1 ᠳ᠋ᠤᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠵᠠᠷ ᠨᠡᠶᠢᠲᠡᠯᠡᠵᠦ᠂ ᠰᠤᠷᠭᠠᠨ ᠬᠥᠮᠦᠵᠢᠯ ᠤᠨ ᠶᠠᠮᠤᠨ ᠤ | ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ︽2023 ᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠬᠤᠯᠪᠣᠭᠳᠠᠯ ᠪᠥᠬᠦᠶ | ᠵᠦᠢᠯᠡᠰ ᠤᠨ ᠲᠤᠬᠠᠶ ᠮᠡᠳᠡᠭᠳᠡᠯ︾ ︵ᠰᠤᠷᠭᠠᠨ ᠬᠥᠮᠦᠵᠢᠯ ᠰᠢᠯᠭᠠᠯᠲᠠ ᠶᠢᠨ ᠬᠦᠷᠢᠶᠡᠯᠡᠩ ᠵᠠᠬᠢᠳᠠᠯ ︹ 2022 | ︺ 95 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ | ᠮᠣᠩᠭᠤᠯ ᠤᠨ 2023 ᠣᠨ ᠤ ᠳᠡᠭᠡᠷ᠎ᠡ ᠬᠠᠭᠠᠰ ᠵᠢᠯ ᠤᠨ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ︵ᠪᠢᠷ ᠤᠨ ᠰᠢᠯᠭᠠᠯᠲᠠ︶ ᠳᠤ ᠨᠡᠷ᠎ᠡ ᠮᠡᠳᠡᠭᠦᠯᠬᠦ ᠵᠢᠴᠢ ᠰᠢᠯᠭᠠᠬᠤ | ᠴᠠᠭ ᠵᠡᠷᠭᠡ ᠬᠤᠯᠪᠣᠭᠳᠠᠯ ᠪᠥᠬᠦᠶ ᠵᠦᠢᠯᠡᠰ ᠢ ᠲᠣᠭᠲᠠᠭᠠᠪᠠ᠃ | ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 2023 ᠣᠨ ᠤ 1 ᠰᠠᠷ᠎ᠠ ᠶᠢᠨ | 13 ᠤ ᠡᠳᠦᠷ ᠤᠨ 9 ᠴᠠᠭ ᠠᠴᠠ 16 ᠤ ᠡᠳᠦᠷ ᠤᠨ 17 ᠴᠠᠭ︔ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ | ᠴᠠᠭ᠄ 2023 ᠣᠨ ᠤ 1 ᠰᠠᠷ᠎ᠠ ᠶᠢᠨ 13 ᠤ ᠡᠳᠦᠷ ᠤᠨ 9 ᠴᠠᠭ ᠠᠴᠠ 18 ᠤ ᠡᠳᠦᠷ ᠤᠨ 12 ᠴᠠᠭ︔ | ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠴᠠᠭ᠄ 2023 ᠣᠨ ᠤ 1 ᠰᠠᠷ᠎ᠠ ᠶᠢᠨ 13 ᠤ ᠡᠳᠦᠷ ᠤᠨ 9 | ᠴᠠᠭ ᠠᠴᠠ 18 ᠤ ᠡᠳᠦᠷ ᠤᠨ 24 ᠴᠠᠭ︔ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ ᠴᠠᠭ᠄ | 2023 ᠣᠨ ᠤ 3 ᠰᠠᠷ᠎ᠠ ᠶᠢᠨ 6 ᠤ ᠡᠳᠦᠷ ᠠᠴᠠ 11 ᠤ ᠡᠳᠦᠷ᠃ | ᠰᠢᠯᠭᠠᠯᠲᠠ ᠳᠤ ᠨᠡᠷ᠎ᠡ ᠮᠡᠳᠡᠭᠦᠯᠬᠦ ᠡᠲᠡᠭᠡᠳ᠄ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠦ | ᠪᠣᠯ ᠪᠠᠭᠰᠢ ᠶᠢᠨ ᠠᠵᠢᠯ ᠮᠡᠷᠭᠡᠵᠢᠯ ᠳᠤ ᠣᠷᠣᠬᠤ ᠵᠥᠪᠰᠢᠶᠡᠷᠡᠯ ᠤᠨ ᠤᠷᠢᠲᠠᠯ ᠨᠥᠬᠦᠴᠡᠯ ᠪᠣᠯᠤᠨ᠎ᠠ᠃ ᠬᠡᠤᠬᠡᠳ ᠤᠨ | ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ | ᠭᠤᠶᠤᠴᠢᠯᠠᠭᠰᠠᠳ ᠡᠷᠬᠡᠪᠰᠢ ᠵᠣᠬᠢᠬᠤ ᠲᠥᠷᠥᠯ ᠢᠯᠭᠠᠯ ᠤᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠲᠣᠰ | ᠲᠣᠰ ᠣᠷᠣᠯᠴᠠᠬᠤ ᠬᠡᠷᠡᠭᠲᠡᠶ᠃ | ᠪᠢᠷ ᠤᠨ ᠰᠢᠯᠭᠠᠯᠲᠠ ᠳᠤ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠶᠢ ᠬᠡᠷᠡᠭᠯᠡᠨ᠎ᠡ᠂ | ᠰᠢᠯᠭᠠᠭᠤᠯᠤᠭᠴᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ | ᠰᠦᠯᠵᠢᠶ᠎ᠡ ᠳᠤ ᠣᠷᠣᠵᠤ ᠨᠡᠷ᠎ᠡ ᠮᠡᠳᠡᠭᠦᠯᠦᠨ᠎ᠡ᠂ ᠪᠣᠳᠠᠲᠠᠶ ᠠᠯᠬᠤᠮ ᠳᠠᠷᠠᠭ᠎ᠠ ᠨᠢ᠄ ᠳᠠᠩᠰᠠᠯᠠᠬᠤ᠂ ᠮᠡᠳᠡᠭᠡ ᠵᠠᠩᠭᠢ ᠶᠢ | ᠲᠠᠭᠯᠠᠬᠤ᠂ ᠰᠢᠯᠭᠠᠯᠲᠠ ᠶᠢᠨ ᠲᠣᠭᠤᠷᠢᠭ ᠢ ᠰᠣᠩᠭᠤᠬᠤ ᠪᠠ ᠨᠡᠷ᠎ᠡ ᠮᠡᠳᠡᠭᠦᠯᠬᠦ ᠰᠢᠨᠵᠢᠯᠡᠭᠡᠨ ᠤ ᠰᠠᠯᠠᠭ᠎ᠠ ᠶᠢ | ᠰᠣᠩᠭᠤᠬᠤ᠂ ᠰᠢᠯᠭᠠᠯᠲᠠ ᠶᠢᠨ ᠲᠣᠭᠤᠷᠢᠭ ᠢ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠰᠦᠢᠳᠭᠡᠯ | ᠲᠤᠰᠢᠶᠠᠬᠤ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠨ᠎ᠠ᠃ | ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ︵ᠪᠢᠷ ᠤᠨ | ᠰᠢᠯᠭᠠᠯᠲᠠ︶ ᠳᠤ ᠪᠢᠷ ᠴᠠᠭᠠᠰᠤ ᠪᠠᠷ ᠰᠢᠯᠭᠠᠬᠤ ᠠᠷᠭ᠎ᠠ ᠶᠢ ᠬᠡᠷᠡᠭᠯᠡᠨ᠎ᠡ᠃ ᠤᠯᠤᠰ ᠤᠨ ᠬᠤᠯᠪᠣᠭᠳᠠᠯ ᠪᠥᠬᠦᠶ ᠬᠠᠤᠯᠢ | ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠭᠠᠳᠠᠭᠠᠳᠤ ᠬᠡᠯᠡᠨ ᠤ ᠬᠢᠴᠢᠶᠡᠯ ᠲᠥᠷᠥᠯ ᠠᠴᠠ ᠭᠠᠳᠠᠨ᠎ᠠ᠂ | ᠰᠢᠯᠭᠠᠭᠤᠯᠤᠭᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠲᠠ ᠥᠭᠬᠦ | ᠬᠡᠷᠡᠭᠲᠡᠶ᠂ ᠪᠤᠰᠤᠳ ᠦᠭᠡ ᠬᠡᠯᠡ ᠥᠰᠥᠭ ᠪᠢᠴᠢᠭ ᠢᠶᠠᠷ ᠬᠠᠷᠢᠭᠤᠯᠲᠠ ᠥᠭᠭᠦᠭᠰᠡᠨ ᠨᠢ ᠬᠦᠴᠦᠨ ᠥᠬᠡᠶ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠥᠪ ᠠᠴᠠ ᠰᠢᠯᠭᠠᠭᠤᠯᠤᠭᠴᠢ ᠳᠤ ᠰᠠᠨᠠᠭᠤᠯᠬᠤ ᠨᠢ᠂ ᠠᠩᠬ᠎ᠠ ᠤᠳᠠᠭ᠎ᠠ ᠮᠡᠳᠡᠭᠡ ᠵᠠᠩᠭᠢ ᠶᠢ ᠲᠠᠭᠯᠠᠨ ᠮᠡᠳᠡᠭᠦᠯᠬᠦ | ᠴᠠᠭ ᠢ 2023 ᠣᠨ ᠤ 1 ᠰᠠᠷ᠎ᠠ ᠶᠢᠨ 16 ᠤ ᠡᠳᠦᠷ ᠤᠨ 17 ᠴᠠᠭ ᠠᠴᠠ ᠣᠷᠦ᠋ᠢᠲᠠᠭᠤᠯᠵᠤ ᠪᠣᠯᠬᠤ ᠥᠬᠡᠶ᠂ | ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠰᠢᠯᠭᠠᠭᠤᠯᠤᠭᠴᠢ 1 ᠰᠠᠷ᠎ᠠ ᠶᠢᠨ 18 ᠤ ᠡᠳᠦᠷ ᠤᠨ 12 | ᠴᠠᠭ ᠠᠴᠠ ᠡᠮᠦᠨ᠎ᠡ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ | ᠮᠡᠳᠡᠭᠡ ᠵᠠᠩᠭᠢ ᠪᠠᠨ ᠵᠠᠰᠠᠭᠰᠠᠨ ᠤ ᠳᠠᠷᠠᠭ᠎ᠠ ᠳᠠᠭᠢᠵᠤ ᠲᠤᠰᠢᠶᠠᠵᠤ ᠪᠣᠯᠤᠨ᠎ᠠ᠃ | ᠰᠢᠯᠭᠠᠭᠤᠯᠤᠭᠴᠢ ᠲᠣᠰ ᠬᠥᠮᠦᠨ ᠡᠷᠬᠡᠪᠰᠢ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢᠶᠠᠷ ᠳᠡᠮᠵᠢᠨ ᠨᠡᠷ᠎ᠡ ᠮᠡᠳᠡᠭᠦᠯᠬᠦ ᠬᠡᠷᠡᠭᠲᠡᠶ ᠪᠥᠭᠡᠳ ᠲᠣᠰ ᠬᠥᠮᠦᠨ ᠤ ᠲᠠᠭᠯᠠᠨ | ᠮᠡᠳᠡᠭᠦᠯᠦᠭᠰᠡᠨ ᠬᠤᠪᠢ ᠬᠥᠮᠦᠨ ᠤ ᠮᠡᠳᠡᠭᠡ ᠵᠠᠩᠭᠢ ᠪᠠ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢᠨ ᠣᠨᠣᠪᠴᠢᠲᠤ | ᠴᠢᠨᠠᠷ ᠲᠤ ᠬᠠᠷᠢᠭᠤᠴᠠᠬᠤ ᠬᠡᠷᠡᠭᠲᠡᠶ᠃ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠰᠤᠷᠭᠠᠭᠤᠯᠢ ᠶᠢᠨ | ᠪᠦᠯᠬᠦᠮ ᠠᠴᠠ ᠰᠢᠯᠭᠠᠭᠤᠯᠤᠭᠴᠢ ᠶᠢ ᠣᠷᠣᠯᠠᠨ ᠨᠡᠷ᠎ᠡ ᠮᠡᠳᠡᠭᠦᠯᠬᠦ ᠶᠢ ᠴᠠᠭᠠᠵᠠᠯᠠᠨ᠎ᠠ᠂ ᠬᠡᠷᠪᠡ ᠣᠷᠣᠯᠠᠵᠤ ᠨᠡᠷ᠎ᠡ | ᠮᠡᠳᠡᠭᠦᠯᠦᠭᠰᠡᠨ ᠠᠴᠠ ᠪᠣᠯᠵᠣ ᠮᠡᠳᠡᠭᠡ ᠵᠠᠩᠭᠢ ᠨᠢ ᠪᠤᠷᠤᠭᠤᠳᠠᠭᠰᠠᠨ᠂ ᠡᠰᠡᠬᠦᠯ᠎ᠡ ᠨᠡᠷ᠎ᠡ ᠮᠡᠳᠡᠭᠦᠯᠬᠦ ᠨᠥᠬᠦᠴᠡᠯ ᠳᠤ | ᠨᠡᠶᠢᠴᠡᠬᠦ ᠥᠬᠡᠶ ᠪᠠᠷ ᠵᠣᠷᠢᠭᠤᠳᠠ ᠬᠠᠭᠤᠷᠮᠠᠭ ᠢᠶᠠᠷ ᠨᠡᠷ᠎ᠡ ᠮᠡᠳᠡᠭᠦᠯᠵᠦ ᠰᠢᠯᠭᠠᠯᠲᠠ ᠳᠤ ᠣᠷᠣᠯᠴᠠᠭᠰᠠᠨ ᠪᠠᠶᠢᠪᠠᠯ᠂ | ᠰᠢᠯᠭᠠᠭᠤᠯᠤᠭᠴᠢ ᠶᠢᠨ ᠬᠠᠷᠢᠭᠤᠴᠠᠯᠭ᠎ᠠ ᠶᠢ ᠲᠣᠰ ᠬᠥᠮᠦᠨ ᠡᠭᠦᠷᠭᠡᠯᠡᠨ᠎ᠡ᠃ | ᠲᠣᠰ ᠤᠳᠠᠭᠠᠨ ᠤ ᠰᠢᠯᠭᠠᠯᠲᠠ ᠶᠢᠨ ᠬᠤᠯᠪᠣᠭᠳᠠᠯ ᠪᠥᠬᠦᠶ ᠨᠠᠷᠢᠨ ᠪᠠᠶᠢᠳᠠᠯ ᠢ ᠰᠢᠯᠭᠠᠭᠤᠯᠤᠭᠴᠢ ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠪᠠᠶᠢᠴᠠᠭᠠᠨ | ᠦᠵᠡᠵᠦ ᠪᠣᠯᠤᠨ᠎ᠠ᠃ | |