ᠸᠠᠩ ᠯᠢ ᠰᠢᠶᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 24 ᠤ ᠦᠳᠡ ᠶᠢᠨ ᠬᠤᠶᠢᠨ᠎ᠠ᠂ ᠸᠠᠩ ᠯᠢ ᠰᠢᠶᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠳᠤᠲᠠᠭᠤᠳᠠᠯ ᠢᠶᠠᠨ ᠦᠷᠭᠦᠯᠵᠢᠯᠡᠨ ᠪᠠᠶᠢᠴᠠᠭᠠᠵᠤ᠂ ᠭᠡᠮ ᠰᠣᠭᠤᠭ ᠢ ᠡᠷᠢᠵᠦ᠂ ᠠᠯᠳᠠᠰᠢ ᠶᠢ ᠬᠤᠷᠢᠭᠯᠠᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠢ ᠤᠯᠠᠮ ᠴᠢᠩᠭ᠎ᠠ᠂ ᠤᠯᠠᠮ ᠨᠠᠷᠢᠯᠢᠭ᠂ ᠤᠯᠠᠮ ᠪᠣᠳᠠᠲᠠᠢ᠂ ᠤᠯᠠᠮ ᠲᠦᠷᠭᠡᠨ ᠠᠬᠢᠭᠤᠯᠵᠤ᠂ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠬᠠᠷᠠᠯᠲᠠ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ ᠬᠤᠲᠣᠩ ᠠᠷᠠᠳ ᠤᠨ ᠲᠣᠭᠤᠷᠢᠭ ᠤᠨ ᠺᠤᠸᠠᠨ ᠰᠢᠶᠠᠩ ᠽᠢ ᠵᠡᠭᠡᠯᠢ ᠳᠤ ᠬᠦᠷᠴᠦ᠂ ᠵᠡᠭᠡᠯᠢ ᠳᠠᠭᠠᠤ ᠶᠢᠨ ᠳᠡᠯᠭᠡᠭᠦᠷ ᠫᠦᠰᠡ ᠶᠢᠨ ᠬᠥᠬᠡ ᠬᠤᠳᠠ ᠺᠣᠳ᠋ ᠢ ᠰᠢᠷᠪᠢᠭᠦ᠂ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠲᠡᠷᠡ᠂ ᠴᠢᠩᠭ᠎ᠠ ᠬᠠᠮᠢᠶᠠᠷᠬᠤ ᠶᠢᠨ ᠵᠣᠷᠢᠯᠭ᠎ᠠ ᠪᠣᠯ ᠡᠮᠬᠢ ᠵᠢᠷᠤᠮ ᠲᠠᠢ ᠪᠠᠷ ᠴᠢᠯᠦᠭᠡᠲᠡᠢ ᠲᠠᠯᠪᠢᠵᠤ᠂ ᠬᠤᠲᠠ ᠶᠢᠨ ᠭᠦᠷ ᠬᠥᠭᠵᠢᠶᠡᠨ ᠲᠠᠢ ᠪᠠᠶᠢᠳᠠᠯ ᠢ ᠡᠷᠲᠡᠬᠡᠨ ᠰᠡᠷᠭᠦᠭᠡᠬᠦ ᠶᠢᠨ ᠲᠥᠯᠥᠭᠡ ᠶᠤᠮ᠃ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠺᠣᠳ᠋ ᠰᠢᠷᠪᠢᠵᠦ ᠪᠠᠶᠢᠴᠠᠭᠠᠨ ᠰᠢᠯᠭᠠᠬᠤ ᠠᠵᠢᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠳᠡᠯᠭᠡᠭᠦᠷ ᠫᠦᠰᠡ ᠳᠤ ᠭᠦᠨᠵᠡᠭᠡᠶᠢᠷᠡᠨ ᠡᠵᠡᠩᠨᠡᠯᠲᠡ ᠶᠢᠨ ᠭᠤᠣᠯ ᠴᠣᠭᠴᠠ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ᠃      ᠭᠦᠭᠡᠬᠤᠲᠠ ᠶᠢᠨ ᠲᠡᠮᠦᠷ ᠵᠠᠮ ᠤᠨ ᠲᠣᠪᠴᠢᠶᠠᠨ ᠤ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ᠂ ᠸᠠᠩ ᠯᠢ ᠰᠢᠶᠠ ᠴᠡᠭ ᠲᠤ ᠰᠠᠭᠤᠭ᠎ᠠ ᠺᠠᠳ᠋ᠷᠴᠤᠳ ᠠᠴᠠ ᠣᠨᠣᠰᠢᠯᠠᠬᠳᠠᠬᠰᠠᠳ ᠵᠢᠴᠢ ᠨᠢᠭᠲᠠ ᠣᠶᠢᠷᠠᠲᠤᠭᠰᠠᠳ ᠢ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ᠂ ᠲᠦᠭᠰᠢᠭᠦᠷᠢ ᠶᠡᠬᠡᠲᠡᠢ ᠠᠰᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠰᠠᠭᠠᠷᠯᠠᠬᠤ ᠲᠦᠷᠦ ᠶᠢᠨ ᠪᠣᠳᠣᠯᠭ᠎ᠠ ᠶᠢ ᠣᠨᠣᠴᠠᠲᠠᠢ ᠡᠵᠡᠮᠰᠢᠵᠦ᠂ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠵᠤ᠂ ᠲᠤᠰᠠᠭᠠᠷᠯᠠᠬᠤ ᠶᠣᠰᠣᠲᠠᠢ ᠶᠢ ᠨᠢ ᠪᠦᠭᠦᠨ ᠢ ᠲᠤᠰᠠᠭᠠᠷᠯᠠᠵᠤ᠂ ᠰᠢᠯᠵᠢᠭᠦᠯᠭᠦ ᠶᠣᠰᠣᠲᠠᠢ ᠶᠢ ᠨᠢ ᠪᠦᠭᠦᠨ ᠢ ᠰᠢᠯᠵᠢᠭᠦᠯᠭᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠪᠠᠰᠠ᠂ ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠲᠣᠭᠤᠷᠢᠭ ᠲᠤ ᠣᠷᠣᠬᠤ᠂ ᠵᠢᠷᠭᠢᠶ᠎ᠡ ᠶᠢᠨ ᠴᠤᠭᠯᠠᠷᠠᠯ ᠳᠤ ᠣᠷᠣᠬᠤ᠂ ᠲᠠᠯᠠᠪᠠᠢ ᠳᠤ ᠣᠷᠣᠬᠤ ᠶᠢ ᠦᠨᠡᠨ ᠬᠦ ᠪᠡᠶᠡᠯᠡᠭᠦᠯᠵᠦ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号