ᠤᠷᠳᠤᠰ ᠵᠠᠮ ᠤᠨ ᠵᠡᠭᠡᠯᠢ ᠭᠤᠳᠤᠮᠵᠢ ᠶᠢᠨ ᠬᠢᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2022/8/25
     ᠤᠢᠢᠷ᠎ᠠ ᠶᠢᠨ ᠡᠳᠦᠷ ᠤᠳ ᠲᠤ᠂ ᠤᠷᠳᠤᠰ ᠵᠠᠮ ᠤᠨ ᠵᠡᠭᠡᠯᠢ ᠭᠤᠳᠤᠮᠵᠢ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠦᠷᠭᠦᠯᠵᠢᠯᠡᠨ ᠬᠦᠴᠦᠯᠡᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ ᠳᠤᠮᠳᠠ ᠰᠠᠶᠢᠨ ᠠᠮᠵᠢᠯᠲᠠ ᠤᠯᠬᠤ ᠶᠢ ᠪᠠᠲᠤᠯᠠᠵᠠᠢ᠃
     ︽ᠭᠤᠷᠪᠠ ᠶᠢ ᠠᠳᠬᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠴᠣᠭᠴᠠᠯᠠᠯᠲᠠ ᠶᠢ ᠰᠠᠶᠢᠲᠤᠷ ᠠᠳᠬᠤᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠪᠠᠶᠢᠩᠭᠤ ᠶᠢᠨ ᠴᠢᠨᠠᠷᠲᠠᠢ ︽ᠵᠡᠭᠡᠯᠢ ᠭᠤᠳᠤᠮᠵᠢ ᠶᠢ ᠱᠦᠭᠦᠷᠳᠡᠨ ᠠᠷᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠪᠤᠢ ᠪᠦᠬᠦᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠵᠡᠷᠭᠡ ᠳᠤ ᠬᠤᠪᠢ ᠠᠯᠳᠠᠬᠤ ᠦᠭᠡᠢ ᠴᠡᠭ ᠪᠠᠶᠢᠷᠢ ᠶᠢ ᠨᠢᠭᠡᠳ ᠨᠢᠭᠡ ᠪᠠᠷ ᠪᠠᠶᠢᠴᠠᠭᠠᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠦᠢᠴᠡᠳᠬᠡᠯ ᠲᠤᠭ᠎ᠠ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠬᠤᠳᠠ ᠪᠠᠶᠢᠭᠤᠯᠬᠤ ᠴᠡᠭ ᠪᠠᠶᠢᠷᠢ ᠶᠢᠨ ᠬᠤᠪᠢ ᠠᠯᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ᠂ ᠵᠡᠭᠡᠯᠢ ᠭᠤᠳᠤᠮᠵᠢ᠂ ᠲᠣᠰᠬᠤᠨ ᠤ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠢ ᠭᠤᠤᠯᠳᠠᠯᠭ᠎ᠠ ᠲᠠᠢ ᠢᠯᠭᠠᠷᠠᠭᠤᠯᠤᠨ ᠴᠡᠭᠴᠡᠯᠡᠵᠦ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠬᠤᠯᠪᠣᠭᠠᠯᠠᠨ ᠳᠠᠭᠠᠭᠠᠴᠢᠯᠠᠭᠰᠠᠨ ᠨᠢᠭᠡᠴᠡ᠂ ᠰᠠᠯᠠᠭ᠎ᠠ ᠲᠠᠰᠤᠭ ᠤᠨ ᠬᠢᠨ ᠴᠠᠭ ᠢ ᠠᠮᠵᠢᠨ ᠴᠡᠪᠡᠷᠯᠡᠯᠲᠡ ᠬᠢᠬᠦ ᠶᠢᠨ ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠲᠠᠢ ᠲᠠᠯ᠎ᠠ ᠪᠠ ᠪᠠᠭᠤᠷᠠᠶ ᠲᠠᠯ᠎ᠠ ᠶᠢ ᠰᠠᠨᠠᠭᠠᠴᠢᠯᠠᠭ᠎ᠠ ᠠᠴᠠ ᠪᠠᠨ ᠡᠮᠬᠢᠯᠡᠬᠦ ᠪᠠ ᠡᠷᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠳᠠᠬᠢᠨ ᠰᠡᠷᠭᠦᠬᠦ ᠶᠢ ᠰᠡᠷᠭᠡᠶᠢᠯᠡᠪᠡ᠃ ᠬᠤᠳᠠ ᠪᠠᠶᠢᠭᠤᠯᠬᠤ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠨ᠎ᠠ᠃ ︽ᠰᠦᠯᠵᠢᠶᠡᠨ ᠳᠡᠭᠡᠷ᠎ᠡ ᠤᠬᠠᠭᠤᠯᠬᠤ︾ ᠪᠠ ︽ᠰᠦᠯᠵᠢᠶᠡᠨ ᠭᠠᠳᠠᠨ᠎ᠠ ᠬᠥᠲᠥᠯᠦᠨ ᠵᠢᠯᠣᠭᠤᠳᠬᠤ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃
     ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠪᠦᠬᠦ ᠠᠵᠢᠯᠲᠠᠳ ᠬᠤᠳᠠ ᠪᠠᠶᠢᠭᠤᠯᠬᠤ ᠠᠵᠢᠯ ᠤᠨ ᠬᠥᠪᠴᠢ ᠶᠢ ᠴᠢᠩᠭᠠᠷᠠᠭᠤᠯᠵᠤ᠂ ᠨᠡᠩ ᠡᠷᠡᠰ ᠪᠠᠲᠤ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠵᠡᠯ ᠰᠠᠨᠠᠭᠠᠨ ᠤ ᠲᠠᠯ᠎ᠠ ᠪᠠᠷ ᠦᠨᠡᠨᠬᠦ ᠴᠢᠬᠤᠯᠠᠴᠢᠯᠠᠵᠤ᠂ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠷᠢᠶ᠎ᠠ ᠣᠷᠣᠨ ᠤ ᠪᠦᠬᠦ᠋ᠢᠯᠡ ᠳᠦᠷᠰᠦ ᠪᠠᠶᠢᠳᠠᠯ ᠤᠨ ᠰᠢᠨ᠎ᠡ ᠰᠠᠶᠢᠵᠢᠷᠠᠯᠲᠠ᠂ ᠤᠯᠠᠨ ᠲᠦᠮᠡᠨ ᠤ ᠬᠡᠪ ᠴᠢᠨᠠᠷ ᠤᠨ ᠰᠢᠨ᠎ᠡ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号