ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠦᠬᠦ ᠤᠯᠤᠰ ᠤᠨ ᠲᠡᠰ ᠤᠨ ᠢᠷᠠᠭᠤ ᠠᠯᠳᠠᠷ ᠢ ᠬᠦᠷᠳᠡᠵᠠᠢ︕
ᠨᠡᠶᠢᠲᠡᠯᠡᠭᠰᠡᠨ ᠴᠠᠭ᠄
2023/10/10
     10 ᠰᠠᠷ᠎ᠠ ᠶᠢᠨ 9 ᠤ ᠡᠳᠦᠷ᠂ ᠪᠦᠬᠦ ᠤᠯᠤᠰ ᠤᠨ ᠲᠦᠭ ᠲᠦᠮᠡᠨ ᠠᠵᠢᠯᠲᠠᠨ ᠠᠵᠢᠯᠴᠢᠨ ᠪᠣᠯᠤᠨ ᠠᠵᠢᠯᠴᠢᠨ ᠤ ᠡᠪᠯᠡᠯ ᠤᠨ ᠠᠵᠢᠯᠲᠠᠳ ᠤᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠬᠡᠪᠡᠷ ᠬᠤᠷᠠᠯᠳᠤᠭᠤᠯᠵᠤ᠂ ᠡᠨᠡᠬᠦ ᠲᠠᠰᠢᠷᠠᠮ ᠢᠶᠠᠷ᠂ 2023 ᠣᠨ ᠤ ︽ᠢᠨᠲ᠋ᠧᠷ ᠰᠦᠯᠵᠢᠶ᠎ᠡ + ᠠᠵᠢᠯᠴᠢᠨ ᠤ ᠡᠪᠯᠡᠯ︾ ᠤᠨ ᠲᠦᠭᠡᠮᠡᠯ ᠬᠠᠷᠠᠭᠠᠯᠵᠠᠯ ᠤᠨ ᠦᠢᠯᠡᠴᠢᠯᠡᠭᠡᠨ ᠤ ᠰᠢᠯᠢᠳᠡᠭ ᠲᠠᠪᠴᠠᠩ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠴᠦ ᠰᠢᠨ᠎ᠡ ᠪᠠᠷ ᠲᠣᠳᠣᠷᠠᠵᠤ᠂ ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠦᠬᠦ ᠤᠯᠤᠰ ᠤᠨ ᠲᠡᠰ ᠤᠨ ᠢᠷᠠᠭᠤ ᠠᠯᠳᠠᠷ ᠢ ᠬᠦᠷᠲᠡᠵᠦ᠂ ︽ᠢᠦᠢ ᠴᠢᠤᠸᠠᠨ ᠠᠵᠢᠯᠳᠠᠨ ᠠᠵᠢᠯᠴᠢᠨ ᠤ ᠭᠡᠷ︾ ᠵᠢᠵᠢᠭ ᠫᠷᠤᠭ᠍ᠷᠠᠮ ᠢᠶᠠᠷ ︽ᠰᠢᠶᠠᠨ ︵ᠲᠣᠭᠤᠷᠢᠭ︶ ᠤ ᠲᠡᠰ ᠤᠨ ᠠᠷᠪᠠᠨ ᠰᠢᠯᠢᠳᠡᠭ︾ ᠤᠨ ᠲᠠᠪᠴᠠᠩ ᠢᠶᠠᠷ ᠦᠨᠡᠯᠡᠭᠳᠡᠪᠡ᠃
     2023 ᠣᠨ ᠤ 3 ᠰᠠᠷ᠎ᠠ ᠳᠤ ︽ᠢᠦᠶ ᠴᠢᠤᠸᠠᠨ ᠤ ᠠᠵᠢᠯᠲᠠᠨ ᠠᠵᠢᠯᠴᠢᠨ ᠤ ᠭᠡᠷ︾ ᠭᠡᠬᠦ ᠵᠢᠵᠢᠭ ᠫᠷᠤᠭ᠍ᠷᠠᠮ ᠢ ᠵᠢᠩᠬᠢᠨᠢ ᠪᠠᠷ ᠰᠦᠯᠵᠢᠶᠡᠨ ᠳᠤ ᠭᠠᠷᠭᠠᠭᠰᠠᠨ ᠠᠴᠠ ᠨᠠᠭᠠᠰᠢ᠂ ᠲᠠᠪᠴᠠᠩ ᠤᠨ ᠴᠢᠳᠠᠮᠵᠢ ᠵᠢᠴᠢ ᠦᠢᠯᠡᠴᠢᠯᠡᠭᠡᠨ ᠤ ᠬᠡᠰᠡᠭ ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ︽ᠠᠵᠢᠯᠲᠠᠨ ᠠᠵᠢᠯᠴᠢᠨ ᠬᠠᠮᠢᠭ᠎ᠠ ᠪᠠᠶᠢᠪᠠᠯ᠂ ᠠᠵᠢᠯ ᠤᠨ ᠲᠠᠯ᠎ᠠ ᠪᠠᠷ ᠲᠡᠨᠳᠡ ᠬᠦᠷᠲᠡᠯ᠎ᠡ ᠦᠷᠭᠦᠯᠵᠢᠯᠡᠬᠦ︾ ︽ᠠᠵᠢᠯᠲᠠᠨ ᠠᠵᠢᠯᠴᠢᠨ ᠬᠠᠮᠢᠭ᠎ᠠ ᠬᠡᠷᠡᠭᠴᠡᠭᠡ ᠲᠠᠢ ᠪᠠᠶᠢᠪᠠᠯ᠂ ᠦᠢᠯᠡᠴᠢᠯᠡᠭᠡᠨ ᠤ ᠲᠤᠯᠭᠠᠭᠤᠷᠢ ᠶᠢ ᠲᠡᠨᠳᠡ ᠬᠦᠷᠲᠡᠯ᠎ᠡ ᠴᠣᠭᠴᠠᠯᠠᠬᠤ︾ ᠵᠠᠷᠴᠢᠮ ᠢ ᠵᠢᠷᠤᠮᠯᠠᠵᠤ᠂ ᠡᠪᠯᠡᠯ ᠪᠠᠶᠢᠭᠤᠯᠵᠤ ᠡᠪᠯᠡᠯ ᠳᠤ ᠣᠷᠣᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠰᠡᠳᠬᠢᠴᠡ ᠶᠢᠨ ᠵᠥᠪᠯᠡᠯᠭᠡ ᠥᠭᠬᠦ᠂ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠮᠲᠤᠯᠢᠭ ᠵᠡᠷᠭᠡ ᠠᠭᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠵᠢᠯᠲᠠᠨ ᠠᠵᠢᠯᠴᠢᠨ ᠳᠤ ᠨᠠᠩ ᠰᠢᠭᠤᠳ᠂ ᠨᠠᠩ ᠣᠨᠣᠪᠴᠢᠲᠠᠶ᠂ ᠨᠠᠩ ᠲᠦᠭᠡᠮᠡᠯ ᠬᠠᠷᠠᠭᠠᠯᠵᠠᠯ ᠲᠠᠢ᠂ ᠨᠠᠩ ᠳᠥᠭᠦᠮ ᠳᠥᠲᠡ᠂ ᠨᠠᠩ ᠰᠡᠳᠬᠢᠯ ᠳᠤᠯᠠᠭᠠᠬᠠᠨ ᠦᠢᠯᠡᠴᠢᠯᠡᠭᠡᠨ ᠤ ᠲᠠᠪᠴᠠᠩ ᠬᠠᠩᠭᠠᠪᠠ᠃ ᠣᠲᠣ ᠪᠣᠯᠲᠠᠯ᠎ᠠ᠂ ︽ᠢᠦᠶ ᠴᠢᠤᠸᠠᠨ ᠤ ᠠᠵᠢᠯᠲᠠᠨ ᠠᠵᠢᠯᠴᠢᠨ ᠤ ᠬᠡᠷ︾ ᠭᠡᠬᠦ ᠵᠢᠵᠢᠭ ᠫᠷᠤᠭ᠍ᠷᠠᠮ ᠢ ᠬᠡᠷᠡᠭᠯᠡᠭᠰᠡᠨ ᠬᠥᠮᠦᠨ ᠤ ᠲᠤᠭ᠎ᠠ ᠨᠢᠭᠡᠨᠲᠡ 3719 ᠪᠣᠯᠵᠣ᠂ ᠨᠢᠭᠡᠨᠲᠡ 2148 ᠬᠥᠮᠦᠨ ᠦᠨᠡᠨ ᠨᠡᠷ᠎ᠡ ᠪᠠᠷ ᠳᠠᠩᠰᠠᠯᠠᠭᠤᠯᠬᠤ ᠲᠦᠷᠢᠮ ᠢ ᠪᠡᠶᠡᠯᠡᠭᠦᠯᠵᠦ᠂ 381 ᠠᠵᠢᠯᠴᠢᠨ ᠤ ᠡᠪᠯᠡᠯ ᠤᠨ ᠬᠥᠳᠡᠯᠦᠩᠭᠦᠶ ᠮᠡᠳᠡᠭᠡ ᠵᠠᠩᠭᠢ ᠶᠢ ᠨᠡᠶᠢᠲᠡᠯᠡᠵᠦ᠂ ᠨᠡᠶᠢᠲᠡ 21846 ᠤᠳᠠᠭ᠎ᠠ ᠤᠩᠰᠢᠵᠤ᠂ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ 11700 ᠪᠣᠯᠵᠠᠶ᠃
     ᠢᠷᠠᠭᠤ ᠠᠯᠳᠠᠷ ᠪᠣᠯ ᠨᠤᠲᠠᠯᠠᠯᠲᠠ ᠪᠠ ᠵᠣᠷᠢᠭᠵᠢᠭᠤᠯᠤᠯ ᠪᠣᠯᠬᠤ ᠪᠠᠷ ᠪᠠᠷᠠᠬᠤ ᠦᠭᠡᠢ ᠨᠡᠩ ᠴᠤ ᠰᠢᠪᠠᠳᠠᠭᠤᠯᠤᠯ ᠪᠠ ᠬᠦᠰᠡᠯ ᠡᠷᠡᠮᠡᠯᠵᠡᠯ ᠪᠣᠯᠬᠤ ᠶᠤᠮ᠃ ᠬᠤᠶᠢᠰᠢᠳᠠ᠂ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠰᠢᠨ᠎ᠡ ᠭᠠᠷᠤᠭ᠎ᠠ ᠳᠡᠭᠡᠷ᠎ᠡ ᠠᠴᠠ ᠨᠡᠩ ᠥᠨᠳᠥᠷ ᠪᠠᠷᠢᠮᠵᠢᠶ᠎ᠠ ᠲᠠᠢ ᠨᠢᠭᠡᠳᠦᠯᠲᠡᠶ ᠪᠠᠶᠢᠵᠤ᠂ ᠨᠡᠩ ᠥᠨᠳᠥᠷ ᠬᠠᠷᠠᠯᠲᠠ ᠲᠡᠶᠢᠰᠢ ᠤᠷᠤᠭᠰᠢᠯᠠᠵᠤ᠂ ᠰᠢᠨ᠎ᠡ ᠰᠡᠳᠬᠢᠴᠡ ᠪᠠᠷ ᠠᠵᠢᠯᠳᠠᠨ ᠠᠵᠢᠯᠴᠢᠨ ᠤᠯᠠᠨ ᠲᠦᠮᠡᠨ ᠳᠤ ᠰᠠᠶᠢᠲᠤᠷ ᠦᠢᠯᠡᠴᠢᠯᠡᠵᠦ᠂ ᠰᠢᠨ᠎ᠡ ᠠᠷᠭ᠎ᠠ ᠬᠡᠮᠵᠢᠶ᠎ᠡ ᠪᠠᠷ ᠠᠵᠢᠯᠴᠢᠨ ᠤ ᠡᠪᠯᠡᠯ ᠤᠨ ᠡᠭᠦᠷᠭᠡᠯᠡᠯ ᠢ ᠰᠠᠶᠢᠲᠤᠷ ᠢᠯᠡᠷᠡᠭᠦᠯᠵᠦ᠂ ᠬᠥᠳᠡᠯᠮᠦᠷᠢ ᠪᠤᠯ ᠢᠷᠠᠭᠤ ᠠᠯᠳᠠᠷᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠩ ᠤᠯᠠᠨ ᠠᠵᠢᠯᠳᠠᠨ ᠠᠵᠢᠯᠴᠢᠨ ᠤ ᠡᠪᠯᠡᠯ ᠤᠨ ᠭᠡᠰᠢᠭᠦᠳ ᠲᠤ ᠪᠦᠬᠦ ᠡᠳᠦᠷ ᠤᠨ ᠪᠥᠭᠡᠳ ᠵᠠᠢ ᠵᠠᠪᠰᠠᠷ ᠦᠭᠡᠢ ᠳᠣᠲᠣᠨᠣ ᠦᠢᠯᠡᠴᠢᠯᠡᠭᠡ ᠬᠦᠷᠲᠡᠭᠡᠵᠦ᠂ ᠨᠠᠮ ᠪᠣᠯᠤᠨ ᠠᠵᠢᠯᠳᠠᠨ ᠠᠵᠢᠯᠴᠢᠨ ᠤᠯᠠᠨ ᠲᠦᠮᠡᠨ ᠤ ᠬᠤᠭᠤᠷᠣᠨᠳᠣᠬᠢ ︽ᠰᠡᠳᠬᠢᠯ ᠢᠶᠠᠨ ᠬᠤᠯᠪᠣᠬᠤ ᠬᠥᠭᠦᠷᠭᠡ︾ ᠪᠤᠯᠵᠤ᠂ ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠶ᠎ᠡ︕
             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号