ᠪᠣᠣ ᠭᠠᠩ ᠶᠠᠷᠢᠶ᠎ᠠ ᠲᠠᠯᠪᠢᠪᠠ ᠴᠠᠩ ᠫᠧᠢ ᠵᠦᠩ ᠣᠷᠤᠯᠴᠠᠵᠤ ᠯᠢ ᠵᠢᠶᠦ᠋ᠩ ᠦᠨᠡᠯᠡᠯᠲᠡ ᠬᠢᠪᠡ | | ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 7 ᠤ ᠡᠳᠦᠷ᠂ ᠪᠦᠬᠦ ᠬᠤᠳᠠ ᠶᠢᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠬᠠᠨ | ᠲᠣᠭᠤᠷᠢᠭ᠂ ᠢᠥᠢ ᠴᠢᠤᠸᠠᠨ ᠲᠣᠭᠤᠷᠢᠭ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ ᠣᠷᠣᠯᠴᠠᠭᠰᠠᠨ ᠪᠥᠭᠡᠳ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠷᠭᠤᠭ᠎ᠠ ᠤᠳᠠᠭᠠᠨ ᠤ | ᠠᠬᠤᠢ ᠲᠠᠯᠠᠪᠠᠢ ᠶᠢᠨ ᠬᠤᠷᠠᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠬᠤᠳᠠ ᠶᠢᠨ ᠤᠳᠤᠷᠢᠳᠤᠯᠭ᠎ᠠ ᠯᠢ | ᠵᠢᠶᠦ᠋ᠩ᠂ ᠼᠦᠢ ᠵᠧᠨ ᠦ᠋ ᠲᠤᠰ ᠲᠤᠰ ᠤᠨ ᠢᠶᠠᠨ ᠳᠠᠭᠠᠭᠠᠴᠢᠯᠠᠨ ᠬᠠᠷᠢᠯᠴᠠᠭᠰᠠᠨ ᠭᠠᠵᠠᠷ ᠣᠷᠣᠨ ᠤ ᠴᠢᠨᠠᠷ | ᠰᠠᠶᠢᠲᠠᠢ ᠬᠥᠭᠵᠢᠯᠲᠡ ᠶᠢᠨ ᠠᠵᠢᠯ ᠳᠤ ᠦᠨᠡᠯᠡᠯᠲᠡ ᠬᠢᠪᠡ᠃ ᠴᠠᠩ ᠫᠧᠢ ᠵᠦᠩ᠂ ᠼᠤᠤ ᠰᠧ ᠶᠠᠩ ᠵᠡᠷᠭᠡ | ᠬᠤᠳᠠ ᠶᠢᠨ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃ | ᠲᠤᠰ ᠡᠳᠦᠷ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠷᠦ ᠢ ᠰᠤᠷᠭᠠᠭᠤᠯᠢ ᠶᠢᠨ ᠲᠣᠭᠤᠷᠢᠭ ᠢ ᠥᠷᠭᠡᠳᠬᠡᠨ ᠪᠠᠶᠢᠭᠤᠯᠬᠤ ᠲᠥᠷᠥᠯ ᠵᠦᠢᠯ᠂ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ | ᠰᠤᠷᠭᠠᠭᠤᠯᠢ᠂ ᠰᠠᠶᠢᠬᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠶᠡᠭᠡ ᠲᠦᠷᠭᠡᠨ ᠭᠤᠣᠯ ᠤᠨ | ᠲᠡᠭᠦᠷᠭᠡ ᠶᠢᠨ ᠴᠡᠴᠡᠷᠯᠢᠭ᠂ ᠵᠥᠩ ᠬᠤᠸᠠᠨ ᠠᠵᠤ ᠦᠢᠯᠡᠰ ᠤᠨ ᠬᠤᠲᠠ᠂ ᠭᠤᠷᠪᠠᠳᠤᠭᠠᠷ ᠲᠣᠭᠤᠷᠢᠯ ᠵᠠᠮ᠂ ᠶᠢᠨ | ᠴᠢᠶᠣᠤ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠲᠣᠭᠤᠷᠢᠭ · ᠱᠦ ᡁᠢ ᠶᠤᠸᠠᠨ᠂ | ᠬᠦᠶ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ᠂ ᠸᠠᠨ ᠹᠧᠩ ᠬᠤᠷᠢᠶᠠᠯᠠᠯ ᠤᠨ ᠬᠠᠭᠤᠴᠢᠨ ᠬᠤᠷᠢᠶᠠᠯᠠᠯ ᠢ | ᠥᠭᠡᠷᠡᠴᠢᠯᠡᠨ ᠪᠠᠶᠢᠭᠤᠯᠬᠤ ᠵᠡᠷᠭᠡ ᠲᠥᠷᠥᠯ ᠵᠦᠢᠯ ᠢ ᠲᠣᠭᠤᠷᠢᠨ ᠦᠵᠡᠵᠦ᠂ ᠰᠠᠶᠢᠬᠠᠨ ᠲᠣᠭᠤᠷᠢᠭ ᠪᠠ ᠢᠥᠢ | ᠴᠢᠤᠸᠠᠨ ᠲᠣᠭᠤᠷᠢᠭ ᠤᠨ ᠠᠵᠤ ᠦᠢᠯᠡᠰ ᠢ ᠠᠳᠬᠤᠵᠤ ᠲᠦᠷᠦᠯ ᠵᠦᠢᠯ ᠢ ᠲᠦᠯᠦᠪᠵᠢᠬᠦᠯᠦᠭᠰᠡᠨ ︽ᠬᠠᠯᠠᠭᠤᠨ | ᠠᠭᠤᠷ ᠠᠮᠢᠰᠬᠤᠯ︾᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠬᠤᠷᠳᠤᠴᠠ︾ ᠵᠢᠴᠢ ︽ | ᠡᠭᠦᠷ ᠵᠠᠰᠠᠵᠤ ᠭᠠᠷᠤᠳᠢ ᠢᠷᠡᠭᠦᠯᠬᠦ︾ ᠴᠢᠳᠠᠪᠤᠷᠢᠲᠠᠨ ᠢ ᠴᠤᠭᠯᠠᠷᠠᠭᠤᠯᠤᠭᠰᠠᠨ ᠲᠠᠲᠠᠬᠤ ᠬᠦᠴᠦᠨ ᠪᠣᠯᠣᠨ | ᠬᠤᠳᠠ ᠶᠢᠨ ᠡᠮᠦᠨᠡᠲᠦ ᠶᠢᠨ ᠠᠮᠢ ᠠᠬᠤᠢ ᠶᠢᠨ ᠵᠠᠰᠠᠯᠲᠠ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ | ᠠᠭᠤᠰᠤᠯᠴᠠᠭᠤᠯᠤᠨ ᠬᠦᠭᠵᠢᠬᠦᠯᠦᠭᠰᠡᠨ ᠰᠢᠨ᠎ᠡ ᠠᠮᠢᠵᠢᠷᠠᠯ ᠤᠨ ᠬᠦᠴᠦᠨ ᠢ ᠲᠤᠬᠠᠢ ᠶᠢᠨ ᠲᠠᠯᠠᠪᠠᠢ ᠠᠴᠠ ᠣᠶᠢᠯᠠᠭᠠᠪᠠ᠃ | ᠬᠤᠷᠠᠯ ᠠᠴᠠ ᠵᠢᠭᠠᠭᠰᠠᠨ ᠨᠢ᠂ ᠵᠢᠷᠭᠤᠭ᠎ᠠ ᠤᠳᠠᠭ᠎ᠠ ᠶᠢᠨ ᠠᠬᠤᠢ ᠲᠠᠯᠠᠪᠠᠢ ᠳᠤ ᠲᠣᠭᠤᠷᠢᠨ ᠦᠵᠡᠬᠦ ᠪᠠᠷ | ᠳᠠᠮᠵᠢᠨ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ᠂ ᠬᠤᠳᠠ ᠶᠢᠨ ᠪᠦᠲᠦᠭᠡᠨ ᠪᠠᠶᠢᠭᠤᠯᠤᠯᠲᠠ᠂ | ᠬᠤᠳᠠ ᠶᠢᠨ ᠬᠡᠪᠴᠢᠶᠡᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠵᠡᠷᠭᠡ ᠠᠵᠢᠯ ᠤᠨ ᠳᠤᠮᠳᠠ ᠣᠯᠣᠭᠰᠠᠨ ᠪᠣᠳᠠᠲᠤ ᠦᠷ᠎ᠡ ᠪᠦᠲᠦᠮᠵᠢ ᠶᠢ ᠣᠯᠵᠤ ᠬᠠᠷᠠᠯ᠎ᠠ᠃ ᠮᠠᠨ ᠤ | ᠬᠤᠲᠠ ᠶᠢᠨ ᠺᠠᠳ᠋ᠷᠴᠤᠳ ᠤᠨ ᠬᠡᠯᠡᠪᠡᠯ ᠦᠭᠡ᠂ ᠲᠤᠭᠲᠠᠪᠠᠯ ᠬᠢᠵᠦ᠂ ᠬᠢᠪᠡᠯ ᠰᠠᠶᠢᠨ ᠬᠢᠬᠦ ᠬᠠᠷᠢᠭᠤᠴᠠᠯᠭ᠎ᠠ | ᠡᠬᠦᠷᠭᠡᠯᠡᠯ ᠢ ᠣᠯᠵᠤ ᠬᠠᠷᠠᠯ᠎ᠠ᠃ ᠣᠷᠣᠨ ᠤ ᠲᠥᠪ ᠤᠨ᠂ ᠣᠷᠣᠨ ᠪᠠᠶᠢᠷᠢ᠂ ᠠᠵᠤ ᠦᠢᠯᠡᠰ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠳᠠᠪᠠᠭᠤᠯᠢᠭ ᠳᠠᠰᠤᠷᠠᠯᠳᠠ ᠦᠭᠡᠢ ᠲᠣᠪᠣᠶᠢᠮ᠎ᠠ ᠪᠣᠯᠵᠤ | ᠪᠠᠶᠢᠭ᠎ᠠ ᠢᠷᠡᠭᠡᠳᠦᠢ ᠶᠢᠨ ᠯᠤᠲᠤ ᠶᠡᠭᠡ ᠲᠠᠯᠳᠠ ᠬᠦᠴᠦᠨ ᠢ ᠣᠯᠵᠤ ᠬᠠᠷᠠᠯ᠎ᠠ᠃ ᠡᠭᠦᠨ ᠤ ᠬᠠᠮᠲᠤ ᠪᠠᠰᠠ ᠡᠯ᠎ᠡ | ᠬᠤᠰᠢᠭᠤ ᠰᠢᠶᠠᠨ ᠤ ᠬᠤᠭᠤᠷᠣᠨᠳᠣᠬᠢ ᠳᠤᠲᠠᠭᠤᠳᠠᠯ ᠬᠦᠷᠦᠯᠴᠡᠬᠦ ᠦᠭᠡᠢ ᠲᠠᠯ᠎ᠠ ᠨᠢ ᠰᠢᠰᠲ᠋ᠧᠮᠲᠦ ᠰᠡᠳᠬᠢᠬᠦᠢ ᠪᠠᠷ | ᠳᠤᠲᠠᠮᠠᠭ᠂ ᠠᠵᠤ ᠦᠢᠯᠡᠰ ᠤᠨ ᠲᠥᠯᠦᠪᠵᠢᠭᠦᠯᠭᠡ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ᠂ | ᠺᠠᠳ᠋ᠷᠴᠤᠳ ᠤᠨ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠵᠥᠷᠢᠶ᠎ᠡ ᠲᠠᠢ ᠪᠠᠶᠢᠬᠤ | ᠳᠡᠭᠡᠷ᠎ᠡ ᠢᠯᠡᠷᠡᠵᠦ ᠪᠠᠶᠢᠭ᠎ᠠ ᠶᠢ ᠣᠯᠵᠤ ᠬᠠᠷᠠᠯ᠎ᠠ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠬᠥᠭᠵᠢᠭᠦᠯᠬᠦ ᠪᠠᠷ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠨᠢᠭᠡ ᠰᠡᠳᠬᠢᠯ ᠨᠢᠭᠡ ᠵᠣᠷᠢᠭ ᠢᠶᠠᠷ | ᠬᠦᠭᠵᠢᠯᠲᠡ ᠶᠢ ᠠᠳᠬᠤᠬᠤ ᠬᠡᠷᠡᠭᠲᠡᠢ᠃ ᠠᠵᠤ ᠠᠬᠤᠢ ᠶᠢᠨ ᠴᠢᠳᠠᠪᠬᠢ ᠳᠡᠰ ᠢ ᠳᠡᠭᠡᠭᠰᠢᠯᠡᠭᠦᠯᠵᠦ᠂ ᠠᠵᠤ | ᠦᠢᠯᠡᠰ ᠤᠨ ᠪᠥᠭᠡᠮᠨᠡᠷᠡᠯ᠂ ᠬᠦᠷᠢᠶᠡᠯᠡᠩ ᠲᠣᠭᠤᠷᠢᠭ ᠤᠨ ᠬᠡᠪᠴᠢᠶ᠎ᠡ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠶᠡᠬᠡᠪᠡᠷ ᠠᠳᠬᠤᠬᠤ ᠬᠡᠷᠡᠭᠲᠡᠢ᠃ ᠬᠤᠳᠠ ᠶᠢᠨ ᠴᠢᠳᠠᠪᠬᠢ ᠲᠡᠰ ᠢ ᠳᠡᠭᠡᠭᠰᠢᠯᠡᠭᠦᠯᠵᠦ᠂ ︽ᠭᠤᠷᠪᠠᠨ | ᠬᠤᠳᠠ︾ ᠶᠢ ᠲᠦᠷᠭᠡᠨ ᠪᠠᠶᠢᠭᠤᠯᠵᠤ᠂ ︽ᠲᠦᠷᠪᠡᠨ ᠲᠥᠪ︾ ᠢ ᠴᠤᠭᠴᠠᠯᠠᠵᠤ᠂ ︽ᠲᠦᠷᠪᠡᠨ ᠲᠣᠭᠤᠷᠢᠭ︾ ᠲᠤ | ᠠᠭᠤᠰᠤᠯᠴᠠᠬᠤ ᠬᠡᠷᠡᠭᠲᠡᠢ᠃ ᠬᠥᠮᠥᠨ ᠠᠮᠠ ᠶᠢᠨ ᠴᠢᠳᠠᠪᠬᠢ ᠳᠡᠰ ᠢ ᠳᠡᠭᠡᠭᠰᠢᠯᠡᠭᠦᠯᠵᠦ᠂ ᠤᠳᠤ ᠦᠶ᠎ᠡ ᠶᠢᠨ ᠠᠵᠤ | ᠦᠢᠯᠡᠰ᠂ ᠰᠤᠷᠭᠠᠨ ᠬᠥᠮᠦᠵᠢᠯ ᠡᠮ ᠡᠮᠨᠡᠯᠭᠡ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢᠶᠠᠷ | ᠴᠢᠳᠠᠪᠤᠷᠢᠲᠠᠨ ᠢ ᠴᠤᠭᠯᠠᠭᠤᠯᠬᠤ ᠬᠡᠷᠡᠭᠲᠡᠢ᠃ ᠰᠣᠶᠣᠯ ᠤᠨ ᠴᠢᠳᠠᠪᠬᠢ ᠳᠡᠰ ᠢ ᠳᠡᠭᠡᠭᠰᠢᠯᠡᠭᠦᠯᠵᠦ᠂ ᠬᠤᠳᠠ ᠶᠢᠨ | ᠰᠣᠶᠣᠯ ᠤᠨ ᠴᠢᠨᠠᠷ ᠳᠡᠰ ᠢ ᠳᠡᠭᠡᠭᠰᠢᠯᠡᠭᠦᠯᠵᠦ᠂ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠢ ᠬᠡᠷᠡᠭᠯᠡᠵᠦ᠂ | ᠵᠤᠭᠠᠴᠠᠯ ᠤᠨ ᠦᠵᠡᠮᠵᠢ ᠶᠢᠨ ᠣᠷᠣᠨ ᠢ ᠬᠤᠯᠪᠣᠬᠤ ᠬᠡᠷᠡᠭᠲᠡᠢ᠃ ᠡᠩᠨᠡᠭᠡᠨ ᠤ ᠴᠢᠳᠠᠪᠬᠢ ᠳᠡᠰ ᠢ ᠳᠡᠭᠡᠭᠰᠢᠯᠡᠭᠦᠯᠵᠦ᠂ | ᠺᠠᠳ᠋ᠷ ᠤᠨ ᠡᠩᠨᠡᠭᠡ᠂ ᠠᠵᠤ ᠠᠬᠤᠶᠢᠯᠠᠯᠲᠠᠨ ᠤ ᠡᠩᠨᠡᠭᠡ ᠪᠣᠯᠣᠨ ᠵᠠᠯᠠᠭᠤᠴᠤᠳ ᠤᠨ ᠬᠠᠯᠠᠭᠤᠨ ᠤᠷᠮ᠎ᠠ ᠰᠡᠳᠬᠢᠯᠭᠡ ᠶᠢ | ᠬᠥᠭᠵᠢᠭᠡᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠦᠪ ᠬᠤᠳᠠ ᠶᠢ ᠪᠦᠲᠦᠭᠡᠨ | ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠡᠢ᠃ | |