ᠢᠦᠶ ᠴᠢᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠡᠬᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/27
     ᠥᠷᠭᠡᠨ ᠣᠯᠠᠨ ᠬᠥᠳᠡᠭᠡ ᠲᠣᠰᠬᠤᠨ ᠤ ᠬᠡᠤᠬᠡᠳ ᠠᠪᠬᠤ ᠨᠠᠰᠤᠨ ᠤ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2022 ᠣᠨ ᠤ 6 ᠰᠠᠷ᠎ᠠ ᠶᠢᠨ 16 ᠤ ᠡᠳᠦᠷ ᠢᠦᠶ ᠴᠢᠤᠸᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠠᠴᠠ ᠡᠷᠭᠢᠯᠡᠭᠰᠡᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ︵ᠳᠥᠭᠦᠮᠴᠢᠯᠡᠭᠡᠳ ︽ᠬᠤᠶᠠᠷ ᠥᠮᠡᠨ︾ ᠭᠡᠳᠡᠭ︶ ᠢ ᠰᠢᠭᠰᠢᠨ ᠪᠠᠶᠢᠴᠠᠭᠠᠬᠤ ᠠᠵᠢᠯ ᠢ ᠪᠠᠷᠠᠭᠤᠨ ᠨᠤᠭᠤᠭ᠎ᠠ ᠶᠢᠨ ᠬᠠᠰᠢᠶ᠎ᠠ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠵᠢᠩᠬᠢᠨᠢ ᠪᠠᠷ ᠡᠬᠢᠯᠡᠭᠦᠯᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠢᠦᠶ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠣ ᠾᠧ ᠫᠢᠩ ᠡᠷᠬᠢᠯᠡᠭᠴᠢ ᠴᠢᠬᠤᠯᠠᠴᠢᠯᠠᠬᠤ ᠳᠠᠭᠠᠨ᠄ ︽︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠣᠯ ᠬᠤᠲᠠ ᠶᠢᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠴᠢᠬᠤᠯᠠ ᠶᠡᠭᠡ ᠢᠨᠵᠧᠨᠧᠷᠢᠩ ᠮᠥᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠨᠠᠶᠢᠳᠠᠪᠤᠷᠢᠵᠢᠭᠤᠯᠬᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠮᠢᠳᠤᠷᠠᠯ ᠢ ᠪᠥᠲᠥᠭᠡᠨ ᠪᠠᠶᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠠᠷᠠᠳ ᠣᠯᠠᠨ ᠳᠤ ᠠᠰᠢᠭ ᠬᠦᠷᠲᠡᠭᠡᠬᠦ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ᠂ ᠵᠣᠯ ᠵᠢᠷᠭᠠᠯᠲᠤ ᠬᠡᠷ ᠪᠦᠯᠢ ᠶᠢ ᠳᠡᠭᠡᠭᠰᠢᠯᠡᠭᠦᠯᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠮᠡᠭᠲᠡᠶᠢᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠠᠷᠢᠯ ᠮᠥᠨ᠃ ᠡᠨᠡ ᠨᠢ ᠡᠮᠡᠭᠲᠡᠶ ᠨᠠᠶᠢᠵᠠ ᠨᠠᠷ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠯᠤᠲᠤ ᠶᠡᠭᠡ ᠬᠠᠪᠰᠤᠷᠤᠯᠭ᠎ᠠ ᠪᠣᠯᠬᠤ ᠶᠤᠮ᠃ ᠪᠢᠳᠡ ᠭᠠᠭᠴᠠ ᠬᠦ ᠠᠷᠠᠳ ᠤᠯᠠᠨ ᠳᠤ ᠬᠠᠷᠢᠭᠤᠴᠠᠬᠤ ᠣᠪᠣᠷ ᠢᠶᠠᠷ ᠰᠢᠭᠰᠢᠨ ᠪᠠᠶᠢᠴᠠᠭᠠᠬᠤ ᠶᠠᠪᠤᠴᠠ ᠳᠠᠬᠢ ᠭᠤᠭᠴᠤᠭ᠎ᠠ ᠨᠢᠭᠡᠪᠦᠷᠢ ᠶᠢ ᠰᠠᠶᠢᠲᠤᠷ ᠬᠢᠵᠦ᠂ ᠨᠠᠷᠢᠨ ᠵᠦᠢᠯᠡᠰ ᠨᠢᠭᠡᠪᠦᠷᠢ ᠶᠢ ᠨᠠᠷᠢᠯᠢᠭ ᠬᠢᠵᠦ᠂ ᠡᠯ᠎ᠡ ᠵᠦᠢᠯ ᠤᠨ ᠦᠢᠯᠡᠴᠢᠯᠡᠭᠡ ᠪᠠᠷ ᠳᠠᠮᠵᠢᠭᠤᠯᠤᠨ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠢ ᠰᠠᠨᠠᠭ᠎ᠠ ᠠᠮᠤᠷ᠂ ᠲᠠᠭᠠᠯᠠᠮᠵᠢᠲᠠᠶ᠂ ᠪᠠᠶᠠᠷ ᠪᠠᠶᠠᠰᠬᠤᠯᠠᠩ ᠲᠠᠢ ᠪᠠᠶᠢᠯᠭᠠᠨ᠎ᠠ︾ ᠭᠡᠵᠡᠢ᠃ ᠢᠦᠶ ᠴᠢᠤᠸᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠳᠠᠷᠤᠭ᠎ᠠ ᠪᠠᠰᠠ ᠬᠤᠷᠠᠯ ᠳᠡᠭᠡᠷ᠎ᠡ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠶᠢᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠥᠷᠭᠡᠨ ᠣᠯᠠᠨ ᠡᠮᠡᠭᠲᠡᠶᠢᠴᠦᠳ ᠪᠡᠶ᠎ᠡ ᠪᠠᠨ ᠬᠠᠶᠢᠷᠠᠯᠠᠵᠤ᠂ ᠠᠮᠢ ᠨᠠᠰᠤ ᠪᠠᠨ ᠨᠠᠨᠳᠢᠩᠨᠠᠬᠤ ᠬᠡᠷᠡᠭᠲᠡᠶ ᠭᠡᠵᠦ ᠤᠷᠢᠶᠠᠯᠠᠵᠠᠶ᠂ ᠲᠤᠬᠠᠶ ᠶᠢᠨ ᠲᠠᠯᠠᠪᠤᠷ ᠤᠨ ᠡᠯ᠎ᠡ ᠰᠢᠶᠠᠩ ᠤᠨ ᠡᠮᠴᠢ ᠨᠡᠷ ᠢᠳᠡᠪᠬᠢᠲᠡᠶ ᠪᠠᠷ ᠤᠬᠠᠭᠤᠯᠤᠨ ᠳᠠᠶᠢᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠨᠡ ᠬᠦ ᠠᠵᠢᠯ ᠢ ᠪᠣᠳᠠᠲᠠᠶ ᠪᠠᠷ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠶ᠃
     ᠲᠣᠰ ᠤᠳᠠᠭᠠᠨ ᠤ ᠡᠬᠢᠯᠡᠯᠲᠡ ᠶᠢᠨ ᠬᠤᠷᠠᠯ ᠨᠢ ᠪᠠᠷᠠᠭᠤᠨ ᠨᠤᠭᠤᠭ᠎ᠠ ᠶᠢᠨ ᠬᠠᠰᠢᠶ᠎ᠠ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠡᠯ᠎ᠡ ᠰᠢᠶᠠᠩ ᠤᠨ ᠡᠮᠴᠢ ᠨᠡᠷ ᠲᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠨᠠᠩ ᠭᠦᠨᠵᠡᠭᠡᠶ ᠣᠶᠢᠯᠠᠭᠠᠭᠤᠯᠤᠭᠰᠠᠨ ᠪᠥᠭᠡᠳ ᠨᠠᠩ ᠣᠯᠠᠨ ᠵᠣᠬᠢᠬᠤ ᠨᠠᠰᠤᠨ ᠤ ᠡᠮᠡᠭᠲᠡᠶᠢᠴᠦᠳ ᠢ ᠳᠠᠶᠢᠴᠢᠯᠠᠨ ᠠᠷᠠᠳ ᠲᠤ ᠠᠰᠢᠭ ᠬᠦᠷᠲᠡᠭᠡᠬᠦ ︽ᠢᠨᠵᠧᠨᠧᠷᠢᠩ︾ ᠳᠤ ᠣᠷᠣᠯᠴᠠᠭᠤᠯᠵᠤ ᠪᠣᠯᠤᠨ᠎ᠠ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号