| | | ᠠᠶᠠᠨᠴᠢᠳ ᠶᠠᠭ ᠨᠢᠰᠬᠡᠯ ᠳᠤ ᠭᠠᠷᠬᠤ ᠭᠠᠷ ᠭᠦᠢᠴᠡᠳᠬᠡᠯ ᠬᠢᠵᠦ ᠪᠠᠶᠢᠭ᠎ᠠ ᠨᠢ᠃ ᠰᠤᠷᠪᠤᠯᠵᠢᠯᠠᠭᠴᠢ ᠶᠦᠨ | ᠶᠠᠨ ᠹᠠᠩ ᠰᠡᠭᠦᠳᠡᠷᠯᠡᠪᠡ | ︵ᠰᠤᠷᠪᠤᠯᠵᠢᠯᠠᠭᠴᠢ ᠯᠢᠦ ᠯᠢ ᠰᠢᠶᠠ ᠶᠦᠨ ᠶᠠᠨ ᠹᠠᠩ︶ ᠴᠠᠭᠠᠨ ᠰᠠᠷ᠎ᠠ ᠶᠢᠨ ᠠᠮᠠᠷᠠᠯᠲᠠ ᠳᠤ᠂ ᠮᠠᠨ ᠤ | ᠬᠤᠲᠠ ᠵᠤᠭᠠᠴᠠᠭᠰᠠᠳ ᠢ ᠨᠡᠶᠢᠲᠡ 149.25 ᠲᠦᠮᠡᠨ ᠬᠦᠯᠢᠶᠡᠨ ᠠᠪᠴᠤ ᠵᠣᠴᠢᠯᠠᠨ᠂ ᠠᠳᠠᠯᠢ | ᠬᠤᠭᠤᠴᠠᠭᠠᠨ ᠤ ᠬᠢ ᠠᠴᠠ 2.36% ᠪᠠᠷ ᠨᠡᠮᠡᠭᠳᠡᠪᠡ︔ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠯᠭ᠎ᠠ ᠨᠡᠶᠢᠲᠡ | 7.07 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.09% ᠪᠠᠷ ᠨᠡᠮᠡᠭᠳᠡᠪᠡ᠃ | ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠡᠮᠦᠷ ᠵᠠᠮ ᠤᠨ | ᠬᠥᠬᠡᠬᠤᠲᠠ ᠶᠢᠨ ᠲᠣᠪᠴᠢᠶ᠎ᠠ ᠠᠶᠠᠨᠴᠢᠳ ᠢ ᠨᠡᠶᠢᠲᠡ 33.2 ᠲᠦᠮᠡᠨ ᠬᠦᠮᠦᠨ ᠤᠳᠠᠭ᠎ᠠ ᠬᠦᠷᠭᠡᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ 65. | 9% ᠪᠣᠯᠵᠤ ᠰᠡᠷᠭᠦᠭᠡᠪᠡ᠃ ᠡᠨᠡ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠬᠥᠬᠡᠬᠤᠲᠠ ᠵᠡᠭᠦᠨ | ᠥᠷᠲᠡᠭᠡ ᠠᠴᠠ ᠤᠯᠠᠭᠠᠨᠬᠠᠳᠠ ᠶᠢᠨ ᠡᠮᠦᠨ᠎ᠡ ᠥᠷᠲᠡᠭᠡ ᠬᠦᠷᠬᠦ ᠲᠦᠷ ᠴᠠᠭ ᠤᠨ ᠠᠶᠠᠨᠴᠢᠳ ᠤᠨ ᠭᠠᠯᠲᠤ ᠲᠡᠷᠭᠡ ᠶᠢ | 2 ᠡᠭᠡᠯᠵᠢ ᠨᠡᠪᠲᠡᠷᠡᠭᠦᠯᠪᠡ᠃ ᠬᠤᠲᠠ ᠶᠢᠨ ᠬᠤᠭᠤᠷᠣᠨᠳᠣᠬᠢ ᠣᠶᠢᠷ᠎ᠠ ᠵᠠᠮ ᠤᠨ ᠠᠶᠠᠨᠴᠢᠳ ᠤᠨ ᠲᠤᠭ᠎ᠠ ᠳᠠᠬᠢᠨ | ᠨᠡᠮᠡᠭᠳᠡᠭᠦᠯᠬᠦ ᠪᠠᠶᠢᠳᠠᠯ ᠳᠤ ᠴᠢᠭᠯᠡᠭᠦᠯᠦᠨ᠂ ᠡᠳᠦᠷ ᠪᠦᠷᠢ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠤᠨ | ᠬᠤᠭᠤᠷᠣᠨᠳᠣᠬᠢ ᠲᠦᠷᠭᠡᠨ ᠤ ᠭᠠᠯᠲᠤ ᠲᠡᠷᠭᠡ ᠶᠢ 24 ᠤᠳᠠᠭ᠎ᠠ ᠨᠡᠪᠲᠡᠷᠡᠭᠦᠯᠪᠡ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ ᠬᠥᠬᠡᠬᠤᠲᠠ ᠶᠢᠨ ᠨᠢᠰᠬᠡᠯ ᠤᠨ ᠪᠠᠭᠤᠳᠠᠯ 1159 ᠨᠢᠰᠬᠡᠯ ᠤᠳᠠᠭ᠎ᠠ ᠶᠢᠨ ᠲᠡᠭᠡᠭᠡᠪᠦᠷᠢ ᠶᠢᠨ | ᠨᠢᠰᠴᠦ ᠪᠠᠭᠤᠬᠤ ᠶᠢ ᠪᠠᠲᠤᠯᠠᠵᠤ᠂ 10.6 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠵᠦᠭᠡᠭᠡᠪᠦᠷᠢᠯᠡᠵᠦ᠂ | ᠪᠠᠷᠠᠭ᠎ᠠ ᠰᠢᠤᠳᠠᠨ ᠢ 180.9 ᠲᠣᠨ ᠵᠦᠭᠡᠭᠡᠪᠦᠷᠢᠯᠡᠪᠡ᠃ ᠡᠨᠡ ᠬᠤᠭᠤᠴᠠᠭᠠᠨ ᠳᠤ᠂ ᠣᠷᠣᠨ ᠤ ᠳᠣᠲᠣᠷᠠᠬᠢ | ᠠᠶᠠᠨᠴᠢᠳ ᠭᠤᠣᠯᠳᠠᠭᠤ ᠤᠯᠠᠭᠠᠨᠬᠠᠳᠠ᠂ ᠬᠠᠶᠢᠯᠠᠷ᠂ ᠤᠯᠠᠭᠠᠨᠬᠤᠲᠠ᠂ ᠲᠦᠩᠯᠢᠶᠣᠣ ᠵᠡᠷᠭᠡ ᠬᠤᠲᠠ ᠶᠢᠨ | ᠨᠤᠲᠤᠭ ᠲᠠᠭᠠᠨ ᠪᠤᠴᠠᠬᠤ ᠠᠵᠢᠯ ᠤᠨ ᠪᠠᠶᠢᠷᠢ ᠳᠠᠭᠠᠨ ᠪᠣᠴᠠᠬᠤ ᠠᠶᠠᠨᠴᠢᠳ ᠢᠶᠠᠷ ᠭᠤᠣᠯᠯᠠᠪᠠ︔ ᠣᠷᠣᠨ ᠤ | ᠭᠠᠳᠠᠨᠠᠬᠢ ᠠᠶᠠᠨᠴᠢᠳ ᠭᠤᠣᠯᠳᠠᠭᠤ ᠬᠠᠶᠢᠺᠧᠦ᠂ ᠭᠤᠸᠠᠩᠵᠧᠦ᠂ ᠨᠠᠨᠵᠢᠩ᠂ ᠱᠠᠩᠬᠠᠢ ᠵᠡᠷᠭᠡ ᠬᠤᠲᠠ ᠳᠤ | ᠲᠥᠪᠯᠡᠷᠡᠵᠦ ᠪᠠᠶᠢᠨ᠎ᠠ᠃ |