ ᠬᠥᠮᠦᠰ ᠠᠴᠠ ᠪᠠᠨ ᠵᠣᠬᠢᠬᠤ | ᠵᠠᠢ ᠲᠠᠢ ᠪᠠᠶᠢᠵᠦ᠂ ᠨᠥᠬᠦᠴᠡᠯ ᠲᠠᠢ ᠪᠣᠯ ᠭᠠᠭᠴᠡᠭᠠᠷ ᠢᠶᠠᠨ ᠨᠢᠭᠡ ᠥᠷᠥᠭᠡ ᠳᠤ ᠰᠠᠭᠤᠨ᠎ᠠ︔ | ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠵᠦ᠂ ᠰᠠᠭᠤᠭ᠎ᠠ | ᠬᠠᠶ᠋ᠢᠭ ᠪᠠ ᠠᠷᠭ᠎ᠠ ᠴᠢᠨᠠᠷ ᠢᠯᠡᠷᠡᠭᠰᠡᠨ ᠪᠠᠶᠢᠳᠠᠯ ᠢᠶᠠᠨ ᠮᠡᠳᠡᠭᠳᠡᠵᠦ᠂ ᠪᠥᠭᠡᠮ ᠬᠦᠴᠢᠯ ᠤᠨ ᠪᠠᠶᠢᠴᠠᠭᠠᠯᠲᠠ | ᠲᠣᠬᠢᠷᠠᠭᠤᠯᠬᠤ ᠶᠢ ᠬᠦᠯᠢᠶᠡᠨ᠎ᠡ︔ | ᠭᠤᠷᠪᠠ ᠳᠤ᠂ ᠬᠡᠷᠡᠭᠯᠡᠵᠦ ᠥᠩᠭᠡᠷᠡᠭᠰᠡᠨ ᠦᠯᠢᠭᠡᠷ ᠠᠪᠤᠭᠰᠠᠨ ᠭᠤᠤᠷᠰᠦ᠂ ᠪᠠᠶᠢᠴᠠᠭᠠᠯᠲᠠ ᠶᠢᠨ ᠺᠠᠷᠲ | ᠵᠡᠷᠭᠡ ᠪᠠᠨ ᠪᠦᠷᠢᠨ ᠴᠤᠭᠯᠠᠭᠤᠯᠵᠤ᠂ ᠨᠢᠭᠲᠠ ᠪᠢᠲᠡᠭᠦᠮᠵᠢᠯᠡᠭᠰᠡᠨ ᠤᠭᠤᠲᠠᠨ ᠳᠤ ᠬᠢᠵᠦ᠂ ᠬᠠᠮᠢᠶᠠᠷᠤᠯᠲᠠ ᠶᠢᠨ | ᠠᠵᠢᠯᠲᠠᠨ ᠳᠤ ᠲᠤᠰᠢᠶᠠᠵᠤ ᠡᠮᠴᠢᠯᠡᠭᠡᠨ ᠤ ᠬᠠᠶᠠᠭᠳᠠᠮᠠᠯ ᠪᠣᠳᠠᠰ ᠢᠶᠠᠷ ᠰᠢᠢᠳᠪᠦᠷᠢᠯᠡᠭᠦᠯᠦᠨ᠎ᠡ᠃ | ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠬᠡᠪ ᠤᠨ ᠪᠤᠰᠤ ᠪᠠᠶᠢᠪᠠᠯ᠂ ᠮᠡᠳᠡᠭᠳᠡᠯ ᠢ ᠲᠤᠰᠤᠬᠰᠡᠡ ᠤ | ᠳᠠᠷᠠᠭ᠎ᠠ ᠳᠣᠣᠷᠠᠬᠢ ᠲᠠᠪᠤᠨ ᠲᠠᠯ᠎ᠠ ᠶᠢ ᠰᠠᠶᠢᠲᠤᠷ ᠬᠢᠬᠦ ᠬᠡᠷᠡᠭᠲᠡᠶ᠄ | ᠨᠢᠭᠡ ᠳᠤ᠂ ᠯᠠᠪᠳᠠᠭᠤᠨ ᠲᠣᠭᠲᠠᠭᠤᠨ ᠪᠠᠶᠢᠵᠤ᠂ ᠶᠠᠭᠠᠬᠢᠭᠰᠠᠨ ᠴᠤ ᠠᠶᠤᠵᠤ ᠰᠠᠨᠳᠤᠷᠴᠦ ᠪᠣᠯᠬᠤ ᠥᠬᠡᠶ︔ | ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠭᠠᠵᠠᠷ ᠲᠠᠭᠠᠨ ᠪᠡᠶ᠎ᠡ ᠪᠠᠨ ᠲᠤᠰᠠᠭᠠᠷᠯᠠᠵᠤ᠂ ᠨᠥᠬᠦᠴᠡᠯ ᠲᠠᠢ ᠪᠣᠯ | ᠭᠠᠭᠴᠡᠭᠠᠷ ᠢᠶᠠᠨ ᠨᠢᠬᠡ ᠦᠷᠦᠭᠡ ᠳᠤ ᠰᠠᠭᠤᠵᠤ᠂ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ | ᠵᠠᠶ ᠶᠢ ᠪᠠᠲᠤᠯᠠᠬᠤ ᠶᠢᠨ ᠬᠠᠮᠲᠤ ᠬᠠᠷᠢᠯᠴᠠᠭ᠎ᠠ ᠬᠤᠯᠪᠣᠭ᠎ᠠ ᠪᠠᠨ ᠲᠠᠰᠤᠯᠳᠠᠬᠤ ᠦᠭᠡᠢ ᠪᠠᠶᠢᠬᠤ ᠬᠡᠷᠡᠭᠲᠡᠢ︔ | ᠭᠤᠷᠪᠠ ᠳᠤ᠂ ᠥᠪᠡᠷ ᠤᠨ ᠤᠢᠢᠷ᠎ᠠ ᠶᠢᠨ ᠬᠡᠲᠦᠨ ᠡᠳᠦᠷ ᠤᠨ ᠶᠡᠪᠤᠵᠤ ᠰᠡᠭᠤᠬᠰᠡᠡ ᠵᠠᠮ ᠱᠤᠭᠤᠮ ᠢᠶᠠᠨ | ᠨᠠᠷᠢᠨ ᠨᠢᠮᠪᠡᠢ ᠡᠷᠭᠢᠴᠡᠭᠦᠯᠦᠨ᠎ᠡ︔ | ᠲᠦᠷᠪᠡ ᠳᠤ᠂ ᠤᠢᠢᠷ᠎ᠠ ᠶᠢᠨ ᠬᠤᠭᠤᠴᠡᠭᠠᠠ ᠳᠤ ᠨᠢᠭᠲᠠ ᠦᠢᠷᠡᠳᠤᠬᠰᠡᠳ ᠲᠠᠭᠠᠨ ᠮᠡᠳᠡᠭᠳᠡᠵᠦ᠂ ᠬᠥᠮᠦᠨ | ᠤᠯᠠᠨ ᠴᠤᠭᠯᠠᠷᠠᠳᠠᠭ ᠲᠠᠯᠠᠪᠤᠷ ᠲᠤ ᠣᠴᠢᠬᠤ ᠠᠴᠠ ᠵᠠᠶᠢᠯᠠᠰᠬᠢᠵᠦ᠂ ᠥᠪᠡᠷ ᠤᠨ ᠡᠷᠡᠭᠦᠯ ᠮᠡᠨᠳᠤ ᠶᠢᠨ ᠬᠢᠨᠠᠨ | ᠪᠠᠶᠢᠴᠠᠭᠠᠯᠲᠠ ᠪᠠᠨ ᠰᠠᠶᠢᠲᠤᠷ ᠬᠢᠵᠦ᠂ ᠵᠣᠬᠢᠴᠠᠭᠤᠯᠤᠨ ᠲᠤᠬᠢᠷᠠᠭᠤᠯᠵᠤ ᠬᠠᠮᠢᠶᠠᠷᠤᠨ ᠡᠵᠡᠮᠳᠡᠬᠦ ᠠᠵᠢᠯ ᠲᠠᠢ | ᠬᠠᠮᠵᠢᠯᠴᠠᠬᠤ ᠬᠡᠷᠡᠭᠲᠡᠢ︔ | ᠲᠠᠪᠤ ᠳᠤ᠂ ᠪᠡᠶ᠎ᠡ ᠶᠢᠨ ᠦᠨᠡᠮᠯᠡᠯ᠂ ᠪᠠᠶᠢᠩᠭᠤ ᠬᠡᠷᠡᠭᠯᠡᠬᠦ ᠡᠮ ᠤᠨ ᠵᠦᠢᠯ᠂ ᠰᠣᠯᠢᠵᠤ ᠤᠬᠢᠶᠠᠬᠤ ᠬᠤᠪᠴᠠᠰᠤ | ᠬᠤᠨᠠᠷ᠂ ᠠᠮᠢᠳᠤᠷᠠᠯ ᠤᠨ ᠬᠡᠷᠡᠭᠰᠡᠯ ᠵᠡᠷᠭᠡ ᠡᠮᠴᠢᠯᠡᠭᠡᠨ ᠤ ᠪᠠᠶᠢᠭᠤᠯᠤᠮᠵᠢ ᠪᠤᠶᠤ ᠲᠥᠪᠯᠡᠷᠡᠭᠦᠯᠦᠨ ᠲᠤᠰᠠᠭᠠᠷᠯᠠᠬᠤ | ᠲᠠᠯᠠᠪᠤᠷ ᠲᠤ ᠣᠴᠢᠬᠤ ᠳᠤ ᠬᠡᠷᠡᠭᠰᠡᠬᠦ ᠡᠳ᠋ ᠪᠣᠳᠠᠰ ᠢᠶᠠᠨ ᠪᠡᠯᠡᠳᠬᠡᠵᠤ᠂ ᠤᠨᠴᠠᠭᠠᠶᠢᠯᠠᠨ ᠭᠠᠷ ᠤᠲᠠᠰᠤᠨ ᠤ | ᠴᠠᠬᠢᠯᠭᠠᠨ ᠴᠡᠨᠡᠭᠯᠡᠬᠦ ᠤᠲᠠᠰᠤ ᠪᠠᠨ ᠮᠠᠷᠲᠠᠬᠤ ᠦᠭᠡᠢ ᠶᠢ ᠰᠡᠨᠡᠭᠤᠯᠵᠤ ᠪᠡᠶᠢᠨ᠎ᠠ᠃ | ᠬᠡᠷᠪᠡ ᠤᠯᠡᠡ ᠬᠦᠮᠤᠨ ᠬᠠᠮ ᠭᠤᠤᠷᠰᠤ ᠶᠢᠨ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠠᠷᠭ᠎ᠠ | ᠴᠢᠨᠠᠷ ᠢᠯᠡᠷᠡᠪᠡᠯ ᠮᠡᠳᠡᠭᠳᠡᠯ ᠢ ᠲᠤᠰᠤᠬᠰᠡᠡ ᠤ ᠳᠠᠷᠠᠭ᠎ᠠ ᠦᠪᠡᠷ ᠤᠨ ᠪᠡᠶᠢᠭ᠎ᠠ ᠣᠷᠣᠨ ᠪᠠᠶᠢᠷᠢ ᠪᠠᠨ ᠲᠤᠳᠤ ᠬᠡᠯᠡᠵᠦ | ᠥᠭᠬᠦ ᠶᠢᠨ ᠬᠠᠮᠲᠤ ᠲᠡᠷᠡ ᠳᠠᠷᠤᠶ ᠳᠤᠨᠢ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠶᠢ | ᠪᠠᠲᠤᠯᠠᠵᠤ᠂ ᠲᠠᠬᠢᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠬᠦᠯᠢᠶᠡᠨ᠎ᠡ᠃ |