︵ᠰᠤᠷᠪᠤᠯᠵᠢᠯᠠᠭᠴᠢ ᠮᠢᠶᠣᠣ ᠴᠢᠩ︶ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ | ︽ᠬᠦᠬᠡᠬᠤᠲᠠ ᠶᠢᠨ ᠰᠣᠶᠣᠯ ᠤᠨ ᠰᠤᠳᠠᠰᠤ︾ ᠠᠴᠠ ᠡᠭᠦᠳᠦᠨ ᠪᠦᠲᠦᠭᠡᠬᠦ ᠣᠢ ᠤᠬᠠᠭᠠᠨ ᠡᠷᠢᠯᠬᠢᠯᠡᠵᠦ᠂ ︽ | ᠬᠠᠲᠤᠨ ᠭᠤᠣᠯ ᠤᠨ ᠪᠤᠯᠤᠩ᠂ ᠴᠡᠯᠡᠭᠡᠷ ᠲᠠᠯ᠎ᠠ︾ ᠠᠴᠠ ᠠᠵᠤ ᠦᠢᠯᠡᠰ ᠤᠨ ᠪᠦᠲᠦᠭᠡᠭᠳᠡᠬᠦᠨ ᠤ ᠢᠯᠡᠷᠬᠡᠶᠢᠯᠡᠯ | ᠲᠡᠮᠳᠡᠭ ᠣᠯᠬᠤ ᠶᠢ ᠨᠢ ᠬᠦᠳᠦᠯᠦᠨ ᠳᠠᠭᠠᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 28 ᠤ ᠡᠳᠦᠷ᠂ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠴᠡᠯᠡᠭᠡᠷ | ᠲᠠᠯ᠎ᠠ ᠶᠢᠨ ᠭᠠᠷ ᠤᠨ ᠪᠡᠯᠡᠭ︾ ᠤᠨ ᠱᠠᠩᠨᠠᠯ ᠭᠥᠷᠳᠡᠭᠰᠡᠨ ᠪᠦᠲᠦᠭᠡᠭᠳᠡᠬᠦᠨ ᠤ ᠦᠵᠡᠭᠦᠯᠦᠯᠭᠡ ᠵᠢᠩᠬᠢᠨᠢ ᠪᠠᠷ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ | ᠨᠠ ᠦᠵᠡᠭᠦᠯᠦᠯᠭᠡ ᠶᠢ ᠲᠣᠭᠤᠷᠢᠨ ᠦᠵᠡᠪᠡ᠃ | ᠲᠤᠬᠠᠢ ᠶᠢᠨ ᠲᠠᠯᠠᠪᠠᠢ ᠳᠤ ᠨᠡᠶᠢᠳᠡ 40 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ | ᠦᠵᠡᠰᠬᠦᠯᠡᠩ ᠳᠤ ᠣᠷᠣᠯᠴᠠᠵᠤ᠂ 100 ᠭᠠᠷᠤᠢ ᠲᠦᠷᠦᠯ ᠵᠦᠢᠯ᠂ 1000 ᠭᠠᠷᠤᠢ ᠵᠦᠢᠯ ᠤᠨ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ᠂ ᠪᠤᠳᠠᠰ ᠤᠨ ᠪᠤᠰᠤ ᠰᠣᠶᠤᠯ ᠤᠨ ᠥᠪ ᠤᠨ ᠪᠦᠲᠦᠭᠡᠭᠳᠡᠬᠦᠨ ᠨᠢ | ᠬᠥᠬᠡᠬᠤᠲᠠ ᠶᠢᠨ ᠰᠣᠶᠣᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠠᠮᠢᠳᠤᠯᠢᠭ ᠢᠶᠠᠷ | ᠢᠯᠡᠷᠡᠭᠦᠯᠦᠭᠰᠡᠨ ᠪᠠᠶᠢᠨ᠎ᠠ᠃ | ᠦᠵᠡᠭᠦᠯᠦᠯᠭᠡ ᠳᠤ ᠣᠷᠣᠯᠴᠠᠭᠰᠠᠨ ᠪᠦᠲᠦᠭᠡᠯ ᠨᠢᠭᠡᠪᠦᠷᠢ ᠨᠢ ᠴᠥᠮ ᠬᠥᠬᠡᠬᠤᠲᠠ ᠶᠢᠨ ᠭᠠᠵᠠᠷ ᠣᠷᠣᠨ ᠤ | ᠰᠣᠶᠣᠯ ᠤᠨ ᠣᠨᠴᠠᠯᠢᠭ ᠲᠤ ᠰᠠᠭᠤᠷᠢᠯᠠᠵᠤ᠂ ᠰᠢᠨ᠎ᠡ ᠶᠢ ᠡᠭᠦᠳᠬᠦ ᠪᠦᠲᠦᠭᠡᠯᠴᠢ ᠡᠯᠧᠮᠧᠨ᠋ᠲ ᠢ ᠨᠡᠶᠢᠳᠬᠡᠬᠦ ᠪᠠᠷ | ᠳᠠᠮᠵᠢᠭᠤᠯᠤᠨ᠂ ᠥᠷᠭᠡᠨ ᠬᠠᠷᠠᠭᠠᠰᠤ ᠠᠴᠠ ᠪᠠᠶᠠᠯᠢᠭ ᠰᠠᠶᠢᠬᠠᠨ ᠤᠷᠭᠤᠭᠤᠯᠤᠨ ᠪᠣᠳᠣᠯᠲᠠ ᠪᠠ ᠪᠦᠲᠦᠭᠡᠯᠴᠢ | ᠴᠢᠳᠠᠪᠤᠷᠢ ᠶᠢ ᠢᠯᠡᠷᠡᠭᠦᠯᠵᠦ᠂ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠵᠢᠯ ᠴᠠᠭᠠᠨ ᠰᠠᠷ᠎ᠠ︾ | ᠶᠢᠨ ᠣᠨᠴᠠᠯᠢᠭ ᠢ ᠢᠯᠡᠷᠡᠭᠦᠯᠦᠭᠰᠡᠨ ᠪᠠᠶᠢᠨ᠎ᠠ᠃ ᠦᠵᠡᠭᠦᠯᠦᠯᠭᠡ ᠳᠤ ᠣᠷᠣᠯᠴᠠᠭᠰᠠᠨ 40 ᠭᠠᠷᠤᠢ ᠠᠵᠤ ᠠᠬᠤᠶᠢᠯᠠᠯ᠂ | ᠬᠤᠳᠠᠯᠳᠤᠭᠠᠴᠢᠳ ᠤᠨ ᠡᠪᠯᠡᠯ ᠠᠴᠠ ᠪᠠᠰᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ︽ᠣᠷᠣᠨ ᠤ ᠲᠥᠪ ᠢ | ᠬᠦᠴᠦᠷᠭᠡᠭᠵᠢᠬᠦᠯᠬᠦ︾᠂ ︽ᠰᠣᠶᠣᠯ ᠤᠨ ᠴᠢᠳᠠᠪᠤᠷᠢ ᠳᠡᠰ︾ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠵᠦ | ᠦᠯᠢᠭᠡᠷ ᠳᠠᠭᠤᠷᠢᠶᠠᠯ ᠪᠣᠯᠬᠤ ᠰᠠᠨᠠᠭᠠᠴᠢᠯᠠᠭ᠎ᠠ ᠭᠠᠷᠭᠠᠪᠠ᠃ |