ᠪᠠᠶᠠᠯᠢᠭ ᠠᠭᠤᠯᠭ᠎ᠠ ᠲᠠᠢ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ ᠪᠠᠷ ︽ᠬᠤᠶᠠᠷ ᠢ ᠬᠦᠩᠭᠡᠷᠡᠭᠦᠯᠬᠦ︾ ᠶᠢ ᠦᠨᠡᠨ ᠪᠣᠳᠠᠲᠠᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/6/28
     ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠮᠠᠨ ᠤ ᠬᠤᠲᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠠ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠨᠠᠩ ᠢᠯᠡᠭᠦᠦ ᠴᠢᠬᠤᠯᠠᠴᠢᠯᠠᠵᠤ᠂ ᠡᠯ᠎ᠡ ᠰᠤᠷᠭᠠᠭᠤᠯᠢ ᠨᠤᠭᠤᠳ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠰᠣᠶᠣᠯ ᠪᠡᠶ᠎ᠡ ᠶᠢᠨ ᠲᠠᠮᠢᠷ᠂ ᠤᠷᠠᠯᠢᠭ᠂ ᠬᠥᠳᠡᠯᠮᠦᠷᠢ᠂ ᠨᠣᠮ ᠤᠩᠰᠢᠬᠤ᠂ ᠳᠤᠷ᠎ᠠ ᠰᠣᠨᠢᠷᠬᠠᠯ ᠤᠨ ᠳᠤᠭᠤᠶᠢᠯᠠᠩ ᠵᠡᠷᠭᠡ ᠪᠠᠶᠠᠯᠢᠭ ᠠᠭᠤᠯᠭ᠎ᠠ ᠲᠠᠢ ᠭᠡᠷ ᠤᠨ ᠳᠣᠲᠣᠨ᠎ᠠ ᠭᠠᠳᠠᠨᠠᠬᠢ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠦᠰᠦᠨ ᠪᠤᠶᠢᠵᠢᠯᠲᠠ ᠳᠤ ᠥᠷᠭᠡᠨ ᠠᠭᠤᠳᠠᠮ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ ᠡᠯ᠎ᠡ ᠰᠤᠷᠭᠠᠭᠤᠯᠢ ᠨᠤᠭᠤᠳ ᠣᠨᠴᠠᠯᠢᠭᠲᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠰᠤᠷᠤᠭᠴᠢᠳ ᠤᠨ ᠤᠶᠤᠨᠴᠢ ᠰᠠᠨᠠᠭ᠎ᠠ ᠦᠵᠡᠯ ᠰᠡᠳᠬᠢᠯᠭᠡ ᠶᠢ ᠬᠦᠮᠦᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢ ᠨᠢ ᠳᠠᠪᠲᠠᠨ ᠪᠣᠯᠪᠠᠰᠤᠷᠠᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠡᠩ ᠰᠢᠯᠢᠳᠡᠭ ᠰᠠᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠭᠰᠡᠨ ᠪᠠᠶᠢᠨ᠎ᠠ᠃ ᠵᠢᠷᠤᠭ ᠪᠣᠯ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠪᠠᠶᠠᠷ ᠬᠦᠷ ᠲᠠᠢ ᠪᠠᠷ ᠪᠤᠤᠬᠢᠶ᠎ᠠ ᠶᠢᠨ ᠴᠠᠭᠠᠷᠢᠭ ᠳᠠᠮᠵᠢᠭᠤᠯᠵᠤ ᠪᠠᠶᠢᠭ᠎ᠠ ᠨᠢ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠥᠷᠭᠡᠨ ᠦ᠋ ᠢᠦᠢ ᠬᠤᠤ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号