ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2022 ᠣᠨ ᠤ 1 ᠰᠠᠷ᠎ᠠ ᠶᠢᠨ 21 ᠤ ᠡᠳᠦᠷ ᠢᠦᠢ ᠴᠢᠤᠸᠠᠨ | ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠡᠭᠡᠷ᠎ᠡ | | ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ | ᠨᠠᠨ ᠨᠠᠨ | | | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ | ᠪᠠᠶᠢᠳᠠᠯ ᠪᠣᠯᠤᠨ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠶᠢᠨ ᠡᠭᠦᠷᠭᠡ ᠶᠢᠨ ᠡᠮᠦᠨ᠎ᠡ᠂ ᠢᠯᠠᠩᠭᠤᠶ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠤ | ᠬᠠᠨᠳᠤᠬᠤ ᠳᠤ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ | ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠢᠮᠠᠭᠲᠠ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠠᠵᠠ ᠲᠣᠬᠢᠶᠠᠯ ᠢ | ᠠᠮᠵᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠬᠠᠮᠢᠶᠠᠷᠤᠯᠲᠠ ᠶᠢ ᠴᠢᠩᠭᠠᠳᠬᠠᠨ᠂ ᠬᠡᠪ ᠤᠨ ᠪᠠᠶᠢᠳᠠᠯ ᠢ ᠠᠳᠬᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ ᠶᠠᠪᠤᠭᠳᠠᠭᠤᠯᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠳᠠᠷᠤᠰᠢᠭᠤᠯᠤᠨ᠂ ︽ᠲᠦᠷᠪᠡᠨ | ᠡᠷᠲᠡ ᠶᠢᠨ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠵᠤ᠂ ᠲᠦᠮᠡᠨ ᠨᠠᠮ ᠤᠨ ᠭᠡᠰᠢᠭᠦᠨ ᠺᠠᠳ᠋ᠷ᠂ ᠨᠡᠶᠢᠭᠡᠮ | ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠤᠨ ᠪᠠᠶᠢᠳᠠᠯ ᠤᠨ ᠡᠮᠦᠨ᠎ᠡ ᠹᠷᠣᠨᠲ ᠲᠤ ᠠᠷᠠᠳ | ᠤᠯᠠᠨ ᠲᠠᠢ ᠮᠥᠷᠥ ᠵᠡᠷᠭᠡᠴᠡᠨ ᠪᠠᠶᠢᠯᠳᠤᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠨ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠲᠤᠰ ᠭᠠᠵᠠᠷ | ᠣᠷᠣᠨ ᠤ ᠣᠨᠣᠰᠢᠯᠠᠭᠰᠠᠨ 3 ᠡᠪᠡᠳᠴᠢᠨ ᠤ ᠵᠢᠱᠢᠶ᠎ᠡ ᠶᠢ ᠲᠣᠬᠢᠲᠠᠶ ᠠᠪᠤᠷᠠᠨ ᠵᠠᠰᠠᠪᠠ᠃ ᠳᠤᠮᠳᠠ ᠦᠨᠳᠦᠷ | ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠪᠠ ᠬᠢᠯᠢ ᠪᠠᠷ ᠣᠷᠣᠵᠤ ᠢᠷᠡᠭᠰᠡᠳ ᠤᠨ ︽ᠬᠠᠲᠠᠭᠤ | ᠴᠥᠮ᠎ᠡ ᠶᠢᠨ ᠲᠤᠰᠠᠭᠠᠷᠯᠠᠯ︾ ᠢ ᠴᠢᠩᠭ᠎ᠠ ᠠᠳᠬᠤᠨ᠂ ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢᠲᠦ | ᠤᠷᠤᠨ ᠠᠴᠠ ᠬᠦᠬᠡᠬᠤᠲᠠ ᠳᠤ ᠪᠤᠴᠠᠵᠤ ᠢᠷᠡᠭᠰᠡᠨ 1975 ᠬᠥᠮᠦᠨ᠂ ᠨᠢᠭᠲᠠ ᠤᠶᠢᠷᠠᠲᠤᠭᠰᠠᠳ᠂ ᠳᠡᠳ᠋ ᠨᠢᠭᠲᠠ | ᠤᠶᠢᠷᠠᠲᠤᠭᠰᠠᠳ 3517 ᠬᠥᠮᠦᠨ ᠢ ᠬᠠᠮᠢᠶᠠᠷᠤᠨ ᠡᠵᠡᠮᠳᠡᠵᠦ᠂ ᠣᠯᠠᠨ ᠤᠯᠤᠰ ᠤᠨ ᠬᠤᠭᠤᠷᠣᠨᠳᠣ ᠰᠠᠯᠭᠠᠨ | ᠶᠠᠪᠤᠭᠤᠯᠤᠭᠰᠠᠨ ᠡᠭᠡᠯᠵᠢ ᠶᠢᠨ ᠨᠢᠰᠬᠡᠯ ᠢ 30 ︵ᠤᠳᠠᠭ᠎ᠠ︶ ᠵᠠᠯᠭᠠᠨ ᠠᠪᠴᠤ᠂ 5293 ᠬᠥᠮᠦᠨ ᠢ | ᠲᠥᠪᠯᠡᠷᠡᠭᠦᠯᠦᠨ ᠲᠤᠰᠠᠭᠠᠷᠯᠠᠵᠤ᠂ ᠡᠮᠴᠢ ᠰᠤᠪᠢᠯᠠᠭᠴᠢ ᠪᠠ ᠠᠵᠢᠯᠲᠠᠨ ᠢ ︽ᠥᠴᠦᠬᠡᠨ ᠴᠦ ᠬᠠᠯᠳᠠᠪᠤᠷᠢᠯᠠᠭᠰᠠᠨ | ᠥᠬᠡᠶ︾ ᠪᠣᠯᠭᠠᠪᠠ᠃ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ | ᠪᠠᠷᠢᠮᠲᠠᠯᠠᠵᠤ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠶᠢ ᠪᠡᠶᠡᠯᠡᠭᠦᠯᠵᠦ᠂ ᠥᠯᠢᠭᠡᠷ ᠠᠪᠴᠤ | ᠠᠶᠤᠯ ᠲᠦᠭᠰᠢᠭᠦᠷᠢ ᠶᠢ ᠪᠠᠶᠢᠴᠠᠭᠠᠨ ᠰᠢᠯᠭᠠᠬᠤ ᠠᠵᠢᠯ ᠮᠡᠷᠭᠡᠵᠢᠯ ᠤᠨ ᠬᠦᠮᠦᠰ ᠨᠡᠶᠢᠲᠡ 11.6 ᠲᠦᠮᠡᠨ ᠬᠥᠮᠦᠨ | ᠤᠳᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠡᠳ᠋ ᠪᠣᠳᠠᠰ ᠢ 2 ᠲᠦᠮᠡᠨ ᠤᠳᠠᠭ᠎ᠠ | ᠪᠠᠶᠢᠴᠠᠭᠠᠨ ᠬᠡᠮᠵᠢᠪᠡ᠃ ᠬᠤᠶᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠪᠠ | ᠨᠢᠭᠡ ᠡᠭᠡᠯᠵᠢ ᠶᠢᠨ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠢ ᠥᠨᠳᠥᠷ | ᠪᠦᠲᠦᠮᠵᠢᠲᠡᠶ ᠪᠡᠶᠡᠯᠡᠭᠦᠯᠵᠡᠢ᠃ ᠡᠭᠡᠯᠢᠯᠡᠭᠡ ᠶᠢᠨ ᠬᠠᠯᠬᠠᠪᠴᠢ ᠶᠢ ᠢᠳᠡᠪᠬᠢᠲᠡᠶ ᠪᠠᠶᠢᠭᠤᠯᠵᠤ᠂ ᠸᠠᠺᠼᠢᠨ ᠢ ᠨᠡᠶᠢᠲᠡ | 80.8 ᠲᠦᠮᠡᠨ ᠤᠳᠠᠭ᠎ᠠ ᠳᠠᠷᠢᠵᠤ᠂ 3 ᠨᠠᠰᠤᠨ ᠠᠴᠠ ᠳᠡᠭᠡᠭᠰᠢᠬᠢ ᠬᠠᠷᠠᠯᠲᠠᠲᠤ ᠬᠥᠮᠦᠰ ᠲᠤ ᠸᠠᠺᠼᠢᠨ ᠤ | ᠲᠠᠷᠢᠯᠭ᠎ᠠ ᠶᠢ ᠦᠨᠳᠦᠰᠦᠨ ᠳᠡᠭᠡᠨ ᠪᠦᠬᠦᠨ ᠢ ᠪᠦᠷᠬᠦᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ | ᠤᠳᠠᠭᠠᠨ ᠤ ᠠᠷᠠᠳ ᠤᠨ ᠳᠠᠶᠢᠨ ᠤ ᠳᠤᠮᠳᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠡᠮ ᠡᠮᠨᠡᠯᠭᠡ ᠶᠢᠨ | ᠠᠵᠢᠯᠲᠠᠳ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠬᠦ᠂ ᠬᠠᠷᠠᠮ | ᠦᠭᠡᠢ ᠵᠣᠷᠢᠭᠤᠯᠬᠤ ᠤᠭ ᠰᠠᠨᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠥᠷᠭᠡᠨ ᠤᠯᠠᠨ | ᠠᠷᠠᠳ ᠲᠦᠮᠡᠨ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ ᠡᠷᠬᠢᠮ ᠳᠡᠭᠡᠳᠦ ᠵᠠᠩ ᠰᠤᠷᠲᠠᠯ ᠢ | ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠠᠮ ᠦᠭᠡᠢ ᠲᠤᠰᠠᠯᠠᠵᠤ᠂ ᠵᠣᠭᠤᠰ ᠮᠥᠩᠭᠦ ᠡᠳ᠋ ᠪᠣᠳᠠᠰ | ᠬᠠᠨᠳᠢᠪᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠡᠰᠡᠷᠭᠦᠴᠡᠬᠦ ︽ | ᠬᠠᠮᠤᠭ ᠤᠨ ᠶᠡᠭᠡ ᠢᠵᠢᠯ ᠲᠥᠪᠲᠦ ᠲᠣᠭᠤᠷᠢᠭ︾ ᠢ ᠵᠢᠷᠤᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠪᠡ᠃ | ︵ᠬᠤᠶᠠᠷ︶ ᠠᠵᠢᠯᠯᠠᠭᠠᠨ ᠢ ᠲᠣᠭᠲᠠᠪᠤᠷᠢᠵᠢᠭᠤᠯᠤᠨ᠂ ᠬᠥᠭᠵᠢᠯᠲᠡ ᠶᠢ ᠠᠬᠢᠭᠤᠯᠵᠤ᠂ ᠶᠡᠷᠦᠩᠬᠡᠶᠢᠯᠡᠭᠰᠡᠨ | ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠪᠡ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 269.9 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 370 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4. | 7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 20.8 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 4.1% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 6.4% ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 135 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 2.9% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 51562 ᠲᠥᠭᠦᠷᠢᠭ | ᠪᠠ 26050 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 5.2% ᠪᠠ 8.4% | ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ 1.0:30.8:68.2 ᠪᠠᠶᠢᠭᠰᠠᠨ ᠠᠴᠠ ᠪᠠᠨ 1.0:29.0: | 70.0 ᠪᠣᠯᠤᠨ ᠨᠡᠮᠡᠭᠳᠡᠪᠡ᠃ | ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠲᠠᠷᠢᠮᠠᠯ ᠤᠨ ᠲᠠᠷᠢᠮᠠᠯ ᠤᠨ ᠲᠠᠯᠠᠪᠠᠶ ᠶᠢ 9.3 ᠲᠦᠮᠡᠨ ᠮᠥ ᠳᠤ ᠬᠦᠷᠦᠭᠦᠯᠵᠦ᠂ ᠠᠮᠤ ᠪᠤᠳᠠᠭᠠᠨ ᠤ ᠶᠡᠷᠦᠩᠬᠡᠶ | ᠤᠨᠠᠯᠲᠠ ᠶᠢ 3.9 ᠲᠦᠮᠡᠨ ᠲᠣᠨ ᠳᠤ ᠬᠦᠷᠪᠡ᠃ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠤᠰᠤ ᠠᠷᠪᠢᠯᠠᠬᠤ | ᠤᠰᠤᠯᠠᠯᠲᠠ ᠶᠢᠨ ᠲᠠᠯᠠᠪᠠᠶ ᠶᠢ 5.5 ᠲᠦᠮᠡᠨ ᠮᠥ ᠳᠤ ᠬᠦᠷᠦᠭᠦᠯᠵᠦ᠂ ᠾᠧ ᠢᠦᠶ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ 4 ᠪᠡᠯᠡᠳᠭᠡᠮᠵᠢᠳᠤ ᠲᠠᠷᠢᠶᠠᠯᠠᠩ ᠤᠨ ᠰᠠᠭᠤᠷᠢᠨ ᠭᠠᠵᠠᠷ ᠤᠨ | ᠵᠢᠯ ᠳᠤ 6400 ᠲᠣᠨ ᠵᠢᠮᠢᠰ ᠨᠣᠭᠤᠭ᠎ᠠ ᠦᠢᠯᠡᠳᠪᠦᠷᠢᠯᠡᠵᠦ᠂ ᠮᠧᠩ ᠼᠦᠢ ᠶᠤᠸᠠᠨ ᠳᠥᠷᠪᠡᠨ ᠰᠢᠰᠲ᠋ᠧᠮ ᠤᠨ | ᠠᠮᠢ ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ | ᠰᠢ ᠵᠤᠸᠠᠩ ᠨᠤᠭᠤᠭᠠᠨ ᠴᠠᠬᠢᠷᠮ᠎ᠠ᠂ ᠭᠦᠸᠧ ᠵᠢᠶᠠ ᠶᠢᠩ ᠯᠠᠵᠤᠤ ᠵᠡᠷᠭᠡ ᠪᠠᠷ ᠲᠥᠯᠥᠭᠡᠯᠡᠭᠦᠯᠦᠭᠰᠡᠨ ︽ᠨᠢᠭᠡ | ᠲᠣᠰᠬᠤᠨ ᠨᠢᠭᠡ ᠪᠦᠲᠦᠭᠡᠭᠳᠡᠬᠦᠨ︾ ᠤ ᠤᠨᠴᠠᠯᠢᠬᠳᠤ ᠲᠠᠷᠢᠮᠠᠯ ᠠᠩᠬ᠎ᠠ ᠠᠯᠬᠤᠮ ᠬᠡᠪᠴᠢᠶᠡᠵᠢᠵᠦ᠂ ︽ᠢᠦᠶ | ᠴᠢᠤᠸᠠᠨ ᠲᠥᠪᠡᠳ ᠬᠠᠰᠢ︾ ︽ᠵᠣᠣ ᠵᠢᠶᠦ᠋ᠨ ᠭᠦᠵᠡᠯᠵᠡᠭᠡᠨ᠎ᠡ︾ ᠵᠡᠷᠭᠡ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠥᠷᠭᠡᠨ ᠢᠶᠠᠷ ᠮᠡᠳᠡᠷᠡᠭᠳᠡᠵᠦ᠂ ᠢ ᠰᠢᠶᠠᠩ ᠶᠤᠸᠠᠨ᠂ ᠾᠧ ᠢᠦᠶ᠂ ᠮᠧᠩ ᠭᠤᠸ᠎ᠠ ︽ᠪᠥᠬᠦ | ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ︾ ᠤ ᠭᠡᠷᠡᠴᠢᠯᠡᠯ ᠢ ᠭᠥᠷᠳᠡᠪᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠤᠯᠪᠣᠭᠠᠯᠠᠨ ᠲᠤᠰᠬᠠᠶ ᠮᠡᠷᠭᠡᠵᠢᠯᠲᠡᠨ ᠤ ᠠᠵᠢᠯ ᠤᠨ | ᠦᠷᠳᠡᠭᠡ ᠶᠢ ᠪᠠᠶᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠦᠨ ᠨᠡᠪᠴᠢᠭᠦᠯᠬᠦ ᠰᠠᠭᠤᠷᠢᠨ | ᠭᠠᠵᠠᠷ ᠢ ᠪᠠᠶᠢᠭᠤᠯᠪᠠ᠃ ᠲᠠᠷᠢᠶᠠᠯᠠᠩ ᠤᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ ᠤᠯᠤᠰ ᠤᠨ ᠲᠠᠰ ᠤᠨ | ᠬᠥᠲᠥᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ 6 ᠶᠢ | ᠪᠤᠶᠢᠵᠢᠭᠤᠯᠪᠠ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠩᠰᠠ | ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ 26 ᠡᠷᠦᠬᠡ ᠶᠢᠨ 48 ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠳᠠᠬᠢᠨ ᠶᠠᠳᠠᠭᠤᠷᠠᠬᠤ | ᠥᠬᠡᠶ᠂ ᠰᠢᠨ᠎ᠡ ᠪᠠᠷ ᠨᠡᠮᠡᠭᠳᠡᠭᠦᠯᠬᠦ ᠥᠬᠡᠶ︾ ᠪᠠᠶᠢᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠢᠳᠪᠦᠷᠢᠲᠦ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ | ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ 19 ᠪᠣᠯᠪᠠ᠃ ᠮᠧᠩ ᠺᠦᠨ ᠨᠠᠪᠴᠢᠨ ᠲᠠᠮᠠᠬᠢ᠂ ᠹᠦ᠋ ᠹᠧᠩ ᠠᠮᠢᠳᠤ | ᠪᠣᠳᠠᠰ ᠵᠡᠷᠭᠡ ᠭᠤᠤᠯᠯᠠᠭᠴᠢ ᠠᠵᠤ ᠠᠬᠤᠶᠢᠯᠠᠯ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃ ᠤᠯᠠᠮᠵᠢᠯᠠᠯᠲᠤ | ᠠᠵᠤ ᠦᠢᠯᠡᠰ ᠤᠨ ᠳᠡᠭᠡᠳᠦ ᠲᠡᠰ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠢᠯᠡᠳᠪᠦᠷᠢᠯᠡᠯ ᠢᠶᠠᠨ | ᠵᠣᠭᠰᠣᠭᠠᠭᠰᠠᠨ 16 ᠠᠵᠤ ᠠᠬᠤᠶᠢᠯᠠᠯ ᠰᠤᠯᠠᠯᠠᠨ ᠪᠤᠴᠠᠭᠠᠵᠤ ᠬᠡᠯᠪᠡᠷᠢ ᠶᠢ ᠨᠢ ᠬᠤᠪᠢᠷᠠᠭᠤᠯᠪᠠ᠃ ᠲᠠᠯ᠎ᠠ | ᠨᠤᠲᠤᠭ ᠤᠨ ᠤᠯᠠᠭᠠᠨ ᠨᠡᠷᠡᠨ ᠤ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠲᠣᠭᠲᠠᠭᠤᠨ ᠢᠶᠠᠷ ᠠᠬᠢᠭᠤᠯᠵᠤ᠂ | ᠶᠡᠷᠦᠩᠬᠡᠶ ᠪᠠᠯᠠ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠤᠨ ᠮᠡᠷᠭᠡᠵᠢᠯ ᠤᠨ ᠥᠭᠡᠷᠡᠴᠢᠯᠡᠯᠲᠡ ᠬᠢᠵᠦ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠪᠠ᠃ ᠮᠣᠨᠰᠲ ᠤᠨ ᠡᠮᠴᠢᠯᠡᠭᠡ᠂ | ᠾᠧᠦ ᠱᠧᠩ ᠢᠮᠠᠭᠠᠨ ᠨᠣᠯᠤᠤᠷ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ | ᠠᠰᠢᠭᠯᠠᠯᠲᠠ ᠳᠤ ᠤᠷᠤᠨ ᠦᠷ᠎ᠡ ᠪᠦᠲᠦᠮᠵᠢ ᠣᠯᠵᠤ᠂ ᠳ᠋ᠠ ᠱᠧᠩ ᠶᠧ᠂ ᠵᠢᠩ ᠵᠦᠸᠧ ᠵᠡᠷᠭᠡ ᠢᠮᠠᠭᠠᠨ | ᠨᠣᠯᠤᠤᠷ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠲᠠᠰᠤᠷᠠᠯᠲᠠ | ᠥᠬᠡᠶ ᠥᠷᠭᠡᠳᠬᠡᠪᠡ᠃ ᠮᠧᠶ ᠶᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠭᠡᠷ᠎ᠡ | ᠲᠣᠭᠲᠠᠵᠤ ᠨᠠᠶᠢᠳᠠᠪᠤᠷᠢᠵᠢᠭᠤᠯᠪᠠ᠃ ᠶᠢᠨ ᠶᠤᠸᠠᠨ ᠺᠠᠩ᠂ ᠪᠧᠷᠲᠯᠢ ᠤᠲᠠᠰᠤ ᠳᠡᠭᠡᠰᠦ ᠵᠡᠷᠭᠡ 9 ᠠᠵᠤ ᠠᠬᠤᠶᠢᠯᠠᠯ ᠢ | ᠪᠤᠶᠢᠵᠢᠭᠤᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠠᠵᠤ ᠦᠢᠯᠡᠳᠪᠦᠷᠢ ᠶᠢᠨ ︽ᠵᠢᠵᠢᠭ | ᠠᠪᠤᠷᠭᠤ ᠬᠥᠮᠦᠨ︾ ᠤ ᠠᠵᠤ ᠠᠬᠤᠶᠢᠯᠠᠯ ᠪᠤᠯᠭᠠᠪᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠶ ᠪᠠᠯᠠ | ᠮᠥᠩᠭᠦ ᠶᠢ 4715 ᠲᠦᠮᠡᠨ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠪᠴᠢᠯᠡᠨ ᠬᠥᠭᠵᠢᠪᠡ᠃ ᠬᠤᠸᠠ ᠯᠢᠶᠠᠨ ᠬᠡᠲᠦ | ᠳᠡᠯᠭᠡᠭᠦᠷ ᠤᠨ ᠥᠪᠥᠷ ᠮᠣᠩᠭᠤᠯ ᠳᠠᠬᠢ ᠶᠡᠷᠦᠩᠬᠡᠶ ᠵᠠᠬᠢᠷᠭ᠎ᠠ ᠮᠠᠨ ᠤ ᠲᠤᠭᠤᠷᠢᠭ ᠲᠤ ᠨᠤᠲᠤᠭᠰᠢᠵᠤ᠂ ᠬᠤᠸᠠ ᠷᠦᠨ | ᠸᠢᠶᠧᠨ᠋ᠲ᠋ᠢᠶᠠᠩ ᠬᠤᠲᠠ᠂ ᠸᠠᠨ ᠳ᠋ᠠ ᠠᠭᠤᠳᠠᠮ ᠲᠠᠯᠠᠪᠠᠶ ᠶᠢ ᠡᠬᠢᠯᠡᠨ ᠪᠠᠶᠢᠭᠤᠯᠵᠤ᠂ ᠯᠢ ᠴᠧᠩ ᠬᠤᠳᠠᠯᠳᠤᠭᠠᠨ ᠤ | ᠲᠠᠯᠠᠪᠠᠶ᠂ ᠬᠤᠸᠠᠩ ᠭᠤᠸᠠᠨ ᠠᠮᠠᠷᠠᠯᠲᠠ ᠶᠢᠨ ᠡᠳᠦᠷ ᠤᠨ ᠪᠠᠭᠤᠳᠠᠯ ᠡᠵᠡᠩᠨᠡᠯᠲᠡ ᠪᠠᠨ ᠡᠬᠢᠯᠡᠭᠦᠯᠦᠨ᠂ ᠴᠢ ᠼᠠᠢ | ᠴᠧᠩ ᠬᠤᠲᠠ᠂ ᠺᠠᠶ ᠳ᠋ᠧ · ᠨᠡᠬᠡᠮᠡᠯ ᠤᠨ ᠲᠥᠷᠥᠯ ᠵᠦᠢᠯ ᠤᠨ ᠡᠵᠡᠩᠨᠡᠯᠲᠡ ᠰᠠᠶᠢᠨ ᠪᠠᠶᠢᠵᠤ᠂ ᠮᠧᠶ ᠲᠦᠩ | ᠤᠷᠤᠨ ᠤ ᠲᠥᠪ ᠬᠤᠲᠠ ᠶᠢᠨ ᠪᠣᠬᠢᠷᠲᠤᠯ ᠥᠬᠡᠶ ᠪᠠᠷᠠᠭᠠᠨ ᠤ ᠭᠦᠢᠯᠭᠡᠭᠡᠨ ᠤ ᠲᠥᠪ ᠤᠯᠤᠰ ᠤᠨ ᠲᠠᠰ ᠤᠨ | ᠦᠢᠯᠡᠴᠢᠯᠡᠭᠡᠨ ᠤ ᠦᠢᠯᠡᠰ ᠤᠨ ᠪᠠᠷᠢᠮᠵᠢᠶᠠᠭᠰᠠᠨ ᠲᠤᠷᠰᠢᠯᠲᠠ ᠶᠢᠨ ᠠᠵᠤ ᠠᠬᠤᠶᠢᠯᠠᠯ ᠳᠤ ᠰᠣᠩᠭᠤᠭᠳᠠᠪᠠ᠃ | ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠬᠤᠤᠰ ᠡᠭᠦᠳᠦᠨ ᠪᠠᠶᠢᠭᠤᠯᠬᠤ ᠵᠡᠷᠭᠡ 6 ᠰᠢᠨ᠎ᠡ ᠶᠢ ᠡᠭᠦᠳᠬᠦ | ᠠᠳᠠᠯ ᠦᠢᠯᠡᠰ ᠴᠤᠭᠴᠠᠯᠠᠬᠤ ᠲᠠᠪᠴᠠᠩ ᠢ ᠪᠠᠶᠢᠭᠤᠯᠵᠤ᠂ 248 ᠪᠣᠳᠠᠲᠤ ᠴᠣᠭᠴᠠ ᠶᠢ ᠲᠡᠳᠡᠨ ᠣᠷᠣᠭᠤᠯᠪᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠤᠰᠬᠠᠶ ᠠᠰᠢᠭ | ᠭᠤᠶᠤᠴᠢᠯᠠᠭᠰᠠᠨ ᠲᠤᠭ᠎ᠠ 165 ᠪᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠤᠯᠠᠮ ᠨᠢᠭᠡ ᠠᠯᠬᠤᠮ ᠳᠡᠭᠡᠭᠰᠢᠯᠡᠪᠡ᠃ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠰᠦᠢᠶᠤᠸᠠᠨ ᠤ ᠡᠯ᠎ᠡ | ᠡᠲᠡᠭᠡᠳ ᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ ᠶᠢᠨ ᠳᠤᠷᠠᠰᠬᠠᠯ ᠤᠨ | ᠣᠷᠳᠣᠨ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠲᠦᠮᠡᠳ ᠤᠨ ᠰᠦᠮ᠎ᠡ ᠵᠡᠷᠭᠡ | ᠬᠤᠪᠢᠰᠬᠠᠯ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠣᠳᠣᠨ ᠵᠢᠭᠤᠯᠴᠢᠯᠠᠯ ᠤᠨ ᠲᠥᠷᠥᠯ ᠵᠦᠢᠯ ᠢ | ᠳᠦᠯᠬᠢᠨ ᠭᠠᠷᠭᠠᠪᠠ᠃ ᠵᠣᠣ ᠵᠢᠶᠦ᠋ᠨ ᠤ ᠰᠣᠶᠣᠯ ᠢ ᠠᠭᠤᠳᠠᠯᠬᠤ ᠳᠤ 8.5 ᠳ᠋ᠦᠩᠰᠢᠭᠤᠷ ᠲᠥᠭᠦᠷᠢᠭ ᠣᠷᠣᠭᠤᠯᠵᠤ᠂ | ᠵᠣᠣ ᠵᠢᠶᠦ᠋ᠨ ᠤ ᠮᠦᠽᠧᠶ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠳᠠᠭᠤᠰᠬᠠᠪᠠ᠃ ᠬᠠᠭᠤᠴᠢᠨ ᠬᠤᠳᠠ ᠶᠢᠨ | ᠰᠣᠶᠣᠯ ᠢ ᠤᠯᠠᠮᠵᠢᠯᠠᠨ ᠵᠠᠯᠭᠠᠮᠵᠢᠯᠠᠵᠤ᠂ ︽ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ | ᠠᠮᠲᠠᠲᠤ ᠢᠳᠡᠭᠡᠨ ᠤ ᠤᠯᠠᠷᠢᠯ︾᠂ ︽ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠰᠣᠶᠣᠯ ᠤᠨ ᠰᠦᠮ᠎ᠡ ᠶᠢᠨ | ᠴᠤᠭᠯᠠᠭᠠᠨ︾ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠪᠠᠷ ᠡᠷᠬᠢᠯᠡᠵᠦ᠂ ᠬᠦᠢ ᠬᠤᠸᠠ ᠬᠤᠳᠠ ᠶᠢᠨ | ᠬᠠᠭᠤᠴᠢᠨ ᠵᠡᠭᠡᠯᠢ ᠲᠣᠭᠤᠷᠢᠭ ᠤᠨ ᠦᠵᠡᠭᠦᠯᠦᠯᠭᠡ ᠶᠢᠨ ᠣᠷᠳᠣᠨ ᠢ ᠪᠠᠶᠢᠭᠤᠯᠵᠤ᠂ ᠪᠣᠭᠤᠮᠲᠠ ᠶᠢᠨ ᠬᠠᠭᠤᠴᠢᠨ | ᠵᠡᠭᠡᠯᠢ ᠲᠣᠭᠤᠷᠢᠭ ᠤᠨ ᠬᠡᠰᠡᠭ ᠨᠢ ᠠᠩᠬᠠᠨ ᠤ ᠪᠦᠯᠦᠭ ᠤᠨ ᠤᠯᠤᠰ ᠤᠨ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠲᠣᠭᠤᠷᠢᠭ᠂ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ ᠢᠶᠠᠷ ᠦᠨᠡᠯᠡᠭᠳᠡᠪᠡ᠃ | ︵ᠭᠤᠷᠪᠠ︶ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠪᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠲᠤᠪᠤᠶᠢᠮ᠎ᠠ ᠠᠮᠵᠢᠯᠲᠠ ᠤᠯᠪᠠ᠃ 25 ᠳᠥᠭᠦᠮ | ᠪᠦᠲᠦᠴᠡᠲᠦ ᠣᠷᠣᠨ ᠰᠠᠭᠤᠴᠠ ᠶᠢᠨ ᠬᠤᠷᠢᠶᠠᠯᠠᠯ ᠵᠢᠴᠢ ᠬᠤᠲᠠ ᠶᠢᠨ ᠵᠠᠬ᠎ᠠ ᠶᠢᠨ ᠥᠯᠥ ᠣᠨᠣᠭᠳᠠᠬᠤ ᠭᠠᠵᠠᠷ ᠢ | ᠲᠠᠲᠠᠪᠤᠷᠢᠯᠠᠨ ᠨᠤᠷᠠᠭᠠᠬᠤ ᠶᠢ ᠬᠡᠷᠡᠭᠵᠢᠭᠦᠯᠵᠦ᠂ ᠨᠡᠶᠢᠲᠡ 111 ᠲᠦᠮᠡᠨ ᠲᠡᠭᠰᠢ ᠳᠥᠷᠪᠡᠯᠵᠢᠨ ᠮᠧᠲᠷ ᠤᠨ ᠬᠡᠷ | ᠪᠠᠶᠢᠰᠢᠩ ᠤᠨ ᠲᠠᠯᠠᠪᠠᠶ ᠶᠢ ᠲᠠᠲᠠᠪᠤᠷᠢᠯᠠᠪᠠ᠃ 49 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ | ᠪᠠᠶᠠᠨ ᠲᠦᠷᠭᠡᠨ ᠬᠤᠷᠲᠤᠴᠠᠲᠤ ᠵᠠᠮ᠂ ᠭᠤᠷᠪᠠᠳᠤᠭᠠᠷ ᠲᠣᠭᠤᠷᠢᠯ ᠵᠠᠮ ᠤᠨ ᠲᠦᠷᠭᠡᠨ ᠬᠤᠷᠳᠤᠴᠠᠲᠤ ᠵᠠᠮ᠂ ᠭᠠᠵᠠᠷ | ᠳᠣᠤᠷᠠᠬᠢ ᠲᠡᠮᠦᠷ ᠵᠠᠮ ᠤᠨ ᠨᠢᠭᠡᠳᠦᠭᠡᠷ ᠬᠤᠶᠠᠳᠤᠭᠠᠷ ᠱᠤᠭᠤᠮ ᠤᠨ ᠲᠠᠲᠠᠪᠤᠷᠢᠯᠠᠨ ᠨᠤᠷᠠᠭᠠᠬᠤ ᠪᠠ ᠡᠭᠦᠯᠡᠨ ᠳᠤᠮᠳᠠ | ᠵᠠᠮ ᠤᠨ ᠬᠤᠯᠪᠣᠬᠤ ᠱᠤᠭᠤᠮ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠪᠡᠶᠡᠯᠡᠭᠦᠯᠵᠦ᠂ | 16 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ 