2022 ᠣᠨ ᠳᠤ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠯᠠᠪᠳᠠᠭᠤᠨ | ᠲᠣᠭᠲᠠᠭᠤᠨ ᠵᠣᠭᠤᠰᠤᠨ ᠤ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠬᠦᠴᠦᠲᠡᠢ ᠨᠠᠶᠢᠳᠠᠪᠤᠷᠢᠵᠢᠭᠤᠯᠵᠤ᠂ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ | ᠲᠣᠭᠲᠠᠭᠤᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠳᠤ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠠᠢ᠃ ᠠᠷᠠᠳ ᠤᠨ ᠪᠠᠩᠬᠢ ᠶᠢᠨ | ᠬᠥᠬᠡᠬᠤᠲᠠ ᠳᠠᠬᠢ ᠲᠥᠪ ᠰᠠᠯᠪᠤᠷᠢ ᠪᠠᠩᠬᠢ ᠶᠢᠨ ᠪᠦᠷᠢᠳᠬᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠄ | 2022 ᠣᠨ ᠤ ᠡᠴᠦᠰ ᠲᠤ᠂ ᠪᠥᠬᠦ ᠣᠷᠣᠨ ᠤ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠨᠢ | 26919 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ᠃ | ᠪᠥᠬᠦ ᠵᠢᠯ ᠳᠤ ᠡᠯ᠎ᠡ ᠵᠦᠢᠯ ᠤᠨ ᠵᠢᠭᠡᠯᠡᠯᠭᠡ 1953.9 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ | ᠠᠳᠠᠯᠢ ᠬᠤᠭᠤᠴᠠᠭᠠᠨ ᠤ ᠬᠢ ᠠᠴᠠ 238.1 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠵᠡᠢ︔ ᠠᠵᠤ | ᠠᠬᠤᠶᠢᠯᠠᠯ ᠤᠨ ᠵᠢᠭᠡᠯᠡᠯᠭᠡ 1421.9 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 515.5 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠵᠡᠢ᠃ ᠬᠠᠳᠠᠭᠠᠯᠠᠮᠵᠢ ᠳᠡᠭᠡᠳᠦ | ᠬᠤᠷᠳᠤᠴᠠ ᠪᠠᠷ ᠨᠡᠮᠡᠭᠳᠡᠵᠦ᠂ ᠪᠥᠬᠦ ᠣᠷᠣᠨ ᠤ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ ᠨᠢ | 32313.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ | ᠨᠡᠮᠡᠭᠳᠡᠪᠡ︔ ᠪᠥᠬᠦ ᠵᠢᠯ ᠳᠤ 4779.6 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 2215.5 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠵᠡᠢ᠃ | 2022 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠮᠥᠩᠭᠦᠨ ᠭᠦᠢᠯᠭᠡᠭᠡᠨ ᠤ | ᠪᠠᠶᠢᠳᠠᠯ ᠪᠣᠯᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠠᠷᠠᠳ ᠤᠨ | ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠠᠴᠠ ᠴᠠᠭ ᠲᠤᠬᠠᠢ ᠳᠤ ᠨᠢ ᠴᠣᠩᠬᠤᠪᠴᠢ ᠪᠠᠷ | ᠵᠢᠯᠤᠭᠤᠳᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠲᠣᠬᠢᠷᠠᠭᠤᠯᠤᠨ ᠥᠷᠨᠢᠭᠦᠯᠵᠦ᠂ | ᠣᠯᠠᠨ ᠵᠦᠢᠯ ᠤᠨ ᠮᠥᠩᠭᠦᠨ ᠭᠦᠢᠯᠭᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠵᠦ ᠪᠠᠶᠢᠭᠠᠳ ᠠᠵᠤ ᠠᠬᠤᠢ ᠶᠢᠨ ᠶᠡᠭᠡ | ᠲᠠᠯ᠎ᠠ ᠶᠢ ᠲᠣᠭᠲᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠠᠯᠤᠰᠯᠠᠬᠤ ᠦᠶᠡᠯᠡᠯ ᠤᠨ | ᠬᠤᠭᠤᠴᠠᠭ᠎ᠠ ᠪᠠ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠬᠤ᠂ ᠨᠡᠮᠡᠭᠳᠡᠯ ᠤᠨ | ᠬᠡᠮᠵᠢᠶ᠎ᠡ ᠶᠢ ᠠᠭᠤᠳᠠᠯᠬᠤ᠂ ᠰᠢᠨ᠎ᠡ ᠬᠡᠮᠵᠢᠶ᠎ᠡ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠪᠣᠳᠠᠲᠤ ᠴᠣᠭᠴᠠᠲᠤ | ᠠᠵᠤ ᠠᠬᠤᠢ ᠳᠤ ᠦᠵᠡᠭᠦᠯᠬᠦ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠢᠵᠢᠭ ᠪᠢᠴᠢᠯ ᠠᠵᠤ ᠠᠬᠤᠶᠢᠯᠠᠯ ᠵᠢᠴᠢ ᠬᠢᠵᠢᠭ ᠤᠨ ᠪᠠᠶᠢᠳᠠᠯ ᠳᠤ | ᠬᠦᠨᠳᠦ ᠨᠣᠴᠢᠲᠠᠢ ᠨᠥᠯᠥᠭᠡᠯᠡᠭᠳᠡᠭᠰᠡᠨ ᠠᠵᠢᠯ ᠲᠦᠷᠦᠯ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠶᠢᠳᠡᠮ | ᠬᠠᠷᠠᠭᠠᠯᠵᠠᠬᠤ ᠶᠢᠨ ᠲᠣᠭᠤᠷᠢᠨ ᠳᠤ ᠲᠤᠰᠬᠠᠢ ᠵᠦᠢᠯ ᠤᠨ ᠠᠵᠢᠯ ᠥᠷᠨᠢᠭᠦᠯᠵᠦ᠂ ᠵᠣᠭᠤᠰᠤᠨ ᠤ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠡᠬᠢ | ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠴᠣᠭᠴᠠᠲᠤ ᠠᠵᠤ ᠠᠬᠤᠢ ᠶᠢᠨ ᠪᠠᠭᠤᠷᠠᠢ ᠭᠤᠭᠴᠤᠭ᠎ᠠ | ᠲᠡᠶᠢᠰᠢ ᠬᠡᠯᠪᠠᠶᠢᠯᠭᠡᠪᠡ᠃ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ᠂ 2022 ᠣᠨ ᠳᠤ᠂ ᠪᠥᠬᠦ | ᠣᠷᠣᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ 754.4 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ | ᠬᠤᠨᠣᠵᠤ ᠬᠡᠪᠲᠡᠬᠦ ᠢᠳᠡᠭᠡᠨ ᠤᠮᠳᠠᠭᠠᠨ ᠤ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠦᠢᠯᠡᠰ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠳᠤᠮᠳᠠ ᠣᠷᠳᠣ ᠬᠤᠭᠤᠴᠠᠭᠠᠨ ᠤ ᠵᠢᠭᠡᠯᠡᠯᠭᠡ 177. | 7 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ᠃ |