8 ᠰᠠᠷ᠎ᠠ ᠶᠢᠨ 25 ᠤ ᠡᠳᠦᠷ᠂ ᠢᠦᠢ ᠴᠢᠤᠸᠠᠨ ᠲᠣᠭᠤᠷᠢᠭ ᠤᠨ ᠬᠢᠨ ᠨᠠᠮ ᠤᠨ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 51 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ︔ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ᠂ | ᠪᠠᠴᠢᠮ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠯᠡ ᠪᠠᠷ ᠤᠷᠢᠬᠤ ᠠᠵᠢᠯ᠂ ᠰᠤᠷᠭᠠᠨ | ᠬᠥᠮᠦᠵᠢᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠪᠠ ︽ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ | ᠲᠥᠪ︾ ᠤᠨ APP ᠶᠢ ᠳᠡᠯᠭᠡᠷᠡᠭᠦᠯᠦᠨ ᠤᠭᠰᠠᠷᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | | | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠩ ᠵᠦᠩ ᠵᠦᠩ ᠬᠤᠷᠠᠯ ᠡᠷᠬᠢᠯᠡᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠶᠢᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ | ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ | ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢ ᠰᠤᠷᠤᠯᠴᠠᠬᠤ ᠶᠢ | ᠵᠠᠪᠠᠯ ᠰᠤᠷᠬᠤ ᠬᠢᠴᠢᠶᠡᠯ ᠪᠠ ᠪᠠᠶᠢᠩᠭᠤ ᠶᠢᠨ ᠰᠤᠷᠬᠤ ᠬᠢᠴᠢᠶᠡᠯ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠳᠠᠳᠠᠨ ᠣᠷᠣᠭᠤᠯᠬᠤ᠂ | ᠬᠥᠮᠦᠵᠢᠭᠦᠯᠬᠦ᠂ ᠬᠡᠷᠡᠭᠯᠡᠬᠦ᠂ ᠦᠯᠡᠳᠡᠭᠡᠬᠦ︾ ᠪᠠᠷ ᠭᠤᠣᠯᠳᠠᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢᠨ ᠵᠢᠱᠢᠶ᠎ᠡ ᠦᠵᠡᠭᠦᠯᠵᠦ | ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠮᠠᠨ ᠤ ᠲᠤᠭᠤᠷᠢᠭ ᠤᠨ ᠴᠢᠳᠠᠪᠤᠷᠢᠲᠠᠨ ᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠤᠨ ᠰᠡᠷᠭᠦᠭᠡᠯᠲᠡ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ | ᠠᠳᠬᠤᠬᠤ ᠬᠡᠷᠡᠭᠲᠡᠢ᠃ ᠠᠭᠤᠯᠠ ᠶᠢ ᠵᠠᠰᠠᠬᠤ᠂ ᠤᠰᠤ ᠶᠢ ᠵᠠᠰᠠᠬᠤ᠂ ᠬᠤᠳᠠ ᠶᠢ ᠵᠠᠰᠠᠬᠤ ᠶᠢ ᠨᠢᠭᠡ | ᠴᠤᠭᠴᠠᠵᠢᠭᠤᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠶᠢ ᠪᠠᠷᠢᠮᠲᠠᠯᠠᠵᠤ᠂ | ᠶᠡᠭᠡ ᠲᠦᠷᠭᠡᠨ ᠭᠤᠣᠯ᠂ ᠵᠠᠳᠠᠭᠠᠢ ᠭᠤᠣᠯ ᠤᠨ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠲᠦᠷᠭᠡᠨ | ᠪᠡᠶᠡᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ︽ | ᠨᠢᠭᠡ ᠨᠠᠰᠤᠲᠠᠨ ᠨᠢᠭᠡ ᠨᠢᠯᠬᠠᠰ︾ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠲᠣᠭᠤᠷᠢᠭ ᠤᠨ ᠭᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠬᠠᠭᠤᠴᠢᠨ | ᠰᠠᠭᠤᠭᠠᠯᠢ ᠠᠷᠠᠳ ᠤᠨ ᠬᠤᠷᠢᠶᠠᠯᠠᠯ ᠢ ᠥᠭᠡᠷᠡᠴᠢᠯᠡᠨ ᠰᠠᠶᠢᠵᠢᠷᠠᠭᠤᠯᠬᠤ ᠵᠢᠴᠢ ᠡᠪᠦᠯ ᠤᠨ ᠤᠯᠠᠷᠢᠯ ᠤᠨ ᠢᠯᠴᠢ | ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠦᠶᠡᠷ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠦᠶᠡᠷ ᠤᠨ ᠪᠠᠶᠢᠳᠠᠯ ᠢ ᠬᠢᠨᠠᠨ ᠬᠡᠮᠵᠢᠬᠦ | ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ | ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ | ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠵᠢᠯ ᠤᠨ ᠡᠬᠢᠨ ᠤ ᠠᠵᠢᠯ ᠤᠨ | ᠡᠭᠦᠷᠭᠡ ᠲᠠᠢ ᠬᠠᠷᠢᠴᠠᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠭᠤᠷᠪᠠᠳᠤᠭᠠᠷ | ᠤᠯᠠᠷᠢᠯ ᠤᠨ ᠠᠵᠤ ᠠᠬᠤᠶ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠢᠯ ᠢᠶᠠᠨ ᠲᠥᠷᠥᠯ | ᠵᠦᠢᠯ ᠪᠠ ᠠᠵᠤ ᠠᠬᠤᠶᠢᠯᠠᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ | ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ︽ᠬᠡᠨ ᠬᠤᠪᠢ ᠠᠯᠳᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠤᠳᠠ ᠶᠢ | ᠡᠭᠦᠳᠦᠨ ᠪᠠᠶᠢᠭᠤᠯᠵᠤ ᠬᠤᠯᠪᠤᠭᠠᠯᠠᠨ ᠳᠠᠭᠠᠭᠠᠴᠢᠯᠠᠬᠤ ᠬᠠᠷᠢᠭᠤᠴᠠᠯᠭ᠎ᠠ᠂ ᠬᠤᠪᠢᠳᠠᠨ ᠬᠠᠮᠢᠶᠠᠷᠬᠤ ᠬᠠᠷᠢᠭᠤᠴᠠᠯᠭ᠎ᠠ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠵᠤ᠂ ᠬᠤᠳᠠ ᠶᠢ ᠡᠭᠦᠳᠦᠨ ᠪᠠᠶᠢᠭᠤᠯᠵᠤ ᠪᠠᠶᠢᠴᠠᠭᠠᠯᠲᠠ ᠶᠢ ᠤᠭᠲᠤᠬᠤ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ | ᠲᠣᠭᠲᠠᠮᠠᠯ ᠴᠡᠭ ᠪᠣᠯᠤᠨ ᠲᠠᠰᠢᠷᠠᠮ ᠤᠨ ᠴᠡᠭ ᠲᠤ ︽ᠡᠷᠬᠢᠨ ᠬᠠᠷᠠᠬᠤ︾ ᠠᠵᠢᠯ ᠬᠢᠵᠦ᠂ ᠳᠤᠲᠠᠭᠤ ᠶᠢ ᠪᠠᠶᠢᠴᠠᠭᠠᠨ | ᠨᠥᠬᠦᠪᠥᠷᠢᠯᠡᠵᠦ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ | ᠦᠷ᠎ᠡ ᠪᠦᠲᠦᠮᠵᠢ ᠶᠢ ᠮᠥᠷᠳᠡᠨ ᠨᠡᠬᠡᠮᠵᠢᠯᠡᠬᠦ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ | ᠳᠡᠭᠡᠳᠦ ᠲᠤᠤᠷᠠᠳᠤ ᠱᠠᠳᠤ ᠪᠠᠷ ᠢᠶᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠨᠡᠪᠲᠡᠷᠡᠯᠴᠡᠨ ᠵᠣᠯᠭᠠᠭᠤᠯᠵᠤ᠂ | ᠤᠯᠠᠨ ᠤᠳᠠᠭ᠎ᠠ ᠴᠡᠭᠴᠡᠯᠡᠨ ᠰᠠᠶᠢᠵᠢᠷᠠᠭᠤᠯᠤᠭᠰᠠᠨ ᠨᠢ ᠲᠦᠢᠯᠪᠤᠷᠢᠲᠠᠢ ᠪᠢᠰᠢ᠂ ᠪᠠᠷᠢᠮᠵᠢᠶ᠎ᠠ ᠳᠤ ᠬᠦᠷᠦᠭᠰᠡᠨ ᠦᠭᠡᠢ | ᠨᠢᠭᠡᠴᠡ ᠪᠣᠯᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠭᠤᠯᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠵᠦ᠂ ᠪᠠᠲᠤ ᠴᠢᠩᠭ᠎ᠠ ᠬᠦᠴᠦᠨ ᠪᠦᠬᠦᠢ ᠪᠠᠶᠢᠭᠤᠯᠤᠯᠭ᠎ᠠ ᠶᠢᠨ ᠰᠠᠭᠤᠷᠢ ᠵᠣᠬᠢᠶᠠᠨ ᠪᠠᠶᠢᠭᠤᠯᠤᠯᠲᠠ ᠶᠢ | ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠪᠠᠶᠢᠭᠤᠯᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠤᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠲᠦᠷᠪᠡᠨ ᠰᠤᠷᠲᠠᠯ︾ | ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ︽︿ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ﹀ ᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ ︵ | ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠪᠠᠰᠠ ᠪᠤᠰᠤᠳ ᠵᠦᠢᠯᠡᠰ ᠢ ᠰᠤᠳᠤᠯᠵᠠᠢ᠃ | ᠬᠤᠯᠪᠣᠭᠳᠠᠯ ᠪᠦᠬᠦᠢ ᠲᠣᠭᠤᠷᠢᠭ ᠤᠨ ᠳᠡᠰ ᠤᠨ ᠤᠳᠤᠷᠢᠳᠤᠯᠭ᠎ᠠ᠂ ᠡᠯ᠎ᠡ ᠵᠥᠪᠯᠡᠯ ᠠᠯᠪᠠᠨ ᠭᠡᠷ | ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ | ᠭᠤᠳᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠼᠦᠢ | ᠵᠢᠶᠦ᠋ᠨ ᠹᠧᠩ ᠵᠢᠶᠤᠤ ᠨᠢᠩ ᠪᠥᠸᠧ︶ |