6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠢᠦᠢ ᠴᠢᠤᠸᠠᠨ ᠲᠣᠭᠤᠷᠢᠭ ᠤᠨ ᠬᠢᠨ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠶᠠᠳᠤᠭᠠᠷ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠶᠦᠩ ᠬᠤᠩ ᠬᠤᠷᠠᠯ ᠡᠷᠭᠢᠯᠡᠵᠦ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 30 ᠬᠥᠮᠦᠨ ᠬᠤᠷᠠᠯ ᠳᠤ | ᠣᠷᠣᠯᠴᠠᠵᠤ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠵᠢᠶ ᠶᠤᠸᠠᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦᠶ ᠬᠤᠶ | ᠴᠢᠶᠠᠩ᠂ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠮᠧᠩ ᠴᠦᠨ ᠶᠠᠨ ᠵᠢᠴᠢ ᠲᠤᠭᠤᠷᠢᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | | | ᠬᠤᠷᠠᠯ ᠠᠴᠠ ︽ᠪᠠᠢ ᠳ᠋ᠦᠩ ᠱᠧᠩ ᠨᠥᠬᠦᠷ ᠤᠨ ᠢᠦᠢ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ | ᠲᠤᠰᠢᠶᠠᠯ ᠠᠴᠠ ᠪᠠᠨ ᠪᠠᠭᠤᠬᠤ ᠲᠤᠬᠠᠢ ᠲᠣᠭᠲᠠᠭᠠᠯ ᠤᠨ ᠲᠥᠰᠦᠯ︾᠂ ︽ᠪᠠᠶ ᠳ᠋ᠦᠩ ᠱᠧᠩ ᠵᠡᠷᠭᠡ ᠨᠥᠬᠦᠳ ᠤᠨ | ᠲᠤᠰᠢᠶᠠᠯ ᠠᠴᠠ ᠪᠠᠨ ᠪᠠᠭᠤᠬᠤ ᠲᠤᠬᠠᠢ ᠰᠠᠨᠠᠯ ᠵᠥᠪᠯᠡᠯᠭᠡ︾᠂ ︽ᠢᠦᠢ ᠴᠢᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠵᠠᠩ ᠹᠦ᠋ ᠶᠢᠨ᠂ ᠵᠠᠩ ᠴᠧᠨ ᠨᠥᠬᠦᠷ ᠢ ᠲᠤᠰᠢᠶᠠᠯ ᠳᠤ ᠳᠡᠪᠰᠢᠭᠦᠯᠬᠦ ᠲᠤᠬᠠᠢ ᠰᠠᠨᠠᠯ | ᠵᠥᠪᠯᠡᠯᠭᠡ︾᠂ ︽ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠦ ᠴᠤᠤ ᠹᠧᠩ ᠵᠡᠷᠭᠡ | ᠨᠥᠬᠦᠳ ᠢ ᠲᠤᠰᠢᠶᠠᠯ ᠳᠤ ᠳᠡᠪᠰᠢᠭᠦᠯᠬᠦ ᠲᠤᠬᠠᠢ ᠰᠠᠨᠠᠯ ᠵᠥᠪᠯᠡᠯᠭᠡ︾᠂ ︽ᠢᠦᠢ ᠴᠢᠤᠸᠠᠨ ᠲᠣᠭᠤᠷᠢᠭ ᠤᠨ ᠬᠢᠨᠠᠨ | ᠪᠠᠶᠢᠴᠠᠭᠠᠬᠤ ᠵᠥᠪᠯᠡᠯ ᠤᠨ ᠵᠠᠩ ᠵᠢᠢ ᠶᠦᠨ᠂ ᠮᠧᠩ ᠵᠢᠶᠠᠨ ᠶᠢᠩ ᠬᠤᠶᠠᠷ ᠨᠥᠬᠦᠷ ᠢ ᠲᠤᠰᠢᠶᠠᠯ ᠠᠴᠠ ᠨᠢ | ᠪᠠᠭᠤᠯᠭᠠᠬᠤ ᠳᠡᠪᠰᠢᠭᠦᠯᠬᠦ ᠲᠤᠬᠠᠢ ᠰᠠᠨᠠᠯ ᠵᠥᠪᠯᠡᠯᠭᠡ︾᠂ ︽ᠢᠦᠢ ᠴᠢᠤᠸᠠᠨ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠲᠤᠶᠠᠭ᠎ᠠ ᠵᠡᠷᠭᠡ ᠨᠥᠬᠦᠳ ᠢ ᠲᠤᠰᠢᠶᠠᠯ ᠠᠴᠠ ᠨᠢ ᠪᠠᠭᠤᠯᠭᠠᠬᠤ ᠳᠡᠪᠰᠢᠭᠦᠯᠬᠦ ᠲᠤᠬᠠᠢ ᠰᠠᠨᠠᠯ ᠵᠥᠪᠯᠡᠯᠭᠡ | ︾ ᠶᠢ ᠬᠢᠨᠠᠨ ᠵᠦᠪᠯᠡᠵᠦ ᠪᠠᠲᠤᠯᠠᠪᠠ᠃ | | | | ᠵᠠᠩ ᠹᠦ᠋ ᠶᠢᠨ᠂ ᠵᠠᠩ ᠵᠢᠶ ᠶᠦᠨ᠂ ᠲᠤᠶᠠᠭ᠎ᠠ ᠭᠤᠷᠪᠠᠨ ᠨᠥᠬᠦᠷ ᠲᠣᠰ ᠲᠣᠰ ᠣᠪᠣᠷ ᠢᠶᠠᠨ ᠢᠯᠡᠳᠬᠡᠬᠦ | ᠶᠠᠷᠢᠶ᠎ᠠ ᠲᠠᠯᠪᠢᠪᠠ᠃ | | | | ᠬᠤᠷᠠᠯ ᠤᠨ ᠳᠠᠷᠠᠭ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ︵ | ᠰᠤᠷᠪᠤᠯᠵᠢᠯᠠᠭᠴᠢ᠄ ᠶᠠᠩ ᠸᠧᠨ ᠵᠢᠩ ᠵᠧᠩ ᠰᠢᠤᠸᠠᠨ ᠴᠢᠮᠡᠭᠡᠯᠡᠭᠴᠢ᠄ ᠯᠢ ᠹᠧᠩ ᠵᠤᠤ︶ | |