2023 ᠣᠨ ᠤ ᠲᠡᠭᠦᠰᠬᠦ ᠣᠶᠤᠲᠠᠳ ᠲᠤ ᠵᠣᠷᠢᠭᠤᠯᠤᠭᠰᠠᠨ ᠲᠦᠷᠪᠡᠨ ᠳᠠᠯᠠᠪᠠᠢ ᠤᠷᠢᠵᠤ ᠡᠯᠰᠡᠭᠦ ᠴᠤᠭᠯᠠᠭᠠᠨ
ᠨᠡᠶᠢᠲᠡᠯᠡᠭᠰᠡᠨ ᠴᠠᠭ᠄
2022/12/20
     ᠰᠤᠷᠭᠠᠨ ᠬᠥᠮᠦᠵᠢᠯ ᠤᠨ ᠶᠠᠮᠤᠨ ᠤ 2023 ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠭᠦ ᠰᠠᠷ᠎ᠠ ᠶᠢᠨ ᠰᠢᠷᠢᠰ ᠠᠵᠢᠯᠯᠠᠭ᠎ᠠ ᠶᠢ ᠢᠳᠡᠪᠬᠢᠲᠡᠢ ᠴᠤᠤᠷᠢᠶᠠᠲᠤᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠷᠭ᠎ᠠ ᠪᠦᠭᠦᠨ ᠢ ᠰᠦᠪᠡᠭᠴᠢᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠩ ᠭᠦᠢᠴᠡᠳ ᠨᠠᠩ ᠴᠢᠨᠠᠷᠯᠢᠭ ᠠᠵᠢᠯ ᠣᠯᠭᠤᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠥᠷ ᠮᠣᠩᠭᠤᠯ ᠤᠨ 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ︵www.nmbys.cn︶ ᠳᠤ ᠳᠥᠷᠪᠡᠨ ᠲᠠᠯᠠᠪᠠᠢ ᠲᠣᠮᠣ ᠭᠡᠯᠪᠡᠷᠢ ᠶᠢᠨ ᠰᠦᠯᠵᠢᠶᠡᠨ ᠤ ᠠᠵᠢᠯᠲᠠᠨ ᠤᠷᠢᠵᠤ ᠡᠯᠰᠡᠭᠦ ᠴᠤᠭᠯᠠᠭᠠᠨ ᠢ ᠵᠣᠬᠢᠶᠠᠨ ᠪᠠᠶᠢᠭᠤᠯᠵᠤ ᠡᠷᠭᠢᠯᠡᠵᠦ ᠪᠠᠶᠢᠨ᠎ᠠ᠃      ᠨᠢᠭᠡ᠂ ︽ᠬᠦᠴᠢᠷ ᠢ ᠲᠤᠭᠤᠯᠤᠨ ᠠᠵᠢᠯ ᠣᠯᠭᠤᠯᠲᠠ ᠶᠢ ᠠᠬᠢᠭᠤᠯᠵᠤ ᠵᠠᠯᠠᠭᠤ ᠨᠠᠰᠤᠨ ᠤ ᠬᠦᠰᠡᠯ ᠵᠡᠭᠦᠳᠦ ᠶᠢ ᠲᠡᠷᠭᠡᠯᠰᠢᠭᠦᠯᠦᠶ᠎ᠡ︾ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠤᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠦᠯᠵᠢᠶ᠎ᠡ ᠪᠠᠷ ᠠᠵᠢᠯᠲᠠᠨ ᠤᠷᠢᠵᠤ ᠡᠯᠰᠡᠭᠦ ᠴᠤᠭᠯᠠᠭᠠᠨ 2022 ᠣᠨ ᠤ 11 ᠰᠠᠷ᠎ᠠ ᠶᠢᠨ 3 ᠤ ᠡᠳᠦᠷ ᠠᠴᠠ ᠡᠬᠢᠯᠡᠵᠦ᠂ 2023 ᠣᠨ ᠤ 1 ᠰᠠᠷ᠎ᠠ ᠶᠢᠨ 3 ᠤ ᠡᠳᠦᠷ ᠪᠤᠯᠳᠠᠯ᠎ᠠ ᠶᠠᠪᠤᠭᠳᠠᠨ᠎ᠠ᠃      ᠬᠤᠶᠠᠷ᠂ ︽ᠪᠠᠩᠬᠢ ᠪᠣᠯᠣᠨ ᠠᠵᠤ ᠠᠬᠤᠶᠢᠯᠠᠯ ᠲᠠᠨ ᠢ ᠬᠦᠯᠢᠶᠡᠵᠦ ᠪᠠᠶᠢᠨ᠎ᠠ︾ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠬᠤᠪᠢᠶᠠᠷᠢ ᠪᠠᠩᠬᠢ ᠠᠴᠠ ᠭᠤᠣᠯᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠲᠤᠰᠬᠠᠢ ᠲᠠᠯᠠᠪᠠᠢ ᠰᠦᠯᠵᠢᠶ᠎ᠡ ᠪᠠᠷ ᠠᠵᠢᠯᠲᠠᠨ ᠤᠷᠢᠵᠤ ᠡᠯᠰᠡᠭᠦ ᠴᠤᠭᠯᠠᠭᠠᠨ 2022 ᠣᠨ ᠤ 11 ᠰᠠᠷ᠎ᠠ ᠶᠢᠨ 20 ᠤ ᠡᠳᠦᠷ ᠠᠴᠠ 12 ᠰᠠᠷ᠎ᠠ ᠶᠢᠨ 10 ᠤ ᠡᠳᠦᠷ ᠪᠤᠯᠲᠠᠯ᠎ᠠ ᠶᠠᠪᠤᠭᠳᠠᠪᠠ᠃      ᠭᠤᠷᠪᠠ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠤᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠲᠤᠰᠬᠠᠢ ᠤᠷᠢᠵᠤ ᠡᠯᠰᠡᠭᠦ ᠴᠤᠭᠯᠠᠭᠠᠨ 11 ᠰᠠᠷ᠎ᠠ ᠶᠢᠨ 26 ᠤ ᠡᠳᠦᠷ ᠠᠴᠠ 12 ᠰᠠᠷ᠎ᠠ ᠶᠢᠨ 26 ᠤ ᠡᠳᠦᠷ ᠪᠤᠯᠳᠠᠯ᠎ᠠ ᠶᠠᠪᠤᠭᠳᠠᠨ᠎ᠠ᠃      ᠳᠥᠷᠪᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠭᠤᠣᠯᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠡᠮᠡᠭᠲᠡᠢ ᠣᠶᠤᠲᠠᠳ ᠤᠨ ᠲᠤᠰᠬᠠᠢ ᠰᠦᠯᠵᠢᠶ᠎ᠡ ᠪᠠᠷ ᠠᠵᠢᠯᠲᠠᠨ ᠤᠷᠢᠵᠤ ᠡᠯᠰᠡᠭᠦ ᠴᠤᠭᠯᠠᠭᠠᠨ 11 ᠰᠠᠷ᠎ᠠ ᠶᠢᠨ 30 ᠤ ᠡᠳᠦᠷ ᠠᠴᠠ 12 ᠰᠠᠷ᠎ᠠ ᠶᠢᠨ 31 ᠤ ᠡᠳᠦᠷ ᠪᠤᠯᠲᠠᠯ᠎ᠠ ᠶᠠᠪᠤᠭᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号