ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/8/29
     8 ᠰᠠᠷ᠎ᠠ ᠶᠢᠨ 26 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠩ ᠵᠦᠩ ᠵᠦᠩ ᠪᠦᠯᠬᠦᠮ ᠳᠠᠭᠠᠭᠤᠯᠤᠨ ᠤᠷᠢᠳ ᠬᠤᠵᠢᠳ ᠶᠡᠭᠡ ᠵᠤᠤ ᠠᠭᠤᠳᠠᠮ ᠲᠠᠯᠠᠪᠠᠢ᠂ ᠢᠦᠢ ᠴᠢᠤᠸᠠᠨ ᠠᠭᠤᠳᠠᠮ ᠲᠠᠯᠠᠪᠠᠢ᠂ ᠾᠧᠩ ᠴᠠᠩ ᠬᠤᠷᠢᠶᠠᠯᠠᠯ᠂ ᠵᠢᠶᠠᠨ ᠬᠤᠸᠠ ᠵᠡᠭᠡᠯᠢ ᠶᠢᠨ ᠵᠠᠮ ᠤᠨ ᠠᠭᠤᠯᠵᠠᠷ᠂ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠵᠢᠴᠢ ᠬᠤᠳᠠ ᠶᠢᠨ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ ᠵᠡᠷᠭᠡ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠴᠡᠭ ᠲᠤ ᠬᠦᠷᠴᠦ ᠬᠤᠳᠠ ᠶᠢ ᠡᠭᠦᠳᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃
     ᠬᠢᠨᠠᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠱᠠᠯᠠᠪᠳᠠᠨ ᠬᠥᠳᠡᠯᠦᠯᠴᠡᠵᠦ᠂ ᠬᠤᠳᠠ ᠪᠠᠶᠢᠭᠤᠯᠬᠤ ᠪᠠᠷᠢᠮᠵᠢᠶ᠎ᠠ ᠶᠢᠨ ᠴᠠᠭ ᠬᠤᠭᠤᠴᠠᠭ᠎ᠠ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
     ᠰᠢᠪᠠᠳᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠤᠳᠠᠯᠳᠤᠭᠠᠨ ᠤ ᠲᠠᠯᠠᠪᠤᠷ᠂ ᠦᠵᠡᠮᠵᠢ ᠶᠢᠨ ᠣᠷᠣᠨ᠂ ᠰᠤᠷᠭᠠᠭᠤᠯᠢ ᠶᠢᠨ ᠡᠷᠬᠢᠨ ᠲᠣᠭᠤᠷᠢᠨ᠂ ᠵᠡᠭᠡᠯᠢ ᠭᠤᠳᠤᠮᠵᠢ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠢᠰᠲ᠋ᠧᠮ ᠲᠠᠢ ᠥᠷᠨᠢᠭᠦᠯᠵᠦ᠂ ᠵᠠᠮ ᠬᠠᠷᠢᠯᠴᠠᠭᠠᠨ ᠤ ᠡᠮᠬᠢ ᠵᠢᠷᠤᠮ᠂ ᠣᠷᠴᠢᠨ ᠠᠬᠤᠶ ᠶᠢᠨ ᠠᠷᠢᠭᠤᠨ ᠴᠡᠪᠡᠷ ᠢ ᠪᠠᠲᠤᠯᠠᠬᠤ᠂ ᠨᠢᠰᠬᠦ ᠱᠤᠭᠤᠮ ᠢ ᠵᠠᠰᠠᠬᠤ᠂ ᠬᠡᠷᠡᠮ ᠢ ᠭᠤᠶᠣᠯᠠᠬᠤ᠂ ᠵᠠᠮ ᠢ ᠳᠡᠪᠢᠰᠬᠦ ᠵᠡᠷᠭᠡ ᠬᠦᠨᠳᠦ ᠪᠡᠷᠬᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ  ᠰᠢᠢᠳᠪᠦᠷᠢᠯᠡᠬᠦ ᠬᠡᠷᠡᠭᠲᠡᠶ᠃ ᠭᠤᠣᠯ ᠪᠠ ᠳᠡᠳ᠋ ᠵᠠᠮ ᠤᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠵᠠᠰᠠᠯᠲᠠ ᠶᠢ ᠴᠢᠩᠭᠠᠳᠬᠠᠵᠤ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ ᠬᠡᠷᠡᠭᠴᠡᠭᠡ ᠳᠤ ᠴᠢᠭᠯᠡᠭᠦᠯᠦᠨ ᠲᠡᠷᠭᠡ ᠵᠣᠭᠰᠣᠬᠤ ᠪᠠᠶᠢᠷᠢ ᠶᠢ ᠵᠦᠢ ᠵᠣᠬᠢᠰᠲᠠᠢ ᠲᠥᠯᠥᠪᠵᠢᠭᠦᠯᠬᠦ ᠬᠡᠷᠡᠭᠲᠡᠢ︔ ᠦᠵᠡᠮᠵᠢ ᠶᠢᠨ ᠣᠷᠣᠨ ᠵᠢᠴᠢ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠵᠠᠮ ᠡᠵᠡᠯᠡᠨ ᠡᠵᠡᠩᠨᠡᠬᠦ ᠦᠵᠡᠭᠳᠡᠯ ᠢ ᠲᠠᠰᠤ ᠵᠣᠭᠰᠣᠭᠠᠵᠤ᠂ ᠡᠪᠳᠡᠷᠡᠵᠦ ᠰᠦᠢᠲᠦᠭᠰᠡᠨ ᠵᠠᠮ ᠤᠨ ᠭᠠᠳᠠᠷᠭᠤ ᠶᠢ ᠠᠯᠢ ᠲᠦᠷᠭᠡᠨ ᠢᠶᠠᠷ ᠵᠠᠰᠠᠨ ᠰᠡᠯᠪᠢᠵᠦ ᠰᠡᠷᠭᠦᠭᠡᠨ᠂ ᠣᠯᠠᠨ ᠲᠦᠮᠡᠨ ᠤ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠶ︔ ᠡᠵᠡᠩᠨᠡᠯᠲᠡ ᠶᠢᠨ ᠬᠤᠳᠠᠯᠳᠤᠭᠠᠴᠢᠨ ᠲᠠᠢ ᠢᠳᠡᠪᠬᠢᠲᠡᠶ ᠪᠠᠷ ᠵᠣᠯᠭᠠᠭᠤᠯᠵᠤ᠂ ︽ᠭᠠᠵᠠᠷ ᠲᠤ ᠣᠷᠣᠬᠤ᠂ ᠬᠠᠮᠢᠶᠠᠷᠤᠯᠲᠠ ᠳᠤ ᠣᠷᠣᠬᠤ᠂ ᠬᠡᠷᠡᠮ ᠨᠠᠭᠠᠬᠤ᠂ ᠪᠣᠭᠤᠬᠤ︾ ᠲᠤᠰᠬᠠᠶ ᠴᠡᠭᠴᠡᠯᠡᠨ ᠵᠠᠰᠠᠯᠲᠠ ᠶᠢ ᠬᠢᠵᠦ᠂ ᠱᠤᠭᠤᠮ ᠢᠶᠠᠷ ᠶᠠᠪᠤᠬᠤ ᠪᠠᠶᠢᠷᠢᠰᠢᠯ ᠤᠨ ᠲᠣᠳᠣᠷᠬᠠᠶ᠂ ᠳᠦᠷᠰᠦ ᠪᠠᠶᠢᠳᠠᠯ ᠤᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠠᠵᠢᠯ ᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠥᠨᠳᠥᠷ ᠬᠢᠷᠢ ᠲᠦᠪᠰᠢᠨ ᠢᠶᠠᠷ ᠬᠠᠮᠢᠶᠠᠷᠴᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠦᠨᠡᠨᠬᠦ ᠪᠠᠲᠤᠯᠠᠵᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃
      ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠤᠳᠤᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠴᠢ ᠮᠢᠨ᠂ ᠬᠠᠮᠢᠶ᠎ᠠ ᠪᠥᠬᠦᠶ ᠨᠢᠭᠡᠴᠡ ᠵᠢᠴᠢ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠨᠥᠬᠦᠳ ᠬᠢᠨᠠᠨ ᠵᠢᠯᠣᠭᠤᠳᠬᠤ ᠳᠤ ᠣᠷᠣᠯᠴᠠᠵᠠᠶ᠃ ︵ᠰᠤᠷᠪᠤᠯᠵᠢᠯᠠᠭᠴᠢ᠄ ᠯᠢ ᠵᠢᠶᠠᠨ ᠬᠤᠸᠠ︶    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号