42 ᠵᠤᠷᠪᠤᠰ ᠵᠢᠵᠢᠭ | ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ ᠵᠠᠮ ᠬᠠᠷᠢᠯᠴᠠᠭ᠎ᠠ ᠨᠠᠩ ᠰᠠᠭᠠᠳ ᠥᠬᠡᠶ᠂ ᠳᠥᠭᠦᠮ ᠳᠥᠲᠡ᠂ | ᠠᠮᠤᠷ ᠲᠦᠪᠰᠢᠨ ᠪᠣᠯᠪᠠ᠃ 137 ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠦᠷᠦᠯ ᠵᠦᠢᠯ ᠤᠨ | ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ 7.5 ᠲᠦᠮᠡᠨ ᠡᠷᠦᠭᠡ ᠳᠤ ᠭᠡᠷ ᠪᠠᠶᠢᠰᠢᠩ ᠤᠨ | ᠥᠮᠴᠢᠯᠡᠯ ᠤᠨ ᠡᠷᠬᠡ ᠶᠢ ᠭᠦᠢᠴᠡᠳᠬᠡᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢᠯᠡᠳᠲᠡ ᠰᠠᠶᠢᠵᠢᠷᠠᠵᠤ᠂ 53 ᠲᠣᠰᠬᠤᠨ ᠳᠤ ᠲᠤᠰᠬᠠᠶᠢᠵᠢᠭᠰᠠᠨ ᠠᠷᠢᠭᠤᠨ ᠴᠡᠪᠡᠷ᠂ ᠵᠠᠬ᠎ᠠ | ᠳᠡᠯᠭᠡᠭᠦᠷᠴᠢᠯᠡᠭᠰᠡᠨ ᠠᠵᠢᠯᠯᠠᠭᠠᠨ ᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ | ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ 80 ᠨᠡᠶᠢᠲᠡ ᠶᠢᠨ ᠵᠣᠷᠯᠣᠩ ᠢ ᠪᠠᠶᠢᠭᠤᠯᠵᠤ᠂ | 6311 ᠡᠷᠦᠬᠡ ᠶᠢᠨ ᠵᠣᠷᠯᠣᠩ ᠢ ᠥᠭᠡᠷᠡᠴᠢᠯᠡᠵᠦ᠂ ᠠᠮᠢᠳᠤᠷᠠᠯ ᠤᠨ ᠪᠣᠬᠢᠷ ᠤᠰᠤ ᠪᠠ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠪᠦᠲᠦᠮᠵᠢᠲᠡᠶ ᠪᠠᠷ ᠵᠠᠰᠠᠪᠠ᠃ ᠡᠰᠢ ᠰᠦᠷᠡᠯ ᠢ ᠡᠭᠡᠭᠦᠯᠦᠨ ᠬᠤᠷᠢᠶᠠᠵᠤ ᠠᠰᠢᠭᠯᠠᠬᠤ ᠶᠢ | ᠨᠡᠮᠡᠭᠳᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠳᠤ ᠬᠦᠷᠦᠭᠦᠯᠪᠡ᠃ 33 ᠭᠠᠴᠠᠭᠠᠨ ᠤ ᠠᠶᠢᠯ | ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ | ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ | ᠬᠤᠲᠠ ᠶᠢᠨ ᠬᠠᠮᠢᠶᠠᠷᠤᠯᠲᠠ ᠡᠳᠦᠷ ᠢᠷᠡᠬᠦᠶ᠎ᠡ ᠨᠠᠷᠢᠯᠢᠭᠵᠢᠪᠠ᠃ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠥ᠋ᠬᠦ ᠲᠤᠭᠤᠷᠢᠭ ᠤᠨ | 7000 ᠭᠠᠷᠤᠶ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭᠠᠲᠤ ᠨᠢᠭᠡᠴᠡ ᠳᠤ ᠲᠣᠮᠣ | ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ︽ᠵᠢᠷᠭᠤᠭᠠᠨ ᠰᠠᠮᠠᠭᠤᠷᠠᠯ︾ ᠢ ᠴᠡᠭᠴᠡᠯᠡᠨ ᠵᠠᠰᠠᠬᠤ | ᠠᠵᠢᠯ ᠢ ᠪᠠᠶᠢᠩᠭᠤᠵᠢᠭᠤᠯᠵᠤ᠂ ᠲᠣᠭᠲᠠᠭᠠᠯ ᠢ ᠵᠥᠷᠢᠴᠡᠨ ᠡᠵᠡᠩᠨᠡᠭᠰᠡᠨ ᠠᠵᠢᠯᠯᠠᠭ᠎ᠠ 23.6 ᠲᠦᠮᠡᠨ ᠶᠢ | ᠪᠠᠶᠢᠴᠠᠭᠠᠨ ᠰᠢᠢᠳᠪᠦᠷᠢᠯᠡᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠵᠠᠮ ᠤᠨ ᠴᠡᠪᠡᠷᠯᠡᠭᠡ ᠴᠡᠪᠡᠷᠯᠡᠯᠲᠡ ᠶᠢᠨ ᠲᠠᠯᠠᠪᠠᠶ 1309 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠦ᠂ ᠮᠠᠰᠢᠨᠴᠢᠯᠠᠭᠰᠠᠨ ᠠᠵᠢᠯᠯᠠᠭᠠᠨ ᠤ ᠨᠣᠷᠮ᠎ᠠ 91% ᠳᠤ ᠬᠥᠷᠪᠡ᠃ | ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠶᠢ ᠲᠦᠯᠬᠢᠨ ᠠᠬᠢᠭᠤᠯᠵᠤ᠂ ᠬᠤᠭ ᠨᠣᠪᠰᠢ ᠶᠢ | ᠲᠦᠷᠦᠯ ᠬᠤᠪᠢᠶᠠᠬᠤ ᠬᠢᠨᠠᠨ ᠵᠢᠯᠤᠭᠤᠳᠤᠭᠴᠢ 700 ᠬᠥᠮᠦᠨ ᠢ ᠨᠡᠮᠡᠨ ᠪᠠᠶᠢᠭᠤᠯᠵᠤ᠂ ᠲᠦᠷᠦᠯ ᠬᠤᠪᠢᠶᠠᠨ | ᠪᠠᠷᠢᠮᠵᠢᠶ᠎ᠠ ᠳᠤ ᠬᠦᠷᠭᠡᠬᠦ ᠨᠤᠷᠮ᠎ᠠ ᠶᠢ 40% ᠪᠠᠶᠢᠭᠰᠠᠨ ᠠᠴᠠ 85% ᠪᠣᠯᠲᠠᠯ᠎ᠠ ᠳᠡᠭᠡᠭᠰᠢᠯᠡᠭᠦᠯᠪᠡ᠃ ᠨᠡᠶᠢᠲᠡ ᠶᠢᠨ | ᠵᠣᠷᠯᠣᠩ 556᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ 10 ᠶᠢ ᠰᠢᠨ᠎ᠡ ᠪᠠᠷ ᠥᠭᠡᠷᠡᠴᠢᠯᠡᠨ | ᠪᠠᠶᠢᠭᠤᠯᠪᠠ᠃ ︽ᠬᠤᠶᠠᠷ ᠢ ᠵᠥᠷᠢᠴᠡᠭᠰᠡᠨ︾ ᠪᠠᠶᠢᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠡᠯ᠎ᠡ ᠲᠦᠷᠦᠯ ᠤᠨ ᠲᠣᠭᠲᠠᠭᠠᠯ ᠢ ᠵᠥᠷᠢᠴᠡᠨ ᠪᠠᠶᠢᠭᠤᠯᠤᠭᠰᠠᠨ 12 ᠲᠦᠮᠡᠨ ᠲᠡᠭᠰᠢ ᠳᠥᠷᠪᠡᠯᠵᠢᠨ ᠮᠧᠲᠷ ᠰᠢᠬᠠᠮ | ᠭᠠᠵᠠᠷ ᠢ ᠨᠤᠷᠠᠭᠠᠵᠤ᠂ ︽ᠲᠤᠮᠤ ᠰᠠᠷᠠᠪᠴᠢᠨ ᠭᠡᠷ︾ ᠢ 464 ᠨᠤᠷᠠᠭᠠᠵᠤ᠂ ᠬᠤᠳᠬᠤᠨ ᠵᠢᠭᠤᠷᠠᠬᠤ ᠦᠷᠳᠡᠭᠡ ᠶᠢᠨ | ᠡᠯᠡᠰᠦᠨ ᠲᠠᠯᠠᠪᠠᠢ ᠶᠢ 11 ᠨᠤᠷᠠᠭᠠᠪᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ | ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠭᠦᠨᠵᠡᠭᠡᠶ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ︵ᠲᠦᠷᠪᠡ︶ ᠵᠠᠰᠠᠬᠤ ᠶᠢ ᠴᠢᠬᠤᠯᠠᠴᠢᠯᠠᠨ᠂ ᠬᠠᠯᠬᠠᠪᠴᠢ ᠪᠠᠶᠢᠭᠤᠯᠵᠤ᠂ ᠠᠮᠢ ᠠᠬᠤᠶ ᠶᠢᠨ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ | ᠬᠦᠬᠡ ᠲᠩᠷᠢ᠂ ᠴᠡᠩᠬᠡᠷ ᠤᠰᠤ᠂ ᠴᠡᠪᠡᠷ ᠬᠥᠷᠥᠰᠥ ᠵᠡᠷᠭᠡ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠨ | ᠰᠢᠢᠳᠪᠦᠷᠢᠯᠡᠭᠴᠢ ᠴᠢᠨᠠᠷᠲᠠᠶ ᠢᠯᠠᠯᠲᠠ ᠤᠯᠪᠠ᠃ ︽ᠵᠢᠷᠭᠤᠭᠠᠨ ᠵᠠᠭᠤᠨ ᠤ ᠵᠠᠭᠤ︾ ᠶᠢᠨ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠳᠠᠭᠠᠶ ᠪᠠᠷ ᠡᠰᠢ ᠰᠦᠷᠡᠯ ᠰᠢᠲᠠᠭᠠᠬᠤ ᠦᠢᠯᠡ | ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ 58 ᠨᠡᠭᠦᠷᠡᠰᠦ ᠰᠢᠲᠠᠭᠠᠬᠤ ᠭᠦᠸᠧᠯᠦ ᠶᠢ ᠵᠠᠳᠠᠯᠤᠨ ᠥᠭᠡᠷᠡᠴᠢᠯᠡᠵᠦ᠂ 56 | ᠲᠣᠰᠬᠤᠨ ︵ᠨᠡᠶᠢᠭᠡᠮ ᠲᠣᠭᠤᠷᠢᠭ︶ ᠤ 3.6 ᠲᠦᠮᠡᠨ ᠡᠷᠦᠬᠡ ᠰᠠᠭᠤᠭᠠᠯᠢ ᠠᠷᠠᠳ ᠤᠨ ᠲᠦᠯᠡᠰᠢᠨ ᠨᠡᠭᠦᠷᠡᠰᠦ ᠶᠢ | ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃ ᠭᠤᠣᠯ ᠮᠥᠷᠡᠨ ᠤ ᠳᠠᠷᠤᠭ᠎ᠠ ᠶᠢᠨ ᠲᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠡᠳᠦᠷ ᠲᠤᠳᠤᠮ ᠤᠨ | ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠶᠢ ᠬᠡᠷᠡᠭᠵᠢᠭᠦᠯᠵᠦ᠂ ︽ᠲᠦᠷᠪᠡᠨ ᠭᠤᠣᠯ︾ ᠢ ᠵᠠᠰᠠᠵᠤ᠂ ︽ᠲᠠᠪᠤᠨ | ᠰᠠᠮᠠᠭᠤᠷᠠᠯ︾ ᠢ ᠴᠡᠪᠡᠷᠯᠡᠵᠦ᠂ ᠲᠣᠭᠲᠠᠭᠠᠯ ᠠᠴᠠ ᠵᠥᠷᠢᠴᠡᠨ ᠭᠠᠳᠠᠭᠰᠢᠯᠠᠭᠤᠯᠬᠤ ᠠᠮᠠᠰᠠᠷ ᠢ ᠪᠦᠬᠦᠨ ᠢ ᠪᠥᠭᠯᠡᠵᠦ᠂ | ᠬᠠᠷ᠎ᠠ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠪᠠ᠃ ᠵᠠᠳᠠᠭᠠᠶ ᠭᠤᠤᠯ᠂ ᠶᠡᠭᠡ ᠲᠦᠷᠭᠡᠨ | ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠵᠢᠴᠢ ᠪᠠᠭ᠎ᠠ ᠲᠦᠷᠭᠡᠨ ᠭᠤᠤᠯ᠂ ᠤᠰᠤᠲᠤ ᠭᠤᠤᠯ ᠤᠨ ᠵᠠᠮ ᠤᠨ | ᠬᠤᠷᠠᠭᠰᠠᠨ ᠢ ᠠᠷᠢᠯᠭᠠᠨ ᠯᠠᠶᠢᠳᠠᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ ᠭᠤᠤᠯ ᠤᠨ ᠵᠠᠮ ᠤᠨ | ᠤᠰᠤᠨ ᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ | ᠡᠭᠦᠰᠦᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ | ᠪᠣᠬᠢᠷᠲᠤᠯ ᠲᠠᠢ︾ 142 ᠠᠵᠤ ᠠᠬᠤᠶᠢᠯᠠᠯ ᠢ ᠬᠠᠭᠠᠵᠤ ᠵᠣᠭᠰᠣᠭᠠᠭᠠᠳ᠂ ᠪᠣᠷᠳᠣᠭᠤᠷ ᠢ ᠬᠢᠵᠠᠭᠠᠷᠯᠠᠬᠤ᠂ | ᠬᠠᠯᠢᠰᠤ ᠶᠢ ᠪᠠᠭᠠᠰᠬᠠᠬᠤ ᠦᠷ᠎ᠡ ᠪᠦᠲᠦᠮᠵᠢ ᠢᠯᠡᠳᠲᠡ ᠪᠣᠯᠵᠣ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 91% ᠳᠤ ᠬᠦᠷᠦᠭᠦᠯᠪᠡ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠠᠵᠢᠯ ᠢ ᠴᠢᠩᠭᠠᠳᠬᠠᠵᠤ᠂ ᠴᠡᠴᠡᠷᠯᠢᠭ ᠢᠶᠠᠷ ᠵᠤᠭᠠᠴᠠᠬᠤ ᠵᠦᠯᠭᠡ ᠭᠠᠵᠠᠷ᠂ ᠬᠠᠷᠮᠠᠨ ᠴᠡᠴᠡᠷᠯᠢᠭ ᠢ 38 ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ 253.7 ᠲᠦᠮᠡᠨ ᠲᠡᠭᠰᠢ ᠳᠥᠷᠪᠡᠯᠵᠢᠨ ᠮᠧᠲᠷ ᠤᠨ ᠵᠦᠯᠭᠡ ᠭᠠᠵᠠᠷ ᠢ ᠰᠢᠨ᠎ᠡ ᠪᠠᠷ | ᠨᠡᠮᠡᠭᠳᠡᠭᠦᠯᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 32.1% ᠪᠠᠶᠢᠭᠰᠠᠨ ᠠᠴᠠ 37.4% | ᠪᠣᠯᠲᠠᠯ᠎ᠠ ᠨᠡᠮᠡᠭᠳᠡᠭᠦᠯᠪᠡ᠃ | ︵ᠲᠠᠪᠤ︶ ᠣᠷᠴᠢᠨ ᠠᠬᠤᠶ ᠶᠢ ᠰᠢᠯᠢᠳᠡᠭᠵᠢᠭᠦᠯᠦᠨ᠂ ᠦᠢᠯᠡᠴᠢᠯᠡᠭᠡ ᠶᠢ ᠴᠢᠩᠭᠠᠳᠬᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠴᠢᠩᠭᠠᠷᠠᠭᠤᠯᠪᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠢᠨ᠎ᠡ ᠪᠠᠶᠢᠳᠠᠯ ᠲᠠᠢ ᠪᠣᠯᠪᠠ᠃ ᠥᠪᠡᠷᠲᠡᠭᠡᠨ ᠵᠠᠰᠠᠬᠤ | ᠣᠷᠣᠨ ᠤ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 209 ᠤᠯᠤᠰ ᠤᠨ ᠵᠠᠮ ᠤᠨ | ᠲᠤᠭᠤᠷ ᠤᠨ ᠴᠡᠴᠡᠭ ᠤᠨ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠤᠯᠭᠠᠨ ᠨᠤᠷᠠᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠨ᠎ᠡ ᠲᠢᠩᠬᠢᠮ ᠢ ᠠᠰᠢᠭᠯᠠᠯᠲᠠ ᠳᠤ ᠣᠷᠣᠭᠤᠯᠪᠠ᠃ ︽7 × 24 ᠴᠠᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠲᠦ ᠳᠡᠯᠭᠡᠭᠦᠷ︾ ᠢ ᠪᠠᠶᠢᠭᠤᠯᠵᠤ᠂ ︽ᠨᠢᠭᠡ ᠲᠠᠮᠠᠭ᠎ᠠ ᠪᠠᠷ ᠬᠢᠨᠠᠨ | ᠵᠥᠪᠰᠢᠶᠡᠷᠡᠬᠦ ᠶᠢ ᠬᠠᠮᠢᠶᠠᠷᠬᠤ︾ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠵᠦ᠂ 466 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠨ ᠵᠦᠢᠯᠡᠰ ᠪᠠ 173 ᠵᠦᠢᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠶᠠᠪᠤᠳᠠᠯ ᠤᠨ ᠵᠦᠢᠯᠡᠰ ᠢ ᠪᠦᠬᠦᠨ ᠢ ᠶᠡᠭᠡ ᠲᠢᠩᠬᠢᠮ ᠳᠤ ᠣᠷᠣᠭᠤᠯᠵᠤ᠂ 620 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠨ ᠵᠦᠢᠯᠡᠰ ᠢ ︽ᠬᠠᠮᠤᠭ ᠤᠨ ᠣᠯᠠᠨ ᠳᠠᠭᠠᠨ ᠨᠢᠭᠡ ᠯᠡ ᠭᠦᠶᠦᠯᠭᠡᠬᠦ︾ | ᠶᠢ ᠪᠡᠶᠡᠯᠡᠭᠦᠯᠪᠡ᠃ ᠠᠵᠤ ᠠᠬᠤᠶᠢᠯᠠᠯ ᠤᠨ ᠠᠵᠢᠯ ᠡᠷᠭᠢᠯᠡᠬᠦ ᠴᠠᠭ ᠢ 0.5 ᠠᠵᠢᠯᠯᠠᠬᠤ ᠡᠳᠦᠷ ᠪᠣᠯᠭᠠᠨ | ᠪᠣᠭᠤᠨᠢᠰᠬᠠᠵᠤ᠂ ᠪᠠᠷᠢᠯᠭ᠎ᠠ ᠶᠢᠨ ᠵᠥᠪᠰᠢᠶᠡᠷᠡᠯ ᠤᠨ ᠦᠨᠡᠮᠯᠡᠯ ᠣᠯᠭᠤᠬᠤ ᠴᠠᠭ ᠤᠨ ᠬᠢᠵᠠᠭᠠᠷ ᠢ 3 ᠠᠵᠢᠯᠯᠠᠬᠤ ᠡᠳᠦᠷ | ᠪᠣᠯᠭᠠᠨ ᠪᠤᠭᠤᠨᠢᠰᠬᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠵᠣᠭᠤᠰ ᠢ 3.2 ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠪᠠ᠃ ᠭᠠᠶᠢᠯᠢ ᠰᠦᠢᠳᠬᠡᠯ ᠤᠨ | ᠥᠭᠡᠷᠡᠴᠢᠯᠡᠯᠲᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ 15.1 ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠠᠮᠢᠵᠢᠷᠠᠯ ᠤᠨ ᠬᠦᠴᠦᠨ | ᠲᠠᠰᠤᠷᠠᠯᠳᠠ ᠦᠭᠡᠢ ᠴᠢᠩᠭᠠᠷᠠᠪᠠ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠢᠯᠡᠷᠬᠡᠢ ᠪᠤᠯᠪᠠ᠃ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢ ᠬᠥᠭᠵᠢᠯᠲᠡ ᠶᠢ ᠠᠬᠢᠭᠤᠯᠬᠤ ᠶᠢᠨ ᠨᠢᠭᠡᠳᠦᠭᠡᠷ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠲᠥᠷᠥᠯ ᠵᠦᠢᠯ ᠤᠨ ᠬᠥᠮᠥᠷᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠰᠠᠭᠠᠳ ᠥᠬᠡᠶ | ᠨᠡᠪᠲᠡᠷᠡᠬᠦ ᠵᠠᠮ︾ ᠪᠠ ᠪᠥᠬᠦ ᠶᠠᠪᠤᠴᠠ ᠳᠤ ᠲᠤᠰᠬᠠᠶ ᠬᠥᠮᠦᠨ ᠲᠤᠰᠬᠠᠶ ᠠᠩᠭᠢ ᠶᠢᠨ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠪᠠ᠃ ᠰᠣᠶᠣᠯ ᠤᠨ ᠵᠢᠭᠤᠯᠴᠢᠯᠠᠯ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ | ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠬᠦᠷᠢᠶᠡᠨ ᠤ ᠲᠣᠭᠤᠷᠢᠨ ᠳᠤ᠂ 558 ᠲᠠᠯᠠᠪᠤᠷ | ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ 168 ᠠᠵᠤ ᠠᠬᠤᠶᠢᠯᠠᠯ ᠲᠠᠢ ᠵᠣᠯᠭᠠᠭᠤᠯᠵᠤ᠂ 180 ᠵᠦᠢᠯ ᠤᠨ | ᠦᠢᠯᠡᠴᠢᠯᠡᠭᠡᠨ ᠤ ᠲᠥᠷᠥᠯ ᠵᠦᠢᠯ ᠢ ᠮᠥᠷᠳᠡᠨ ᠳᠠᠭᠠᠵᠤ᠂ ᠪᠡᠭᠡᠵᠢᠩ ᠤᠨ ᠬᠤᠸᠠ ᠯᠢᠶᠠᠨ ᠵᠡᠷᠭᠡ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 14 ᠲᠥᠷᠥᠯ ᠵᠦᠢᠯ ᠢ ᠡᠬᠢᠯᠡᠭᠦᠯᠵᠦ᠂ ᠮᠧᠩ ᠺᠦᠨ ᠨᠠᠪᠴᠢᠨ ᠲᠠᠮᠠᠬᠢ ᠶᠢᠨ | ᠨᠥᠭᠡᠴᠡ ᠶᠢᠨ ᠬᠥᠮᠥᠷᠭᠡ ᠵᠡᠷᠭᠡ 8 ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠨ ᠠᠬᠢᠭᠤᠯᠵᠤ᠂ ᠪᠠᠯ ᠴᠢᠯᠠᠭᠤᠨ | ᠠᠯᠺᠧᠨ ᠤ ᠮᠠᠲ᠋ᠧᠷᠢᠶᠠᠯ ᠤᠨ ᠬᠡᠷᠡᠭᠯᠡᠯᠲᠡ ᠵᠡᠷᠭᠡ 25 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ | 153 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠵᠥᠪᠳᠡᠯᠴᠡᠪᠡ᠃ | ︵ᠵᠢᠷᠭᠤᠭ᠎ᠠ︶ ᠬᠤᠷᠢᠭ᠎ᠠ ᠱᠤᠭᠤᠮ ᠢ ᠰᠠᠬᠢᠵᠤ᠂ ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ | ᠢᠦᠢ ᠴᠢᠤᠸᠠᠨ ᠢ ᠯᠠᠪᠳᠠᠭᠤᠨ ᠪᠠᠲᠤᠲᠠᠢ ᠠᠬᠢᠭᠤᠯᠪᠠ | ᠤᠯᠠᠨ ᠲᠠᠯ᠎ᠠ ᠶᠢᠨ ᠬᠢᠨ ᠪᠡᠯᠡ ᠮᠥᠩᠭᠦ ᠴᠤᠭᠯᠠᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ | ᠨᠡᠶᠢᠳᠡ 21.2 ᠳ᠋ᠦᠩᠰᠢᠭᠤᠷ ᠲᠥᠭᠦᠷᠢᠭ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠡᠷᠦᠩᠬᠡᠶ | ᠬᠡᠮᠵᠢᠶ᠎ᠡ ᠶᠢ ᠶᠡᠷᠦᠩᠬᠡᠶ ᠳᠡᠭᠡᠨ ᠡᠵᠡᠮᠳᠡᠵᠦ ᠴᠢᠳᠠᠬᠤ ᠪᠣᠯᠭᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ︽ᠵᠢᠷᠭᠤᠭ᠎ᠠ ᠶᠢ ᠴᠡᠪᠡᠷᠯᠡᠬᠦ︾ ᠡᠭᠦᠷᠭᠡ ᠶᠢ ᠪᠥᠬᠦᠳᠡ ᠶᠢ | ᠪᠡᠶᠡᠯᠡᠭᠦᠯᠵᠦ᠂ ᠬᠠᠷᠭᠢᠰ ᠬᠦᠴᠦᠨ ᠤ 12 ᠡᠪᠰᠡᠯ ᠪᠦᠯᠦᠭ ᠢ ᠴᠣᠬᠢᠨ ᠤᠨᠠᠭᠠᠵᠤ᠂ 81 ᠶᠠᠯ᠎ᠠ ᠬᠢᠭᠰᠡᠨ | ᠰᠡᠵᠢᠭᠯᠡᠯᠲᠡᠶ ᠬᠥᠮᠦᠨ ᠢ ᠪᠥᠬᠦᠳᠡ ᠶᠢ ᠵᠠᠭᠠᠯᠳᠤᠨ ᠲᠠᠰᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠢᠯᠵᠠᠷᠠᠯ ᠪᠠ ︽ᠬᠠᠮᠠᠭᠠᠯᠠᠭᠴᠢ ᠰᠢᠬᠦᠷ︾ ᠤᠨ ᠠᠰᠠᠭᠤᠳᠠᠯ ᠤᠨ 13 ᠬᠡᠷᠡᠭ 13 ᠬᠥᠮᠦᠨ ᠢ | ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠪᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠷᠡᠭᠦᠦ ᠶᠢᠨ ᠬᠡᠷᠡᠭ᠂ ᠠᠮᠤᠷ ᠲᠦᠪᠰᠢᠨ ᠤ | ᠬᠡᠷᠡᠭ ᠤᠨ ᠬᠤᠣᠰ ᠪᠠᠭᠤᠷᠠᠯᠲᠠ ᠶᠢ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ | ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ | ᠪᠠᠶᠢᠭᠤᠯᠤᠯᠲᠠ ᠶᠢ ᠬᠦᠴᠦᠲᠡᠢ ᠴᠢᠩᠭᠠᠳᠬᠠᠵᠤ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠠᠵᠢᠯ ᠤᠨ | ᠬᠠᠤᠯᠢ ︽ᠪᠦᠬᠦ ᠤᠯᠤᠰ ᠤᠨ ᠰᠢᠯᠢᠳᠡᠭ ᠨᠡᠶᠢᠭᠡᠮ ᠲᠣᠭᠤᠷᠢᠭ ᠤᠨ ᠠᠵᠢᠯ ᠤᠨ ᠬᠠᠤᠯᠢ︾ ᠪᠠᠷ ᠦᠨᠡᠯᠡᠭᠳᠡᠪᠡ᠃ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ 120 ᠪᠠᠶᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ 463 ᠬᠤᠪᠢ ᠬᠦᠴᠦ ᠣᠷᠣᠭᠤᠯᠤᠨ ᠰᠢᠢᠳᠪᠦᠷᠢᠯᠡᠪᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠢᠯᠡ ᠲᠣᠭᠤᠭ᠎ᠠ︾ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽11 · 22︾ ᠤᠨ ᠮᠢᠨ ᠾᠧ ᠴᠡᠴᠡᠷᠯᠢᠭ ᠬᠤᠷᠢᠶᠠᠯᠠᠯ ᠤᠨ | ᠳᠡᠯᠪᠡᠷᠡᠨ ᠨᠣᠴᠣᠬᠤ ᠠᠳᠡᠯ ᠢ ᠲᠣᠬᠢᠲᠠᠶ ᠰᠢᠢᠳᠪᠦᠷᠢᠯᠡᠪᠡ᠃ ᠬᠥᠯᠥᠰᠥᠨ ᠠᠵᠢᠯᠴᠢᠨ ᠤ ᠴᠠᠯᠢᠩ ᠥᠭᠬᠦ ᠶᠢ | ᠪᠠᠲᠤᠯᠠᠬᠤ ︽ᠳᠥᠷᠪᠡᠨ ᠳᠦᠷᠢᠮ ᠬᠤᠶᠠᠷ ᠮᠥᠩᠭᠦ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠡᠶᠡᠳᠡᠭᠦᠯᠦᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠯᠠᠪᠳᠠᠭᠤᠨ ᠢᠶᠠᠷ ᠳᠡᠯᠭᠡᠷᠡᠭᠦᠯᠦᠨ | ᠬᠡᠷᠡᠭᠯᠡᠵᠦ᠂ ︽ᠠᠨᠠᠷ ᠤᠨ ᠦᠷ᠎ᠡ ᠶᠢᠨ ᠠᠵᠢᠯᠯᠠᠭ᠎ᠠ︾ ᠶᠢ ᠥᠷᠨᠢᠭᠦᠯᠵᠦ᠂ ᠤᠯᠤᠰ ᠤᠨ ᠳᠡᠰ ᠤᠨ᠂ ᠥᠪᠡᠷᠲᠡᠭᠡᠨ | ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠢᠭᠡᠴᠡ ᠶᠢ 4 ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢᠶᠠᠷ | ᠦᠨᠡᠯᠡᠭᠳᠡᠪᠡ᠃ ᠱᠠᠰᠢᠨ ᠰᠤᠷᠲᠠᠬᠤᠨ ᠤ ᠲᠠᠯᠠᠪᠤᠷ ᠤᠨ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠱᠠᠰᠢᠨ ᠰᠤᠷᠲᠠᠬᠤᠨ ᠤ ᠠᠵᠢᠯ ᠤᠨ ︽ᠲᠦᠷᠪᠡᠨ ᠣᠳᠣᠬᠢᠴᠢᠯᠠᠯᠲᠠ︾ ᠶᠢᠨ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︵ᠳᠣᠯᠤᠭ᠎ᠠ︶ ᠪᠣᠳᠠᠲᠠᠶ ᠶᠠᠪᠤᠳᠠᠯ ᠪᠦᠲᠦᠭᠡᠵᠦ᠂ ᠠᠷᠠᠳ ᠤᠨ ᠵᠣᠪᠠᠨᠢᠯ ᠢ ᠰᠢᠢᠳᠪᠦᠷᠢᠯᠡᠨ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ | ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ | ᠵᠠᠷᠤᠯᠭ᠎ᠠ ᠨᠢ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 78.4% ᠶᠢ ᠡᠵᠡᠯᠡᠪᠡ᠃ ᠬᠥᠳᠡᠯᠮᠦᠷᠢ | ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠤᠳᠠ ᠪᠠᠯᠭᠠᠰᠤᠨ ᠳᠤ 2.8 | ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 4 | ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ ︽ᠵᠠᠭᠠᠯᠳᠤᠯᠭ᠎ᠠ ᠶᠢ | ᠬᠦᠯᠢᠶᠡᠨ ᠠᠪᠤᠮᠠᠭᠴᠠ ᠳᠠᠷᠤᠶ ᠰᠢᠢᠳᠪᠦᠷᠢᠯᠡᠬᠦ︾ ᠠᠷᠠᠳ ᠲᠤ ᠦᠢᠯᠡᠴᠢᠯᠡᠬᠦ ᠲᠠᠪᠴᠠᠩ ᠥᠨᠳᠥᠷ ᠪᠦᠲᠦᠮᠵᠢᠲᠡᠶ ᠪᠠᠷ | ᠠᠵᠢᠯᠯᠠᠨ᠂ ᠡᠯ᠎ᠡ ᠵᠦᠢᠯ ᠤᠨ ᠭᠤᠮᠣᠳᠠᠯ ᠱᠠᠭᠠᠷᠳᠠᠯᠭ᠎ᠠ ᠶᠢ 4.3 ᠲᠦᠮᠡᠨ ᠬᠤᠪᠢ ᠰᠢᠢᠳᠪᠦᠷᠢᠯᠡᠵᠦ ᠳᠠᠭᠤᠰᠬᠠᠪᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 2.1 | ᠲᠦᠮᠡᠨ ᠬᠥᠮᠦᠨ ᠣᠷᠣᠯᠴᠠᠵᠤ᠂ ︽ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠤᠨ ᠬᠤᠲᠠ ᠬᠥᠳᠡᠭᠡ ᠶᠢ | ᠨᠢᠭᠡᠳᠦᠯᠲᠡᠶ ᠲᠥᠯᠥᠪᠯᠡᠨ ᠬᠥᠭᠵᠢᠭᠦᠯᠬᠦ︾ ᠪᠥᠬᠦ ᠤᠯᠤᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ | ᠤᠷᠤᠭᠰᠢᠲᠠᠶ ᠪᠡᠶᠡᠯᠡᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠬᠡᠷᠡᠭᠯᠡᠬᠦ 13 ᠣᠷᠣᠨ ᠰᠠᠭᠤᠴᠠ ᠶᠢ | ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠨᠠᠮ ᠪᠠ ᠤᠯᠠᠨ ᠲᠦᠮᠡᠨ ᠤ ᠠᠵᠢᠯᠯᠠᠭ᠎ᠠ ᠶᠢᠨ ᠲᠥᠪ ᠢ | 123 ᠪᠠᠶᠢᠭᠤᠯᠪᠠ᠃ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ 51 ᠰᠢᠨ᠎ᠡ ᠪᠠᠷ ᠪᠠᠶᠢᠭᠤᠯᠵᠤ᠂ ᠺᠠᠩ ᠯᠧ ᠨᠡᠶᠢᠭᠡᠮ ᠲᠣᠭᠤᠷᠢᠭ ᠪᠥᠬᠦ ᠤᠯᠤᠰ ᠤᠨ | ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠦᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢᠶᠠᠷ | ᠦᠨᠡᠯᠡᠭᠳᠡᠪᠡ᠃ ᠴᠡᠷᠢᠭ ᠤᠨ ᠠᠯᠪᠠᠨ ᠠᠴᠠ ᠪᠠᠭᠤᠭᠰᠠᠨ 26 ᠪᠠᠶᠢᠯᠳᠤᠭᠴᠢ ᠶᠢ ᠲᠥᠪᠬᠢᠨᠡᠭᠦᠯᠬᠦ ᠡᠭᠦᠷᠭᠡ ᠶᠢ | ᠪᠡᠶᠡᠯᠡᠭᠦᠯᠵᠦ᠂ 4936.5 ᠲᠦᠮᠡᠨ ᠲᠥᠭᠦᠷᠢᠭ ᠤᠨ ᠠᠰᠠᠷᠠᠨ ᠬᠠᠷᠠᠭᠠᠯᠵᠠᠬᠤ ᠪᠠᠯᠠ ᠮᠥᠩᠭᠦ ᠲᠠᠷᠬᠠᠭᠠᠵᠤ᠂ ᠶᠢᠰᠦᠨ | ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠲᠣᠭᠤᠷᠢᠭ ᠤᠨ ᠢᠷᠠᠭᠤ | ᠠᠯᠳᠠᠷ ᠢ ᠭᠥᠷᠳᠡᠪᠡ᠃ | ᠰᠤᠷᠭᠠᠨ ᠬᠥᠮᠦᠵᠢᠯ ᠤᠨ ᠦᠢᠯᠡᠰ ᠥᠷᠨᠢᠨ ᠬᠥᠭᠵᠢᠪᠡ᠃ ︽ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠨᠳᠦᠰᠦᠨ ᠲᠡᠩᠴᠡᠭᠦᠷᠢᠲᠡᠶ ᠣᠷᠣᠨ︾ ᠤ ᠰᠢᠯᠭᠠᠨ ᠪᠠᠶᠢᠴᠠᠭᠠᠯᠲᠠ ᠶᠢ | ᠤᠷᠤᠭᠰᠢᠲᠠᠶ ᠥᠩᠭᠡᠷᠡᠭᠡᠵᠦ᠂ ᠰᠤᠷᠭᠠᠨ ᠬᠥᠮᠦᠵᠢᠯ ᠤᠨ ᠶᠠᠮᠤᠨ ᠠᠴᠠ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠣᠶᠤᠨᠴᠢ ᠰᠤᠷᠭᠠᠨ ᠬᠥᠮᠦᠵᠢᠯ ᠤᠨ ᠲᠤᠷᠰᠢᠯᠲᠠ ᠶᠢᠨ ᠲᠣᠭᠤᠷᠢᠭ ᠢᠶᠠᠷ ᠲᠣᠭᠳᠠᠭᠠᠭᠳᠠᠪᠠ᠃ | ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ 4 ᠰᠢᠨ᠎ᠡ ᠪᠠᠷ ᠥᠭᠡᠷᠡᠴᠢᠯᠡᠵᠦ ᠥᠷᠭᠡᠳᠬᠡᠨ | ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ | ᠡᠷᠳᠡᠮ ᠤᠨ ᠴᠣᠯᠠ ᠶᠢᠨ ᠡᠵᠡᠯᠡᠬᠦ ᠬᠠᠷᠢᠴᠠᠯ ᠨᠢ ᠲᠣᠰ ᠲᠣᠰ 51.8% ᠪᠠ 86.6% ᠳᠤ ᠬᠥᠷᠪᠡ᠃ | ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠮᠠᠨ ᠤ | ᠲᠤᠭᠤᠷᠢᠭ ᠲᠤ ᠨᠤᠲᠤᠭᠰᠢᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠤᠳᠠᠯ ᠥᠬᠡᠶ ᠠᠰᠢᠭᠯᠠᠯᠲᠠ ᠳᠤ ᠣᠷᠣᠵᠤ᠂ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠨᠡᠷ᠎ᠡ ᠠᠯᠳᠠᠷ ᠵᠢᠯ ᠳᠠᠷᠠᠭᠠᠯᠠᠨ ᠳᠡᠭᠡᠭᠰᠢᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠳᠤ ︽ᠢᠯᠡ ᠪᠠᠷ ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ︽ᠠᠯᠪᠠᠨ ᠤ ᠪᠠ | ᠠᠷᠠᠳ ᠤᠨ ᠠᠳᠠᠯᠢᠬᠠᠨ ᠡᠯᠰᠡᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ | ᠬᠥᠮᠦᠵᠢᠯ ᠢ ᠨᠠᠩ ᠲᠥᠪ ᠭᠤᠤᠯᠴᠢ ᠪᠤᠯᠪᠠ᠃ ᠰᠤᠷᠭᠠᠨ ᠬᠥᠮᠦᠵᠢᠯ ᠤᠨ ᠶᠠᠰᠤ ᠴᠢᠨᠠᠷ ᠵᠢᠯ ᠳᠠᠷᠠᠭᠠᠯᠠᠨ ᠳᠡᠭᠡᠭᠰᠢᠯᠡᠵᠦ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠭᠤᠮ ᠠᠴᠠ ᠳᠠᠪᠠᠭᠰᠠᠨ ᠨᠣᠷᠮ᠎ᠠ 41.6% | ᠪᠠᠶᠢᠭᠰᠠᠨ ᠠᠴᠠ ᠪᠠᠨ ᠨᠡᠮᠡᠭᠳᠡᠭᠡᠳ 54.1% ᠪᠣᠯᠵᠣ᠂ ᠵᠢᠩᠬᠢᠨᠢ ᠠᠩᠭᠢ ᠶᠢᠨ ᠰᠤᠭᠤᠮ ᠠᠴᠠ ᠳᠠᠪᠠᠭᠰᠠᠨ ᠨᠣᠷᠮ᠎ᠠ | 63.9% ᠪᠠᠶᠢᠭᠰᠠᠨ ᠠᠴᠠ ᠪᠠᠨ ᠨᠡᠮᠡᠭᠳᠡᠭᠡᠳ 79.7% ᠪᠣᠯᠵᠠᠶ᠃ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠦᠬᠦᠨ ᠢ ᠬᠡᠯᠪᠡᠷᠢ ᠪᠠᠨ ᠬᠤᠪᠢᠷᠠᠭᠤᠯᠤᠨ ᠬᠦᠴᠦᠨ ᠥᠬᠡᠶ ᠪᠣᠯᠭᠠᠵᠤ᠂ | ᠬᠢᠴᠢᠶᠡᠯ ᠤᠨ ᠳᠠᠷᠠᠭᠠᠬᠢ ᠴᠠᠭ ᠢ ᠤᠷᠲᠤᠳᠬᠠᠬᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠥᠪ ᠪᠥᠬᠦ ᠤᠯᠤᠰ ᠤᠨ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠢᠭᠡᠴᠡ ᠪᠠᠷ | ᠦᠨᠡᠯᠡᠭᠳᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠴᠡᠴᠡᠭᠯᠡᠨ ᠬᠦᠭᠵᠢᠪᠡ᠃ ᠭᠤᠷᠪᠠᠨ ᠱᠠᠲᠤᠨ ᠤ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠤᠯᠤᠰ ᠤᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠤᠭᠤᠷᠢᠭ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ︽ | ᠲᠠᠯ᠎ᠠ ᠨᠤᠲᠤᠭ ᠤᠨ ᠨᠣᠮ ᠤᠨ ᠥᠷᠥᠭᠡ︾ ︽ᠬᠤᠨ ᠭᠠᠯᠠᠭᠤ ᠤᠩᠰᠢᠬᠤ︾ ᠢᠨᠵᠧᠨᠧᠷᠢᠩ ᠯᠠᠪᠳᠠᠭᠤᠨ ᠢᠶᠠᠷ | ᠠᠭᠢᠪᠠ᠃ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ᠂ 460 ᠭᠠᠷᠤᠶ ᠲᠠᠯᠠᠪᠠᠶ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠭᠠᠷᠭᠠᠵᠤ᠂ 2300 ᠭᠠᠷᠤᠶ ᠲᠠᠯᠠᠪᠠᠶ ᠬᠡᠷᠡᠯ ᠵᠢᠷᠤᠭ ᠢ ᠬᠥᠳᠡᠭᠡ ᠪᠠᠭᠤᠯᠭᠠᠵᠤ᠂ ︽ᠯᠢᠦ ᠬᠤᠩ | ᠰᠢᠶᠦ᠋ᠩ︾ ︽ᠲᠠᠯ᠎ᠠ ᠨᠤᠲᠤᠭ ᠤᠨ ᠣᠴᠢ︾ ᠵᠡᠷᠭᠡ ᠰᠣᠳᠣᠨ ᠵᠦᠴᠦᠭᠡ ᠶᠢ ᠨᠠᠶᠢᠷᠠᠭᠤᠯᠤᠨ ᠲᠣᠭᠯᠠᠪᠠ᠃ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠤ ᠶᠢ | ᠦᠷᠭᠦᠯᠵᠢᠯᠡᠨ ᠴᠢᠩᠭᠠᠳᠬᠠᠵᠤ᠂ ᠰᠣᠶᠣᠯ ᠤᠨ ᠬᠠᠮᠠᠭᠠᠯᠠᠯᠲᠠ ᠶᠢᠨ 7 ᠨᠢᠭᠡᠴᠡ ᠶᠢ ᠬᠠᠮᠠᠭᠠᠯᠠᠵᠤ ᠰᠡᠯᠪᠢᠨ ᠵᠠᠰᠠᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ 9 ᠲᠥᠷᠥᠯ ᠵᠦᠢᠯ ᠢ | ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠬᠤ 4 | ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠵᠠᠮ ᠢ 172 | ᠲᠠᠭᠠᠷᠠᠭᠤᠯᠵᠤ᠂ ᠰᠢᠩᠭᠡᠯᠢᠭ ᠮᠠᠶ᠋ᠢᠭ ᠤᠨ ᠬᠦᠯ ᠪᠥᠮᠪᠦᠭᠡ ᠶᠢᠨ ᠲᠠᠯᠠᠪᠠᠢ ᠶᠢ 130 ᠪᠠᠶᠢᠭᠤᠯᠵᠤ᠂ ᠨᠥᠬᠦᠷᠰᠡᠭ | ᠬᠤᠳᠠ ᠶᠢᠨ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ᠂ ᠨᠠᠭᠤᠷ ᠲᠣᠭᠤᠷᠢᠭᠰᠠᠨ ᠢᠳᠡᠷᠡᠭᠦᠨ | ᠠᠯᠬᠤᠬᠤ᠂ ᠮᠥᠰᠥ ᠴᠠᠰᠤᠨ ᠤ ᠰᠠᠶᠢᠬᠠᠨ ᠴᠠᠭ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠢ ᠬᠡᠪ ᠵᠠᠩᠰᠢᠯ ᠪᠣᠯᠭᠠᠨ ᠥᠷᠨᠢᠭᠦᠯᠪᠡ᠃ | ᠡᠮ ᠡᠮᠨᠡᠯᠭᠡ ᠶᠢᠨ ᠪᠠᠲᠤᠯᠠᠭ᠎ᠠ ᠲᠣᠭᠲᠠᠭᠤᠨ ᠢᠶᠠᠷ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮ ᠡᠮᠨᠡᠯᠭᠡ ᠶᠢᠨ ᠡᠬᠢ | ᠪᠠᠶᠠᠯᠢᠭ ᠲᠤ ᠲᠦᠰᠢᠭᠯᠡᠨ᠂ ᠶᠡᠭᠡ ᠡᠮᠦᠨ᠎ᠡ ᠵᠡᠭᠡᠯᠢ ᠪᠠ ᠴᠠᠭᠠᠨ ᠭᠤᠶᠣᠣ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ 13 ᠨᠡᠷᠡᠲᠦ ᠡᠮᠴᠢ ᠶᠢᠨ ᠠᠵᠢᠯᠯᠠᠬᠤ ᠲᠠᠰᠤᠭ ᠢ | ᠪᠠᠶᠢᠭᠤᠯᠵᠤ᠂ ᠡᠮᠨᠡᠯᠭᠡ ᠶᠢᠨ ᠬᠤᠯᠪᠣᠭᠠᠲᠤ ᠴᠣᠭᠴᠠ᠂ ᠡᠮᠨᠡᠯᠭᠡ ᠶᠢᠨ ᠬᠠᠮᠲᠤ ᠶᠢᠨ ᠴᠣᠭᠴᠠ ᠶᠢ 3 ᠪᠠᠶᠢᠭᠤᠯᠪᠠ᠃ | ᠦᠷᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠵᠤ᠂ 2876 ᠲᠦᠮᠡᠨ | ᠲᠥᠭᠦᠷᠢᠭ ᠤᠨ ᠱᠠᠩᠨᠠᠨ ᠲᠡᠳᠬᠦᠬᠦ ᠪᠠᠯᠠ ᠮᠥᠩᠭᠦ ᠲᠠᠷᠬᠠᠭᠠᠪᠠ᠃ ᠡᠮ ᠤᠨ ᠵᠦᠢᠯ ᠤᠨ ᠵᠥᠷᠢᠶ᠎ᠡ ᠥᠬᠡᠶ ᠨᠣᠷᠮ᠎ᠠ ᠪᠠᠷ | ᠪᠣᠷᠣᠯᠠᠭᠤᠯᠬᠤ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠡᠮ ᠡᠮᠨᠡᠯᠭᠡ ᠶᠢᠨ | ᠳᠠᠭᠠᠳᠬᠠᠯ ᠤᠨ ᠣᠨᠳᠣᠤ ᠭᠠᠵᠠᠷ ᠲᠤ ᠡᠮᠨᠡᠯᠭᠡ ᠳᠤ ᠰᠠᠭᠤᠭᠰᠠᠨ ᠵᠠᠷᠤᠳᠠᠯ ᠢ 114.3 ᠲᠦᠮᠡᠨ ᠲᠥᠭᠦᠷᠢᠭ ᠢᠶᠠᠷ | ᠲᠠᠩᠰᠠ ᠳᠡᠶᠢᠯᠵᠦ᠂ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ 191.9 ᠲᠦᠮᠡᠨ | ᠲᠥᠭᠦᠷᠢᠭ ᠲᠤ ᠬᠥᠷᠪᠡ᠃ ᠰᠢᠩ ᠯᠦᠩ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢ ᠪᠦᠬᠦ ᠤᠯᠤᠰ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠦᠪ ᠢᠶᠠᠷ ᠦᠨᠡᠯᠡᠭᠳᠡᠪᠡ᠃ | ᠪᠤᠰᠤᠳ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠥᠨᠳᠥᠷ ᠡᠬᠢᠯᠡᠯᠲᠡ ᠲᠠᠢ ᠪᠠᠷ ᠨᠠᠶᠢᠷᠠᠭᠤᠯᠤᠨ ᠵᠣᠬᠢᠶᠠᠵᠤ᠂ ︽ᠳᠣᠯᠣᠳᠤᠭᠠᠷ ᠲᠠᠪᠤᠨ ᠵᠢᠯ | ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠯᠭᠠᠯᠲᠠ ᠶᠢ ᠤᠷᠤᠭᠰᠢᠲᠠᠶ ᠥᠩᠭᠡᠷᠡᠭᠡᠵᠦ᠂ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ︽ᠢᠦᠢ ᠴᠢᠤᠸᠠᠨ ᠲᠣᠭᠤᠷᠢᠭ ᠤᠨ | ᠣᠶᠢᠯᠠᠯᠭ᠎ᠠ︾ ᠶᠢ ᠦᠷᠭᠦᠯᠵᠢᠯᠡᠨ ᠨᠠᠶᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠳᠠᠩᠰᠠ | ᠡᠪᠬᠡᠮᠡᠯ ᠤᠨ ᠣᠷᠳᠣᠨ ᠢ ᠠᠰᠢᠭᠯᠠᠯᠲᠠ ᠳᠤ ᠣᠷᠣᠭᠤᠯᠵᠤ᠂ ᠬᠠᠮ ᠵᠠᠭᠤᠴᠢᠯᠠᠭᠤᠷ ᠤᠨ ᠲᠥᠪ ᠤᠨ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠥᠷᠭᠡᠳᠬᠡᠪᠡ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ | ᠵᠡᠷᠭᠡ ᠠᠷᠠᠳ ᠤᠨ ᠪᠦᠯᠬᠦᠮ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠳᠤ ᠴᠥᠮ ᠰᠢᠨ᠎ᠡ | ᠠᠮᠵᠢᠯᠲᠠ ᠤᠯᠪᠠ᠃ | ︵ᠨᠠᠢᠮᠠ︶ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ | ᠤᠯᠤᠰ ᠲᠦᠷᠦ ᠶᠢᠨ ᠵᠢᠯᠤᠭᠤᠳᠤᠯᠭ᠎ᠠ ᠶᠢ ᠨᠡᠩ ᠡᠷᠡᠰ ᠪᠠᠲᠤ ᠪᠣᠯᠭᠠᠪᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠮᠡᠳᠡᠬᠦᠶ ᠬᠢᠬᠦᠶ ᠶᠢ ᠨᠢᠭᠡᠳᠭᠡᠨ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠬ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ | ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠥᠷᠨᠢᠭᠦᠯᠵᠦ᠂ ᠤᠯᠠᠨ ᠲᠦᠮᠡᠨ ᠳᠤ | ᠨᠡᠶᠢᠳᠡ 2683 ᠬᠤᠪᠢ ᠪᠣᠳᠠᠲᠠᠢ ᠶᠠᠪᠤᠳᠠᠯ ᠬᠢᠵᠦ ᠥᠭᠴᠡᠢ᠃ ᠵᠠᠰᠠᠭ ᠤᠨ ᠣᠷᠳᠣᠨ ᠤ ᠰᠢᠰᠲ᠋ᠧᠮ ᠤᠨ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠨᠠᠮ ᠳᠠᠭᠠᠨ ᠬᠠᠷᠢᠴᠠᠯᠠᠰᠢᠭᠦᠶ ᠦᠨᠡᠨᠴᠢ | ᠰᠢᠳᠤᠷᠭᠤ ᠪᠠᠶᠢᠬᠤ ᠤᠯᠤᠰ ᠲᠥᠷᠥ ᠶᠢᠨ ᠵᠣᠭᠰᠣᠯᠲᠠ ᠶᠢ ᠨᠠᠩ ᠢᠯᠡ ᠲᠣᠳᠣ ᠪᠣᠯᠭᠠᠵᠤ᠂ ᠨᠠᠮ ᠤᠨ ᠦᠭᠡ ᠶᠢ | ᠰᠣᠨᠣᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠠᠩ ᠪᠠᠲᠤᠳᠬᠠᠨ᠎ᠠ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ | ᠬᠢᠨᠠᠮᠠᠭᠠᠶ ᠬᠡᠷᠡᠭᠵᠢᠭᠦᠯᠵᠦ᠂ ᠴᠠᠭᠳᠠᠨ ᠪᠠᠶᠢᠴᠠᠭᠠᠬᠤ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ | ᠵᠢᠴᠢ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠢᠯᠧᠲ ᠢᠶᠠᠷ ᠰᠢᠢᠳᠪᠦᠷᠢᠯᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 18 ᠲᠦᠷᠦᠯ | ᠵᠦᠢᠯ ᠢ ᠴᠢᠨᠠᠷ ᠰᠠᠶᠢᠲᠠᠶ ᠰᠠᠶᠢᠲᠤᠷ ᠡᠷᠬᠢᠯᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 1018 | ᠬᠤᠪᠢ ᠰᠠᠨᠠᠯ ᠢ ᠭᠦᠢᠴᠡᠳᠭᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠢ ᠢᠯᠡ ᠪᠣᠯᠭᠠᠬᠤ︾ ᠮᠡᠳᠡᠭᠡ | ᠵᠠᠩᠭᠢ ᠶᠢ 5.1 ᠲᠦᠮᠡᠨ ᠵᠤᠷᠪᠤᠰ ᠨᠡᠶᠢᠲᠡᠯᠡᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠤᠷᠤᠭᠰᠢᠲᠠᠶ ᠪᠡᠶᠡᠯᠡᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠬᠡᠷᠡᠭ ᠵᠥᠪᠯᠡᠬᠦ ᠲᠦᠷᠢᠮ ᠪᠠ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ | ᠵᠢᠷᠤᠮ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ | ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ | ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ︽ᠠᠶᠤᠬᠤ ᠤᠳᠠᠭᠠᠨ ᠬᠠᠭᠤᠷᠮᠠᠭ ᠰᠤᠯᠠ ᠵᠠᠳᠠᠭᠠᠶ︾ ᠪᠠᠶᠢᠬᠤ ᠵᠡᠷᠭᠡ | ᠰᠤᠷᠲᠠᠯ ᠤᠨ ᠠᠷᠬᠠᠭ ᠭᠡᠮ ᠢ ᠭᠦᠨᠵᠡᠭᠡᠶ ᠴᠡᠭᠴᠡᠯᠡᠨ ᠵᠠᠰᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠬᠢᠨᠠᠨ ᠪᠤᠳᠤᠯᠳᠠ ᠶᠢᠨ ᠬᠢᠨᠠᠯᠲᠠ ᠶᠢ ᠲᠠᠰᠤᠷᠠᠯᠳᠠ ᠦᠭᠡᠢ ᠴᠢᠩᠭᠠᠳᠬᠠᠨ᠂ | ᠲᠦᠷᠦᠭᠦᠯᠡᠨ ︽ᠭᠠᠮᠨᠠᠨ ᠠᠮᠢᠳᠤᠷᠠᠬᠤ︾ ᠶᠢ ᠥᠩᠭᠡᠷᠡᠭᠡᠵᠦ᠂ ᠡᠩ ᠤᠨ ᠴᠢᠨᠠᠷᠲᠠᠶ ᠵᠠᠷᠤᠯᠭ᠎ᠠ ᠶᠢ 20%᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 30% ᠪᠠᠷ ᠪᠠᠭᠠᠰᠬᠠᠨ᠎ᠠ᠃ ᠨᠡᠭᠦᠷᠡᠰᠦᠨ ᠤ ᠡᠬᠢ ᠪᠠᠶᠠᠯᠢᠭ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠨᠤᠲᠤᠭ ᠪᠡᠯᠴᠢᠭᠡᠷ ᠤᠨ ᠣᠶᠢᠲᠤ ᠭᠠᠵᠠᠷ᠂ ᠬᠠᠩᠭᠠᠨ | ᠪᠣᠷᠣᠯᠠᠭᠤᠯᠬᠤ ᠬᠤᠷᠰᠢᠶ᠎ᠠ ᠪᠠ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠬᠦᠷᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠴᠢᠬᠤᠯᠠ ᠦᠷ᠎ᠡ ᠪᠦᠲᠦᠭᠡᠯ | ᠤᠯᠪᠠ᠃ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠺᠠᠳ᠋ᠷᠴᠤᠳ ᠤᠨ ᠵᠥᠪ ᠴᠢᠭᠯᠡᠯ ᠢᠶᠠᠷ | ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ | ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ | ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠪᠤᠢ ᠪᠤᠯᠭᠠᠪᠠ᠃ | ᠲᠥᠯᠥᠭᠡᠯᠡᠭᠴᠢᠳ ᠡ︕ ᠰᠢᠷᠭᠠᠭᠤ ᠴᠢᠷᠮᠠᠶᠢᠯᠭ᠎ᠠ ᠪᠠᠷ ᠳᠦᠭᠦᠷᠡᠩ ᠪᠠᠶᠢᠳᠠᠭ ᠪᠣᠯᠪᠠᠴᠤ ᠠᠮᠵᠢᠯᠲᠠ ᠶᠢ | ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠬᠥᠭᠵᠢᠯᠲᠡ ᠶᠢᠨ ᠥᠩᠭᠡᠷᠡᠯᠲᠡ ᠶᠢ ᠡᠷᠭᠢᠴᠡᠭᠦᠯᠪᠡᠯ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ | ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢ᠊ ᠡᠶ᠎ᠡ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ | ᠬᠤᠷᠢᠶ᠎ᠠ ᠲᠠᠢ ᠨᠢᠭᠡ ᠯᠡ ᠲᠠᠭᠤᠨ ᠢᠶᠠᠷ ᠲᠤᠭᠤᠰᠢᠲᠠᠢ ᠲᠤᠭᠤᠰᠢᠯᠠᠭᠤᠯᠵᠤ᠂ ᠲᠤᠭᠤᠰᠢᠲᠠᠢ ᠪᠠᠷᠢᠮᠲᠠᠯᠠᠵᠤ᠂ | ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠠᠵᠢᠯ ᠤᠨ ᠪᠠᠶᠢᠷᠢ ᠳᠡᠭᠡᠷ᠎ᠡ ᠪᠠᠨ | ᠪᠢᠴᠢᠵᠦ᠂ ᠠᠵᠢᠯ ᠦᠢᠯᠡᠰ ᠲᠡᠭᠡᠨ ᠠᠭᠤᠰᠤᠯᠴᠠᠭᠤᠯᠬᠤ ᠬᠡᠷᠡᠭᠲᠡᠢ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ | ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ | ᠵᠠᠮᠨᠠᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠳᠤᠮᠳᠠ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠬᠡᠷᠡᠭᠲᠡᠢ᠃ ᠡᠷᠬᠡᠪᠰᠢ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠵᠠᠰᠠᠭ ᠤᠨ ᠣᠷᠳᠣᠨ ᠤ ᠪᠦᠬᠦ | ᠠᠵᠢᠯ ᠳᠤ ᠲᠤᠭᠤᠰᠢᠯᠠᠭᠤᠯᠵᠤ᠂ ᠢᠮᠠᠭᠲᠠ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠯᠠᠨ ᠳᠤ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠡᠳ᠋ᠯᠡᠭᠦᠯᠬᠦ ᠬᠡᠷᠡᠭᠲᠡᠢ᠃ ᠡᠷᠬᠡᠪᠰᠢ ᠢᠮᠠᠭᠲᠠ | ᠴᠤᠭ ᠪᠠᠳᠠᠷᠠᠩᠭᠤᠢ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠠᠳᠠᠯᠢ ᠪᠤᠰᠤ᠂ ᠨᠠᠶᠢᠳᠠᠪᠤᠷᠢ | ᠦᠭᠡᠢ᠂ ᠢᠯᠠᠭᠳᠠᠬᠤ ᠶᠢ ᠬᠦᠯᠢᠶᠡᠬᠦ ᠦᠭᠡᠢ᠂ ᠡᠭᠦᠷᠭᠡᠯᠡᠨ ᠠᠵᠢᠯ ᠬᠢᠵᠦ᠂ ᠰᠢᠷᠭᠠᠭᠤ ᠬᠠᠲᠠᠭᠤᠵᠢᠯᠲᠠᠢ ᠪᠣᠳᠠᠲᠠᠢ | ᠠᠵᠢᠯᠯᠠᠪᠠᠯ ᠯᠠᠪᠲᠠᠢ ᠨᠡᠩ ᠠᠮᠢᠵᠢᠷᠠᠯ ᠤᠨ ᠬᠦᠴᠦᠨ ᠲᠠᠢ᠂ ᠨᠡᠩ ᠦᠵᠡᠰᠬᠦᠯᠡᠩᠲᠦ ᠰᠠᠶᠢᠬᠠᠨ᠂ ᠨᠡᠩ ᠡᠶ᠎ᠡ | ᠵᠣᠬᠢᠴᠠᠩᠭᠤᠢ ᠣᠳᠣᠬᠢᠴᠢᠯᠠᠭᠰᠠᠨ ᠤᠷᠤᠨ ᠤ ᠲᠦᠪ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠵᠤ ᠴᠢᠳᠠᠬᠤ | ᠶᠤᠮ᠃ ᠡᠳᠡᠭᠡᠷ ᠲᠤᠷᠰᠢᠯᠭ᠎ᠠ ᠶᠢᠨ ᠰᠡᠩᠬᠡᠷᠡᠭᠦᠯᠦᠯ ᠪᠣᠯ ᠲᠦᠢᠯ ᠤᠨ ᠡᠷᠬᠢᠮ ᠨᠠᠨᠳᠢᠨ ᠶᠤᠮ᠂ ᠪᠢᠳᠡ ᠡᠷᠬᠡᠪᠰᠢ | ᠲᠠᠬᠢᠨ ᠢᠶᠠᠷ ᠨᠠᠨᠳᠢᠩᠨᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠲᠠᠢ ᠪᠠᠷ ᠰᠠᠶ᠋ᠢ ᠡᠷᠡᠯᠬᠡᠭ ᠪᠠᠭᠠᠲᠤᠷᠯᠢᠭ ᠢᠶᠠᠷ ᠢᠯᠡᠷᠡᠵᠦ᠂ | ᠬᠠᠲᠠᠭᠤᠵᠢᠨ ᠪᠣᠯᠪᠠᠰᠤᠷᠠᠪᠠᠯ ᠰᠠᠶ᠋ᠢ ᠠᠮᠵᠢᠯᠲᠠ ᠪᠦᠲᠦᠮᠵᠢ ᠣᠯᠵᠤ ᠴᠢᠳᠠᠨ᠎ᠠ᠃ ᠪᠢᠳᠡ ᠬᠦᠨᠳᠦ ᠡᠭᠦᠷᠭᠡ ᠶᠢ | ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠮᠠᠰᠢ ᠤᠯᠠᠨ | ᠬᠥᠭᠵᠢᠯᠲᠡ ᠶᠢᠨ ᠪᠣᠭᠤᠮᠢ ᠶᠢ ᠰᠢᠪᠲᠤᠯᠵᠤ᠂ ᠮᠠᠰᠢ ᠤᠯᠠᠨ ᠪᠣᠳᠠᠲᠤ ᠬᠦᠴᠢᠷᠳᠡᠯ ᠢ ᠰᠢᠢᠳᠪᠦᠷᠢᠯᠡᠵᠦ᠂ ᠮᠠᠰᠢ ᠤᠯᠠᠨ | ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠷᠡᠰ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠦᠷᠭᠦᠯᠵᠢᠯᠡᠨ | ᠲᠡᠮᠡᠴᠡᠭᠰᠡᠨ ᠤ ᠦᠷ᠎ᠡ ᠳ᠋ᠦᠩ᠂ ᠨᠡᠩ ᠴᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠪᠣᠯᠤᠨ᠎ᠠ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠲᠤᠭᠤᠷᠢᠭ ᠤᠨ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ᠂ ᠢᠦᠢ ᠴᠢᠤᠸᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠵᠤ ᠪᠠᠶᠢᠭ᠎ᠠ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷᠴᠤᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠳ ᠲᠤ᠂ ᠲᠤᠭᠤᠷᠢᠭ ᠲᠤ ᠰᠠᠭᠤᠭ᠎ᠠ | ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠨᠠᠷ ᠲᠤ᠂ ᠢᠦᠢ ᠴᠢᠤᠸᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠮᠠᠰᠢ ᠤᠯᠠᠨ | ᠬᠦᠴᠢᠷ ᠪᠡᠷᠬᠡᠰᠢᠶᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠵᠠᠶ᠃ | ᠨᠢᠭᠡ ᠳᠤ᠂ ᠠᠵᠤ ᠦᠢᠯᠡᠰ ᠤᠨ ᠪᠦᠲᠦᠴᠡ ᠲᠠᠩ ᠴᠤᠯᠭᠤᠢ᠂ ᠲᠠᠭᠠᠭᠤᠯᠤᠭᠴᠢ ᠠᠵᠤ ᠠᠬᠤᠶᠢᠯᠠᠯ ᠤᠨ ᠲᠤᠭ᠎ᠠ | ᠤᠯᠠᠨ ᠪᠢᠰᠢ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ︔ ᠬᠤᠶᠠᠷ ᠲᠤ ᠠᠭᠠᠷ ᠮᠠᠨᠳᠠᠯ ᠤᠨ ᠪᠣᠬᠢᠷᠲᠤᠯ ᠪᠠ ᠭᠤᠣᠯ ᠤᠨ | ᠵᠠᠮ ᠢ ᠵᠠᠰᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠤᠷᠪᠠ ᠳᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠵᠡᠷᠭᠡ ᠲᠠᠯ᠎ᠠ ᠪᠠᠷ ᠪᠠᠰᠠ ᠮᠠᠰᠢ ᠤᠯᠠᠨ ᠳᠤᠲᠠᠭᠤᠳᠠᠯ ᠪᠠᠭᠤᠷᠠᠢ ᠵᠦᠢᠯ ᠣᠷᠣᠰᠢᠵᠤ᠂ ᠰᠤᠷᠭᠠᠨ ᠬᠥᠮᠦᠵᠢᠯ᠂ | ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠨᠢ ᠤᠯᠠᠨ | ᠲᠦᠮᠡᠨ ᠤ ᠬᠡᠷᠡᠭᠴᠡᠭᠡ ᠲᠠᠢ ᠵᠦᠷᠢᠶ᠎ᠡ ᠲᠠᠢ ᠪᠠᠶᠢᠵᠤ᠂ ᠤᠯᠠᠨ ᠵᠢᠯ ᠤᠨ ᠲᠤᠷᠰᠢ ᠬᠤᠷᠠᠮᠳᠤᠭᠰᠠᠨ ᠵᠥᠷᠢᠴᠡᠯ | ᠠᠰᠠᠭᠤᠳᠠᠯ ᠢ ᠪᠠᠰᠠ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠲᠦᠷᠪᠡ ᠳᠤ ᠴᠥᠭᠡᠨ | ᠲᠣᠭᠠᠨ ᠤ ᠺᠠᠳ᠋ᠷ ᠤᠨ ᠤᠯᠠᠨ ᠲᠦᠮᠡᠨ ᠳᠤ ᠦᠢᠯᠡᠴᠢᠯᠡᠬᠦ ᠤᠬᠠᠮᠰᠠᠷ ᠨᠢ ᠴᠢᠩᠭ᠎ᠠ ᠪᠢᠰᠢ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠬᠦ ᠡᠷᠴᠢ ᠵᠣᠷᠢᠭ ᠨᠢ ᠬᠦᠷᠦᠯᠴᠡᠬᠦ ᠦᠭᠡᠢ᠂ ᠲᠤᠰᠬᠠᠶ ᠮᠡᠷᠭᠡᠵᠢᠯ ᠤᠨ ᠴᠢᠳᠠᠪᠤᠷᠢ ᠬᠡᠪ | ᠴᠢᠨᠠᠷ ᠨᠢ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠪᠠᠰᠠ ᠵᠣᠬᠢᠴᠠᠬᠤ ᠦᠭᠡᠢ ᠪᠠᠶᠢᠬᠤ ᠵᠡᠷᠭᠡ ᠪᠣᠯᠤᠨ᠎ᠠ᠃ | ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ | ᠪᠠᠶᠢᠭᠠᠳ ᠬᠢᠨᠠᠮᠠᠭᠠᠶ ᠰᠢᠢᠳᠪᠦᠷᠢᠯᠡᠬᠦ ᠪᠣᠯᠤᠨ᠎ᠠ᠃ | | | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ | ᠰᠠᠨᠠᠭ᠎ᠠ ᠪᠠ ᠭᠤᠣᠯ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠠᠩᠬᠠᠳᠠᠭᠴᠢ ᠲᠠᠪᠤᠨ ᠵᠢᠯ ᠪᠣᠯᠤᠨ᠎ᠠ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠰᠢᠨ᠎ᠡ ᠡᠬᠢᠯᠡᠯᠲᠡ ᠶᠢᠨ ᠴᠡᠭ ᠲᠤ ᠰᠠᠭᠤᠷᠢᠯᠠᠵᠤ᠂ | ᠪᠢᠳᠡ ᠶᠡᠭᠡ ᠦᠢᠯᠡᠰ ᠢ ᠪᠦᠲᠦᠭᠡᠵᠦ ᠪᠣᠯᠬᠤ ᠪᠥᠭᠡᠳ ᠨᠡᠩ ᠴᠤ ᠰᠠᠨᠠᠭᠠᠴᠢᠯᠠᠭ᠎ᠠ ᠠᠴᠠ ᠪᠠᠨ ᠴᠢᠳᠠᠮᠠᠭᠠᠶ ᠪᠠᠷ | ᠠᠵᠢᠯᠯᠠᠬᠤ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠵᠢᠴᠢ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠬᠠᠮᠲᠤ ᠪᠠᠷ ᠴᠢᠨᠡᠭᠡᠯᠢᠭᠵᠢᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ᠂ ᠤᠯᠤᠰ ᠲᠥᠷᠥ ᠶᠢᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠠᠮᠢ ᠠᠬᠤᠶ ᠶᠢᠨ | ᠰᠠᠶᠢᠵᠢᠷᠠᠯᠲᠠ᠂ ᠨᠡᠶᠢᠭᠡᠮ ᠤᠨ ᠲᠣᠭᠲᠠᠭᠤᠨ ᠪᠠᠶᠢᠳᠠᠯ ᠤᠨ ︽ᠳᠥᠷᠪᠡᠨ ᠠᠮᠢᠨ ᠰᠤᠳᠠᠰᠤ︾ ᠶᠢ ᠡᠷᠡᠰ ᠰᠠᠬᠢᠵᠤ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠣᠯᠤᠨ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ᠂ | ᠣᠷᠣᠨ ᠤ ᠲᠥᠪ ᠬᠤᠲᠠ ᠶᠢᠨ ᠲᠣᠭᠤᠷᠢᠨ ᠳᠤ ︽ᠭᠤᠷᠪᠠᠨ ᠬᠤᠲᠠ︾ ᠶᠢ ᠴᠢᠷᠮᠠᠶᠢᠨ ᠪᠠᠶᠢᠭᠤᠯᠬᠤ᠂ ︽ᠳᠥᠷᠪᠡᠨ | ᠣᠷᠣᠨ ᠪᠦᠰᠡ ᠶᠢᠨ ᠲᠥᠪ︾ ᠢ ᠪᠠᠶᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ | ᠠᠭᠤᠰᠤᠯᠴᠠᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠥᠲᠥᠭᠡᠨ ᠪᠠᠶᠢᠭᠤᠯᠬᠤ᠂ ︽ᠵᠢᠷᠭᠤᠭᠠᠨ ᠶᠡᠭᠡ | ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ ᠶᠢᠨ ᠲᠣᠭᠤᠷᠢᠨ ᠳᠤ᠂ ᠪᠥᠬᠦ ᠬᠤᠲᠠ ᠶᠢᠨ ᠬᠥᠭᠵᠢᠯᠲᠡ ᠶᠢᠨ | ᠶᠡᠭᠡ ᠲᠠᠯ᠎ᠠ ᠳᠤ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠪᠠᠷ ᠬᠦᠴᠦᠯᠡᠨ ᠴᠢᠷᠮᠠᠶᠢᠵᠤ᠂ | ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠲᠦᠷᠭᠡᠳᠬᠡᠨ ᠪᠥᠲᠥᠭᠡᠨ ᠪᠠᠶᠢᠭᠤᠯᠬᠤ ᠶᠢᠨ ᠲᠥᠯᠥᠭᠡ | ᠴᠢᠷᠮᠠᠶᠢᠨ ᠲᠡᠮᠡᠴᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠮᠠᠨ ᠤ ᠭᠤᠣᠯ ᠡᠭᠦᠷᠭᠡ ᠪᠣᠯ᠄ | ︵ᠨᠢᠭᠡ︶ ᠣᠷᠣᠨ ᠤ ᠲᠥᠪ ᠬᠤᠲᠠ ᠶᠢᠨ ᠲᠣᠭᠤᠷᠢᠨ ᠳᠤ ︽ᠭᠤᠷᠪᠠᠨ ᠬᠤᠲᠠ︾ ᠶᠢ ᠴᠢᠷᠮᠠᠶᠢᠨ | ᠪᠠᠶᠢᠭᠤᠯᠵᠤ᠂ ᠢᠦᠶ ᠴᠢᠤᠸᠠᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠰᠢ ᠶᠢᠨ ᠫᠢᠩ ᠶᠡᠷᠦᠩᠬᠡᠶ ᠱᠦᠵᠢ ᠶᠢᠨ ᠬᠥᠬᠡᠮᠳᠦᠭ ᠠᠭᠤᠯᠠ ᠨᠣᠭᠤᠭᠠᠨ ᠤᠰᠤ ᠪᠣᠯ ᠠᠯᠲᠠ ᠮᠥᠩᠭᠦᠨ | ᠠᠭᠤᠯᠠ ᠮᠥᠨ ᠭᠡᠰᠡᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠭᠡ | ᠲᠠᠯ᠎ᠠ ᠶᠢᠨ ᠦᠵᠡᠯᠲᠡ᠂ ᠠᠯᠤᠰ ᠬᠡᠳᠤ ᠶᠢᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠬᠦᠬᠡ ᠲᠩᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠵᠦ᠂ | ᠬᠥᠬᠡᠮᠳᠦᠭ ᠠᠭᠤᠯᠠ ᠲᠠᠢ᠂ ᠨᠣᠭᠤᠭᠠᠨ ᠤᠰᠤ ᠲᠠᠢ᠂ ᠠᠭᠠᠷ ᠰᠢᠨ᠎ᠡ ᠠᠮᠢ ᠠᠬᠤᠢ ᠶᠢᠨ ᠬᠤᠳᠠ ᠶᠢ ᠪᠠᠶᠢᠭᠤᠯᠵᠤ᠂ | ᠡᠷᠡᠰ ᠭᠤᠶᠢᠪᠢᠰᠢ ᠦᠭᠡᠢ ᠪᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠳᠦᠭᠡᠨ ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠤᠯᠵᠤ᠂ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠳᠤ ᠬᠦᠴᠦᠨ ᠨᠡᠮᠡᠷᠢᠯᠡᠨ᠎ᠡ᠃ | ᠰᠢ ᠶᠢᠨ ᠫᠢᠩ ᠶᠡᠷᠦᠩᠬᠡᠶ ᠱᠦᠵᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠶᠡᠬᠡᠪᠡᠷ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ᠂ | ᠬᠤᠳᠠ ᠶᠢᠨ ᠪᠣᠯᠪᠠᠰᠤᠨ ᠤ ᠬᠡᠮᠵᠢᠶ᠎ᠡ᠂ ᠬᠤᠳᠠ ᠶᠢᠨ ᠰᠣᠶᠣᠯ ᠤᠨ ᠴᠢᠨᠠᠷ ᠳᠡᠰ ᠪᠠ ᠤᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠰᠢᠨ᠎ᠡ ᠬᠡᠪ ᠰᠤᠷᠲᠠᠯ ᠢ | ᠪᠤᠶᠢᠵᠢᠭᠤᠯᠤᠨ᠂ ᠨᠡᠶᠢᠭᠡᠮ ᠤᠨ ᠬᠥᠭᠵᠢᠯᠲᠡ ᠶᠢᠨ ᠢᠳᠡᠪᠬᠢ ᠬᠦᠴᠦᠨ ᠢ ᠨᠢᠭᠲᠠᠷᠠᠭᠤᠯᠵᠤ᠂ ᠶᠣᠰᠣ ᠮᠣᠷᠠᠯ ᠢ | ᠡᠷᠬᠢᠮᠯᠡᠨ ᠰᠠᠶᠢᠨ ᠰᠠᠶᠢᠬᠠᠨ ᠢ ᠡᠷᠬᠢᠮᠯᠡᠬᠦ᠂ ᠰᠣᠶᠣᠯ ᠢᠶᠠᠷ ᠵᠤᠵᠠᠭᠠᠨ᠂ ᠡᠶ᠎ᠡ ᠵᠣᠬᠢᠴᠠᠯ ᠲᠠᠢ ᠪᠥᠭᠡᠳ ᠣᠷᠣᠰᠢᠨ | ᠰᠠᠭᠤᠬᠤ ᠳᠤ ᠲᠣᠬᠢᠷᠠᠮᠵᠢᠲᠠᠶ ᠪᠣᠯᠪᠠᠰᠤᠨ ᠬᠤᠳᠠ ᠶᠢᠨ ᠲᠣᠭᠤᠷᠢᠭ ᠢ ᠴᠢᠷᠮᠠᠶᠢᠨ ᠪᠠᠶᠢᠭᠤᠯᠵᠤ᠂ ᠤᠷᠤᠨ ᠤ ᠲᠥᠪ | ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠴᠢᠷᠮᠠᠶᠢᠨ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠪᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠬᠠᠷᠢᠴᠠᠭ᠎ᠠ︾ | ︽ᠭᠤᠷᠪᠠᠨ ᠰᠠᠯᠵᠤ ᠪᠣᠯᠤᠰᠢ ᠥᠬᠡᠶ︾ ᠶᠢ ᠵᠥᠪ ᠣᠨᠣᠪᠴᠢᠲᠠᠶ ᠠᠳᠬᠤᠵᠤ᠂ ︽ᠦᠨᠳᠦᠰᠦᠲᠡᠨ ᠨᠦᠭᠦᠳ | ᠪᠦᠯᠬᠦᠮᠳᠡᠨ ᠨᠢᠭᠡ ᠬᠡᠷ ᠤᠨ ᠬᠥᠮᠦᠨ︾ ᠪᠣᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠬᠡᠷᠡᠭ | ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ | ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ | ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ︵ᠬᠤᠶᠠᠷ︶ ᠣᠷᠣᠨ ᠤ ᠲᠥᠪ ᠬᠤᠲᠠ ᠶᠢᠨ ᠲᠣᠭᠤᠷᠢᠨ ᠳᠤ ︽ᠳᠥᠷᠪᠡᠨ ᠣᠷᠣᠨ ᠪᠦᠰᠡ ᠶᠢᠨ ᠲᠥᠪ︾ ᠢ | ᠪᠠᠶᠢᠭᠤᠯᠵᠤ᠂ ᠢᠦᠶ ᠴᠢᠤᠸᠠᠨ ᠤ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠦᠨ᠎ᠡ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠭᠦᠯᠬᠦ︾ ᠠᠵᠢᠯᠯᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠲᠤᠭᠤᠷᠢᠭ ᠢᠶᠠᠨ ᠬᠦᠭᠵᠢᠭᠦᠯᠬᠦ᠂ ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠹᠦᠳᠠᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ︽ᠬᠤᠤᠰ ᠲᠡᠷᠢᠭᠦᠨ ᠲᠠᠰ︾ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠤᠰᠠᠯᠠᠬᠤ | ᠠᠰᠢᠭᠲᠠᠶ ᠠᠵᠠ ᠲᠣᠬᠢᠶᠠᠯ ᠳᠤ ᠲᠦᠰᠢᠭᠯᠡᠨ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠰᠢᠨ᠎ᠡ ᠶᠢ ᠡᠭᠦᠳᠦᠨ ᠨᠡᠪᠴᠢᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠪᠠᠷᠢᠮᠲᠠᠯᠠᠨ᠂ ᠴᠢᠨᠠᠷ ᠰᠠᠶᠢᠲᠠᠶ | ᠰᠤᠳᠤᠯᠤᠨ ᠨᠡᠭᠡᠭᠡᠬᠦ ᠡᠬᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠵᠡᠷᠭᠡ ᠶᠢ ᠮᠠᠨ ᠤ ᠲᠤᠭᠤᠷᠢᠭ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠳᠤ ᠦᠢᠯᠡᠴᠢᠯᠡᠭᠦᠯᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠣᠷᠣᠨ ᠤ ᠲᠥᠪ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠦᠷᠦᠭᠦᠤ ᠪᠦᠯᠦᠭ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ ᠬᠤᠲᠠ ᠳᠤ ᠰᠣᠩᠭᠤᠭᠳᠠᠭᠰᠠᠨ ᠠᠰᠢᠭᠲᠠᠶ ᠲᠣᠬᠢᠶᠠᠯ ᠢ ᠴᠢᠩᠭ᠎ᠠ ᠠᠳᠬᠤᠵᠤ᠂ ᠵᠠᠮ | ᠬᠠᠷᠢᠯᠴᠠᠭᠠᠨ ᠤ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠢ ᠪᠦᠲᠦᠮᠵᠢᠲᠡᠶ ᠪᠠᠷ ᠳᠠᠪᠬᠤᠴᠠᠭᠤᠯᠤᠨ᠂ ᠮᠧᠶ | ᠲᠦᠩ ᠵᠠᠬ᠎ᠠ ᠳᠡᠯᠭᠡᠭᠦᠷ᠂ ᠬᠤᠸᠠ ᠮᠧᠶ ᠮᠠᠰᠢᠨ ᠲᠡᠷᠭᠡᠨ ᠤ ᠲᠣᠬᠢᠷᠠᠭᠤᠯᠤᠯᠲᠠ ᠶᠢᠨ ᠬᠤᠲᠠ ᠵᠡᠷᠭᠡ ᠠᠷᠠᠯᠵᠢᠶ᠎ᠠ | ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠳᠡᠰ ᠳᠡᠭᠡᠭᠰᠢᠯᠡᠭᠦᠯᠵᠦ ᠳᠡᠪᠰᠢᠭᠦᠯᠬᠦ ᠶᠢ ᠰᠠᠶᠢᠲᠤᠷ ᠬᠢᠨ᠎ᠠ᠃ 209 | ᠤᠯᠤᠰ ᠤᠨ ᠵᠠᠮ ᠢᠶᠠᠷ ᠰᠢᠩ ᠱᠧᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠧᠩ ᠺᠦᠨ ᠨᠠᠪᠴᠢᠨ ᠲᠠᠮᠠᠬᠢ ᠶᠢᠨ ᠨᠥᠭᠡᠴᠡᠯᠡᠬᠦ | ᠬᠥᠮᠥᠷᠭᠡ ᠶᠢᠨ ᠲᠥᠷᠥᠯ ᠵᠦᠢᠯ ᠢ ᠡᠬᠢᠯᠡᠭᠦᠯᠵᠦ᠂ ᠮᠧᠩ ᠺᠦᠨ ᠨᠠᠪᠴᠢᠨ ᠲᠠᠮᠠᠬᠢ ᠶᠢᠨ ᠳᠡᠭᠡᠳᠦ ᠳᠣᠤᠷᠠᠳᠤ | ᠤᠷᠤᠰᠬᠠᠯ ᠤᠨ ᠠᠵᠤ ᠦᠢᠯᠡᠰ ᠢ ᠤᠷᠲᠤᠳᠬᠠᠨ᠎ᠠ᠃ 103 ᠮᠤᠵᠢ ᠶᠢᠨ ᠵᠠᠮ ᠢᠶᠠᠷ᠂ ᠮᠢᠩ ᠫᠢᠨ ᠹᠦ᠋ ᠭᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠳᠤ ᠲᠦᠰᠢᠭᠯᠡᠨ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ | ᠲᠡᠷᠭᠡᠨ ᠤ ᠠᠷᠠᠯᠵᠢᠶ᠎ᠠ᠂ ᠠᠮᠢᠳᠤᠷᠠᠯ ᠤᠨ ᠬᠡᠷᠡᠭᠰᠡᠯ ᠵᠡᠷᠭᠡ ᠦᠢᠯᠡᠴᠢᠯᠡᠭᠡᠨ ᠤ ᠬᠤᠲᠠ ᠶᠢᠨ ᠠᠮᠢᠳᠤᠷᠠᠯ ᠳᠤ | ᠦᠢᠯᠡᠴᠢᠯᠡᠬᠦ ᠪᠠᠷ ᠭᠤᠤᠯ ᠪᠣᠯᠭᠠᠭᠰᠠᠨ ᠳᠡᠭᠡᠳᠦ ᠲᠠᠰ ᠤᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠣᠷᠣᠨ ᠤ ᠲᠥᠪ ᠬᠤᠲᠠ ᠶᠢᠨ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡᠨ ᠢ ᠲᠦᠪ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠰᠢᠯᠢ ᠶᠢᠨ ᠡᠮᠦᠨ᠎ᠡ ᠵᠠᠮ ᠢᠶᠠᠷ ᠭᠠᠵᠠᠷ ᠳᠣᠤᠷᠠᠬᠢ | ᠲᠡᠮᠦᠷ ᠵᠠᠮ ᠤᠨ ᠠᠵᠤ ᠠᠬᠤᠶ ᠪᠠ ᠠᠰᠠᠷ ᠲᠠᠭᠲᠤ ᠶᠢᠨ ᠠᠵᠤ ᠠᠬᠤᠶ ᠶᠢ ᠪᠦᠲᠦᠮᠵᠢᠲᠡᠶ ᠪᠠᠷ ᠳᠠᠪᠬᠤᠴᠠᠭᠤᠯᠤᠨ᠂ | ᠺᠠᠶᠢᠳᠧ · ᠨᠡᠬᠡᠮᠡᠯ᠂ ᠬᠤᠸᠠ ᠷᠦᠨ ᠸᠢᠶᠧᠨ᠋ᠲ᠋ᠢᠶᠠᠩ ᠬᠤᠲᠠ᠂ ᠸᠠᠨ ᠳ᠋ᠠ ᠲᠠᠯᠠᠪᠠᠶ ᠵᠡᠷᠭᠡ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠶᠢᠨ ᠴᠤᠭᠯᠠᠷᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ 2 — 3 ᠣᠲᠣ | ᠦᠶ᠎ᠡ ᠶᠢᠨ ᠠᠮᠢᠳᠤᠷᠠᠯ ᠤᠨ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠣᠷᠣᠭᠤᠯᠤᠨ | ᠠᠪᠴᠢᠷᠠᠵᠤ᠂ ᠳᠡᠭᠡᠳᠦ ᠲᠠᠰ ᠤᠨ ᠠᠷᠠᠯᠵᠢᠶ᠎ᠠ ᠬᠤᠳᠠᠯᠳᠤᠭᠠᠨ ᠤ ᠴᠤᠭᠯᠠᠷᠠᠯ ᠤᠨ ᠬᠥᠭᠵᠢᠯᠲᠡ ᠶᠢ ᠠᠬᠢᠭᠤᠯᠤᠨ᠎ᠠ᠃ | ᠰᠢᠨ᠎ᠡ ᠨᠢᠰᠬᠡᠯ ᠤᠨ ᠪᠠᠭᠤᠳᠠᠯ ᠳᠠᠭᠠᠤ ᠲᠦᠷᠭᠡᠨ ᠬᠤᠷᠳᠤᠴᠠ ᠪᠠᠷ ᠶᠡᠷᠦᠩᠬᠡᠢ ᠬᠡᠯᠲᠡᠰ ᠤᠨ ᠠᠵᠤ ᠠᠬᠤᠢ ᠪᠣᠯᠤᠨ | ᠭᠠᠷᠠᠮ ᠳᠠᠭᠠᠤ ᠶᠢᠨ ᠠᠵᠤ ᠠᠬᠤᠢ ᠶᠢ ᠪᠦᠲᠦᠮᠵᠢᠲᠡᠢ ᠳᠠᠪᠬᠤᠴᠠᠭᠤᠯᠵᠤ᠂ ᠤᠳᠤᠨ ᠲᠡᠰ ᠤᠨ ᠪᠠᠭᠤᠳᠠᠯ᠂ ᠶᠡᠷᠦᠩᠬᠡᠢ | ᠬᠡᠯᠲᠡᠰ ᠤᠨ ᠠᠷᠠᠯᠵᠢᠶ᠎ᠠ᠂ ᠬᠤᠷᠠᠯ ᠦᠵᠡᠰᠬᠦᠯᠡᠩ ᠤᠨ ᠲᠥᠪ ᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ | ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ | ᠪᠦᠳᠦᠭᠡᠨ ᠪᠠᠶᠢᠭᠤᠯᠵᠤ᠂ᠤᠷᠤᠨ ᠤ ᠲᠦᠪ ᠬᠤᠳᠠ ᠶᠢᠨ ᠤᠳᠤ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠬᠤ ᠳᠤ | ᠬᠦᠴᠦᠨ ᠨᠡᠮᠡᠷᠢᠯᠡᠨ᠎ᠡ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠵᠤ᠂ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠠᠶᠠᠯᠢᠭᠵᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︽ | ᠬᠤᠶᠠᠷ ᠭᠤᠣᠯ ᠬᠤᠶᠠᠷ ᠬᠦᠷᠢᠶᠡᠯᠡᠩ︾ ᠤᠨ ᠪᠠᠶᠢᠭᠠᠯᠢ ᠶᠢᠨ ᠦᠵᠡᠮᠵᠢ ᠪᠠ ᠬᠥᠮᠦᠨ ᠨᠡᠶᠢᠭᠡᠮ ᠤᠨ ᠣᠷᠴᠢᠨ | ᠲᠣᠭᠤᠷᠢᠨ ᠳᠤ ᠲᠦᠰᠢᠭᠯᠡᠨ᠂ ᠨᠢᠭᠡ ᠪᠦᠯᠦᠭ ᠭᠤᠤᠯ ᠰᠡᠳᠦᠪᠲᠦ ᠠᠭᠤᠳᠠᠮ ᠲᠠᠯᠠᠪᠠᠶ᠂ ᠠᠷᠠᠳ ᠤᠨ ᠵᠠᠩ | ᠦᠢᠯᠡ ᠶᠢᠨ ᠦᠵᠡᠮᠵᠢ ᠶᠢᠨ ᠶᠠᠪᠠᠭᠠᠨ ᠵᠠᠮ᠂ ᠰᠡᠯᠡᠭᠦᠴᠡᠯ ᠤᠨ ᠤᠰᠤ ᠳᠠᠭᠠᠭᠰᠠᠨ ᠶᠠᠪᠠᠭᠠᠨ ᠵᠠᠮ᠂ ᠠᠮᠢ ᠠᠬᠤᠶ ᠶᠢᠨ | ᠣᠶ ᠶᠢᠨ ᠰᠡᠭᠦᠳᠡᠷᠲᠦ ᠶᠠᠪᠠᠭᠠᠨ ᠵᠠᠮ ᠢ ᠪᠥᠲᠥᠭᠡᠨ ᠪᠠᠶᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ | ᠬᠠᠮᠵᠢᠯᠴᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ︽ᠵᠢᠪᠦᠮᠡᠯ ᠮᠠᠶ᠋ᠢᠭ + ᠪᠡᠶᠡᠴᠢᠯᠡᠨ | ᠣᠶᠢᠯᠠᠭᠠᠬᠤ ᠮᠠᠶ᠋ᠢᠭ︾ ᠤᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠨ᠂ | ᠤᠷᠤᠯᠳᠤᠭᠠᠨ ᠤ ᠦᠵᠡᠭᠦᠯᠦᠯᠭᠡ ᠶᠢᠨ ᠲᠣᠭᠯᠠᠯᠲᠠ᠂ ᠬᠡᠷ ᠤᠨ ᠭᠠᠳᠠᠨᠠᠬᠢ ᠬᠥᠳᠡᠯᠭᠡᠭᠡᠨ᠂ ᠤᠰᠤ ᠳᠠᠭᠠᠭᠰᠠᠨ ᠵᠤᠭ᠎ᠠ | ᠴᠡᠩᠭᠡᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠷᠣᠨ ᠤ ᠲᠥᠪ ᠬᠤᠲᠠ ᠶᠢᠨ ᠰᠡᠯᠡᠭᠦᠴᠡᠨ ᠠᠮᠠᠷᠠᠬᠤ ᠲᠥᠪ | ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ︵ᠭᠤᠷᠪᠠ︶ ᠣᠷᠣᠨ ᠤ ᠲᠥᠪ ᠬᠤᠲᠠ ᠶᠢᠨ ︽ᠳᠥᠷᠪᠡᠨ ᠶᠡᠭᠡ ᠠᠵᠤ ᠠᠬᠤᠶ ᠶᠢᠨ ᠬᠦᠷᠢᠶ᠎ᠡ︾ ᠳᠤ | ᠠᠭᠤᠰᠤᠯᠴᠠᠬᠤ ᠶᠢᠨ ᠲᠣᠭᠤᠷᠢᠨ ᠳᠤ᠂ ᠢᠦᠶ ᠴᠢᠤᠸᠠᠨ ᠤ ᠨᠡᠭᠡᠭᠡᠯᠲᠡ ᠶᠢᠨ ᠪᠠᠶᠢᠷᠢᠰᠢᠯ ᠢ ᠳᠡᠯᠭᠡᠨ ᠦᠵᠡᠭᠦᠯᠦᠨ᠎ᠡ᠃ | ᠠᠬ᠎ᠠ ᠳᠡᠭᠦᠤ ᠬᠤᠰᠢᠭᠤ ᠰᠢᠶᠠᠨ ᠲᠣᠭᠤᠷᠢᠭ ᠯᠤᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ | ︽ᠨᠢᠰᠦᠭᠡ ᠭᠠᠵᠠᠷ ᠤᠨ ᠠᠵᠤ ᠠᠬᠤᠶ︾ ᠶᠢ ᠬᠥᠭᠵᠢᠭᠦᠯᠵᠦ᠂ ᠠᠵᠤ ᠦᠢᠯᠡᠰ ᠤᠨ ᠢᠵᠢ ᠪᠥᠷᠢᠳᠦᠭᠦᠯᠬᠦ ᠶᠢ | ᠠᠬᠢᠭᠤᠯᠵᠤ᠂ ᠬᠤᠳᠠᠯᠳᠤᠭᠠᠴᠢᠨ ᠤᠷᠢᠬᠤ ᠵᠡᠷᠭᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ᠂ | ᠴᠢᠳᠠᠮᠵᠢ ᠶᠢᠨ ᠲᠠᠯ᠎ᠠ ᠪᠠᠷ ᠬᠠᠷᠢᠯᠴᠠᠨ ᠵᠣᠯᠭᠠᠭᠤᠯᠬᠤ᠂ ᠠᠵᠤ ᠦᠢᠯᠡᠰ ᠤᠨ ᠲᠠᠯ᠎ᠠ ᠪᠠᠷ ᠬᠠᠷᠢᠯᠴᠠᠨ ᠠᠬᠢᠭᠤᠯᠬᠤ | ᠬᠥᠭᠵᠢᠯᠲᠡ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ︽ᠣᠷᠣᠨ ᠤ | ᠲᠥᠪ ᠬᠤᠲᠠ ᠶᠢᠨ ᠬᠦᠷᠢᠶ᠎ᠡ︾ ᠶᠢ ᠢᠳᠡᠪᠬᠢᠲᠡᠶ ᠪᠠᠷ ᠬᠥᠲᠥᠯᠦᠨ ᠳᠠᠭᠠᠭᠤᠯᠤᠨ᠎ᠠ᠃ ᠰᠣᠶᠣᠯ᠂ ᠵᠤᠭᠠᠴᠠᠯ᠂ | ᠰᠤᠷᠭᠠᠨ ᠬᠥᠮᠦᠵᠢᠯ ᠵᠡᠷᠭᠡ ᠬᠦᠷᠢᠶᠡᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠣᠷᠣᠨ ᠪᠦᠰᠡ ᠶᠢᠨ ᠠᠵᠤ | ᠦᠢᠯᠡᠰ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠨᠡᠶᠢᠭᠡᠮ ᠤᠨ ᠵᠠᠰᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ | ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠨᠡᠪᠲᠡᠷᠡᠯᠴᠡᠭᠡ᠂ ᠰᠤᠷᠭᠠᠨ ᠬᠥᠮᠦᠵᠢᠯ ᠤᠨ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠰᠣᠶᠣᠯ ᠵᠤᠭᠠᠴᠠᠯ ᠤᠨ ᠬᠤᠷᠰᠢᠯᠴᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠬᠤᠳᠠ ᠶᠢᠨ | ᠬᠤᠭᠤᠷᠣᠨᠳᠣᠬᠢ ᠬᠠᠮᠵᠢᠯᠴᠠᠨ ᠬᠠᠮᠲᠤᠷᠠᠯᠴᠠᠬᠤ᠂ ᠬᠠᠷᠢᠯᠴᠠᠨ ᠨᠥᠬᠦᠪᠥᠷᠢᠯᠡᠬᠦ ᠬᠥᠭᠵᠢᠯᠲᠡ ᠶᠢ ᠪᠡᠶᠡᠯᠡᠭᠦᠯᠵᠦ᠂ | ᠬᠥᠬᠡᠬᠤᠲᠠ ᠪᠤᠭᠤᠲᠤ ᠤᠷᠳᠤᠰ ᠦᠬᠠᠢ ᠶᠢᠨ ︽ᠨᠢᠭᠡ ᠴᠠᠭ ᠤᠨ ᠬᠤᠳᠠ ᠶᠢᠨ ᠲᠣᠭᠤᠷᠢᠭ︾ ᠲᠤ ᠭᠦᠨᠵᠡᠭᠡᠢ | ᠠᠭᠤᠰᠤᠯᠴᠠᠨ᠎ᠠ᠃ ᠣᠷᠣᠨ ᠤ ᠲᠥᠪ ᠬᠤᠲᠠ ᠪᠣᠯᠤᠨ ᠪᠡᠭᠡᠵᠢᠩ ᠤᠨ ᠣᠷᠣᠨ ᠪᠦᠰᠡ ᠣᠶᠢᠷᠠᠯᠴᠠᠭ᠎ᠠ᠂ ᠭᠠᠵᠠᠷ | ᠨᠤᠲᠤᠭ ᠬᠠᠷᠢᠯᠴᠠᠨ ᠵᠠᠯᠭᠠᠯᠳᠤᠭᠰᠠᠨ᠂ ᠳᠡᠭᠡᠳᠦ ᠬᠤᠷᠳᠤᠴᠠᠲᠤ ᠲᠡᠮᠦᠷ ᠵᠠᠮ ᠬᠠᠷᠢᠯᠴᠠᠨ ᠨᠡᠪᠲᠡᠷᠡᠯᠴᠡᠭᠰᠡᠨ | ᠳᠠᠪᠠᠭᠤᠯᠢᠭ ᠲᠤ ᠰᠠᠭᠤᠷᠢᠯᠠᠨ᠂ ᠨᠡᠶᠢᠰᠯᠡᠯ ᠤᠨ ᠬᠤᠳᠠ ᠶᠢᠨ ᠴᠢᠳᠠᠮᠵᠢ ᠶᠢ ᠲᠠᠷᠬᠠᠭᠠᠬᠤ ᠠᠵᠠ ᠲᠣᠬᠢᠶᠠᠯ ᠢ ᠠᠮᠵᠢᠵᠤ᠂ | ᠨᠡᠶᠢᠰᠯᠡᠯ ᠤᠨ ᠡᠬᠢ ᠪᠠᠶᠠᠯᠢᠭ ᠭᠠᠳᠠᠭᠰᠢ ᠪᠢᠯᠬᠠᠬᠤ ᠶᠢ ᠢᠳᠡᠪᠬᠢᠲᠡᠢ ᠪᠠᠷ ᠬᠦᠯᠢᠶᠡᠨ ᠠᠪᠴᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠯᠳᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠲᠣᠭᠠᠴᠢᠯᠠᠭᠰᠠᠨ ᠠᠵᠤ | ᠠᠬᠤᠢ᠂ ᠰᠣᠶᠣᠯ ᠵᠤᠭᠠᠴᠠᠯ ᠤᠨ ᠠᠭᠤᠰᠤᠯᠴᠠᠯ᠂ ᠪᠣᠬᠢᠷᠲᠤᠯ ᠦᠭᠡᠢ ᠬᠥᠭᠵᠢᠯᠲᠡ ᠵᠡᠷᠭᠡ ᠲᠠᠯ᠎ᠠ ᠪᠠᠷ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠨᠡᠩ ᠤᠯᠠᠨ ᠬᠥᠮᠦᠨ ᠤ ᠭᠦᠢᠯᠭᠡᠭᠡ᠂ ᠡᠳ᠋ ᠪᠠᠷᠠᠭᠠᠨ ᠤ ᠭᠦᠢᠯᠭᠡᠭᠡ᠂ | ᠮᠡᠳᠡᠭᠡ ᠵᠠᠩᠭᠢ ᠶᠢᠨ ᠭᠦᠢᠯᠭᠡᠭᠡ᠂ ᠪᠡᠯᠡ ᠮᠥᠩᠭᠦᠨ ᠤ ᠭᠦᠢᠯᠭᠡᠭᠡ ᠶᠢ ᠥᠷᠢᠰᠥᠯᠳᠦᠭᠦᠯᠦᠨ ᠲᠥᠪᠯᠡᠷᠡᠭᠦᠯᠵᠦ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠠᠰᠢᠭ ᠲᠤᠰᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ | ᠰᠠᠨᠠᠭᠠᠴᠢᠯᠠᠭ᠎ᠠ ᠠᠴᠠ ᠪᠠᠨ ᠪᠡᠭᠡᠵᠢᠩ ᠲᠢᠶᠠᠨᠵᠢᠨ ᠡᡁᠧᠪᠸᠢ ᠳᠤ ᠠᠭᠤᠰᠤᠯᠴᠠᠬᠤ ︽ᠬᠤᠶᠠᠷ ᠴᠠᠭ ᠤᠨ ᠠᠵᠤ | ᠠᠬᠤᠢ ᠶᠢᠨ ᠲᠣᠭᠤᠷᠢᠭ︾ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠳᠤᠮᠳᠠᠳᠤ ᠮᠣᠩᠭᠤᠯ ᠤᠨ | ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢᠶᠠᠷ | ᠲᠠᠪᠴᠠᠩ ᠪᠣᠯᠭᠠᠵᠤ᠂ ᠲᠦᠮᠡᠨ ᠭᠠᠵᠠᠷ ᠤᠨ ᠴᠠᠶ ᠶᠢᠨ ᠵᠠᠮ ᠤᠨ ᠨᠥᠯᠥᠭᠡᠯᠡᠬᠦ ᠬᠦᠴᠦᠨ ᠪᠠ ᠵᠠᠮ ᠳᠠᠭᠠᠤ ᠶᠢᠨ ᠣᠯᠠᠨ | ᠶᠠᠩᠵᠤ ᠶᠢᠨ ᠰᠣᠶᠣᠯ ᠤᠨ ᠥᠪ ᠲᠤ ᠲᠦᠰᠢᠭᠯᠡᠨ᠂ ᠢᠮᠠᠭᠠᠨ ᠨᠣᠯᠤᠤᠷ ᠤᠨ ᠪᠦᠲᠦᠭᠡᠭᠳᠡᠬᠦᠨ᠂ ᠢᠳᠡᠭᠡᠨ ᠡᠳ᠋ᠰᠢᠭᠦᠯᠬᠦ᠂ | ᠤᠯᠠᠮᠵᠢᠯᠠᠯᠲᠤ ᠬᠤᠪᠴᠠᠰᠤ ᠵᠠᠰᠠᠯ ᠵᠡᠷᠭᠡ ᠤᠨᠴᠠᠯᠢᠬᠳᠤ ᠲᠠᠸᠠᠷ ᠤᠨ ᠠᠷᠠᠯᠵᠢᠶ᠎ᠠ ᠶᠢ ᠴᠢᠩᠭᠠᠳᠬᠠᠵᠤ᠂ ᠰᠣᠶᠣᠯ | ᠢᠷᠭᠡᠨᠰᠢᠯ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠰᠤᠳᠤᠯᠤᠨ ᠰᠤᠷᠤᠯᠴᠠᠬᠤ ᠵᠡᠷᠭᠡ ᠬᠦᠷᠢᠶᠡᠨ ᠳᠠᠬᠢ | ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠣᠷᠣᠰ ᠮᠣᠩᠭᠤᠯ ᠧᠦ᠋ᠷᠣᠫᠠ ᠳᠤ ᠬᠠᠨᠳᠤᠭᠤᠯᠤᠭᠰᠠᠨ ︽ | ᠭᠠᠳᠠᠭᠠᠳᠤ ᠨᠡᠭᠡᠭᠡᠯᠲᠡ ᠶᠢᠨ ᠬᠦᠷᠢᠶ᠎ᠡ︾ ᠶᠢ ᠪᠥᠬᠦ ᠬᠦᠴᠦᠨ ᠢᠶᠠᠷ ᠠᠬᠢᠭᠤᠯᠤᠨ᠎ᠠ᠃ | ︵ᠳᠥᠷᠪᠡ︶ ᠣᠷᠣᠨ ᠤ ᠲᠥᠪ ᠬᠤᠲᠠ ᠶᠢᠨ ᠲᠣᠭᠤᠷᠢᠨ ᠳᠤ ︽ᠲᠠᠪᠤᠨ ᠲᠣᠬᠢᠯᠢᠭ ᠬᠤᠲᠠ︾ ᠶᠢ | ᠪᠥᠲᠥᠭᠡᠨ ᠪᠠᠶᠢᠭᠤᠯᠵᠤ᠂ ᠢᠦᠢ ᠴᠢᠤᠸᠠᠨ ᠤ ᠥᠪᠡᠷᠮᠢᠴᠡ ᠷᠢᠳᠢ ᠰᠢᠳᠢ ᠶᠢ ᠢᠯᠡᠷᠡᠭᠦᠯᠦᠨ᠎ᠡ᠃ | ᠨᠠᠷᠢᠯᠢᠭ ᠣᠨᠣᠴᠠᠲᠠᠶ ᠲᠥᠯᠥᠪᠵᠢᠭᠦᠯᠭᠡ ᠶᠢ ᠳᠣᠪᠤᠶᠢᠯᠭᠠᠨ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠣᠰᠣᠭᠠᠷ ᠭᠤᠤᠯᠳᠠᠯᠭ᠎ᠠ ᠲᠠᠢ ᠣᠷᠣᠨ ᠪᠦᠰᠡ ᠶᠢᠨ ᠬᠤᠲᠠ ᠶᠢᠨ ᠵᠢᠷᠤᠭ | ᠲᠥᠯᠥᠪᠯᠡᠭᠡ ᠶᠢ ᠲᠡᠭᠦᠯᠳᠡᠷᠵᠢᠭᠦᠯᠦᠨ᠎ᠡ᠃ ᠨᠠᠷᠢᠯᠢᠭ ᠪᠦᠳᠦᠬᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠬᠤᠷᠢᠶᠠᠯᠠᠯ ᠤᠨ ᠬᠠᠲᠠᠭᠤ | ᠲᠥᠬᠦᠭᠡᠷᠦᠮᠵᠢ᠂ ᠵᠥᠭᠡᠯᠡᠨ ᠣᠷᠴᠢᠨ ᠲᠣᠭᠤᠷᠢᠨ ᠤ ᠬᠤᠣᠰ ᠳᠡᠭᠡᠭᠰᠢᠯᠡᠯᠲᠡ ᠶᠢ ᠠᠬᠢᠭᠤᠯᠤᠨ᠎ᠠ᠃ ᠬᠤᠶᠠᠳᠤᠭᠠᠷ | ᠲᠣᠭᠤᠷᠢᠯ ᠵᠠᠮ ᠤᠨ ᠬᠤᠶᠠᠷ ᠬᠠᠵᠠᠭᠤ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠬᠤᠷᠢᠶᠠᠯᠠᠯ ᠤᠨ | ᠥᠭᠡᠷᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ | ᠳᠥᠭᠦᠮ ᠪᠦᠲᠦᠴᠡᠲᠦ ᠣᠷᠣᠨ ᠰᠠᠭᠤᠴᠠ ᠶᠢᠨ ᠬᠤᠷᠢᠶᠠᠯᠠᠯ ᠢ ᠡᠷᠡᠭᠦᠯ ᠮᠡᠨᠳᠦ ᠶᠢ ᠬᠠᠮᠠᠭᠠᠯᠠᠬᠤ᠂ ᠪᠠᠷᠠᠭ᠎ᠠ | ᠬᠤᠳᠠᠯᠳᠤᠨ ᠠᠪᠬᠤ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ᠣᠳᠣᠬᠢᠴᠢᠯᠠᠭᠰᠠᠨ ᠬᠤᠲᠠ ᠶᠢᠨ | ᠴᠢᠳᠠᠮᠵᠢᠳᠤ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠨᠠᠢᠮᠠᠨ ᠬᠥᠨᠳᠡᠯᠡᠨ ᠵᠢᠷᠭᠤᠭᠠᠨ ᠭᠤᠯᠳᠤ︾ ᠶᠢᠨ ᠵᠠᠮ ᠤᠨ ᠲᠣᠣᠷ ᠤᠨ | ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠵᠦ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠦᠨ᠎ᠡ᠃ ᠨᠠᠷᠢᠯᠢᠭ | ᠬᠠᠮᠢᠶᠠᠷᠤᠯᠲᠠ ᠶᠢ ᠴᠢᠩᠭᠠᠳᠬᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠭ | ᠨᠣᠪᠰᠢ ᠶᠢ ᠲᠥᠷᠥᠯ ᠬᠤᠪᠢᠶᠠᠬᠤ ᠶᠢ ᠴᠢᠩᠭ᠎ᠠ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ | ᠰᠠᠶᠢᠵᠢᠷᠠᠭᠤᠯᠤᠨ᠂ ᠠᠮᠢᠳᠤᠷᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠬᠤᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠠᠭᠠᠷ ᠴᠡᠪᠡᠷ ᠲᠤᠩᠭᠠᠯᠠᠭ᠂ ᠵᠠᠮ ᠬᠠᠷᠢᠯᠴᠠᠭ᠎ᠠ ᠳᠥᠭᠦᠮ ᠳᠥᠲᠡ᠂ ᠡᠷᠡᠭᠦᠯ ᠲᠣᠬᠢᠯᠢᠭ | ᠤᠷᠤᠰᠢᠨ ᠰᠠᠭᠤᠬᠤ ᠳᠤ ᠲᠣᠬᠢᠷᠠᠮᠵᠢᠲᠠᠶ ᠢᠦᠢ ᠴᠢᠤᠸᠠᠨ ᠢ ᠪᠥᠲᠥᠭᠡᠨ ᠪᠠᠶᠢᠭᠤᠯᠤᠨ᠎ᠠ᠃ ︽ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ | ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠪᠥᠬᠦ ᠲᠠᠯ᠎ᠠ ᠪᠠᠷ | ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ | ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠲᠠᠪᠴᠠᠩ ᠲᠠᠢ ᠪᠣᠯᠭᠠᠵᠤ᠂ ᠦᠨ᠎ᠡ ᠥᠷᠲᠡᠭ ᠲᠠᠢ ᠪᠠᠶᠢᠬᠤ ᠶᠢ | ᠪᠡᠶᠡᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠵᠠᠰᠠᠭ ᠤᠨ ᠣᠷᠳᠣᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠪᠠᠶᠢᠭᠤᠯᠤᠨ᠂ ︽ᠠᠵᠢᠯ ᠶᠠᠪᠤᠳᠠᠯ | ᠪᠦᠲᠦᠭᠡᠬᠦ ᠳᠤ ᠬᠥᠮᠦᠨ ᠢ ᠭᠤᠶᠤᠬᠤ ᠥᠬᠡᠶ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠳᠡᠶᠢᠯᠬᠦ᠂ ᠪᠠᠯᠠ | ᠣᠷᠣᠭᠤᠯᠤᠯᠲᠠ ᠳᠤ ᠮᠠᠰᠢ ᠲᠠᠭᠠᠯᠠᠮᠵᠢᠲᠠᠶ︾ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ | ᠦᠢᠯᠡᠰ ᠲᠤ ᠳᠣᠭᠢᠷᠠᠬᠤ ᠢᠦᠢ ᠴᠢᠤᠸᠠᠨ ᠢ ᠪᠥᠲᠥᠭᠡᠨ ᠪᠠᠶᠢᠭᠤᠯᠤᠨ᠎ᠠ᠃ ᠰᠤᠷᠭᠠᠨ ᠬᠥᠮᠦᠵᠢᠯ ᠢ ᠲᠡᠷᠢᠭᠦᠨ ᠳᠤ | ᠲᠠᠯᠪᠢᠬᠤ ᠶᠢ ᠢᠮᠠᠭᠲᠠ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯᠳᠤ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠲᠦᠮᠡᠳ ᠰᠤᠷᠭᠠᠭᠤᠯᠢ᠂ ᠾᠧᠩ ᠴᠠᠩ | ᠳ᠋ᠢᠶᠠᠨ ᠪᠠᠭ᠎ᠠ ᠰᠤᠷᠭᠠᠭᠤᠯᠢ ᠵᠡᠷᠭᠡ ᠵᠠᠭᠤᠨ ᠵᠢᠯ ᠤᠨ ᠨᠠᠷᠠᠲᠤ ᠰᠤᠷᠭᠠᠭᠤᠯᠢ ᠶᠢᠨ ᠲᠡᠤᠬᠡ ᠶᠢᠨ ᠬᠤᠷᠠᠮᠳᠤᠭᠤᠯᠤᠯ ᠳᠤ | ᠲᠦᠰᠢᠭᠯᠡᠨ᠂ ᠬᠤᠶᠠᠳᠤᠭᠠᠷ ᠲᠣᠭᠤᠷᠢᠯ ᠵᠠᠮ ᠠᠴᠠ ᠤᠮᠠᠷᠠᠰᠢᠬᠢ ᠤᠨᠴᠠᠯᠢᠬᠳᠤ ᠰᠣᠶᠣᠯ ᠤᠨ ᠰᠤᠳᠠᠰᠤ ᠶᠢ | ᠤᠯᠠᠮᠵᠢᠯᠠᠨ ᠬᠥᠭᠵᠢᠭᠦᠯᠬᠦ ᠲᠤᠭᠤᠷᠢᠭ ᠢ ᠪᠠᠶᠢᠭᠤᠯᠤᠨ᠎ᠠ︔ ᠥᠪᠥᠷ ᠮᠣᠩᠭᠤᠯ ᠤᠨ ᠶᠡᠭᠡ ᠰᠤᠷᠭᠠᠭᠤᠯᠢ᠂ ᠪᠠᠭᠰᠢ ᠶᠢᠨ | ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠬᠤᠶᠠᠳᠤᠭᠠᠷ ᠴᠠᠭᠠᠷᠢᠭ ᠠᠴᠠ ᠡᠮᠦᠨᠡᠰᠢᠬᠢ ᠰᠢᠯᠢᠳᠡᠭ ᠰᠤᠷᠭᠠᠨ | ᠬᠥᠮᠦᠵᠢᠯ ᠤᠨ ᠬᠥᠲᠥᠯᠦᠨ ᠳᠠᠭᠠᠭᠤᠯᠬᠤ ᠲᠤᠭᠤᠷᠢᠭ ᠢ ᠪᠣᠶ ᠪᠣᠯᠭᠠᠵᠤ᠂ ᠨᠢᠭᠡ ᠲᠡᠩᠭᠡᠯᠢᠭ ᠬᠤᠶᠠᠷ ᠲᠣᠭᠤᠷᠢᠭ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠰᠤᠷᠤᠯᠴᠠᠬᠤ ᠳᠤ ᠲᠣᠬᠢᠷᠠᠮᠵᠢᠲᠠᠶ | ᠢᠦᠶ ᠴᠢᠤᠸᠠᠨ ᠢ ᠪᠥᠲᠥᠭᠡᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠳᠤᠲᠠᠭᠤᠳᠠᠯ ᠢ | ᠨᠥᠬᠦᠪᠥᠷᠢᠯᠡᠵᠦ᠂ ᠤᠨᠴᠠᠯᠢᠬᠳᠤ ᠲᠤᠰᠬᠠᠢ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠵᠢᠯ ᠤᠨ ᠠᠰᠠᠷᠠᠮᠵᠢ ᠪᠠ ᠬᠠᠷᠢᠯᠴᠠᠨ ᠬᠠᠪᠰᠤᠷᠤᠯᠴᠠᠬᠤ ᠮᠠᠶ᠋ᠢᠭ ᠤᠨ | ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠨᠤᠭᠤ ᠭᠠᠵᠠᠷ ᠤᠨ ᠴᠡᠴᠡᠷᠯᠢᠭ᠂ ᠪᠠᠭ᠎ᠠ ᠲᠦᠷᠭᠡᠨ ᠭᠤᠣᠯ ᠤᠨ | ᠦᠵᠡᠮᠵᠢ ᠶᠢᠨ ᠪᠦᠰᠡ ᠶᠢᠨ ᠡᠷᠬᠢᠨ ᠲᠣᠭᠤᠷᠢᠨ ᠳᠤ ᠡᠷᠡᠭᠦᠯ ᠮᠡᠨᠳᠦ ᠶᠢᠨ ᠡᠮᠴᠢᠯᠡᠭᠡ ᠰᠤᠪᠢᠯᠠᠯᠲᠠ᠂ ᠠᠮᠢ | ᠠᠬᠤᠢ ᠶᠢᠨ ᠵᠤᠭᠠᠴᠠᠯ ᠤᠨ ᠰᠤᠪᠢᠯᠠᠯᠲᠠ᠂ ᠪᠡᠶ᠎ᠡ ᠶᠢᠨ ᠲᠠᠮᠢᠷ ᠤᠨ ᠰᠤᠪᠢᠯᠠᠯᠲᠠ᠂ ᠢᠳᠡᠭᠡᠨ ᠢᠶᠠᠷ ᠡᠮᠨᠡᠵᠦ ᠡᠮ ᠢᠶᠠᠷ | ᠲᠡᠵᠢᠭᠡᠬᠦ ᠵᠡᠷᠭᠡ ᠡᠷᠡᠭᠦᠯᠵᠢᠯ ᠰᠤᠪᠢᠯᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠤᠯᠳᠠᠯᠭ᠎ᠠ ᠲᠠᠢ | ᠪᠠᠶᠢᠷᠢᠯᠠᠭᠤᠯᠵᠤ᠂ ᠢᠦᠶ ᠴᠢᠤᠸᠠᠨ ᠡᠷᠡᠭᠦᠯᠵᠢᠯ ᠰᠤᠪᠢᠯᠠᠯᠲᠠ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ | ᠲᠡᠵᠢᠭᠡᠬᠦ ᠳᠤ ᠲᠣᠬᠢᠷᠠᠮᠵᠢᠲᠠᠶ ᠢᠦᠶ ᠴᠢᠤᠸᠠᠨ ᠢ ᠪᠥᠲᠥᠭᠡᠨ ᠪᠠᠶᠢᠭᠤᠯᠤᠨ᠎ᠠ᠃ ᠶᠡᠭᠡ ᠡᠮᠦᠨ᠎ᠡ ᠶᠡᠭᠡ ᠬᠤᠶᠢᠲᠤ ᠵᠡᠭᠡᠯᠢ | — ᠵᠣᠣ ᠵᠢᠶᠦ᠋ᠨ ᠵᠠᠮ ᠤᠨ 12 ᠺᠢᠯᠣᠮᠧᠲᠷ ᠤᠨ ᠰᠢᠵᠢᠷ ᠠᠯᠲᠠᠨ ᠵᠢᠭᠤᠯᠴᠢᠯᠠᠯ ᠤᠨ ᠪᠦᠰᠡ ᠶᠢᠨ | ᠠᠭᠤᠯᠤᠭᠳᠠᠬᠤᠨ ᠢ ᠪᠠᠶᠠᠯᠢᠭᠵᠢᠭᠤᠯᠵᠤ᠂ ᠬᠠᠭᠤᠴᠢᠨ ᠬᠤᠲᠠ ᠶᠢᠨ ᠰᠣᠶᠣᠯ᠂ ᠬᠤᠪᠢᠰᠬᠠᠯ ᠤᠨ ᠰᠣᠶᠣᠯ᠂ ᠵᠣᠣ | ᠵᠢᠶᠦ᠋ᠨ ᠤ ᠰᠣᠶᠣᠯ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠬᠤᠳᠠᠯᠳᠤᠭᠠᠨ ᠤ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠪᠤᠭᠤᠮᠲᠠ ᠶᠢᠨ ᠬᠠᠭᠤᠴᠢᠨ ᠵᠡᠭᠡᠯᠢ᠂ ᠲᠦᠩ ᠱᠦᠨ ᠶᠡᠭᠡ ᠭᠤᠳᠤᠮᠵᠢ ᠪᠠ ᠳ᠋ᠠ ᠱᠧᠩ ᠺᠦᠶ | ᠬᠤᠳᠠᠯᠳᠤᠭᠠᠨ ᠤ ᠵᠡᠭᠡᠯᠢ ᠳᠤ ᠲᠦᠰᠢᠭᠯᠡᠨ᠂ ᠠᠷᠠᠳ ᠤᠨ ᠵᠠᠩ ᠦᠢᠯᠡ ᠶᠢᠨ ᠰᠣᠶᠣᠯ᠂ ᠪᠣᠳᠠᠰ ᠤᠨ ᠪᠤᠰᠤ | ᠰᠣᠶᠣᠯ ᠤᠨ ᠥᠪ ᠤᠨ ᠦᠵᠡᠭᠦᠯᠦᠯᠭᠡ᠂ ᠣᠨᠴᠠᠯᠢᠭᠲᠤ ᠠᠮᠲᠠᠲᠤ ᠢᠳᠡᠭᠡᠨ ᠢ ᠨᠢᠭᠡ ᠴᠤᠭᠴᠠᠵᠢᠭᠤᠯᠤᠭᠰᠠᠨ | ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠵᠤ᠂ ᠤᠯᠤᠰ ᠤᠨ ᠲᠠᠰ ᠤᠨ ᠣᠨᠴᠠᠯᠢᠭᠲᠤ ᠬᠤᠳᠠᠯᠳᠤᠭᠠᠨ ᠤ ᠶᠠᠪᠠᠭᠠᠨ | ᠵᠡᠭᠡᠯᠢ ᠶᠢ ᠡᠭᠦᠳᠦᠨ ᠪᠠᠶᠢᠭᠤᠯᠤᠨ᠎ᠠ᠃ ᠬᠤᠪᠢᠰᠬᠠᠯ ᠤᠨ ᠲᠡᠦᠬᠡ ᠰᠣᠶᠣᠯ ᠢ ᠭᠦᠢᠴᠡᠳ ᠠᠭᠤᠳᠠᠯᠵᠤ᠂ ᠰᠦᠢᠶᠤᠸᠠᠨ | ᠥᠪᠥᠷ ᠮᠣᠩᠭᠤᠯ ᠤᠨ ᠡᠯ᠎ᠡ ᠡᠲᠡᠭᠡᠳ ᠤᠨ ᠶᠠᠫᠣᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ | ᠪᠠᠭᠤᠷᠢ ᠶᠢᠨ ᠳᠤᠷᠠᠰᠬᠠᠯ ᠤᠨ ᠣᠷᠳᠣᠨ᠂ ᠲᠦᠮᠡᠳ ᠤᠨ ᠰᠦᠮ᠎ᠡ ᠵᠡᠷᠭᠡ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ | ᠠᠰᠢᠭᠯᠠᠵᠤ᠂ ᠬᠤᠪᠢᠰᠬᠠᠯ ᠤᠨ ᠰᠣᠶᠣᠯ ᠢ ᠤᠯᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢᠰᠬᠠᠯ ᠤᠨ | ᠰᠣᠶᠣᠯ ᠤᠨ ᠵᠤᠭᠠᠴᠠᠯ ᠤᠨ ᠰᠠᠭᠤᠷᠢᠨ ᠢ ᠪᠠᠶᠢᠭᠤᠯᠤᠨ᠎ᠠ᠃ ᠵᠣᠣ ᠵᠢᠶᠦ᠋ᠨ ᠮᠦᠽᠧᠶ ᠳᠤ ᠲᠦᠰᠢᠭᠯᠡᠨ᠂ ᠵᠣᠣ ᠵᠢᠶᠦ᠋ᠨ | ᠰᠣᠶᠣᠯ ᠡᠷᠳᠡᠮ ᠰᠢᠨᠵᠢᠯᠡᠭᠡᠨ ᠤ ᠰᠤᠳᠤᠯᠭᠠᠨ᠂ ᠤᠷᠠᠯᠢᠭ ᠤᠨ ᠵᠣᠬᠢᠶᠠᠨ ᠪᠦᠲᠦᠭᠡᠯᠭᠡ᠂ ᠰᠣᠯᠢᠯᠴᠠᠭ᠎ᠠ | ᠳᠠᠮᠵᠢᠭᠤᠯᠭ᠎ᠠ ᠶᠢ ᠭᠦᠨᠵᠡᠭᠡᠶᠢᠷᠡᠭᠦᠯᠵᠦ᠂ ︽ᠵᠣᠣ ᠵᠢᠶᠦ᠋ᠨ ᠡᠶ᠎ᠡ ᠨᠠᠶᠢᠷᠲᠠᠶ ᠵᠢᠵᠢᠭ ᠪᠠᠯᠭᠠᠰᠤ︾ ᠶᠢ ᠪᠠᠶᠢᠭᠤᠯᠤᠨ᠎ᠠ᠃ | ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠮᠣᠩᠭᠤᠯ ᠤᠨ ᠵᠠᠩ ᠠᠭᠠᠯᠢ ᠶᠢᠨ ᠬᠦᠷᠢᠶᠡᠯᠡᠩ ᠳᠤ | ᠲᠦᠰᠢᠭᠯᠡᠨ᠂ ᠬᠤᠲᠠ ᠶᠢᠨ ᠳᠤᠮᠳᠠᠬᠢ ᠨᠤᠭᠤ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠦᠨ᠎ᠡ ᠥᠷᠲᠡᠭ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠰᠡᠯᠡᠭᠦᠴᠡᠯ ᠵᠢᠭᠤᠯᠴᠢᠯᠠᠯ ᠤᠨ ᠵᠣᠷᠢᠭᠰᠠᠨ ᠭᠠᠵᠠᠷ ᠢ | ᠴᠣᠭᠴᠠᠯᠠᠨ ᠪᠠᠶᠢᠭᠤᠯᠵᠤ᠂ ᠵᠤᠭᠠᠴᠠᠬᠤ ᠳᠤ ᠲᠣᠬᠢᠷᠠᠮᠵᠢᠲᠠᠶ ᠢᠦᠶ ᠴᠢᠤᠸᠠᠨ ᠢ ᠪᠥᠲᠥᠭᠡᠨ ᠪᠠᠶᠢᠭᠤᠯᠤᠨ᠎ᠠ᠃ | ︵ᠲᠠᠪᠤ︶ ᠣᠷᠣᠨ ᠤ ᠲᠥᠪ ᠬᠤᠲᠠ ᠶᠢᠨ ᠲᠣᠭᠤᠷᠢᠨ ᠳᠤ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠯᠡᠯ︾ ᠢ ᠪᠤᠶᠢᠵᠢᠭᠤᠯᠵᠤ᠂ ᠢᠦᠶ ᠴᠢᠤᠸᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠥᠪᠯᠡᠷᠡᠭᠦᠯᠦᠨ᠎ᠡ | ᠪᠣᠳᠠᠲᠤ ᠴᠣᠭᠴᠠ ᠶᠢᠨ ᠠᠵᠤ ᠠᠬᠤᠶ ᠪᠠᠷ ᠲᠤᠯᠭᠠᠭᠤᠷᠢᠯᠠᠯ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ | ᠳᠡᠪᠰᠢᠬᠦ ᠪᠠ ᠰᠢᠨ᠎ᠡ ᠬᠡᠯᠪᠡᠷᠢ ᠶᠢᠨ ᠠᠵᠤ ᠦᠢᠯᠡᠰ ᠤᠨ ᠪᠤᠶᠢᠵᠢᠭᠤᠯᠤᠯᠲᠠ ᠶᠢᠨ ︽ᠬᠤᠣᠰ ᠬᠦᠷᠳᠦ ᠪᠠᠷ | ᠬᠥᠳᠡᠯᠭᠡᠭᠦᠷ ᠪᠣᠯᠭᠠᠬᠤ︾ ᠶᠢ ᠴᠢᠩᠭᠠᠳᠬᠠᠨ᠎ᠠ᠃ ᠾᠧ ᠢᠦᠶ᠂ ᠰᠠᠨ ᠰᠥᠩ ᠹᠦ᠋ ᠨᠡᠭᠦᠷᠡᠰᠦᠲᠥ᠋ᠷᠥᠭᠴᠢ ᠵᠡᠷᠭᠡ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠤᠯᠠᠭᠠᠨᠪᠠᠲᠤ᠂ ᠮᠢ ᠮᠢ ᠪᠠᠨ ᠵᠡᠷᠭᠡ ᠲᠠᠷᠢᠮᠠᠯ ᠤᠨ ᠰᠠᠭᠤᠷᠢᠨ ᠭᠠᠵᠠᠷ ᠢ ᠥᠭᠡᠷᠡᠴᠢᠯᠡᠨ | ᠳᠡᠭᠡᠭᠰᠢᠯᠡᠭᠦᠯᠵᠦ᠂ ︽ᠵᠣᠣ ᠵᠢᠶᠦ᠋ᠨ ᠭᠦᠵᠡᠯᠵᠡᠭᠡᠨ᠎ᠡ︾ ︽ᠢᠦᠶ ᠴᠢᠤᠸᠠᠨ ᠲᠥᠪᠡᠳ ᠬᠠᠰᠢ︾ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠎ᠡ᠃ ᠵᠢᠮᠢᠰ᠂ ᠢᠳᠡᠰᠢᠨ | ᠨᠣᠭᠤᠭ᠎ᠠ ᠵᠡᠷᠭᠡ ᠨᠠᠷᠢᠯᠢᠭ ᠡᠳ᠋ᠰᠢᠭᠦᠯᠦᠭᠰᠡᠨ ᠰᠢᠷᠢᠰ ᠪᠦᠲᠦᠭᠡᠭᠳᠡᠬᠦᠨ ᠢ ᠲᠦᠷᠭᠡᠪᠴᠢᠯᠡᠨ ᠨᠡᠭᠡᠭᠡᠨ ᠬᠥᠭᠵᠢᠭᠦᠯᠵᠦ᠂ | ᠬᠥᠭᠵᠢᠯᠲᠡ ᠶᠢᠨ ᠲᠠᠯᠳᠠ ᠬᠦᠴᠦᠨ ᠢᠶᠠᠷ ᠶᠡᠭᠡ᠂ ᠨᠡᠷᠡᠳᠤ ᠲᠡᠮᠳᠡᠭᠲᠦ ᠪᠣᠳᠠᠲᠤ ᠬᠦᠴᠦᠨ ᠢᠶᠠᠷ ᠴᠢᠩᠭ᠎ᠠ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠲᠠᠳᠠᠨ ᠠᠪᠴᠢᠷᠠᠵᠤ ᠲᠥᠪᠯᠡᠷᠡᠭᠦᠯᠦᠨ | ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠤᠢ | ᠪᠣᠯᠭᠠᠨ᠎ᠠ᠃ ᠢᠦᠶ ᠯᠦᠩ ᠬᠦᠷᠢᠶᠡᠯᠡᠩ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠵᠦ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠣᠤᠷ᠎ᠠ | ᠭᠠᠵᠠᠷ ᠰᠢᠷᠣᠶ᠂ ᠰᠤᠯᠠ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ ᠵᠡᠷᠭᠡ ᠦᠢᠯᠡᠳᠪᠦᠷᠢᠯᠡᠯ ᠤᠨ ᠡᠬᠢ ᠪᠠᠶᠠᠯᠢᠭ ᠢ | ᠪᠦᠲᠦᠮᠵᠢᠲᠡᠶ ᠠᠮᠢᠳᠤᠯᠢᠭ ᠪᠣᠯᠭᠠᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ︽ᠬᠥᠲᠥᠴᠢ ᠶᠢ ᠪᠤᠶᠢᠵᠢᠭᠤᠯᠬᠤ᠂ ᠬᠡᠯᠬᠢᠶᠡᠰᠦ ᠶᠢ ᠨᠥᠬᠦᠪᠥᠷᠢᠯᠡᠬᠦ᠂ | ᠰᠦᠷᠦᠭᠵᠢᠯ ᠢ ᠲᠥᠪᠯᠡᠷᠡᠭᠦᠯᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠬᠡᠯᠬᠢᠶᠡᠰᠦ ᠶᠢ ᠪᠠᠶᠢᠭᠤᠯᠤᠨ | ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠴᠢᠩᠭᠠᠳᠬᠠᠵᠤ᠂ ᠲᠠᠯ᠎ᠠ ᠨᠤᠲᠤᠭ ᠤᠨ | ᠤᠯᠠᠭᠠᠨ ᠨᠠᠷᠠᠨ ᠪᠠᠷ ᠬᠥᠲᠥᠴᠢ ᠪᠣᠯᠭᠠᠭᠰᠠᠨ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠢᠳᠡᠭᠡᠨ | ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠶᠢᠨ ᠶᠤᠸᠠᠨ ᠺᠠᠩ᠂ ᠶᠢᠨ ᠾᠧ ᠡᠮ ᠤᠨ ᠦᠢᠯᠡᠰ ᠵᠡᠷᠭᠡ | ᠠᠵᠤ ᠠᠬᠤᠶᠢᠯᠠᠯ ᠢ ᠳᠡᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠮᠢᠳᠤ ᠪᠣᠳᠠᠰ ᠤᠨ ᠸᠠᠺᠼᠢᠨ ᠢᠶᠠᠷ | ᠭᠤᠤᠯᠳᠠᠯᠭ᠎ᠠ ᠪᠣᠯᠭᠠᠭᠰᠠᠨ ᠣᠲᠣ ᠦᠶ᠎ᠡ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ | ᠪᠤᠶᠢᠵᠢᠭᠤᠯᠤᠨ᠎ᠠ᠃ ᠶᠢᠨ ᠴᠤᠸᠠᠨ ᠤ ᠡᠮᠦᠨ᠎ᠡ ᠲᠣᠭᠤᠷᠢᠭ ᠤᠨ ᠣᠲᠣ ᠶᠢᠨ ᠪᠠᠶᠢᠭ᠎ᠠ ᠭᠠᠵᠠᠷ ᠰᠢᠷᠣᠶ ᠶᠢ ᠠᠰᠢᠭᠯᠠᠵᠤ᠂ | 3 — 5 ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠡᠬᠢ ᠪᠠᠶᠠᠯᠢᠭ ᠤᠨ ᠡᠨᠧᠷᠭᠢ ᠶᠢᠨ | ᠬᠤᠷᠣᠭᠳᠠᠯ ᠢᠶᠠᠷ ᠪᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠭᠰᠠᠨ | ᠠᠵᠤ ᠦᠢᠯᠡᠳᠪᠦᠷᠢ ᠶᠢᠨ ᠲᠦᠷᠦᠯ ᠵᠦᠢᠯ ᠳᠤ ᠰᠢᠨ᠎ᠡ ᠮᠠᠲ᠋ᠧᠷᠢᠶᠠᠯ ᠪᠠ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠢ ᠪᠤᠶᠢᠵᠢᠭᠤᠯᠤᠨ᠎ᠠ᠃ | | | ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠤ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 7%ᠣᠷᠴᠢᠮ ᠢᠶᠠᠷ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8% ᠣᠷᠴᠢᠮ ᠢᠶᠠᠷ | ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 10% ᠣᠷᠴᠢᠮ ᠢᠶᠠᠷ | ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠦᠨ᠎ᠡ︔ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠴᠥᠮ 8% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ | ᠠᠵᠢᠯ ᠢ ᠬᠦᠴᠦᠯᠡᠨ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠬᠤ ᠬᠡᠷᠡᠭᠲᠡᠢ | ᠠᠮᠢ ᠠᠬᠤᠶ ᠶᠢ ᠲᠡᠷᠢᠭᠦᠨ ᠳᠤ ᠲᠠᠯᠪᠢᠬᠤ ᠤᠯᠤᠰ ᠲᠦᠷᠦ ᠶᠢᠨ ᠤᠳᠤᠷᠢᠳᠤᠮᠵᠢ ᠶᠢ ᠪᠠᠷᠢᠮᠲᠠᠯᠠᠵᠤ᠂ ᠶᠡᠭᠡ | ᠲᠠᠯ᠎ᠠ ᠶᠢᠨ ᠦᠵᠡᠯᠲᠡ᠂ ᠠᠯᠤᠰ ᠭᠡᠳᠤ ᠶᠢᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ ᠶᠢ ᠪᠤᠢ ᠪᠣᠯᠭᠠᠵᠤ᠂ | ᠠᠮᠢ ᠠᠬᠤᠶ ᠶᠢᠨ ᠣᠷᠴᠢᠨ ᠨᠥᠬᠦᠴᠡᠯ ᠢ ᠦᠨᠡᠨ ᠬᠦ ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠬᠠᠮᠠᠭᠠᠯᠠᠨ᠎ᠠ᠃ | ᠪᠦᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ | ᠪᠠᠶᠢᠭᠤᠯᠬᠤ ᠪᠠᠷ ᠭᠠᠷᠳᠠᠴᠠ ᠪᠣᠯᠭᠠᠵᠤ᠂ 10 ᠶᠡᠭᠡ ᠲᠤᠰᠬᠠᠶ ᠠᠵᠢᠯᠯᠠᠭ᠎ᠠ ᠶᠢᠨ 34 ᠵᠦᠢᠯ ᠤᠨ ᠪᠣᠳᠠᠲᠠᠶ ᠠᠵᠢᠯ ᠢ | ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠴᠢᠬᠤᠯᠠᠴᠢᠯᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠬᠦ︾ ᠶᠢ ᠴᠢᠩᠭ᠎ᠠ | ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠬᠦᠬᠡ | ᠣᠭᠲᠠᠷᠭᠤᠢ᠂ ᠴᠡᠩᠬᠡᠷ ᠤᠰᠤ᠂ ᠴᠡᠪᠡᠷ ᠰᠢᠷᠣᠢ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠭᠠᠷ | ᠮᠠᠨᠳᠠᠯ ᠤᠨ ᠪᠣᠬᠢᠷᠲᠤᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠠᠭᠠᠷ ᠮᠠᠨᠳᠠᠯ ᠤᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ᠲᠣᠭᠤᠰᠣ ᠰᠢᠷᠣᠢ ᠶᠢᠨ ᠪᠣᠬᠢᠷᠲᠤᠯ᠂ ᠡᠰᠢ ᠰᠦᠷᠡᠯ ᠢ ᠵᠠᠳᠠᠭᠠᠢ ᠰᠢᠲᠠᠭᠠᠬᠤ ᠵᠡᠷᠭᠡ | ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠰᠢᠲᠠᠬᠤ ᠶᠢ ᠴᠠᠭᠠᠵᠠᠯᠠᠬᠤ ᠣᠷᠣᠨ ᠤ ᠭᠠᠳᠠᠨᠠᠬᠢ 9 ᠲᠣᠰᠬᠤᠨ ᠤ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠡᠬᠢᠯᠡᠭᠦᠯᠵᠦ᠂ ᠰᠢᠲᠠᠬᠤ ᠶᠢ | ᠴᠠᠭᠠᠵᠠᠯᠠᠬᠤ ᠣᠷᠣᠨ ᠤ ᠳᠣᠲᠣᠷᠠᠬᠢ ᠠᠷᠢᠭᠤᠨ ᠴᠡᠪᠡᠷ ᠳᠤᠯᠠᠭᠠᠯᠠᠭ᠎ᠠ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ | ᠠᠷᠠᠳ ᠤᠯᠠᠨ ᠤ ︽ᠵᠢᠷᠦᠬᠡ ᠠᠭᠤᠰᠬᠢᠨ ᠤ ᠵᠣᠪᠠᠯᠠᠩ︾ ᠢ ᠲᠦᠢᠯᠪᠤᠷᠢᠲᠠᠢ ᠰᠢᠢᠳᠪᠦᠷᠢᠯᠡᠨ᠎ᠡ᠃ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ | ᠳᠡᠭᠡᠷᠡᠬᠢ ᠤᠰᠤᠨ ᠤ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠵᠢᠲ᠋ᠦ᠋ᠯᠬᠢᠨ ᠠᠬᠢᠭᠤᠯᠤᠨ᠎ᠠ᠃ ᠤᠢ ᠰᠢᠭᠤᠶ᠂ ᠭᠤᠤᠯ | ᠮᠦᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ | ᠬᠠᠮᠠᠭᠠᠯᠠᠬᠤ ᠶᠢ ᠭᠦᠨᠵᠡᠭᠡᠶᠢᠷᠡᠭᠦᠯᠦᠨ᠂ ᠭᠤᠤᠯ ᠤᠨ ᠵᠠᠮ ᠤᠨ ︽ᠲᠠᠪᠤᠨ ᠰᠠᠮᠠᠭᠤᠷᠠᠯ ᠢ ᠠᠷᠢᠯᠭᠠᠬᠤ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠶᠡᠭᠡ ᠲᠦᠷᠭᠡᠨ ᠭᠤᠤᠯ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠡᠬᠢᠯᠡᠭᠦᠯᠵᠦ᠂ | ᠭᠤᠤᠯ ᠤᠨ ᠵᠠᠮ ᠤᠨ ᠠᠮᠢ ᠠᠬᠤᠶ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠬᠥᠷᠥᠰᠥ ᠰᠢᠷᠣᠶ ᠶᠢᠨ | ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠤᠭ ᠨᠣᠪᠰᠢ ᠶᠢ ᠬᠤᠣᠷ ᠦᠭᠡᠶᠢᠵᠢᠭᠦᠯᠬᠦ᠂ | ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠪᠠ ᠠᠰᠢᠭᠯᠠᠬᠤ ᠶᠢ ᠠᠬᠢᠭᠤᠯᠵᠤ᠂ ᠬᠥᠷᠥᠰᠥ | ᠰᠢᠷᠣᠶ ᠶᠢᠨ ᠣᠷᠴᠢᠨ ᠠᠬᠤᠶ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠨ᠎ᠡ᠃ | ᠬᠤᠲᠠ ᠶᠢᠨ ᠳᠤᠮᠳᠠ ᠴᠡᠴᠡᠷᠯᠢᠭ ᠲᠠᠢ᠂ ᠬᠤᠲᠠ ᠴᠡᠴᠡᠷᠯᠢᠭ ᠢ ᠬᠠᠷᠢᠯᠴᠠᠨ ᠠᠭᠤᠰᠤᠯᠴᠠᠭᠤᠯᠬᠤ ᠬᠠᠷᠠᠯᠲᠠ ᠶᠣᠰᠣᠭᠠᠷ᠂ | ᠨᠣᠭᠤᠭᠠᠷᠠᠭᠤᠯᠤᠯᠲᠠ ᠶᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠬᠦ ᠶᠢ ᠥᠷᠨᠢᠭᠦᠯᠵᠦ᠂ ᠪᠠᠭ᠎ᠠ ᠲᠦᠷᠭᠡᠨ ᠭᠤᠤᠯ᠂ | ᠵᠠᠳᠠᠭᠠᠶ ᠭᠤᠤᠯ ᠤᠨ ᠵᠠᠩᠭᠢᠯᠠᠭ᠎ᠠ ᠶᠢᠨ ᠴᠡᠭ ᠤᠨ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠢ ᠦᠷᠭᠦᠯᠵᠢᠯᠡᠨ | ᠰᠠᠶᠢᠲᠤᠷ ᠬᠢᠵᠦ᠂ ᠴᠢᠨᠠᠷ ᠰᠠᠶᠢᠲᠠᠶ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠶᠡᠷᠦᠩᠬᠡᠶᠢᠯᠡᠭᠰᠡᠨ ᠴᠢᠨᠠᠷᠲᠠᠶ | ᠬᠤᠲᠠ ᠶᠢᠨ ᠰᠡᠯᠡᠭᠦᠴᠡᠯ ᠤᠨ ᠴᠡᠴᠡᠷᠯᠢᠭ ᠢ ᠪᠠᠶᠢᠭᠤᠯᠤᠨ᠎ᠠ᠃ 40 ᠺᠢᠯᠤᠮᠧᠲᠷ᠂ 60 ᠲᠠᠭᠠᠷᠴᠤᠭ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ 79 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠳᠡᠭᠡᠭᠰᠢᠯᠡᠭᠦᠯᠦᠨ | ᠥᠭᠡᠷᠡᠴᠢᠯᠡᠨ᠎ᠡ᠃ | ︵ᠬᠤᠶᠠᠷ︶ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠬᠥᠭᠵᠢᠬᠦ ᠶᠢ | ᠪᠠᠲᠤᠯᠠᠬᠤ ᠬᠡᠷᠡᠭᠲᠡᠢ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠤᠯᠤᠰ ᠲᠦᠷᠦ᠂ ᠠᠵᠤ ᠠᠬᠤᠶ᠂ ᠦᠵᠡᠯ | ᠤᠬᠠᠮᠰᠠᠷ ᠤᠨ ᠬᠡᠯᠪᠡᠷᠢ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠯᠭ᠎ᠠ ᠶᠢ | ᠨᠡᠮᠡᠭᠳᠡᠭᠦᠯᠦᠨ ᠵᠠᠷᠤᠯᠭ᠎ᠠ ᠶᠢ ᠠᠷᠪᠢᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠶ ᠪᠠᠷ | ᠠᠷᠢᠯᠭᠠᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠤᠷᠭᠠᠭᠤᠯᠢ ᠶᠢᠨ ᠬᠦᠷᠢᠶ᠎ᠡ᠂ ᠬᠤᠳᠠ ᠶᠢᠨ ᠰᠢᠲᠠᠮᠠᠬᠠᠢ ᠬᠡᠢ᠂ ᠢᠳᠡᠭᠡᠨ ᠤ ᠵᠦᠢᠯ ᠡᠮ ᠤᠨ ᠵᠦᠢᠯ᠂ ᠵᠠᠮ | ᠬᠠᠷᠢᠯᠴᠠᠭ᠎ᠠ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠠᠳᠬᠤᠵᠤ᠂ ᠬᠦᠨᠳᠦ | ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ ᠡᠷᠡᠰ ᠬᠤᠷᠢᠭᠯᠠᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠦ᠂ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ | ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠢ ᠰᠢᠢᠳᠪᠦᠷᠢᠯᠡᠬᠦ︾ ᠶᠢ ᠲᠦᠷᠭᠡᠨ ᠴᠤᠤᠷᠢᠶᠠᠲᠤᠨ ᠳᠠᠭᠠᠬᠤ | ᠲᠤᠭᠲᠠᠴᠠ ᠶᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠠ ᠬᠠᠷᠢᠭᠤ | ᠳᠤᠰᠬᠠᠯ ᠲᠠᠢ ᠪᠠᠶᠢᠬᠤ ᠶᠢ ᠪᠡᠶᠡᠯᠡᠭᠦᠯᠦᠨ᠎ᠡ᠃ ︽ᠭᠤᠷᠪᠠᠨ ᠶᠡᠭᠡ ᠨᠢᠭᠡ ᠴᠢᠩᠭ᠎ᠠ︾ ᠶᠢᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠦᠷᠨᠢᠭᠦᠯᠵᠦ᠂ ᠤᠳᠤᠷᠢᠳᠬᠤ | ᠺᠠᠳ᠋ᠷ ᠲᠦᠷᠦᠭᠦᠯᠡᠨ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠭᠤᠤᠯᠳᠠᠯᠭ᠎ᠠ ᠲᠠᠢ ᠬᠡᠷᠡᠭ ᠢ ᠳᠠᠭᠠᠭᠠᠨ ᠬᠤᠯᠪᠣᠭᠠᠯᠠᠬᠤ | ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠳᠤ | ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ | ᠬᠡᠷᠡᠭᠲᠡᠨ ᠳᠤ ᠴᠢᠩᠭ᠎ᠠ ᠴᠣᠬᠢᠯᠲᠠ ᠦᠭᠴᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠵᠤ᠂ | ︽ᠲᠠᠪᠤᠨ ᠮᠡᠳᠡᠷᠡᠬᠦᠢ︾ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ | ᠤᠷᠤᠭᠤᠯᠬᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠯᠢᠬᠡᠷ ᠢ ᠰᠠᠶᠢᠲᠤᠷ ᠶᠠᠷᠢᠵᠤ᠂ ᠴᠡᠷᠢᠭ ᠠᠷᠠᠳ ᠬᠠᠮᠲᠤᠪᠠᠷ ᠪᠠᠶᠢᠭᠤᠯᠬᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠦᠷᠨᠢᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ | ᠪᠠᠷᠢᠮᠲᠠᠯᠠᠵᠤ᠂ ︽ᠳᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ︽ᠳᠥᠷᠪᠡᠨ ᠡᠷᠲᠡ︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠨ᠂ | ᠳᠤᠲᠤᠭᠠᠲᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ | ᠦᠭᠡᠶ ᠪᠠᠷ ᠰᠠᠶᠢᠲᠤᠷ ᠠᠳᠬᠤᠵᠤ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠶᠡᠭᠡ ᠠᠶᠤᠯ | ᠲᠦᠭᠰᠢᠭᠦᠷᠢᠲᠦ ᠭᠠᠵᠠᠷ ᠣᠷᠣᠨ ᠤ ᠪᠤᠴᠠᠵᠤ ᠢᠷᠡᠬᠦ ᠬᠥᠮᠦᠰ ᠤᠨ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ | ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠲᠤᠰᠠᠭᠠᠷᠯᠠᠬᠤ ᠪᠠᠭᠤᠳᠠᠯ᠂ ᠡᠮᠴᠢᠯᠡᠭᠡᠨ ᠤ ᠪᠠᠶᠢᠭᠤᠯᠤᠮᠵᠢ᠂ | ᠵᠠᠬ᠎ᠠ ᠳᠡᠯᠭᠡᠭᠦᠷ ᠤᠨ ᠬᠤᠳᠠᠯᠳᠤᠭᠠᠨ ᠤ ᠲᠠᠯᠠᠪᠤᠷ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠪᠠ | ᠲᠠᠷᠠᠬᠠᠶ ᠪᠤᠲᠠᠷᠬᠠᠶ ᠡᠪᠡᠳᠴᠢᠨ ᠤ ᠵᠢᠱᠢᠶ᠎ᠡ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠬᠥᠮᠦᠨ᠂ ᠪᠣᠳᠠᠰ᠂ ᠣᠷᠴᠢᠨ | ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠴᠢᠩᠭᠠᠳᠬᠠᠵᠤ᠂ ᠰᠢᠨ᠎ᠡ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠪᠠᠷ | ᠠᠬᠢᠭᠤᠯᠵᠤ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ︽ᠭᠥᠯᠢᠶᠡᠨ ᠠᠪᠬᠤ ᠶᠣᠰᠣᠲᠠᠶ ᠶᠢ ᠨᠢ | ᠴᠥᠮ ᠭᠥᠯᠢᠶᠡᠨ ᠠᠪᠬᠤ︾ ᠶᠢ ᠪᠡᠶᠡᠯᠡᠭᠦᠯᠦᠨ᠎ᠡ᠃ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠪᠠ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠬᠡᠰᠡᠭ ᠭᠠᠵᠠᠷ ᠤᠨ ᠬᠢᠵᠢᠭ ᠤᠨ ᠪᠠᠶᠢᠳᠠᠯ ᠢ ᠲᠦᠷᠭᠡᠨ | ᠪᠥᠭᠡᠳ ᠪᠦᠲᠦᠮᠵᠢᠲᠡᠶ ᠪᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠯᠪᠠᠷ ᠪᠤᠰᠤ ᠪᠠᠷ ᠣᠯᠤᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠵᠤ᠂ ᠰᠠᠶᠢᠲᠤᠷ ᠰᠠᠬᠢᠬᠤ | ᠬᠡᠷᠡᠭᠲᠡᠶ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠭᠡᠭᠡᠯᠲᠡᠲᠦ ᠬᠥᠭᠵᠢᠯᠲᠡ ᠶᠢ ᠠᠬᠢᠭᠤᠯᠬᠤ ᠬᠡᠷᠡᠭᠲᠡᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ᠠᠵᠤ | ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠡᠶᠡᠴᠢ | ᠴᠣᠭᠴᠠ᠂ ᠵᠠᠰᠠᠭ ᠤᠨ ᠣᠷᠳᠣᠨ ᠳᠡᠮᠵᠢᠭᠰᠡᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠡᠬᠢ | ᠪᠠᠶᠠᠯᠢᠭ ᠢ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠭᠰᠠᠨ ᠪᠡᠷᠬᠡ ᠰᠡᠳᠦᠪ ᠢ | ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠬᠢᠴᠠᠭᠤᠯᠤᠨ ᠬᠤᠪᠢᠷᠠᠭᠤᠯᠬᠤ ᠶᠢ | ᠥᠷᠨᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ | ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠰᠢᠨ ᠶᠣᠣ ᠴᠠᠬᠢᠯᠭᠠᠨ ᠳᠡᠭᠡᠰᠦ᠂ ᠶᠤᠸᠠᠨ | ᠬᠤᠸᠠ ᠡᠯᠧᠺᠲᠷᠣᠨ ᠵᠡᠷᠭᠡ ᠶᠢ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠪᠣᠯᠭᠠᠨ ᠪᠤᠶᠢᠵᠢᠭᠤᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠰᠤᠳᠤᠯᠤᠨ ᠨᠡᠭᠡᠭᠡᠬᠦ ᠲᠥᠪ ᠢ 10 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 23 ᠠᠴᠠ ᠳᠡᠭᠡᠭᠰᠢ ᠳᠤ ᠬᠦᠷᠦᠭᠦᠯᠦᠨ᠎ᠡ᠃ | ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ᠬᠠᠤᠯᠢ ᠪᠠᠷ ᠵᠠᠰᠠᠬᠤ | ᠦᠨᠡᠨᠴᠢ ᠢᠲᠡᠭᠡᠮᠵᠢ ᠶᠢᠨ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠵᠤ᠂ ᠵᠠᠰᠠᠭ ᠤᠨ ᠣᠷᠳᠣᠨ ᠲᠦᠷᠦᠭᠦᠯᠡᠨ | ᠢᠲᠡᠭᠡᠮᠵᠢ ᠶᠢ ᠬᠦᠨᠳᠦᠳᠬᠡᠨ ᠠᠮᠠᠯᠠᠯᠲᠠ ᠪᠠᠨ ᠭᠦᠢᠴᠡᠳᠬᠡᠵᠦ᠂ ᠳᠠᠪᠬᠤᠷᠳᠠᠭᠤᠯᠤᠨ ᠬᠡᠯᠪᠡᠷᠢ ᠶᠢ ᠨᠢ ᠥᠭᠡᠷᠡᠲᠡᠭᠦᠯᠦᠨ | ᠬᠢᠨᠠᠨ ᠵᠥᠪᠰᠢᠶᠡᠷᠡᠬᠦ ᠶᠢ ᠪᠦᠬᠦ ᠲᠠᠯ᠎ᠠ ᠪᠠᠷ ᠴᠡᠪᠡᠷᠯᠡᠵᠦ᠂ ᠠᠮᠠᠯᠠᠯᠲᠠ ᠪᠠᠨ ᠮᠡᠳᠡᠭᠳᠡᠬᠦ ᠲᠦᠷᠢᠮ ᠪᠠ ᠳᠤᠲᠠᠭᠤ ᠶᠢ | ᠪᠠᠭᠲᠠᠭᠠᠬᠤ ᠶᠢ ᠬᠦᠯᠢᠶᠡᠨ ᠠᠪᠴᠤ ᠰᠢᠢᠳᠪᠦᠷᠢᠯᠡᠬᠦ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠬᠥᠮᠦᠨ ᠲᠤᠰᠬᠠᠶ | ᠠᠩᠭᠢ ᠶᠢ ᠵᠣᠬᠢᠶᠠᠨ ᠪᠠᠶᠢᠭᠤᠯᠤᠨ᠂ ᠠᠰᠠᠷᠠᠭᠴᠢ ᠮᠠᠶ᠋ᠢᠭ ᠤᠨ᠂ ᠲᠣᠪᠶᠤᠭ ᠤᠨ ᠮᠠᠶ᠋ᠢᠭ ᠤᠨ ᠦᠢᠯᠡᠴᠢᠯᠡᠭᠡᠨ ᠢ | ᠬᠡᠷᠡᠭᠵᠢᠭᠦᠯᠦᠨ᠎ᠡ᠃ ᠪᠠᠩᠬᠢ ᠵᠠᠰᠠᠭ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠵᠤ | ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ | ᠠᠰᠠᠭᠤᠳᠠᠯ ᠢ ᠰᠢᠢᠳᠪᠦᠷᠢᠯᠡᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ︽ᠨᠢᠭᠡ ᠲᠠᠮᠠᠭ᠎ᠠ ᠪᠠᠷ | ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠴᠣᠩᠬᠤ ᠪᠠᠷ | ᠭᠦᠢᠴᠡᠳᠭᠡᠬᠦ᠂ ᠨᠢᠭᠡ ᠰᠦᠯᠵᠢᠶ᠎ᠡ ᠪᠠᠷ ᠭᠦᠢᠴᠡᠳᠭᠡᠬᠦ᠂ ᠳᠥᠭᠦᠮᠴᠢᠯᠡᠨ ᠭᠦᠢᠴᠡᠳᠭᠡᠬᠦ᠂ ᠳᠠᠷᠦ᠋ᠢᠬᠠᠨ ᠭᠦᠢᠴᠡᠳᠭᠡᠬᠦ︾ | ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠴᠠᠭ | ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ | ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠶᠢᠨ ᠡᠪᠡᠷᠰᠢᠶᠡᠯ ᠲᠠᠢ ᠭᠠᠵᠠᠷ᠂ ᠬᠦᠴᠢᠷ ᠠᠰᠠᠭᠤᠳᠠᠯ᠂ | ᠲᠦᠭᠵᠢᠷᠡᠯ ᠲᠠᠢ ᠭᠠᠵᠠᠷ ᠤᠨ ᠠᠰᠠᠭᠤᠳᠠᠯ ᠢ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ︽ᠨᠢᠭᠡ | ᠰᠦᠯᠵᠢᠶ᠎ᠡ ᠪᠠᠷ ᠨᠡᠶᠢᠳᠡᠮ ᠡᠳ᠋ᠯᠡᠬᠦ︾ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︽ᠬᠥᠭᠵᠢᠭᠦᠯᠦᠯᠲᠡ | ᠪᠣᠯ ᠲᠡᠷᠢᠭᠦᠨ ᠴᠢᠬᠤᠯᠠ ᠡᠭᠦᠷᠭᠡ᠂ ᠬᠤᠳᠠᠯᠳᠤᠭᠠᠴᠢᠨ ᠤᠷᠢᠬᠤ ᠪᠣᠯ ᠲᠡᠷᠢᠭᠦᠨ ᠴᠢᠬᠤᠯᠠ ᠢᠨᠵᠧᠨᠧᠷᠢᠩ᠂ ᠲᠥᠷᠥᠯ | ᠵᠦᠢᠯ ᠪᠣᠯ ᠲᠡᠷᠢᠭᠦᠨ ᠴᠢᠬᠤᠯᠠ ᠶᠠᠪᠤᠳᠠᠯ︾ ᠭᠡᠬᠦ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠵᠢᠷᠭᠤᠭᠠᠨ | ᠶᠡᠭᠡ ᠠᠵᠤ ᠦᠢᠯᠡᠰ ᠤᠨ ᠪᠦᠯᠦᠭᠯᠡᠯ︾ ᠲᠠᠢ ᠨᠢᠭᠲᠠ ᠤᠶᠠᠯᠳᠤᠭᠤᠯᠤᠨ᠂ ︽ᠳᠥᠷᠪᠡᠨ ᠣᠷᠣᠨ ᠪᠦᠰᠡ ᠶᠢᠨ ᠲᠥᠪ︾ | ᠲᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠠᠵᠤ ᠦᠢᠯᠡᠰ ᠤᠨ ᠬᠡᠯᠬᠢᠶᠡᠵᠢᠯ ᠢᠶᠠᠷ ᠬᠤᠳᠠᠯᠳᠤᠭᠠᠴᠢᠨ ᠤᠷᠢᠬᠤ᠂ | ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠣᠶᠤᠨᠴᠢ ᠪᠠᠷ ᠬᠤᠳᠠᠯᠳᠤᠭᠠᠴᠢᠨ ᠤᠷᠢᠬᠤ ᠶᠢ | ᠬᠡᠷᠡᠭᠵᠢᠭᠦᠯᠦᠨ᠂ ᠨᠢᠭᠡ ᠪᠦᠯᠦᠭ ᠰᠠᠭᠤᠷᠢ ᠲᠠᠯᠪᠢᠬᠤ᠂ ᠳᠤᠲᠠᠭᠤᠳᠠᠯ ᠢ ᠨᠥᠬᠦᠪᠥᠷᠢᠯᠡᠬᠦ᠂ ᠠᠯᠤᠰ ᠬᠡᠲᠦ ᠳᠤ | ᠠᠰᠢᠭᠲᠠᠶ ᠲᠥᠷᠥᠯ ᠵᠦᠢᠯ ᠢ ᠲᠥᠯᠥᠪᠯᠡᠨ᠎ᠡ᠃ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠦᠢᠯ ᠤᠨ | ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠢᠬᠤᠯᠠ ᠶᠡᠭᠡ | ᠲᠥᠷᠥᠯ ᠵᠦᠢᠯ ᠤᠨ ᠲᠤᠰᠬᠠᠶ ᠠᠩᠭᠢ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠂ ᠲᠥᠷᠥᠯ ᠵᠦᠢᠯ ᠤᠨ | ᠵᠥᠪᠳᠡᠯᠴᠡᠬᠦ᠂ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠠᠴᠠ ᠦᠢᠯᠡᠳᠪᠦᠷᠢᠯᠡᠯ ᠡᠵᠡᠩᠨᠡᠯᠲᠡ ᠬᠦᠷᠲᠡᠯ᠎ᠡ᠂ ᠪᠥᠬᠦ | ᠴᠤᠪᠤᠷᠠᠯ ᠤᠨ ︽ᠬᠠᠷᠠᠭᠠᠯᠵᠢᠭᠤᠯᠬᠤ︾ ᠦᠢᠯᠡᠴᠢᠯᠡᠭᠡ ᠶᠢ ᠬᠠᠩᠭᠠᠵᠤ᠂ ᠲᠥᠷᠥᠯ ᠵᠦᠢᠯ ᠤᠨ ᠬᠡᠯᠡᠯᠴᠡᠭᠡᠷ ᠤᠨ | ᠭᠡᠷ᠎ᠡ ᠶᠢ ᠭᠦᠢᠴᠡᠳᠭᠡᠭᠰᠡᠨ ᠨᠣᠷᠮ᠎ᠠ᠂ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ᠂ ᠠᠵᠢᠯ ᠡᠬᠢᠯᠡᠭᠦᠯᠦᠭᠰᠡᠨ | ᠨᠣᠷᠮ᠎ᠠ ᠪᠠ ᠠᠵᠢᠯ ᠳᠠᠭᠤᠰᠬᠠᠭᠰᠠᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠶᠢ ᠤᠷᠮᠠᠰᠢᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠵᠤ ᠵᠠᠷᠯᠠᠨ ᠮᠡᠳᠡᠭᠳᠡᠵᠦ᠂ ᠪᠥᠬᠦ ᠲᠤᠭᠤᠷᠢᠭ ᠢᠶᠠᠷ ᠢᠶᠠᠨ ᠬᠤᠳᠠᠯᠳᠤᠭᠠᠴᠢᠨ ᠤᠷᠢᠬᠤ ᠶᠢ ᠵᠡᠷᠭᠡᠪᠡᠷ ᠠᠳᠬᠤᠬᠤ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠤᠨ ᠬᠦᠷᠢᠶᠡᠯᠡᠩ ᠵᠡᠷᠭᠡ ᠶᠠᠷᠢᠯᠴᠠᠵᠤ ᠪᠠᠶᠢᠭ᠎ᠠ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 20 ᠲᠥᠷᠥᠯ ᠵᠦᠢᠯ ᠢ | ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | ︵ᠲᠦᠷᠪᠡ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢ | ᠠᠬᠢᠭᠤᠯᠬᠤ ᠬᠡᠷᠡᠭᠲᠡᠢ | ᠣᠲᠣ ᠦᠶ᠎ᠡ ᠶᠢᠨ ᠲᠠᠷᠢᠶᠠᠯᠠᠩ ᠢ ᠨᠠᠷᠢᠯᠢᠭ ᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠠᠬᠢᠭᠤᠯᠵᠤ᠂ ᠬᠥᠳᠡᠭᠡ ᠠᠵᠤ ᠠᠬᠤᠢ ᠶᠢᠨ ᠰᠠᠭᠤᠷᠢ ᠶᠢ ᠤᠷᠢᠳᠠᠪᠠᠷ | ᠬᠥᠭᠵᠢᠭᠦᠯᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠠᠮᠤ ᠪᠤᠳᠠᠭ᠎ᠠ ᠲᠠᠷᠢᠬᠤ ᠲᠠᠯᠠᠪᠠᠢ ᠪᠣᠯᠤᠨ ᠤᠨᠠᠯᠲᠠ ᠶᠢ ᠲᠣᠭᠲᠠᠪᠤᠷᠢᠵᠢᠭᠤᠯᠤᠨ᠎ᠠ᠃ ᠭᠤᠷᠪᠠᠨ ᠠᠵᠤ ᠦᠢᠯᠡᠰ ᠢ | ᠠᠭᠤᠰᠤᠯᠴᠠᠭᠤᠯᠬᠤ ᠪᠠᠷ ᠴᠢᠭᠯᠡᠯ ᠪᠣᠯᠭᠠᠨ᠂ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠭᠤᠷᠪᠠᠨ | ᠨᠠᠷᠠᠰᠤ ᠡᠯᠪᠡᠭ ᠨᠡᠭᠦᠷᠡᠰᠦᠲᠥ᠋ᠷᠥᠭᠴᠢ ᠶᠢᠨ ᠲᠦᠮᠡᠨ ᠮᠥ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠾᠧ ᠢᠦᠶ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ | ᠣᠷᠣᠭᠤᠯᠵᠤ᠂ ᠭᠤᠷᠪᠠᠳᠤᠭᠠᠷ ᠬᠤᠭᠤᠴᠠᠭᠠᠨ ᠤ ᠠᠵᠢᠯ ᠢ ᠡᠬᠢᠯᠡᠭᠦᠯᠵᠦ᠂ ᠮᠧᠩ ᠼᠦᠢ ᠶᠤᠸᠠᠨ ᠳᠥᠷᠪᠡᠨ | ᠰᠢᠰᠲ᠋ᠧᠮ ᠤᠨ ᠠᠮᠢ ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠰᠢᠭᠯᠠᠯᠲᠠ ᠳᠤ | ᠣᠷᠣᠭᠤᠯᠤᠨ ᠦᠷ᠎ᠡ ᠪᠦᠲᠦᠮᠵᠢ ᠣᠯᠵᠤ᠂ ᠲᠠᠷᠢᠮᠠᠯ ᠤᠨ ᠪᠦᠲᠦᠴᠡ ᠳᠤ ᠦᠷᠭᠦᠯᠵᠢᠯᠡᠨ ᠲᠣᠬᠢᠷᠠᠭᠤᠯᠤᠯᠲᠠ ᠬᠢᠵᠦ᠂ | ᠨᠣᠭᠤᠭᠠᠨ ᠴᠠᠬᠢᠷᠮ᠎ᠠ᠂ ᠦᠵᠦᠮ᠂ ᠵᠢᠵᠢᠭ ᠰᠣᠩᠭᠢᠨ᠎ᠠ ᠶᠢᠨ ᠲᠣᠯᠣᠭᠠᠶ ᠵᠡᠷᠭᠡ ᠠᠵᠤ ᠠᠬᠤᠶ ᠶᠢᠨ ᠲᠠᠷᠢᠮᠠᠯ ᠤᠨ | ᠲᠠᠷᠢᠬᠤ ᠬᠡᠪᠴᠢᠶ᠎ᠡ ᠶᠢ ᠥᠷᠭᠡᠳᠬᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ | ᠪᠣᠷᠣᠯᠠᠭᠤᠯᠵᠤ ᠳᠡᠯᠭᠡᠷᠡᠭᠦᠯᠬᠦ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ ᠪᠠᠷᠠᠭ᠎ᠠ ᠠᠪᠴᠤ | ᠶᠠᠪᠤᠬᠤ᠂ ᠰᠦᠯᠵᠢᠶᠡᠨ ᠭᠠᠳᠠᠨ᠎ᠠ ᠵᠠᠬᠢᠶᠠᠯᠠᠭ᠎ᠠ ᠪᠠᠷ ᠰᠢᠭᠤᠳ ᠪᠣᠷᠣᠯᠠᠭᠤᠯᠬᠤ ᠪᠠᠷ ᠳᠠᠮᠵᠢᠭᠤᠯᠤᠨ᠂ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠵᠢᠭᠤᠯᠴᠢᠯᠠᠯ᠂ ᠰᠡᠯᠡᠭᠦᠴᠡᠯ | ᠠᠮᠠᠷᠠᠯᠲᠠ᠂ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠵᠡᠷᠭᠡ ᠬᠤᠲᠠ ᠶᠢᠨ ᠰᠡᠯᠡᠭᠦᠴᠡᠯ ᠤᠨ | ᠲᠠᠷᠢᠶᠠᠯᠠᠩ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠰᠢ ᠳ᠋ᠢ ᠲᠣᠰᠬᠤᠨ᠂ ᠤᠯᠠᠭᠠᠨᠪᠠᠲᠤ | ᠲᠣᠰᠬᠤᠨ ᠢ ᠰᠡᠯᠡᠭᠦᠴᠡᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠤᠳᠤ ᠶᠢᠨ ᠪᠠᠶᠢᠭ᠎ᠠ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ᠂ ᠪᠡᠯᠡ ᠮᠥᠩᠭᠦ ᠶᠢᠨ | ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ | ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ | ᠦᠷᠭᠦᠯᠵᠢᠯᠡᠭᠦᠯᠬᠦ ᠶᠢ ᠪᠠᠲᠤᠯᠠᠬᠤ ᠬᠡᠷᠡᠭᠲᠡᠢ᠃ | ᠤᠳᠤ ᠦᠶ᠎ᠡ ᠶᠢᠨ ᠠᠵᠤ ᠦᠢᠯᠡᠳᠪᠦᠷᠢ ᠶᠢ ᠰᠢᠯᠢᠳᠡᠭᠵᠢᠭᠦᠯᠦᠨ᠎ᠡ᠃ ᠣᠷᠣᠨ ᠪᠦᠰᠡ ᠪᠠ ᠠᠵᠤ ᠦᠢᠯᠡᠰ ᠤᠨ | ᠣᠨᠴᠠᠯᠢᠭ ᠢ ᠲᠤᠪᠤᠶᠢᠯᠭᠠᠵᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠨ᠎ᠡ ᠬᠡᠯᠪᠡᠷᠢ ᠪᠠᠶᠢᠳᠠᠯ ᠢ ᠪᠤᠢ | ᠪᠣᠯᠭᠠᠨ᠎ᠠ᠃ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠬᠥᠭᠵᠢᠭᠦᠯᠵᠦ᠂ | ᠲᠠᠯ᠎ᠠ ᠨᠤᠲᠤᠭ ᠤᠨ ᠤᠯᠠᠭᠠᠨ ᠨᠡᠷᠡᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ᠭᠤᠤᠯ | ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠬᠤ ᠳᠤ ᠬᠦᠴᠦᠨ ᠨᠡᠮᠡᠷᠢᠯᠡᠵᠦ᠂ ᠲᠢᠶᠠᠨ ᠰᠢᠶᠠᠩ ᠹᠦ᠋ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠠᠮᠢᠳᠤ ᠪᠣᠳᠠᠰ ᠤᠨ ᠡᠮ | ᠡᠮᠨᠡᠯᠭᠡ ᠶᠢᠨ ᠲᠥᠷᠥᠯ ᠤᠨ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠵᠦ ᠳᠠᠬᠢᠨ ᠳᠠᠪᠲᠠᠨ ᠣᠷᠣᠯᠠᠭᠤᠯᠬᠤ ᠶᠢ | ᠳᠡᠮᠵᠢᠵᠦ᠂ ᠶᠢᠨ ᠶᠤᠸᠠᠨ ᠺᠠᠩ᠂ ᠲᠠᠯ᠎ᠠ ᠨᠤᠲᠤᠭ ᠤᠨ ᠨᠣᠭᠤᠭᠠᠨ ᠬᠡᠭᠡᠷ᠎ᠡ ᠶᠢᠨ ᠠᠮᠢᠳᠤ ᠪᠣᠳᠠᠰ ᠤᠨ ᠮᠡᠷᠭᠡᠵᠢᠯ ᠤᠨ | ᠲᠤᠰᠬᠠᠶ ᠠᠰᠢᠭ ᠢ ᠰᠤᠳᠤᠯᠤᠨ ᠨᠡᠭᠡᠭᠡᠬᠦ ᠶᠢ ᠲᠦᠷᠭᠡᠳᠬᠡᠨ᠂ ᠴᠢ ᠯᠦ ᠶᠢᠨ ᠡᠮ ᠦᠢᠯᠡᠳᠬᠦ᠂ ᠹᠦ᠋ ᠹᠧᠩ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠺᠣᠮᠫᠠᠨᠢ ᠶᠢᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ ᠤᠨ | ᠥᠭᠡᠷᠡᠴᠢᠯᠡᠯᠲᠡ ᠶᠢ ᠬᠥᠲᠥᠯᠦᠨ ᠵᠢᠯᠣᠭᠤᠳᠤᠨ᠎ᠠ᠃ 5G᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠᠷ ᠲᠥᠯᠥᠭᠡᠯᠡᠭᠦᠯᠦᠭᠰᠡᠨ ᠴᠢᠮᠡᠭᠡ ᠬᠤᠯᠪᠣᠭᠠᠨ ᠤ ᠰᠦᠯᠵᠢᠶ᠎ᠡ ᠶᠢᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠢᠦᠶ ᠴᠢᠤᠸᠠᠨ ᠣᠯᠠᠨ ᠢᠶᠠᠷ ᠢᠶᠠᠨ | ᠰᠢᠨ᠎ᠡ ᠶᠢ ᠡᠭᠦᠳᠬᠦ ᠣᠷᠣᠨ ᠵᠠᠶ ᠵᠡᠷᠭᠡ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠢ ᠭᠦᠢᠴᠡᠳ | ᠬᠡᠷᠡᠭᠯᠡᠨ᠂ ᠳ᠋ᠠ ᡁᠢ᠂ ᠼᠧ ᠢ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢ ᠭᠤᠤᠯᠳᠠᠯᠭ᠎ᠠ ᠲᠠᠢ ᠲᠡᠳᠬᠦᠵᠦ᠂ ︽ᠲᠤᠰᠬᠠᠶ ᠨᠠᠷᠢᠯᠢᠭ ᠣᠨᠴᠠ ᠰᠢᠨ᠎ᠡ︾ ᠠᠵᠤ | ᠠᠬᠤᠶᠢᠯᠠᠯ ᠢ ᠪᠤᠶᠢᠵᠢᠭᠤᠯᠬᠤ ᠶᠢ ᠠᠬᠢᠭᠤᠯᠤᠨ᠂ ᠢᠳᠡᠭᠡᠨ ᠡᠳ᠋ᠰᠢᠭᠦᠯᠬᠦ᠂ ᠢᠮᠠᠭᠠᠨ ᠨᠣᠯᠤᠤᠷ ᠤᠨ ᠨᠡᠬᠡᠮᠡᠯ᠂ ᠠᠮᠢᠳᠤ | ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ ᠬᠦᠷᠢᠶ᠎ᠡ ᠶᠢ ᠢᠳᠡᠪᠬᠢᠲᠡᠶ ᠪᠠᠷ | ᠥᠷᠭᠡᠳᠬᠡᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠤᠯᠠᠮᠵᠢᠯᠠᠯᠲᠤ ᠠᠷᠠᠯᠵᠢᠶ᠎ᠠ | ᠬᠤᠳᠠᠯᠳᠤᠭᠠᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠎ᠡ᠃ ᠬᠤᠸᠠ ᠷᠦᠨ | ᠸᠢᠶᠧᠨ᠋ᠲ᠋ᠢᠶᠠᠩ ᠬᠤᠲᠠ᠂ ᠸᠠᠨ ᠳ᠋ᠠ ᠲᠠᠯᠠᠪᠠᠶ ᠵᠡᠷᠭᠡ ᠲᠥᠷᠥᠯ ᠵᠦᠢᠯ ᠤᠨ ᠲᠦᠷᠭᠡᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠺᠠᠶᠢᠳ᠋ · ᠨᠡᠬᠡᠮᠡᠯ᠂ ᠸᠠᠨᠵᠢᠨ ᠷᠦᠩ ᠴᠧᠩ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ | ᠰᠢᠯᠢᠳᠡᠭᠵᠢᠭᠦᠯᠦᠨ᠂ ᠭᠠᠵᠠᠷ ᠳᠣᠤᠷᠠᠬᠢ ᠲᠡᠮᠦᠷ ᠵᠠᠮ ᠤᠨ ᠬᠤᠶᠠᠳᠤᠭᠠᠷ ᠱᠤᠭᠤᠮ ᠤᠨ ᠬᠥᠮᠦᠨ ᠤ ᠤᠷᠤᠰᠬᠠᠯ᠂ | ᠪᠠᠷᠠᠭᠠᠨ ᠤ ᠭᠦᠢᠯᠭᠡᠭᠡᠨ ᠤ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ | ᠴᠤᠭᠯᠠᠷᠠᠯ ᠢ ᠠᠬᠢᠭᠤᠯᠤᠨ᠂ ᠰᠢᠯᠢ ᠶᠢᠨ ᠵᠠᠮ ᠤᠨ ᠰᠢᠨ᠎ᠡ ᠬᠤᠳᠠᠯᠳᠤᠭᠠᠨ ᠤ ᠲᠣᠭᠤᠷᠢᠭ ᠢ ᠪᠣᠶ ᠪᠣᠯᠭᠠᠨ᠎ᠠ᠃ ᠬᠤᠸᠠ | ᠮᠧᠶ ᠮᠠᠰᠢᠨ ᠲᠡᠷᠭᠡᠨ ᠤ ᠲᠦᠭᠡᠭᠡᠭᠦᠷ ᠬᠤᠲᠠ ᠪᠠᠷ ᠲᠥᠯᠥᠭᠡᠯᠡᠭᠦᠯᠦᠭᠰᠡᠨ ᠮᠠᠰᠢᠨ ᠲᠡᠷᠭᠡᠨ ᠤ ᠠᠷᠠᠯᠵᠢᠶ᠎ᠠ ᠶᠢᠨ ᠰᠡᠯᠪᠢᠭ | ᠲᠣᠨᠤᠭ ᠤᠨ ᠲᠤᠰᠬᠠᠶ ᠵᠠᠬ᠎ᠠ ᠳᠡᠯᠭᠡᠭᠦᠷ᠂ ᠸᠧᠨ ᠳ᠋ᠦ᠋ ᠳᠡᠯᠡᠬᠡᠶ ᠶᠢᠨ ᠬᠤᠲᠠ᠂ ᠬᠤᠩ ᠰᠢᠩ ᠢᠶᠠᠷ | ᠲᠥᠯᠥᠭᠡᠯᠡᠭᠦᠯᠦᠭᠰᠡᠨ ᠬᠡᠷ ᠪᠦᠯᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠤᠰᠬᠠᠶ ᠵᠠᠬ᠎ᠠ ᠳᠡᠯᠭᠡᠭᠦᠷ᠂ ᠮᠧᠶ ᠲᠦᠩ᠂ | ᠺᠠᠶ ᠲᠠᠢ ᠪᠠᠷ ᠲᠥᠯᠥᠭᠡᠯᠡᠭᠦᠯᠦᠭᠰᠡᠨ ᠢᠳᠡᠭᠡᠨ ᠤ ᠭᠦᠢᠯᠭᠡᠭᠡᠨ ᠤ ᠲᠤᠰᠬᠠᠶ ᠵᠠᠬ᠎ᠠ ᠳᠡᠯᠭᠡᠭᠦᠷ᠂ ᠶᠢᠨ ᠸᠠᠩ ᠵᠢᠶᠤᠤ᠂ | ᠲᠢᠶᠠᠨ ᠹᠦ᠋ ᠪᠠᠷ ᠲᠥᠯᠥᠭᠡᠯᠡᠭᠦᠯᠦᠭᠰᠡᠨ ᠬᠤᠪᠴᠠᠰᠤ ᠬᠤᠨᠠᠷ ᠢ ᠪᠥᠭᠡᠮ ᠢᠶᠠᠷ ᠬᠤᠳᠠᠯᠳᠤᠬᠤ ᠲᠤᠰᠬᠠᠶ ᠵᠠᠬ᠎ᠠ | ᠳᠡᠯᠭᠡᠭᠦᠷ ᠢ ᠪᠤᠵᠠᠭᠠᠶᠢᠷᠠᠭᠤᠯᠵᠤ᠂ ᠣᠯᠠᠨ ᠲᠠᠰ ᠳᠠᠪᠬᠤᠷᠭ᠎ᠠ ᠶᠢᠨ᠂ ᠥᠪᠡᠷᠮᠢᠴᠡ ᠬᠡᠷᠡᠭᠯᠡᠭᠡᠨ ᠤ ᠬᠡᠷᠡᠭᠴᠡᠭᠡ ᠶᠢ | ᠬᠠᠩᠭᠠᠨ᠎ᠠ᠃ ᠮᠧᠩ ᠺᠦᠨ ᠨᠠᠪᠴᠢᠨ ᠲᠠᠮᠠᠬᠢ ᠶᠢᠨ ᠨᠥᠭᠡᠴᠡ ᠶᠢᠨ ᠬᠥᠮᠥᠷᠭᠡ ᠶᠢᠨ ᠭᠤᠤᠯ ᠴᠣᠭᠴᠠ ᠶᠢᠨ | ᠢᠨᠵᠧᠨᠧᠷᠢᠩ ᠢ ᠴᠢᠷᠮᠠᠶᠢᠨ ᠪᠡᠶᠡᠯᠡᠭᠦᠯᠦᠨ᠎ᠡ᠃ ᠮᠢᠩ ᠫᠢᠨ ᠹᠦ᠋ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠤᠮᠠᠷᠠᠲᠤ ᠣᠷᠣᠨ ᠤ ᠬᠠᠮᠤᠭ ᠤᠨ | ᠲᠣᠮᠣ ᠬᠦᠢᠲᠡᠨ ᠬᠡᠯᠬᠢᠶᠡᠲᠦ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠬᠦᠴᠦᠷᠬᠡᠭᠵᠢᠭᠦᠯᠦᠨ᠎ᠡ᠃ ᠬᠤᠪᠢᠰᠬᠠᠯ ᠤᠨ ᠰᠣᠶᠣᠯ ᠢ ᠬᠥᠭᠵᠢᠭᠦᠯᠦᠨ | ᠮᠠᠨᠳᠤᠭᠤᠯᠵᠤ᠂ ᠬᠤᠪᠢᠰᠬᠠᠯ ᠤᠨ ᠠᠭᠤᠯᠤᠭᠳᠠᠬᠤᠨ ᠢ ᠵᠤᠵᠠᠭᠠᠳᠬᠠᠨ᠎ᠠ᠃ ᠰᠦᠢᠶᠤᠸᠠᠨ ᠥᠪᠥᠷ ᠮᠣᠩᠭᠤᠯ ᠤᠨ ᠡᠯ᠎ᠡ | ᠡᠲᠡᠭᠡᠳ ᠤᠨ ᠶᠠᠫᠣᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ᠂ ᠲᠦᠮᠡᠳ ᠤᠨ | ᠰᠦᠮ᠎ᠡ ᠵᠡᠷᠭᠡ ᠬᠤᠪᠢᠰᠬᠠᠯ ᠤᠨ ᠲᠡᠦᠬᠡ ᠶᠢᠨ ᠦᠯᠡᠳᠡᠭᠳᠡᠯ ᠤᠨ ᠲᠣᠭᠤᠷᠢᠨ ᠳᠤ᠂ ᠬᠤᠪᠢᠰᠬᠠᠯ ᠤᠨ ᠰᠡᠳᠦᠪᠲᠦ | ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠢ | ᠪᠠᠶᠢᠭᠤᠯᠤᠨ᠎ᠠ᠃ ᠲᠡᠦᠬᠡ ᠰᠣᠶᠣᠯ ᠢ ᠠᠭᠤᠳᠠᠯᠵᠤ᠂ ᠬᠠᠭᠤᠴᠢᠨ ᠬᠤᠳᠠ ᠶᠢᠨ ᠷᠢᠳᠢ ᠰᠢᠳᠢ ᠶᠢ ᠢᠯᠡᠷᠡᠭᠦᠯᠦᠨ᠎ᠡ᠃ | ᠬᠦᠶ ᠬᠤᠸᠠ ᠬᠤᠲᠠ ᠶᠢᠨ ᠬᠠᠭᠤᠴᠢᠨ ᠵᠡᠭᠡᠯᠢ ᠲᠣᠭᠤᠷᠢᠭ ᠤᠨ ᠦᠵᠡᠭᠦᠯᠦᠯᠭᠡ ᠶᠢᠨ ᠣᠷᠳᠣᠨ ᠤ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠡᠤᠬᠡ ᠶᠢᠨ ᠪᠠᠷᠢᠯᠭ᠎ᠠ ᠶᠢ ᠬᠠᠮᠠᠭᠠᠯᠠᠬᠤ ᠪᠠ ᠰᠡᠯᠪᠢᠨ | ᠵᠠᠰᠠᠬᠤ ᠶᠢ ᠴᠢᠩᠭᠠᠳᠬᠠᠨ᠂ ᠪᠤᠭᠤᠮᠲᠠ ᠶᠢᠨ ᠬᠠᠭᠤᠴᠢᠨ ᠵᠡᠭᠡᠯᠢ᠂ ᠲᠦᠩ ᠱᠦᠨ ᠶᠡᠭᠡ ᠭᠤᠳᠤᠮᠵᠢ ᠵᠡᠷᠭᠡ | ᠤᠨᠴᠠᠯᠢᠬᠳᠤ ᠶᠠᠪᠠᠭᠠᠨ ᠵᠡᠭᠡᠯᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ | ᠪᠤᠭᠤᠮᠲᠠ ᠶᠢᠨ ᠬᠠᠭᠤᠴᠢᠨ ᠵᠡᠭᠡᠯᠢ ᠲᠣᠭᠤᠷᠢᠭ ᠤᠨ ᠤᠯᠤᠰ ᠤᠨ ᠲᠠᠰ ᠤᠨ ᠤᠨᠴᠠᠯᠢᠬᠳᠤ ᠬᠤᠳᠠᠯᠳᠤᠭᠠᠨ ᠤ ᠶᠠᠪᠠᠭᠠᠨ | ᠵᠡᠭᠡᠯᠢ ᠶᠢ ᠴᠢᠷᠮᠠᠶᠢᠨ ᠪᠠᠶᠢᠭᠤᠯᠬᠤ ᠶᠢ ᠠᠬᠢᠭᠤᠯᠤᠨ᠎ᠠ᠃ ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ | ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠪᠠ ᠰᠣᠶᠣᠯ ᠤᠨ ᠰᠦᠮ᠎ᠡ ᠶᠢᠨ ᠴᠤᠭᠯᠠᠭᠠᠨ ᠵᠡᠷᠭᠡ ᠰᠢᠷᠢᠰ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠠ᠃ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ | ᠬᠤᠳᠠᠯᠳᠤᠭᠠᠴᠢᠨ ᠤᠷᠢᠬᠤ ᠡᠷᠴᠢᠮ ᠢ ᠴᠢᠩᠭᠠᠷᠠᠭᠤᠯᠵᠤ᠂ ᠬᠥᠬᠡᠬᠤᠲᠠ ᠶᠢᠨ ᠬᠤᠷᠢᠨ ᠳᠥᠷᠪᠡᠳᠦᠭᠡᠷ | ᠬᠦᠷᠢᠶᠡᠯᠡᠩ ᠤᠨ ᠲᠥᠷᠥᠯ ᠵᠦᠢᠯ ᠢ ᠠᠮᠢᠳᠤᠯᠢᠭ ᠪᠣᠯᠭᠠᠵᠤ᠂ ᠵᠣᠣ ᠵᠢᠶᠦ᠋ᠨ ᠮᠦᠽᠧᠶ ᠶᠢᠨ ᠵᠡᠭᠦᠨ ᠲᠠᠯ᠎ᠠ ᠶᠢᠨ | ᠭᠠᠵᠠᠷ ᠲᠤ ᠬᠤᠳᠠᠯᠳᠤᠭᠠᠴᠢᠨ ᠤᠷᠢᠬᠤ ᠠᠵᠢᠯ ᠢ ᠡᠬᠢᠯᠡᠭᠦᠯᠵᠦ᠂ ᠬᠤᠲᠣᠭᠤᠷ ᠭᠦᠳᠦᠭᠦᠷ ᠱᠤᠭᠤᠮ ᠤᠨ 1958 | ᠣᠨ ᠤ ᠤᠷᠠᠯᠢᠭ ᠤᠨ ᠦᠢᠯᠡᠳᠭᠡᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠤᠨ᠎ᠠ᠃ | ︽ᠨᠢᠭᠡ ᠳᠠᠷᠤᠪᠴᠢ ᠪᠠᠷ ᠬᠥᠬᠡᠬᠤᠲᠠ ᠳᠤ ᠵᠢᠭᠤᠯᠴᠢᠯᠠᠬᠤ︾ ᠡᠭᠦᠯᠡᠨ ᠲᠠᠪᠴᠠᠩ ᠳᠤ ᠲᠦᠰᠢᠭᠯᠡᠨ᠂ ᠤᠶᠤᠨᠲᠤ | ᠦᠵᠡᠮᠵᠢ ᠶᠢᠨ ᠲᠤᠭᠤᠷᠢᠭ᠂ ᠲᠣᠭᠠᠴᠢᠯᠠᠭᠰᠠᠨ ᠮᠦᠽᠧᠶ᠂ ᠰᠦᠯᠵᠢᠶᠡᠨ ᠳᠡᠭᠡᠷᠡᠬᠢ ᠲᠣᠭᠯᠠᠯᠲᠠ ᠶᠢᠨ ᠤᠷᠠᠯᠢᠭ | ᠵᠡᠷᠭᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠤᠶᠤᠨᠲᠤ ᠵᠢᠭᠤᠯᠴᠢᠯᠠᠯ ᠤᠨ ᠰᠢᠨ᠎ᠡ ᠬᠥᠳᠡᠯᠭᠡᠬᠦ ᠡᠨᠧᠷᠭᠢ ᠶᠢ | ᠪᠤᠶᠢᠵᠢᠭᠤᠯᠤᠨ᠎ᠠ᠃ | ︵ᠲᠠᠪᠤ︶ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠵᠦ᠂ ᠵᠣᠬᠢᠴᠠᠩᠭᠤᠶ | ᠬᠥᠭᠵᠢᠯᠲᠡ ᠶᠢ ᠲᠥᠯᠬᠢᠨ ᠠᠬᠢᠭᠤᠯᠤᠨ᠎ᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ | ᠬᠤᠳᠠ ᠶᠢᠨ ᠡᠮᠨᠡᠯᠭᠡ ᠶᠢᠨ ᠬᠤᠷᠢᠶᠠᠨ ᠤ ᠡᠮᠦᠨ᠎ᠡ ᠲᠠᠯ᠎ᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ | ᠬᠤᠷᠢᠶᠠᠯᠠᠯ ᠤᠨ ᠪᠤᠴᠠᠭᠠᠨ ᠨᠡᠭᠦᠯᠭᠡᠬᠦ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠬᠤᠶᠠᠳᠤᠭᠠᠷ ᠲᠣᠭᠤᠷᠢᠯ ᠵᠠᠮ ᠤᠨ ᠡᠷᠬᠢᠨ ᠲᠣᠭᠤᠷᠢᠨ ᠤ 8 ᠲᠦᠬᠦᠮ ᠪᠦᠳᠦᠴᠡᠳᠦ ᠣᠷᠣᠨ ᠰᠠᠭᠤᠴᠠ ᠶᠢᠨ | ᠬᠤᠷᠢᠶᠠᠯᠠᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠮᠦᠨ᠎ᠡ ᠪᠠ ᠯᠢ ᠲᠤᠰᠬᠤᠨ ᠤ ᠡᠮᠦᠨ᠎ᠡ ᠵᠠᠮ᠂ ᠹᠠᠨ ᠵᠢᠶᠠ | ᠶᠢᠩ ᠨᠢᠭᠡᠳᠦᠭᠡᠷ ᠵᠠᠮ ᠵᠡᠷᠭᠡ 5 ᠵᠤᠷᠪᠤᠰ ︽ᠮᠤᠬᠤᠷ ᠵᠠᠮ︾ ᠢ ᠨᠡᠪᠲᠡᠷᠡᠭᠦᠯᠵᠦ᠂ 30 ᠵᠤᠷᠪᠤᠰ ᠵᠢᠵᠢᠭ ᠵᠡᠭᠡᠯᠢ | ᠭᠤᠳᠤᠮᠵᠢ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠡᠩ ᠲᠦᠬᠦᠮ | ᠪᠣᠯᠭᠠᠪᠠ᠃ 82 ᠬᠠᠭᠤᠴᠢᠨ ᠬᠤᠷᠢᠶᠠᠯᠠᠯ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠭᠤᠴᠢᠨ ᠬᠤᠷᠢᠶᠠᠯᠠᠯ ᠤᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠠᠮᠢᠳᠤᠷᠠᠯ ᠨᠢ ᠲᠠᠭᠠᠯᠠᠮᠵᠢᠲᠠᠶ ᠣᠷᠣᠰᠢᠨ | ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠢ ᠪᠤᠢ ᠪᠣᠯᠭᠠᠪᠠ᠃ ᠬᠥᠳᠡᠭᠡ ᠲᠣᠰᠬᠤᠨ ᠤ 100 ᠡᠷᠦᠬᠡ ᠶᠢᠨ | ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠡᠮᠦᠨ᠎ᠡ ᠲᠤᠬᠤᠢ ᠵᠡᠷᠭᠡ 8 ᠲᠣᠰᠬᠤᠨ ᠤ ᠪᠣᠬᠢᠷ ᠤᠰᠤ ᠶᠢ | ᠰᠢᠢᠳᠪᠦᠷᠢᠯᠡᠵᠦ ᠴᠡᠭᠴᠡᠯᠡᠨ ᠵᠠᠰᠠᠬᠤ ᠢᠨᠵᠧᠨᠧᠷᠢᠩ ᠢ ᠡᠬᠢᠯᠡᠭᠦᠯᠪᠡ᠃ ᠬᠥᠳᠡᠭᠡ ᠲᠣᠰᠬᠤᠨ ᠤ ᠠᠶᠤᠯᠭᠦᠶ ᠤᠤᠭᠤᠬᠤ | ᠤᠰᠤ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠲᠥᠪᠯᠡᠷᠡᠭᠦᠯᠦᠨ ᠤᠰᠤ | ᠬᠠᠩᠭᠠᠬᠤ ᠨᠤᠷᠮ᠎ᠠ ᠶᠢ 100% ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ | ᠥᠨᠳᠥᠷ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠳᠥᠯᠭᠢᠨ | ᠠᠬᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠤᠯᠠᠮ ᠨᠢᠭᠡ ᠠᠯᠬᠤᠮ | ᠰᠢᠯᠤᠭᠤᠳᠬᠠᠵᠤ᠂ ᠬᠠᠮᠢᠶᠠᠷᠤᠯᠲᠠ ᠶᠢ ᠨᠡᠩ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ ᠪᠣᠯᠭᠠᠬᠤ ᠶᠢ ᠲᠦᠯᠬᠢᠨ | ᠠᠬᠢᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠵᠡᠭᠡᠯᠢ ︵ᠵᠠᠮ︶ ᠶᠢᠨ ᠳᠠᠷᠤᠭ᠎ᠠ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠯᠭᠠᠨ ᠬᠢᠨᠠᠵᠤ | ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠭᠦᠢᠴᠡᠳᠭᠡᠵᠦ | ᠳᠠᠭᠤᠰᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠣᠶᠤᠨᠴᠢᠯᠠᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠵᠣᠣ ᠵᠢᠶᠦ᠋ᠨ ᠵᠠᠮ᠂ ᠶᠡᠭᠡ ᠰᠤᠷᠭᠠᠭᠤᠯᠢ ᠶᠢᠨ | ᠪᠠᠷᠠᠭᠤᠨ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠢᠨᠵᠧᠨᠧᠷᠢᠩ ᠢ ᠳᠠᠭᠤᠰᠬᠠᠨ᠎ᠠ᠃ ᠡᠮᠦᠨ᠎ᠡ ᠦᠵᠦᠭᠦᠷ ᠢ | ᠲᠦᠷᠦᠯ ᠬᠤᠪᠢᠶᠠᠨ ᠲᠠᠷᠬᠠᠭᠠᠬᠤ᠂ ᠳᠤᠮᠳᠠ ᠦᠵᠦᠭᠦᠷ ᠢ ᠲᠣᠭᠲᠠᠭᠰᠠᠨ ᠴᠠᠭ ᠲᠤ ᠲᠣᠭᠲᠠᠭᠰᠠᠨ ᠴᠡᠭ ᠲᠤ | ᠴᠤᠭᠯᠠᠭᠤᠯᠤᠨ ᠠᠵᠢᠯᠯᠠᠭᠤᠯᠬᠤ᠂ ᠲᠡᠭᠦᠰᠬᠡᠯ ᠦᠵᠦᠭᠦᠷ ᠢ ᠨᠠᠷᠢᠯᠢᠬᠵᠢᠭᠤᠯᠤᠨ ᠣᠶᠤᠨᠴᠢ ᠪᠠᠷ ᠢᠯᠭᠠᠬᠤ ᠵᠠᠭᠪᠤᠷ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠠᠯᠠᠪᠤᠷ ᠦᠷᠳᠡᠭᠡ ᠶᠢᠨ | ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ 4 ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠦᠷᠳᠡᠭᠡ ᠶᠢ | ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠦᠷᠳᠡᠭᠡ ᠶᠢᠨ ︽ | ᠭᠤᠷᠪᠠ ᠶᠢ ᠰᠡᠷᠭᠡᠶᠢᠯᠡᠵᠦ ᠭᠤᠷᠪᠠ ᠶᠢ ᠣᠳᠣᠬᠢᠴᠢᠯᠠᠬᠤ︾ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠤᠳᠠ | ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠤᠭᠴᠠᠵᠢᠭᠤᠯᠬᠤ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ | 98% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠤᠶᠤᠨᠴᠢ ᠪᠠᠷ ᠲᠡᠷᠭᠡ ᠵᠣᠭᠰᠣᠭᠠᠬᠤ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠬᠥᠷᠥᠩᠭᠡ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠂ ︽ᠲᠡᠷᠭᠡ ᠵᠣᠭᠰᠣᠭᠠᠬᠤ ᠳᠤ ᠬᠦᠴᠢᠷ︾ ᠤᠨ | ᠠᠰᠠᠭᠤᠳᠠᠯ ᠢ ᠲᠦᠷᠭᠡᠳᠬᠡᠨ ᠰᠢᠢᠳᠪᠦᠷᠢᠯᠡᠨ᠎ᠡ᠃ ᠬᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ | ᠢᠯᠡᠷᠬᠡᠶᠢᠯᠡᠯ᠂ ᠬᠠᠮᠲᠤ ᠪᠠᠷ ᠡᠳ᠋ᠯᠡᠬᠦ ᠳᠤᠭᠤᠶ ᠲᠡᠷᠭᠡ᠂ ᠵᠠᠮ ᠡᠵᠡᠯᠡᠨ ᠡᠵᠡᠩᠨᠡᠬᠦ᠂ ᠬᠤᠲᠠ ᠶᠢᠨ ︽ᠦᠬᠡᠷ ᠢᠯᠢᠳᠦ︾ | ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠪᠠ | ᠬᠠᠤᠯᠢ ᠶᠢ ᠵᠥᠷᠢᠴᠡᠨ ᠪᠥᠲᠥᠭᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠵᠤ᠂ ᠬᠠᠮᠲᠤᠪᠠᠷ ᠡᠳ᠋ᠯᠡᠬᠦ | ᠬᠥᠭᠵᠢᠯᠲᠡ ᠶᠢ ᠠᠬᠢᠭᠤᠯᠬᠤ ᠬᠡᠷᠡᠭᠲᠡᠢ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ 2200 ᠠᠴᠠ ᠳᠡᠭᠡᠭᠰᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠪᠡᠶᠡᠯᠡᠭᠦᠯᠵᠦ᠂ 7500 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ | ᠪᠡᠶᠡᠯᠡᠭᠦᠯᠦᠨ᠎ᠡ᠃ ᠬᠥᠯᠥᠰᠥᠨ ᠠᠵᠢᠯᠴᠢᠨ ᠤ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠦᠨᠡᠨ ᠨᠡᠷ᠎ᠡ ᠶᠢᠨ | ᠲᠦᠷᠢᠮ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠎ᠠ᠃ ᠨᠡᠶᠢᠭᠡᠮ ᠤᠨ ᠳᠠᠭᠠᠳᠬᠠᠯ ᠤᠨ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠪᠠ ︽ᠢᠨᠲ᠋ᠧᠷ ᠰᠦᠯᠵᠢᠶ᠎ᠡ + ᠨᠠᠰᠤᠵᠢᠯ ᠤᠨ ᠦᠢᠯᠡᠴᠢᠯᠡᠭᠡ︾ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠢᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ | ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠰᠠᠷᠠᠮᠵᠢ ᠬᠠᠷᠠᠭᠠᠯᠵᠠᠯ ᠵᠡᠷᠭᠡ ᠡᠯ᠎ᠡ | ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠴᠢᠨᠠᠷ ᠰᠠᠶᠢᠲᠠᠶ ᠡᠷᠬᠡ ᠲᠡᠭᠰᠢ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠬᠥᠬᠡᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠰᠦ ᠬᠤ᠋ ᠵᠡᠭᠡᠯᠢ ᠶᠢᠨ ᠪᠠᠭ᠎ᠠ | ᠰᠤᠷᠭᠠᠭᠤᠯᠢ ᠵᠡᠷᠭᠡ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠲᠠᠢ ᠪᠥᠬᠦ ᠲᠠᠯ᠎ᠠ ᠪᠠᠷ ᠬᠠᠷᠭᠤᠭᠤᠯᠵᠤ᠂ | ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠰᠤᠷᠭᠠᠭᠤᠯᠢ ᠯᠤᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠᠨ | ᠴᠢᠩᠭᠠᠳᠬᠠᠨ᠂ ᠨᠢᠭᠡ ᠪᠦᠯᠦᠭ ᠪᠥᠬᠦ ᠬᠤᠲᠠ ᠶᠢᠨ ᠰᠢᠯᠢᠳᠡᠭ ᠲᠠᠰ ᠤᠨ ᠰᠤᠷᠭᠠᠭᠤᠯᠢ ᠶᠢ ᠪᠠᠶᠢᠭᠤᠯᠤᠨ᠎ᠠ᠃ | ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ | ᠬᠥᠬᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠹᠠᠩ ᠶᠤᠸᠠᠨ | ᠳᠤᠮᠳᠠᠳᠤ ᠰᠤᠷᠭᠠᠭᠤᠯᠢ ᠶᠢ ︽ᠠᠷᠠᠳ ᠠᠴᠠ ᠠᠯᠪᠠᠨ ᠤ ᠰᠤᠷᠭᠠᠭᠤᠯᠢ ᠪᠣᠯᠭᠠᠬᠤ︾ ᠶᠢ ᠪᠡᠶᠡᠯᠡᠭᠦᠯᠦᠨ᠎ᠡ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ 5 ᠬᠡᠦᠬᠡᠳ ᠤᠨ | ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ | ᠴᠡᠴᠡᠷᠯᠢᠭ ᠤᠨ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ︽ᠢᠯᠡ ᠪᠠᠷ ᠰᠣᠷᠣᠭᠴᠢ ᠡᠯᠰᠡᠬᠦ︾ ︽ | ᠢᠯᠡ ᠪᠠᠷ ᠠᠩᠭᠢ ᠬᠤᠪᠢᠶᠠᠬᠤ︾ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ | ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠳᠠᠷᠠᠭᠠᠬᠢ ᠴᠠᠭ ᠢ | ᠤᠷᠲᠤᠳᠬᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶ᠎ᠡ ᠵᠢᠴᠢ | ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠰᠡᠷᠭᠡᠶᠢᠯᠡᠯᠲᠡ ᠶᠢ ᠪᠦᠬᠦ ᠲᠠᠯ᠎ᠠ ᠪᠠᠷ ᠪᠠᠬᠢᠯᠡᠨ᠎ᠡ᠃ ᠲᠤᠭᠤᠷᠢᠭ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ ᠥᠭᠡᠷᠡᠴᠢᠯᠡᠯᠲᠡ ᠶᠢ ᠠᠬᠢᠭᠤᠯᠵᠤ᠂ ᠰᠤᠷᠭᠠᠭᠤᠯᠢ ᠶᠢᠨ ᠵᠠᠬᠢᠷᠤᠯ᠂ ᠭᠤᠤᠯᠯᠠᠭᠴᠢ | ᠪᠠᠭᠰᠢ ᠶᠢ ᠬᠥᠮᠦᠵᠢᠭᠦᠯᠬᠦ ᠰᠢᠰᠲ᠋ᠧᠮᠵᠢ ᠶᠢ ᠪᠦᠷᠢᠨᠰᠢᠬᠦᠯᠦᠨ᠂ ᠪᠠᠭᠰᠢ ᠶᠢᠨ ᠲᠣᠬᠢᠷᠠᠭᠤᠯᠤᠯᠲᠠ ᠶᠢ ᠴᠢᠩᠭᠠᠷᠠᠭᠤᠯᠵᠤ᠂ | ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ | ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠶᠣᠰᠣ | ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠰᠢᠯᠢᠳᠡᠭ ᠤᠯᠠᠮᠵᠢᠯᠠᠯᠲᠤ | ᠰᠣᠶᠣᠯ ᠤᠨ ᠬᠥᠮᠦᠵᠢᠯ ᠢ ᠲᠦᠭᠡᠮᠡᠯᠵᠢᠭᠦᠯᠬᠦ ᠢᠨᠵᠧᠨᠧᠷᠢᠩ ᠢ ᠥᠷᠨᠢᠭᠦᠯᠵᠦ᠂ ︽ᠬᠤᠨ ᠭᠠᠯᠠᠭᠤ ᠤᠩᠰᠢᠯᠭ᠎ᠠ︾ ᠶᠢ | ᠳᠡᠯᠭᠡᠷᠡᠭᠦᠯᠦᠨ᠂ 2 ᠬᠤᠪᠢᠰᠬᠠᠯᠲᠤ ᠨᠣᠮ ᠤᠨ ᠥᠷᠥᠭᠡ ᠪᠠᠶᠢᠭᠤᠯᠤᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢ 100 ᠲᠠᠯᠠᠪᠤᠷ ᠥᠷᠨᠢᠭᠦᠯᠵᠦ᠂ 648 ᠲᠠᠯᠠᠪᠤᠷ ᠬᠡᠷᠡᠯ ᠵᠢᠷᠤᠭ ᠢ ᠬᠥᠳᠡᠭᠡ ᠲᠣᠰᠬᠤᠨ ᠳᠤ | ᠬᠦᠷᠭᠡᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠬᠤᠩ | ᠴᠢᠩ ᠵᠤᠤ᠂ ᠳ᠋ᠦᠩ ᠶᠤᠸᠠᠢ ᠶᠢᠨ ᠲᠢᠶᠠᠨ ᠴᠢ ᠰᠦᠮ᠎ᠡ ᠶᠢ ᠰᠡᠯᠪᠢᠨ ᠵᠠᠰᠠᠬᠤ ᠠᠵᠢᠯ ᠢ ᠡᠬᠢᠯᠡᠭᠦᠯᠦᠨ᠎ᠡ᠃ | ᠪᠣᠳᠠᠰ ᠤᠨ ᠪᠤᠰᠤ ᠰᠣᠶᠣᠯ ᠤᠨ ᠥᠪ ᠤᠨ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ | ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠰᠢᠲᠠᠭᠠᠨ ᠬᠤᠳᠠᠯᠳᠤᠵᠤ ᠦᠢᠯᠡᠳᠬᠦ ᠤᠷ᠎ᠠ ᠮᠡᠷᠭᠡᠰᠢᠯ ᠢ ᠤᠯᠤᠰ ᠤᠨ ᠲᠠᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠮᠡᠳᠡᠭᠦᠯᠬᠦ ᠶᠢ ᠠᠬᠢᠭᠤᠯᠤᠨ᠎ᠠ᠃ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 1 ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠴᠡᠴᠡᠷᠯᠢᠭ ᠪᠠ 1 ᠪᠡᠶ᠎ᠡ ᠶᠢᠨ ᠲᠠᠮᠢᠷ ᠤᠨ ᠠᠮᠢᠳᠤᠷᠠᠯ ᠤᠨ ᠨᠡᠶᠢᠭᠡᠮ ᠲᠣᠭᠤᠷᠢᠭ ᠢ | ᠪᠠᠶᠢᠭᠤᠯᠵᠤ᠂ ᠨᠠᠭᠤᠷ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ᠂ ᠢᠳᠡᠷᠡᠭᠦᠨ ᠠᠯᠬᠤᠭ᠎ᠠ᠂ ᠨᠥᠬᠦᠷᠰᠡᠭ | ᠬᠤᠲᠠ ᠶᠢᠨ ᠴᠠᠭᠠᠰᠤᠨ ᠰᠢᠪᠠᠭᠤ ᠶᠢᠨ ᠤᠷᠢᠯᠭ᠎ᠠ ᠶᠢᠨ ᠤᠷᠤᠯᠳᠤᠭᠠᠨ᠂ ᠮᠥᠰᠥ ᠴᠠᠰᠤᠨ ᠤ ᠨᠠᠶᠢᠷ ᠵᠡᠷᠭᠡ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠷᠡᠭᠦᠯ | ᠡᠩᠬᠡ ᠢᠦᠢ ᠴᠢᠤᠸᠠᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠭᠤᠷᠪᠠᠨ ᠡᠮᠴᠢᠯᠡᠭᠡ ᠶᠢ | ᠬᠤᠯᠪᠣᠯᠳᠤᠭᠤᠯᠬᠤ︾ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠤᠭᠤᠷᠢᠭ ᠤᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠭᠤᠯᠤᠯᠲᠠ ᠶᠢ ᠡᠬᠢᠯᠡᠭᠦᠯᠵᠦ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠲᠡᠰ ᠲᠡᠪᠰᠢᠭᠦᠯᠦᠨ ᠦᠭᠡᠷᠡᠴᠢᠯᠡᠬᠦ ᠶᠢ ᠳᠦᠯᠬᠢᠨ ᠠᠬᠢᠭᠤᠯᠤᠨ᠎ᠠ᠃ | ᠮᠤᠩᠭᠤᠯ ᠬᠢᠲᠠᠳ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠮᠣᠩᠭᠤᠯ ᠬᠢᠲᠠᠳ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠬᠦᠳᠦᠨ ᠬᠦᠭᠵᠢᠬᠦ ᠶᠢ | ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠱᠠᠳᠤ ᠬᠤᠪᠢᠶᠠᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠦᠨᠳᠦ ᠶᠡᠭᠡ | ᠬᠠᠯᠳᠠᠪᠤᠷᠢᠲᠤ ᠡᠪᠡᠳᠴᠢᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ | ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠳᠡᠮ | ᠠᠰᠢᠭ ᠬᠦᠷᠲᠡᠭᠡᠵᠦ ᠬᠡᠤᠬᠡᠳ ᠰᠠᠭᠠᠲᠠᠭᠤᠯᠬᠤ ᠦᠢᠯᠡᠰ ᠢ ᠶᠡᠬᠡᠪᠡᠷ ᠬᠥᠭᠵᠢᠭᠦᠯᠵᠦ᠂ 0 — 3 ᠨᠠᠰᠤᠨ ᠤ ᠨᠢᠯᠬ᠎ᠠ | ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠵᠢᠷᠤᠮᠵᠢᠭᠤᠯᠤᠨ ᠬᠥᠭᠵᠢᠭᠦᠯᠵᠦ᠂ ︽ᠭᠤᠷᠪᠠᠨ ᠬᠡᠤᠬᠡᠳ︾ | ᠤᠨ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠭᠠᠵᠠᠷ ᠬᠥᠳᠡᠯᠦᠯᠲᠡ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ | ᠵᠦᠢᠯ ᠤᠨ ᠨᠡᠶᠢᠭᠡᠮ ᠤᠨ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | | | ᠲᠦᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠪᠠᠶᠢᠭᠤᠯᠤᠨ᠎ᠠ | ᠤᠯᠤᠰ ᠲᠦᠷᠦ ᠶᠢᠨ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤ ᠴᠣᠭᠴᠠᠯᠠᠨ᠎ᠠ᠃ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠵᠡᠯ ᠰᠠᠨᠠᠭ᠎ᠠ ᠶᠢᠨ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ | ᠦᠢᠯᠡᠳᠦᠯᠭᠡ ᠶᠢᠨ ᠳᠠᠪᠲᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠤᠯᠤᠰ | ᠲᠥᠷᠥ ᠶᠢᠨ ᠬᠠᠷᠢᠭᠤᠴᠠᠯᠭ᠎ᠠ᠂ ᠤᠯᠤᠰ ᠲᠥᠷᠥ ᠶᠢᠨ ᠡᠭᠦᠷᠭᠡ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠭᠠᠵᠤ᠂ | ︽ᠤᠯᠤᠰ ᠤᠨ ᠲᠤᠮᠤ ᠬᠥᠮᠦᠰ︾ ᠤᠨ ᠠᠶᠠᠯᠠᠯ ᠤᠨ ᠲᠡᠮᠳᠡᠭ ᠢ ᠪᠤᠢ ᠪᠣᠯᠭᠠᠬᠤ ᠶᠢ ᠴᠢᠩᠭ᠎ᠠ ᠠᠩᠬᠠᠷᠴᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤ ᠰᠠᠭᠤᠷᠢᠯᠠᠨ ᠪᠠᠶᠢᠷᠢᠰᠢᠯ ᠡᠷᠢᠵᠦ᠂ ᠰᠢᠨ᠎ᠡ | ᠠᠶᠠᠨ ᠵᠠᠮ ᠳᠤ ᠰᠢᠨ᠎ᠡ ᠡᠭᠦᠷᠭᠡᠯᠡᠯ ᠢ ᠢᠯᠡᠷᠡᠭᠦᠯᠬᠦ᠂ ᠰᠢᠨ᠎ᠡ ᠵᠢᠳᠬᠦᠯ ᠴᠢᠷᠮᠠᠶᠢᠯᠭ᠎ᠠ ᠪᠠᠷ ᠬᠠᠷᠠᠯᠲᠠ ᠪᠠᠨ | ᠲᠣᠭᠲᠠᠭᠠᠬᠤ ᠶᠢ ᠠᠩᠬᠠᠷᠴᠤ᠂ ᠨᠢᠭᠡᠳᠦᠯᠲᠡᠢ ᠪᠠᠶᠢᠬᠤ᠂ ᠪᠠᠶᠢᠩᠭᠤ ᠨᠢᠭᠡᠳᠦᠯᠲᠡᠢ ᠪᠠᠶᠢᠬᠤ᠂ ᠦᠨᠡᠨᠬᠦ ᠨᠢᠭᠡᠳᠦᠯᠲᠡᠢ | ᠪᠠᠶᠢᠬᠤ ᠶᠢ ᠡᠷᠬᠢᠮᠯᠡᠵᠦ᠂ ᠳᠤᠲᠠᠭᠤ ᠲᠤᠷᠭᠤᠨ ᠬᠡᠷᠡᠭᠵᠢᠭᠦᠯᠬᠦ᠂ ᠬᠤᠪᠢᠷᠠᠭᠤᠯᠬᠤ ᠶᠢ ᠡᠷᠡᠰ ᠰᠡᠷᠭᠡᠶᠢᠯᠡᠵᠦ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ | ᠶᠠᠪᠤᠳᠠᠯ ᠪᠦᠬᠦᠨ ᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠰᠤᠷᠲᠠᠯ ᠢ ᠶᠡᠬᠡᠪᠡᠷ ᠪᠠᠳᠠᠷᠠᠭᠤᠯᠪᠠ᠃ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤ | ᠴᠡᠭᠡᠵᠢᠯᠡᠵᠦ᠂ ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠳᠤ ᠲᠥᠪᠯᠡᠷᠡᠭᠦᠯᠬᠦ᠂ ᠦᠢᠯᠡᠴᠢᠯᠡᠭᠡ ᠶᠢ | ᠠᠷᠠᠳ ᠤᠨ ᠠᠮᠢᠳᠤᠷᠠᠯ ᠳᠤ ᠪᠦᠷᠬᠦᠭᠦᠯᠬᠦ᠂ ᠡᠬᠢ ᠪᠠᠶᠠᠯᠢᠭ ᠢ ᠠᠷᠠᠳ ᠤᠨ ᠠᠮᠢᠳᠤᠷᠠᠯ ᠳᠤ ᠬᠡᠯᠪᠠᠶᠢᠯᠭᠡᠬᠦ ᠶᠢ | ᠠᠬᠢᠭᠤᠯᠤᠨ᠎ᠠ᠃ ᠪᠦᠬᠦ ᠲᠠᠯ᠎ᠠ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ᠂ ᠤᠯᠠᠨ ᠲᠦᠮᠡᠨ ᠤ ᠠᠰᠢᠭ | ᠲᠤᠰᠠ ᠳᠤ ᠬᠤᠯᠪᠣᠭᠳᠠᠬᠤ ᠲᠤᠪᠤᠶᠢᠮ᠎ᠠ ᠠᠰᠠᠭᠤᠳᠠᠯ᠂ ᠬᠥᠭᠵᠢᠯᠲᠡ ᠶᠢ ᠨᠥᠯᠥᠭᠡᠯᠡᠬᠦ ᠵᠠᠩᠭᠢᠯᠠᠭ᠎ᠠ ᠶᠢᠨ ᠭᠤᠭᠴᠤᠭ᠎ᠠ᠂ | ᠪᠦᠬᠦ ᠲᠠᠯ᠎ᠠ ᠳᠤ ᠬᠤᠯᠪᠣᠭᠳᠠᠬᠤ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠳᠬᠤᠵᠤ᠂ ᠨᠢᠭᠡᠳᠦᠭᠡᠷ | ᠹᠷᠣᠨᠲ ᠲᠤ ᠬᠦᠷᠴᠦ ᠲᠦᠷᠦᠯ ᠵᠦᠢᠯ᠂ ᠠᠬᠢᠴᠠ ᠶᠢ ᠠᠩᠬᠠᠷᠴᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠢᠭᠡ ᠶᠢ ᠲᠣᠭᠲᠠᠭᠠᠪᠠᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ | ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠷᠮᠠᠰᠢᠭᠤᠯᠤᠨ ᠬᠢᠵᠠᠭᠠᠷᠯᠠᠬᠤ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠵᠠᠯᠠᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭ ᠲᠡᠮᠳᠡᠭ | ᠲᠣᠳᠣᠷᠬᠠᠢ ᠪᠠᠷ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ ᠪᠣᠳᠠᠲᠠᠢ ᠠᠵᠢᠯᠯᠠᠭᠰᠠᠳ ᠢ ᠵᠣᠷᠢᠭᠵᠢᠭᠤᠯᠵᠤ᠂ | ᠦᠨᠡᠨᠬᠦ ᠠᠵᠢᠯ ᠬᠢᠬᠦ ᠰᠠᠨᠠᠭ᠎ᠠ ᠲᠠᠢ ᠬᠥᠮᠦᠰ ᠲᠤ ᠠᠵᠠ ᠲᠣᠬᠢᠶᠠᠯ ᠲᠠᠢ᠂ ᠠᠵᠢᠯ ᠬᠢᠵᠦ ᠳᠡᠶᠢᠯᠬᠦ ᠬᠥᠮᠦᠰ ᠲᠤ | ᠲᠠᠪᠴᠠᠩ ᠲᠠᠢ᠂ ᠠᠵᠢᠯ ᠬᠢᠵᠦ ᠳᠡᠶᠢᠯᠬᠦ ᠬᠥᠮᠦᠰ ᠢ ᠪᠠᠶᠢᠷᠢ ᠰᠠᠭᠤᠷᠢ ᠲᠠᠢ ᠪᠣᠯᠭᠠᠬᠤ ᠬᠡᠷᠡᠭᠲᠡᠢ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ᠎ᠠ᠃ ᠰᠢ ᠶᠢᠨ ᠫᠢᠩ ᠤᠨ | ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠨ᠂ ᠬᠠᠥᠯᠢᠵᠢᠯ ᠤᠨ ᠰᠡᠳᠬᠢᠬᠦᠶ ᠪᠣᠯᠤᠨ ᠬᠠᠥᠯᠢᠵᠢᠯ ᠤᠨ ᠠᠷᠭ᠎ᠠ ᠮᠠᠶ᠋ᠢᠭ ᠢ | ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢ ᠲᠥᠯᠬᠢᠨ ᠠᠬᠢᠭᠤᠯᠵᠤ᠂ | ᠵᠥᠷᠢᠴᠡᠯ ᠢ ᠠᠷᠢᠯᠭᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠮᠥᠷᠳᠡᠨ ᠬᠠᠷᠢᠭᠤ | ᠲᠤᠰᠬᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠦᠨᠡᠨ ᠬᠦ ᠪᠡᠶᠡᠯᠡᠭᠦᠯᠦᠨ᠎ᠡ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢ | ᠦᠭᠡᠢ ᠠᠮᠤᠷ ᠲᠦᠪᠰᠢᠨ ᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ᠂ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠴᠢᠨᠠᠷ ᠰᠠᠶᠢᠲᠠᠶ ᠰᠢᠢᠳᠪᠦᠷᠢᠯᠡᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠬᠦᠯᠦᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ | ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷᠲ᠋ᠤᠭᠤᠷᠢᠭ ᠢᠶᠠᠨ ᠵᠠᠰᠠᠬᠤ ᠰᠢᠨ᠎ᠡ ᠪᠠᠶᠢᠳᠠᠯ ᠢ ᠡᠭᠦᠳᠦᠨ᠎ᠡ᠃ | ᠠᠷᠢᠭᠤᠨ ᠴᠢᠬᠡᠴᠢ ᠪᠠᠶᠢᠬᠤ ᠰᠡᠳᠬᠢᠯᠭᠡ ᠶᠢ ᠬᠢᠴᠢᠶᠡᠩᠭᠦ᠋ᠢᠯᠡᠨ ᠰᠠᠬᠢᠬᠤ ᠬᠡᠷᠡᠭᠲᠡᠢ᠃ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠬᠢᠨᠠᠮᠠᠭᠠᠶ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ | ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠶᠡᠷᠦᠮᠳᠡᠭ ᠢ ᠵᠠᠰᠠᠵᠤ ᠬᠡᠪ ᠳᠠᠭᠤᠷᠢᠶᠠᠯ ᠢ ᠳᠡᠭᠡᠭᠰᠢᠯᠡᠭᠦᠯᠬᠦ᠂ ᠠᠯᠵᠠᠭᠤ ᠵᠠᠯᠬᠠᠭᠤ ᠶᠢ ᠵᠠᠰᠠᠬᠤ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠲᠠᠷᠠᠬᠠᠶ ᠪᠤᠲᠠᠷᠬᠠᠶ ᠪᠠᠶᠢᠳᠠᠯ ᠢ ᠵᠠᠰᠠᠬᠤ ᠶᠢᠨ ᠬᠠᠮᠲᠤ ᠶᠢᠨ ᠬᠦᠴᠦᠨ ᠢ | ᠳᠡᠭᠡᠭᠰᠢᠯᠡᠭᠦᠯᠬᠦ᠂ ᠰᠠᠮᠠᠭᠤᠷᠠᠯ ᠢ ᠵᠠᠰᠠᠵᠤ ᠬᠡᠪ ᠰᠤᠷᠲᠠᠯ ᠢ ᠲᠥᠪ ᠪᠣᠯᠭᠠᠬᠤ ᠪᠠᠷ ᠬᠦᠴᠦᠯᠡᠨ ᠴᠢᠷᠮᠠᠶᠢᠵᠤ᠂ ︽ | ᠲᠦᠷᠪᠡᠨ ᠰᠤᠷᠲᠠᠯ︾ ᠤᠨ ᠠᠰᠠᠭᠤᠳᠠᠯ ᠤᠨ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠵᠠᠰᠠᠭ ᠤᠨ ᠣᠷᠳᠣᠨ | ᠲᠦᠷᠦᠭᠦᠯᠡᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠪᠠ ᠪᠠᠴᠢᠮ ᠬᠡᠷᠡᠭᠴᠡᠭᠡᠨ ᠤ | ᠪᠤᠰᠤ᠂ ᠬᠠᠲᠠᠭᠤ ᠪᠤᠰᠤ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠤᠨ ᠲᠦᠷᠦᠯ ᠵᠦᠢᠯ ᠤᠨ ᠪᠡᠯᠡ ᠮᠥᠩᠭᠦ ᠶᠢᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠵᠢᠯ ᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠬᠢᠨᠠᠨ ᠪᠤᠳᠤᠯᠳᠠ ᠶᠢ | ᠨᠡᠶᠢᠳᠡᠮ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠢᠨᠠᠨ ᠪᠤᠳᠤᠯᠳᠠ᠂ ᠬᠢᠨᠠᠨ ᠪᠠᠶᠢᠴᠠᠭᠠᠯᠲᠠ ᠶᠢᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠰᠢᠭᠤᠷᠬᠠᠢ ᠪᠠᠷ ᠰᠤᠷᠲᠠᠯ ᠢ ᠲᠥᠪ ᠪᠣᠯᠭᠠᠨ ᠢᠯᠵᠠᠷᠠᠯ ᠢ | ᠡᠰᠡᠷᠭᠦᠴᠡᠵᠦ ᠰᠠᠬᠢᠯᠭ᠎ᠠ ᠪᠠᠲᠤ ᠶᠢ ᠴᠢᠩᠳᠠᠯᠠᠵᠤ᠂ ᠺᠠᠳ᠋ᠷ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ | ᠤᠯᠤᠰ ᠲᠦᠷᠦ ᠭᠡᠭᠡᠨ ᠰᠠᠷᠠᠭᠤᠯ᠂ ᠨᠡᠶᠢᠭᠡᠮ ᠭᠡᠭᠡᠨ ᠰᠠᠷᠠᠭᠤᠯ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠤᠢ | ᠪᠣᠯᠭᠠᠨ᠎ᠠ᠃ | ᠲᠥᠯᠥᠭᠡᠯᠡᠭᠴᠢᠳ ᠡ︕ ᠵᠢᠷᠤᠭ ᠲᠥᠰᠦᠪ ᠢ ᠵᠢᠷᠤᠭᠯᠠᠬᠤ ᠳᠤ ᠭᠠᠭᠴᠠᠬᠦ ᠲᠡᠮᠡᠴᠡᠯ ᠪᠠᠶᠢᠬᠤ ᠬᠡᠷᠡᠭᠲᠡᠢ︔ | ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠬᠤ ᠴᠠᠭ ᠪᠤᠯᠵᠤ ᠪᠠᠶᠢᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ | ᠦᠶ᠎ᠡ ᠶᠢᠨ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠢᠮᠠᠭᠲᠠ | ᠲᠤᠭᠤᠰᠢᠯᠠᠭᠤᠯᠤᠭᠰᠠᠨ ᠲᠣᠭᠲᠠᠯ ᠬᠦᠴᠦᠨ᠂ ᠥᠩᠭᠡᠷᠡᠭᠰᠡᠨ ᠲᠠᠢ ᠪᠠᠨ ᠠᠳᠠᠯᠢ ᠪᠠᠷ ᠲᠡᠰᠪᠦᠷᠢ ᠬᠠᠲᠠᠭᠤᠵᠢᠯᠲᠠᠢ᠂ | ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠢᠶᠠᠷ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ | ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠶ᠎ᠠ︕ | | |