ᠵᠢᠯ ᠤᠨ ᠡᠬᠢᠨ ᠤ ᠲᠥᠯᠥᠪᠯᠡᠭᠡ ᠶᠣᠰᠣᠭᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ | ᠪᠤᠳᠤᠬᠤ ᠬᠠᠤᠯᠢ︾ ᠶᠢᠨ ᠲᠠᠪᠢᠨ ᠨᠠᠢᠮᠠᠳᠤᠭᠠᠷ ᠵᠦᠢᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠠᠮ ᠵᠠᠰᠠᠭ ᠤᠨ | ᠭᠤᠤᠯ ᠤᠳᠤᠷᠢᠳᠬᠤ ᠺᠠᠳ᠋ᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾ ︵ᠲᠥᠪ | ᠠᠯᠪᠠᠨ ᠲᠠᠷᠬᠠᠭᠠᠭᠰᠠᠨ ︹ 2019 ︺ 45 ᠳ᠋ᠤᠭᠠᠷ ᠲᠣᠭᠠᠲᠤ︶ ᠢ ᠦᠨᠳᠦᠰᠦᠯᠡᠪᠡᠯ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ | ᠵᠥᠪᠰᠢᠶᠡᠷᠡᠯ ᠢᠶᠠᠷ᠂ 6 ᠰᠠᠷ᠎ᠠ ᠶᠢᠨ 13 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠢᠦᠢ ᠴᠢᠤᠸᠠᠨ ᠲᠣᠭᠤᠷᠢᠭ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠢᠦᠢ ᠴᠢᠤᠸᠠᠨ | ᠲᠣᠭᠤᠷᠢᠭ ᠤᠨ ᠬᠢᠨᠠᠨ ᠪᠤᠳᠤᠬᠤ ᠲᠤᠪᠴᠢᠶ᠎ᠠ ᠠᠴᠠ ᠬᠢᠨᠠᠨ ᠪᠤᠳᠤᠬᠤ ᠳᠤᠭᠤᠶᠢᠯᠠᠩ ᠲᠣᠮᠢᠯᠠᠵᠤ ᠢᠦᠢ ᠴᠢᠤᠸᠠᠨ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠤᠳᠤᠷᠢᠳᠬᠤ ᠺᠠᠳ᠋ᠷ ᠤᠨ | ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠳᠤ ᠴᠢᠭᠯᠡᠭᠦᠯᠬᠦ ᠬᠤᠷᠠᠯ ᠬᠤᠷᠠᠯᠳᠤᠭᠤᠯᠵᠤ᠂ ᠬᠤᠷᠠᠯ | ᠳᠡᠭᠡᠷ᠎ᠡ ᠬᠢᠨᠠᠨ ᠪᠤᠳᠤᠬᠤ ᠳᠤᠭᠤᠶᠢᠯᠠᠩ ᠤᠨ ᠳᠠᠷᠤᠭ᠎ᠠ ᠠᠴᠠ ᠬᠢᠨᠠᠨ ᠪᠤᠳᠤᠬᠤ ᠮᠡᠳᠡᠭᠳᠡᠯ ᠤᠨ ᠪᠢᠴᠢᠭ ᠵᠢᠴᠢ ᠪᠣᠳᠠᠲᠠᠢ | ᠬᠢᠨᠠᠨ ᠪᠤᠳᠤᠬᠤ ᠬᠠᠮᠢᠶ᠎ᠠ ᠪᠦᠬᠦᠢ ᠠᠭᠤᠯᠭ᠎ᠠ ᠶᠢ ᠤᠩᠰᠢᠨ ᠨᠡᠶᠢᠲᠡᠯᠡᠪᠡ᠃ | | | | ᠬᠢᠨᠠᠨ ᠪᠤᠳᠤᠬᠤ ᠳᠤᠭᠤᠶᠢᠯᠠᠩ ᠤᠨ ᠬᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠨ ᠪᠤᠳᠤᠬᠤ ︽ᠲᠦᠷᠪᠡ ᠶᠢ ᠴᠢᠩᠭ᠎ᠠ ᠴᠠᠭᠠᠵᠠᠯᠠᠬᠤ︾ ᠠᠵᠢᠯ ᠤᠨ | ᠱᠠᠭᠠᠷᠳᠠᠯᠭ᠎ᠠ ᠪᠣᠯᠤᠨ ᠬᠢᠨᠠᠨ ᠪᠤᠳᠤᠬᠤ ︽ᠨᠠᠢᠮᠠᠨ ᠦᠯᠦ ᠵᠥᠪᠰᠢᠶᠡᠷᠡᠬᠦ︾ ᠠᠵᠢᠯ ᠤᠨ ᠰᠠᠬᠢᠯᠭ᠎ᠠ ᠪᠠᠲᠤ ᠶᠢ ᠴᠢᠩᠭ᠎ᠠ | ᠬᠡᠷᠡᠭᠵᠢᠭᠦᠯᠵᠦ᠂ ᠬᠢᠨᠠᠨ ᠪᠤᠳᠤᠬᠤ ᠬᠡᠷᠡᠭᠵᠢᠭᠦᠯᠬᠦ ᠲᠥᠰᠦᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠢᠨᠠᠨ ᠪᠤᠳᠤᠬᠤ | ᠲᠤᠬᠠᠢ ᠶᠢᠨ ᠲᠠᠯᠠᠪᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠲᠤᠭ᠎ᠠ ᠬᠡᠮᠵᠢᠶ᠎ᠡ ᠪᠠᠷ | ᠬᠢᠨᠠᠨ ᠪᠤᠳᠤᠬᠤ ᠠᠵᠢᠯ ᠤᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠨ᠎ᠠ᠃ | |