ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ ᠣᠶᠢᠷ᠎ᠠ ᠳᠤ᠂ S24 ᠵᠡᠭᠦᠨᠭᠠᠷ ᠠᠴᠠ ᠰᠢᠩ ᠡᠾᠧ ᠬᠦᠷᠬᠦ ᠬᠦᠨᠳᠦ ᠠᠴᠢᠶᠠᠨ ᠤ ᠥᠨᠳᠥᠷ | ᠬᠤᠷᠳᠤᠴᠠᠲᠤ ᠵᠠᠰᠠᠮᠠᠯ ᠵᠠᠮ ᠤᠨ ᠾᠧᠪᠧᠢ ᠮᠤᠵᠢ ᠲᠠᠢ ᠵᠠᠬ᠎ᠠ ᠨᠡᠶᠢᠯᠡᠵᠦ ᠪᠠᠶᠢᠭ᠎ᠠ ᠬᠠᠮᠤᠭ ᠤᠨ ᠡᠴᠦᠰ ᠤᠨ ︽5 | ᠺᠢᠯᠤᠮᠧᠲᠷ ᠤᠨ ᠲᠠᠰᠤᠷᠬᠠᠢ ᠵᠠᠮ︾ ᠢ ᠠᠮᠵᠢᠯᠲᠠ ᠲᠠᠢ ᠪᠠᠷ ᠵᠠᠰᠠᠨ ᠨᠡᠪᠲᠡᠷᠡᠭᠦᠯᠵᠤ᠂ ᠲᠣᠰ ᠥᠨᠳᠥᠷ ᠬᠤᠷᠳᠤᠴᠠᠲᠤ | ᠵᠠᠰᠠᠮᠠᠯ ᠵᠠᠮ ᠤᠨ ᠥᠪᠥᠷ ᠮᠣᠩᠭᠤᠯ ᠾᠧᠪᠧᠢ ᠶᠢᠨ ᠵᠠᠭᠠᠭ ᠤᠨ ᠮᠤᠵᠢ ᠠᠯᠤᠰᠯᠠᠭᠰᠠᠨ ᠬᠡᠰᠡᠭ ᠤᠨ ᠬᠠᠷᠢᠯᠴᠠᠨ | ᠬᠤᠯᠪᠣᠯᠳᠤᠭᠤᠯᠤᠨ ᠨᠡᠪᠲᠡᠷᠡᠭᠦᠯᠬᠦ ᠢᠨᠵᠧᠨᠧᠷᠢᠩ ᠵᠢᠩᠬᠢᠨᠢ ᠪᠠᠷ ᠲᠡᠷᠭᠡ ᠨᠡᠪᠲᠡᠷᠡᠪᠡ᠃ | ᠣᠶᠢᠯᠠᠭᠠᠭᠰᠠᠨ ᠢᠶᠠᠷ᠂ ᠵᠡᠭᠦᠨᠭᠠᠷ ᠠᠴᠠ ᠰᠢᠩ ᠡᠾᠧ ᠬᠦᠷᠬᠦ ᠬᠦᠨᠳᠦ ᠠᠴᠢᠶᠠᠨ ᠤ ᠥᠨᠳᠥᠷ ᠬᠤᠷᠳᠤᠴᠠᠲᠤ | ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ S24 ᠥᠨᠳᠥᠷ ᠬᠤᠷᠳᠤᠴᠠᠲᠤ ᠵᠠᠰᠠᠮᠠᠯ | ᠵᠠᠮ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ 2013 ᠣᠨ ᠳᠤ ᠪᠠᠶᠢᠭᠤᠯᠵᠤ ᠳᠠᠭᠤᠰᠬᠠᠭᠠᠳ ᠲᠡᠷᠭᠡ | ᠨᠡᠪᠲᠡᠷᠡᠭᠦᠯᠪᠡ᠃ ᠲᠣᠰ ᠥᠨᠳᠥᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠤᠭᠤᠴᠠᠭᠠᠨ ᠳᠤ ᠪᠠᠷᠢᠯᠭ᠎ᠠ ᠶᠢᠨ ᠠᠵᠢᠯ ᠤᠨ ᠳᠤᠯᠠᠭᠠᠴᠠ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠯᠥᠭᠡ᠂ | ᠾᠧᠪᠧᠢ ᠮᠤᠵᠢ ᠯᠤᠭ᠎ᠠ ᠶᠢᠨ ᠵᠠᠯᠭᠠᠯᠳᠤᠭ᠎ᠠ ᠪᠠᠶᠢᠷᠢᠯᠠᠯ ᠢ ᠲᠣᠭᠲᠠᠭᠠᠭᠰᠠᠨ ᠦᠭᠡᠢ ᠵᠡᠷᠭᠡ ᠬᠦᠴᠦᠨ ᠵᠦᠢᠯ ᠢ | ᠪᠣᠳᠣᠯᠬᠢᠯᠠᠵᠤ᠂ ᠮᠠᠨ ᠤ ᠣᠷᠣᠨ ᠤ ᠲᠡᠭᠦᠰᠬᠡᠯ ᠴᠡᠭ ᠤᠨ ᠪᠠᠷᠤᠭ 5 ᠺᠢᠯᠤᠮᠧᠲᠷ ᠬᠡᠰᠡᠭ ᠢ ᠪᠦᠲᠦᠭᠡᠨ | ᠪᠠᠶᠢᠭᠤᠯᠤᠯᠲᠠ ᠶᠢᠨ ᠨᠢᠭᠡᠴᠢ ᠠᠴᠠ ᠵᠠᠮ ᠤᠨ ᠰᠠᠭᠤᠷᠢ ᠶᠢᠨ ᠬᠥᠭᠦᠷᠭᠡ ᠶᠢᠨ ᠭᠤᠯᠳᠤᠩ ᠵᠢᠴᠢ ᠵᠠᠮ ᠤᠨ | ᠭᠠᠳᠠᠷᠭᠤ ᠶᠢᠨ ᠰᠠᠭᠤᠷᠢ ᠳᠠᠪᠬᠤᠷᠭ᠎ᠠ ᠶᠢ ᠪᠠᠶᠢᠭᠤᠯᠵᠤ ᠳᠠᠭᠤᠰᠬᠠᠭᠰᠠᠨ ᠪᠣᠯᠪᠠᠴᠤ ᠦᠯᠡᠳᠡᠭᠰᠡᠨ ᠭᠠᠳᠠᠷᠭᠤ ᠶᠢᠨ | ᠳᠠᠪᠬᠤᠷᠭ᠎ᠠ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠷᠢᠯᠭ᠎ᠠ ᠶᠢᠨ ᠠᠵᠢᠯ ᠢ ᠬᠢᠭᠡᠳᠦᠢ ᠪᠠᠶᠢᠵᠠᠢ᠃ | ᠥᠪᠡᠷᠲᠡᠭᠡᠨ ᠵᠠᠰᠠᠬᠤ ᠣᠷᠣᠨ ᠤ ︽ᠲᠠᠪᠦ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭ᠎ᠠ ᠶᠢ | ᠥᠷᠨᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ | ᠵᠠᠰᠠᠮᠠᠯ ᠵᠠᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠷᠢᠶᠠᠲᠤ ᠴᠢᠨᠠᠷ ᠪᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠣᠨᠴᠠᠯᠢᠭ ᠢ ᠭᠦᠢᠴᠡᠳ ᠪᠣᠳᠣᠯᠬᠢᠯᠠᠵᠤ᠂ ᠲᠣᠰ ᠥᠨᠳᠥᠷ ᠬᠤᠷᠳᠤᠴᠠᠲᠤ ᠵᠠᠰᠠᠮᠠᠯ ᠵᠠᠮ ᠤᠨ ᠦᠯᠡᠳᠡᠭᠳᠡᠯ | ᠢᠨᠵᠧᠨᠧᠷᠢᠩ ᠢ ᠲᠦᠢᠯᠪᠤᠷᠢᠲᠠᠢ ᠰᠢᠢᠳᠪᠦᠷᠢᠯᠡᠬᠦ ᠬᠡᠪᠴᠢᠶᠡᠨ ᠳᠤ ᠣᠷᠣᠭᠤᠯᠵᠤ᠂ ᠤᠯᠠᠭᠠᠨᠴᠠᠪ ᠬᠤᠲᠠ ᠶᠢᠨ ᠬᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠲᠣᠰ ᠥᠨᠳᠥᠷ | ᠬᠤᠷᠳᠤᠴᠠᠲᠤ ᠵᠠᠰᠠᠮᠠᠯ ᠵᠠᠮ ᠤᠨ ᠦᠯᠡᠳᠡᠭᠳᠡᠯ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠵᠤ᠂ 10 ᠵᠢᠯ | ᠬᠠᠶᠠᠭᠳᠠᠭᠰᠠᠨ S24 ᠵᠡᠭᠦᠨᠭᠠᠷ ᠠᠴᠠ ᠰᠢᠩ ᠡᠾᠧ ᠬᠦᠷᠬᠦ ᠬᠦᠨᠳᠦ ᠠᠴᠢᠶᠠᠨ ᠤ ᠥᠨᠳᠥᠷ ᠬᠤᠷᠳᠤᠴᠠᠲᠤ ᠵᠠᠰᠠᠮᠠᠯ | ᠵᠠᠮ ᠤᠨ ᠦᠯᠡᠳᠡᠭᠳᠡᠯ ᠢᠨᠵᠧᠨᠧᠷᠢᠩ — ᠵᠡᠭᠦᠨᠭᠠᠷ ᠠᠴᠠ ᠰᠢᠩ ᠡᠾᠧ ᠬᠦᠷᠬᠦ ᠬᠦᠨᠳᠦ ᠠᠴᠢᠶᠠᠨ ᠤ ᠥᠨᠳᠥᠷ | ᠬᠤᠷᠳᠤᠴᠠᠲᠤ ᠵᠠᠰᠠᠮᠠᠯ ᠵᠠᠮ ᠤᠨ ᠾᠧᠪᠧᠢ ᠮᠤᠵᠢ ᠲᠠᠢ ᠵᠠᠬ᠎ᠠ ᠨᠡᠶᠢᠯᠡᠭᠰᠡᠨ ᠡᠴᠦᠰ ᠤᠨ ︽5 ᠺᠢᠯᠤᠮᠧᠲᠷ ᠤᠨ | ᠲᠠᠰᠤᠷᠬᠠᠢ ᠵᠠᠮ︾ ᠤᠨ ᠪᠠᠷᠢᠯᠭ᠎ᠠ ᠶᠢᠨ ᠠᠵᠢᠯ ᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠪᠥᠬᠦ ᠲᠠᠯ᠎ᠠ ᠪᠠᠷ ᠰᠡᠷᠭᠦᠭᠡᠪᠡ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠲᠠᠨᠢᠯᠴᠠᠭᠤᠯᠬᠤ ᠳᠤ ᠪᠠᠨ ︽ᠵᠡᠭᠦᠨᠭᠠᠷ ᠠᠴᠠ ᠰᠢᠩ ᠡᠾᠧ ᠬᠦᠷᠬᠦ ᠥᠨᠳᠥᠷ ᠬᠤᠷᠳᠤᠴᠠᠲᠤ | ᠵᠠᠰᠠᠮᠠᠯ ᠵᠠᠮ ᠤᠨ ᠥᠪᠥᠷ ᠮᠣᠩᠭᠤᠯ ᠾᠧᠪᠧᠢ ᠶᠢᠨ ᠵᠠᠭᠠᠭ ᠤᠨ ᠬᠠᠷᠢᠯᠴᠠᠨ ᠬᠤᠯᠪᠣᠯᠳᠤᠭᠤᠯᠤᠨ ᠨᠡᠪᠲᠡᠷᠡᠭᠦᠯᠬᠦ | ᠢᠨᠵᠧᠨᠧᠷᠢᠩ ᠢ ᠳᠠᠭᠤᠰᠬᠠᠭᠰᠠᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠪᠣᠯᠣᠨ ᠾᠧᠪᠧᠢ ᠮᠤᠵᠢ ᠶᠢᠨ ᠵᠠᠰᠠᠭ ᠤᠨ ᠣᠷᠳᠣᠨ ᠤ ᠵᠥᠪᠳᠡᠯᠴᠡᠨ ᠲᠣᠭᠲᠠᠭᠰᠠᠨ | ᠥᠨᠳᠥᠷ ᠬᠤᠷᠳᠤᠴᠠᠲᠤ ᠵᠠᠰᠠᠮᠠᠯ ᠵᠠᠮ ᠤᠨ ᠲᠣᠣᠷ ᠢ ᠨᠡᠪᠲᠡᠷᠡᠭᠦᠯᠬᠦ ᠡᠭᠦᠷᠭᠡ ᠶᠢ ᠪᠡᠶᠡᠯᠡᠭᠦᠯᠦᠭᠰᠡᠨ ᠪᠥᠭᠡᠳ | ᠥᠪᠡᠷᠲᠡᠭᠡᠨ ᠵᠠᠰᠠᠬᠤ ᠣᠷᠣᠨ ᠤ ᠣᠷᠣᠨ ᠠᠴᠠ ᠭᠠᠷᠬᠤ ᠥᠨᠳᠥᠷ ᠬᠤᠷᠳᠤᠴᠠᠲᠤ ᠵᠠᠰᠠᠮᠠᠯ ᠵᠠᠮ ᠤᠨ ︿ᠲᠠᠰᠤᠷᠬᠠᠢ | ᠵᠠᠮ﹀ ᠤᠨ ᠠᠰᠠᠭᠤᠳᠠᠯ ᠢ ᠰᠢᠢᠳᠪᠦᠷᠢᠯᠡᠵᠤ ᠪᠠᠰᠠ ᠥᠪᠥᠷ ᠮᠣᠩᠭᠤᠯ ᠤᠨ ᠨᠡᠭᠦᠷᠡᠰᠦ ᠶᠢ ᠵᠡᠭᠦᠨᠰᠢ ᠵᠥᠭᠡᠭᠡᠪᠦᠷᠢᠯᠡᠬᠦ | ᠪᠡᠭᠡᠵᠢᠩ ᠤᠨ ᠬᠤᠶᠢᠲᠤ ᠬᠡᠰᠡᠭ ᠢ ᠲᠣᠭᠤᠷᠢᠭᠰᠠᠨ ᠬᠤᠶᠠᠳᠠᠭᠢ ᠨᠡᠭᠦᠷᠡᠰᠦᠨ ᠤ ᠲᠡᠭᠡᠭᠡᠪᠦᠷᠢ ᠶᠢᠨ ᠵᠠᠮ ᠢ ᠨᠡᠭᠡᠭᠡᠵᠦ᠂ | ᠤᠯᠤᠰ ᠤᠨ ᠨᠡᠭᠦᠷᠡᠰᠦᠨ ᠤ ᠡᠨᠧᠷᠭᠢ ᠶᠢᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠪᠲᠡᠷᠡᠬᠦ ᠵᠠᠮ ᠢ | ᠨᠡᠮᠡᠭᠳᠡᠭᠦᠯᠵᠦ ᠥᠭᠴᠡᠢ᠃ ᠡᠭᠦᠨ ᠤ ᠵᠡᠷᠭᠡ ᠪᠠᠷ ᠵᠡᠭᠦᠨᠭᠠᠷ ᠠᠴᠠ ᠰᠢᠩ ᠡᠾᠧ ᠬᠦᠷᠬᠦ ᠥᠨᠳᠥᠷ ᠬᠤᠷᠳᠤᠴᠠᠲᠤ | ᠵᠠᠰᠠᠮᠠᠯ ᠵᠠᠮ᠂ ᠵᠠᠩ ᠪᠸᠢ ᠠᠴᠠ ᠱᠠᠩ ᠢ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠳᠠᠭᠠᠤ ᠶᠢᠨ ᠬᠤᠶᠠᠷ ᠮᠤᠵᠢ | ᠣᠷᠣᠨ ᠤ ᠠᠷᠠᠳ ᠣᠯᠠᠨ ᠤ ᠳᠥᠭᠦᠮ ᠳᠥᠲᠡ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠨᠡᠶᠢᠭᠡᠮ ᠤᠨ ᠰᠠᠶᠢᠨ | ᠰᠠᠶᠢᠬᠠᠨ ᠦᠷ᠎ᠡ ᠠᠰᠢᠭ ᠢ ᠪᠠᠳᠠᠷᠠᠭᠤᠯᠬᠤ ᠪᠣᠯᠣᠨ᠎ᠠ︾ ᠭᠡᠵᠡᠢ᠃ |