5 ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/5/5
     5 ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ 1 ᠲᠣᠳᠣᠯᠠᠭᠰᠠᠨ ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠪᠣᠭᠤᠲᠤ ᠬᠤᠲᠠ ᠳᠤ 3᠂ ᠬᠦᠯᠦᠨ ᠪᠤᠶᠢᠷ ᠬᠤᠲᠠ ᠳᠤ 1 ᠪᠤᠢ᠃      5 ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 46 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 45᠂ ᠤᠯᠠᠭᠠᠨᠬᠠᠳᠠ ᠬᠤᠲᠠ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号