ᠲᠠᠨ ᠤ ᠵᠡᠭᠦᠭᠰᠡᠨ ᠠᠮᠠᠪᠴᠢ ᠦᠨᠡᠬᠡᠷ ᠬᠢᠵᠢᠭ ᠢ ᠰᠡᠷᠭᠡᠶᠢᠯᠡᠬᠦ ᠴᠢᠳᠠᠮᠵᠢ ᠲᠠᠢ ᠦᠦ︖ | ᠵᠠᠬ᠎ᠠ ᠳᠡᠯᠭᠡᠭᠦᠷ ᠳᠡᠭᠡᠷ᠎ᠡ ᠬᠤᠸᠠᠷ ᠳᠠᠷᠤᠮᠠᠯᠯᠠᠭᠰᠠᠨ ᠠᠮᠠᠪᠴᠢ ᠶᠢ ᠰᠠᠨᠠᠭ᠎ᠠ ᠠᠮᠤᠷ ᠵᠡᠭᠦᠵᠦ ᠪᠣᠯᠣᠨ᠎ᠠ ᠦᠦ︖ | ᠠᠮᠠᠪᠴᠢ ᠰᠣᠩᠭᠤᠬᠤ ᠳᠤ ᠶᠠᠭᠤ ᠶᠢ ᠠᠩᠬᠠᠷᠪᠠᠯ ᠵᠣᠬᠢᠬᠤ ᠪᠤᠢ︖ | ᠨᠢᠭᠡ ᠠᠮᠠᠪᠴᠢ ᠳᠤ ᠬᠢᠵᠢᠭ ᠢ ᠰᠡᠷᠭᠡᠶᠢᠯᠡᠬᠦ ᠴᠢᠳᠠᠮᠵᠢ ᠪᠠᠶᠢᠬᠤ ᠡᠰᠡᠬᠦ ᠶᠢ ᠮᠠᠭᠠᠳᠯᠠᠬᠤ ᠳᠤ᠂ ᠬᠠᠮᠤᠭ ᠤᠨ | ᠵᠠᠩᠭᠢᠯᠠᠭ᠎ᠠ ᠶᠢᠨ ᠨᠢᠭᠡ ᠵᠦᠢᠯ ᠪᠣᠯ ᠺᠣᠳ᠋ ᠢ ᠦᠵᠡᠬᠦ ᠶᠠᠪᠤᠳᠠᠯ ᠪᠣᠯᠣᠨ᠎ᠠ︕ | ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠦᠨᠡᠨ ᠬᠦ ᠬᠦᠷᠴᠦ ᠳᠡᠶᠢᠯᠭᠦ ᠨᠢ ᠵᠥᠪᠭᠡᠨ ᠡᠨᠡ ᠲᠠᠪᠤᠨ | ᠵᠦᠢᠯ ᠤᠨ ᠺᠣᠳ᠋ ᠲᠠᠢ ᠠᠮᠠᠪᠴᠢ ᠪᠣᠯᠣᠨ᠎ᠠ᠄ | ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ︵GB19083–2010︶ | ᠡᠮᠨᠡᠯᠭᠡ ᠶᠢᠨ ᠭᠠᠳᠠᠷ ᠰᠠᠯᠠᠭᠠᠨ ᠤ ᠠᠮᠠᠪᠴᠢ ︵YY 0469 – 2011︶ | ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠳᠤ ᠬᠡᠷᠡᠭᠯᠡᠬᠦ ᠠᠮᠠᠪᠴᠢ ︵YY/ T0969 – 2013︶ | ᠡᠳᠦᠷ ᠲᠤᠲᠤᠮ ᠤᠨ ᠬᠠᠮᠠᠭᠠᠯᠠᠬᠤ ᠭᠡᠯᠪᠡᠷᠢ ᠶᠢᠨ ᠠᠮᠠᠪᠴᠢ ︵GB/T 32610-2016︶ | ᠬᠡᠦᠬᠡᠳ ᠤᠨ ᠠᠮᠠᠪᠴᠢ ︵GB / T 38880-2020︶ | ᠳᠡᠭᠡᠷᠡᠬᠢ ᠺᠣᠳ᠋ ᠦᠭᠡᠢ ᠠᠮᠠᠪᠴᠢ ᠨᠢ ᠴᠥᠮ ᠬᠢᠵᠢᠭ ᠢ ᠰᠡᠷᠭᠡᠶᠢᠯᠡᠬᠦ ᠪᠠᠷᠢᠮᠵᠢᠶ᠎ᠠ ᠳᠤ ᠭᠦᠷᠦᠭᠰᠡᠨ ᠦᠭᠡᠢ᠃ | ᠤᠯᠤᠰ ᠠᠴᠠ ᠠᠷᠠᠳ ᠤᠨ ᠬᠡᠷᠡᠭᠯᠡᠭᠡᠨ ᠤ ᠠᠮᠠᠪᠴᠢ ᠶᠢᠨ ᠪᠤᠳᠤᠭᠲᠤ ᠳᠠᠷᠤᠮᠠᠯᠯᠠᠯ ᠤᠨ ᠬᠠᠮᠢᠶ᠎ᠠ ᠪᠦᠬᠦᠢ ᠶᠠᠰᠤ | ᠴᠢᠨᠠᠷ ᠤᠨ ᠲᠤᠬᠠᠢ ᠲᠣᠳᠣᠷᠬᠠᠢ ᠲᠣᠭᠲᠠᠭᠠᠯ ᠭᠠᠷᠭᠠᠪᠠ᠄ | ᠠᠮᠠᠪᠴᠢ ᠶᠢᠨ ᠳᠣᠲᠣᠷ᠎ᠠ ᠭᠠᠳᠠᠨᠠᠬᠢ ᠳᠠᠪᠬᠤᠷᠭ᠎ᠠ ᠶᠢᠨ ᠥᠩᠭᠡ ᠶᠢ ᠭᠤᠷᠪᠠᠨ ᠳᠡᠰ ᠠᠴᠠ ᠳᠣᠷᠣᠭᠰᠢ | ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠵᠤ᠂ ᠪᠤᠳᠤᠭ ᠱᠠᠭᠠᠷᠠᠬᠤ ᠠᠴᠠ ᠪᠣᠯᠵᠤ ᠬᠥᠮᠥᠨ ᠤ ᠪᠡᠶ᠎ᠡ ᠶᠢᠨ | ᠨᠢᠭᠤᠷ ᠤᠨ ᠠᠷᠠᠰᠤ ᠮᠢᠬᠠᠨ ᠳᠤ ᠨᠥᠯᠥᠭᠡᠯᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠃ | ᠲᠠᠨ ᠤ ᠵᠡᠭᠦᠭᠡ ᠠᠮᠠᠪᠴᠢ ᠴᠢᠨᠢ ᠬᠢᠵᠢᠭ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠦ ᠡᠰᠡᠬᠦ ᠶᠢ ᠬᠤᠷᠳᠤᠨ | ᠪᠠᠶᠢᠴᠠᠭᠠᠵᠤ ᠦᠵᠡᠭᠡᠷᠡᠢ︕ | | | |